ᠲᠤᠯᠤᠭᠠᠨ ᠲᠦᠷᠦᠯ ᠤᠨ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ   ᠶᠢ ᠨᠡᠶᠢᠭᠡᠮ ᠳᠤ ᠨᠡᠶᠢᠲᠡᠯᠡᠬᠦ ᠬᠡᠷᠡᠭᠲᠠᠢ
ᠨᠡᠶᠢᠲᠡᠯᠡᠭᠰᠡᠨ ᠴᠠᠭ᠄
2016/10/13
    ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 12 ᠤᠨ ᠡᠳᠤᠷ ᠤᠨ ᠮᠡᠳᠡᠭᠡ ︵ᠰᠤᠷᠪᠤᠯᠵᠢᠯᠠᠭᠴᠢ  ᠰᠢᠤᠢ ᠪᠦᠸᠧ︶ ︽ᠬᠦᠨᠳᠤ ᠶᠡᠭᠡ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ   ᠶᠢ ᠨᠡᠶᠢᠭᠡᠮ ᠳᠤ ᠨᠡᠶᠢᠲᠡᠯᠡᠬᠦ ᠠᠷᠭ᠎ᠠ︾ ᠶᠢ 2017 ᠤᠨ ᠤ 1 ᠰᠠᠷ᠎ᠠ ᠶᠢᠨ 1 ᠤ ᠡᠳᠤᠷ ᠠᠴᠠ ᠡᠬᠢᠯᠡᠨ  ᠬᠡᠷᠡᠭᠵᠢᠬᠦᠯᠦᠨ᠎ᠡ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ  ᠬᠦᠳᠡᠯᠮᠦᠷᠢ ᠶᠢᠨ ᠬᠢᠨᠠᠨ ᠪᠠᠶᠢᠴᠠᠭᠠᠬᠤ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ 12 ᠤᠨ ᠡᠳᠤᠷ ᠬᠡᠯᠡᠬᠦ   ᠳᠡᠭᠡᠨ᠄ ᠲᠤᠯᠤᠭᠠᠨ ᠲᠦᠷᠦᠯ ᠤᠨ ᠬᠦᠨᠳᠤ ᠶᠡᠭᠡ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠵᠦᠷᠢᠴᠡᠭᠰᠡᠨ ᠦᠢᠯᠡ  ᠠᠵᠢᠯᠯᠠᠭ᠎ᠠ ᠶᠢ ᠨᠡᠶᠢᠭᠡᠮ ᠳᠤ ᠨᠡᠶᠢᠲᠡᠯᠡᠬᠦ ᠬᠡᠷᠡᠭᠲᠠᠢ ᠭᠡᠵᠠᠢ᠃           ᠡᠨᠡ ᠲᠤᠯᠤᠭᠠᠨ ᠲᠦᠷᠦᠯ ᠤᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠪᠤᠯ᠄           ︵ᠨᠢᠭᠡ︶ ᠬᠦᠳᠡᠯᠮᠦᠷᠢᠯᠡᠭᠴᠢ ᠶᠢᠨ ᠬᠦᠳᠡᠯᠮᠦᠷᠢ ᠶᠢᠨ ᠬᠦᠯᠦᠰᠤ ᠬᠠᠷᠠᠮᠵᠢ ᠶᠢ ᠬᠠᠰᠤᠵᠤ᠂ ᠤᠴᠢᠷ  ᠰᠢᠯᠲᠠᠭᠠᠨ ᠦᠭᠡᠢ ᠪᠠᠷ ᠦᠷᠢᠳᠦᠭᠡᠳ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠤᠯᠬᠤ︔ ᠬᠦᠳᠡᠯᠮᠦᠷᠢ ᠶᠢᠨ ᠬᠦᠯᠦᠰᠦ  ᠬᠠᠷᠠᠮᠵᠢ ᠶᠢ ᠦᠭᠬᠦᠭᠰᠡᠨ ᠦᠭᠡᠢ ᠠᠴᠠ ᠪᠤᠯᠵᠤ ᠬᠠᠤᠯᠢ ᠶᠤᠰᠤᠭᠠᠷ ᠬᠠᠤᠯᠢ ᠪᠠᠷᠢᠬᠤ ᠪᠠᠶᠢᠭᠤᠯᠤᠯᠭ᠎ᠠ ᠳᠤ  ᠰᠢᠯᠵᠢᠬᠦᠯᠤᠨ ᠬᠦᠷᠭᠡᠵᠤ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠭᠰᠡᠨ︔           ︵ᠬᠤᠶᠠᠷ︶ ᠨᠡᠶᠢᠭᠡᠮ ᠤᠨ ᠲᠠᠭᠠᠳᠬᠠᠯ ᠳᠤ ᠬᠠᠤᠯᠢ ᠶᠤᠰᠤᠭᠠᠷ ᠤᠷᠤᠭᠤᠯᠤᠭᠰᠠᠨ ᠦᠭᠡᠢ ᠪᠤᠶᠤ ᠨᠡᠶᠢᠭᠡᠮ ᠤ  ᠲᠠᠭᠠᠳᠬᠠᠯ ᠤᠨ ᠰᠦᠢᠳᠭᠡᠯ ᠢ ᠨᠢ ᠬᠠᠤᠯᠢ ᠶᠤᠰᠤᠭᠠᠷ ᠲᠤᠰᠢᠶᠠᠭᠰᠠᠨ ᠦᠭᠡᠢ ᠪᠠᠶᠢᠵᠤ᠂ ᠦᠢᠯᠡ ᠪᠠᠶᠢᠳᠠᠯ ᠨᠢ  ᠬᠦᠨᠳᠤ ᠨᠤᠴᠢᠲᠠᠢ ᠪᠤᠯᠬᠤ︔         ︵ᠭᠤᠷᠪᠠ︶ ᠠᠵᠢᠯ ᠤᠨ ᠴᠠᠭ ᠪᠠ ᠠᠮᠠᠷᠠᠯᠲᠠ ᠶᠢᠨ ᠲᠤᠭᠲᠠᠭᠠᠯ ᠢ ᠵᠦᠷᠢᠴᠡᠵᠤ᠂ ᠦᠢᠯᠡ ᠪᠠᠶᠢᠳᠠᠯ ᠨᠢ  ᠬᠦᠨᠳᠤ ᠨᠤᠴᠢᠲᠠᠢ ᠪᠤᠯᠬᠤ︔         ︵ᠲᠦᠷᠪᠡ︶ ᠡᠮᠡᠭᠲᠠᠢ ᠠᠵᠢᠯᠲᠠᠨ ᠪᠠ ᠨᠠᠰᠤᠨ ᠳᠤ ᠬᠦᠷᠦᠭᠡᠳᠤᠢ ᠠᠵᠢᠯᠴᠢᠨ ᠤ ᠤᠨᠴᠠᠭᠠᠢ ᠬᠦᠳᠡᠯᠮᠦᠷᠢ   ᠶᠢᠨ ᠬᠠᠮᠠᠭᠠᠯᠠᠯᠲᠠ ᠶᠢᠨ ᠲᠤᠭᠲᠠᠭᠠᠯ ᠢ ᠵᠦᠷᠢᠴᠡᠵᠤ᠂ ᠦᠢᠯᠡ ᠪᠠᠶᠢᠳᠠᠯ ᠨᠢ ᠬᠦᠨᠳᠤ ᠨᠤᠴᠢᠲᠠᠢ ᠪᠤᠯᠬᠤ︔         ︵ᠲᠠᠪᠤ︶ ᠬᠡᠦᠭᠡᠳ ᠠᠵᠢᠯᠴᠢᠨ ᠵᠠᠷᠤᠬᠤ ᠶᠢ ᠴᠠᠭᠠᠵᠠᠯᠠᠭᠰᠠᠨ ᠲᠤᠭᠲᠠᠭᠠᠯ ᠢ ᠵᠦᠷᠢᠴᠡᠭᠰᠡᠨ︔           ︵ᠵᠢᠷᠭᠤᠭ᠎ᠠ︶ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠬᠢᠭᠰᠡᠨ   ᠠᠴᠠ ᠪᠤᠯᠵᠤ ᠬᠦᠨᠳᠤ ᠨᠤᠴᠢᠲᠠᠢ ᠨᠡᠶᠢᠭᠡᠮ ᠤᠨ ᠮᠠᠭᠤ ᠨᠦᠯᠦᠭᠡ ᠭᠠᠷᠭᠠᠭᠰᠠᠨ︔           ︵ᠲᠤᠯᠤᠭ᠎ᠠ︶ ᠪᠤᠰᠤᠳ ᠬᠦᠨᠳᠤ ᠨᠤᠴᠢᠲᠠᠢ ᠬᠦᠳᠡᠯᠮᠦᠷᠢ ᠶᠢᠨ ᠪᠠᠲᠤᠯᠠᠭ᠎ᠠ ᠶᠢᠨ ᠬᠠᠤᠯᠢ ᠵᠦᠷᠢᠴᠡᠭᠰᠡᠨ  ᠦᠢᠯᠡ ᠠᠵᠢᠯᠯᠠᠭ᠎ᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号