ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠲᠤ ᠶᠠᠮᠠᠷ ᠠᠷᠭ᠎ᠠ ᠠᠪᠤᠪᠠᠯ ᠵᠣᠬᠢᠬᠤ ᠲᠣᠬᠠᠢ
ᠨᠡᠶᠢᠲᠡᠯᠡᠭᠰᠡᠨ ᠴᠠᠭ᠄
2016/10/13
                                        ᠪᠠ᠊  ᠂ ᠣᠳᠽᠡᠷ     ᠰᠤᠷᠭᠠᠨ ᠬᠦᠮᠤᠵᠢᠯ ᠢ ᠪᠦᠬᠦ ᠲᠠᠯ᠎ᠠ ᠳᠤ ᠬᠠᠨᠳᠤᠭᠤᠯᠤᠨ᠂ ᠪᠦᠬᠦ ᠰᠤᠷᠤᠭᠴᠢ ᠳᠤ ᠬᠠᠨᠳᠤᠭᠤᠯᠬᠤ ᠪᠣᠯ ᠣᠳᠣ ᠦᠶ᠎ᠡ ᠶᠢᠨ ᠰᠤᠷᠭᠠᠨ ᠬᠦᠮᠤᠵᠢᠯ ᠤᠨ ᠭᠤᠣᠯᠳᠠᠯᠭ᠎ᠠ ᠮᠦᠨ᠃ ᠰᠤᠷᠤᠭᠴᠢᠳ ᠤᠨ ᠦᠰᠴᠤ ᠪᠣᠶᠢᠵᠢᠭᠰᠠᠨ ᠣᠷᠴᠢᠨ ᠲᠣᠭᠤᠷᠢᠨ᠂ ᠭᠡᠷ ᠪᠦᠯᠢ ᠶᠢᠨ ᠬᠦᠮᠦᠵᠢᠯ᠂ ᠨᠡᠶᠢᠭᠡᠮ ᠤᠨ ᠨᠦᠯᠦᠭᠡ ᠵᠡᠷᠭᠡ ᠠᠳᠠᠯᠢ ᠪᠣᠰᠤ ᠶᠢᠨ ᠰᠢᠯᠲᠠᠭᠠᠨ ᠠᠴᠠ ᠪᠣᠯᠵᠤ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠣᠯᠠᠰᠢᠷᠠᠵᠤ ᠪᠠᠶᠢᠨ᠎ᠠ᠃ ᠡᠨᠡ ᠨᠢ ᠪᠠᠭᠰᠢ ᠨᠠᠷ ᠤᠨ ᠵᠢᠭᠠᠨ ᠰᠤᠷᠭᠠᠬᠤ ᠦᠵᠡᠯᠲᠡ᠂ ᠠᠷᠭ᠎ᠠ ᠮᠠᠶ᠋ᠢᠭ ᠲᠤ ᠣᠯᠠᠨ ᠬᠦᠴᠢᠷᠳᠡᠯ ᠠᠪᠴᠢᠷᠠᠵᠤ ᠦᠭᠴᠦ ᠪᠠᠶᠢᠳᠠᠭ᠃     ᠦᠩᠭᠡᠷᠡᠭᠰᠡᠨ ᠳᠤ ᠪᠢᠳᠡ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠲᠤ ᠬᠢᠴᠢᠶᠡᠯ ᠨᠦᠬᠦᠪᠦᠷᠢᠯᠡᠬᠦ᠂ ᠰᠢᠭᠦᠮᠵᠢᠯᠡᠵᠦ ᠬᠢᠯᠢᠩᠯᠡᠬᠦ ᠵᠡᠷᠭᠡ ᠤᠯᠠᠮᠵᠢᠯᠠᠯᠲᠤ ᠠᠷᠭ᠎ᠠ ᠠᠪᠴᠢᠯ ᠢ ᠠᠪᠴᠤ  ᠪᠠᠶᠢᠪᠠ᠃ ᠭᠡᠲᠡᠯ᠎ᠡ ᠰᠠᠶᠢᠨ ᠦᠷ᠎ᠡ ᠳ᠋ᠦᠩ ᠨᠢ ᠬᠠᠷᠠᠬᠠᠨ ᠢᠯᠡ ᠲᠣᠳᠣ ᠭᠠᠷᠤᠭᠰᠠᠨ ᠦᠭᠡᠢ᠃ ᠲᠡᠳᠡᠭᠡᠷ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠲᠤ ᠶᠠᠮᠠᠷ ᠠᠷᠭ᠎ᠠ ᠠᠪᠴᠤ ᠰᠤᠷᠤᠯᠭ᠎ᠠ ᠶᠢ ᠨᠢ ᠳᠡᠭᠡᠭᠰᠢᠯᠡᠭᠦᠯᠬᠦ ᠲᠣᠬᠠᠢ ᠳᠣᠣᠷ᠎ᠠ ᠪᠢ ᠬᠡᠳᠤᠨ ᠲᠠᠯ᠎ᠠ ᠶᠢᠨ ᠠᠷᠭ᠎ᠠ ᠶᠢ ᠳᠦᠭᠦᠮ ᠦᠭᠦᠯᠡᠶ᠎ᠡ᠃     ᠨᠢᠭᠡ ᠳᠤ᠂ ᠪᠠᠭᠰᠢ ᠶᠢᠨ ᠬᠠᠶᠢᠷ᠎ᠠ ᠬᠠᠯᠠᠮᠵᠢᠯᠠᠯ ᠢᠶᠠᠷ ᠢᠲᠡᠭᠡᠯ ᠵᠣᠷᠢᠭ ᠢ ᠨᠢ ᠤᠷᠮᠠᠰᠢᠭᠤᠯᠬᠤ ᠬᠡᠷᠡᠭᠲᠡᠢ᠃     ᠪᠠᠭᠰᠢ ᠪᠣᠯᠤᠭᠰᠠᠳ ᠰᠤᠷᠤᠭᠴᠢ ᠪᠠᠨ ᠬᠠᠶᠢᠷᠠᠯᠠᠬᠤ ᠳᠤ ᠶᠠᠭᠤᠨ ᠤ ᠡᠮᠤᠨ᠎ᠡ ᠰᠤᠷᠤᠭᠴᠢ ᠪᠠᠨ ᠬᠦᠨᠳᠤᠳᠭᠡᠵᠦ ᠰᠤᠷᠤᠭᠴᠢᠳ ᠤᠨ ᠦᠪᠡᠷ ᠢ ᠪᠠᠨ ᠬᠦᠨᠳᠤᠳᠭᠡᠬᠦ ᠰᠡᠳᠬᠢᠯ ᠢ ᠨᠢ ᠪᠣᠢ ᠪᠣᠯᠭᠠᠬᠤ ᠬᠡᠷᠡᠭᠲᠡᠢ᠃ ᠪᠢᠳᠡ ᠡᠳᠡᠭᠡᠷ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠲᠤ ᠡᠷᠬᠡ ᠲᠡᠭᠰᠢ᠂ ᠦᠨᠡᠨᠴᠢ ᠰᠡᠳᠭᠢᠯ ᠢᠶᠠᠷ ᠬᠠᠨᠳᠤᠵᠤ᠂ ᠲᠡᠳᠡᠨ ᠲᠠᠢ ᠨᠠᠶᠢᠵᠠᠯᠠᠨ ᠪᠣᠳᠤᠯ ᠰᠡᠳᠬᠢᠯ ᠢ ᠨᠢ ᠣᠶᠢᠯᠠᠭᠠᠨ᠂ ᠲᠡᠳᠡᠨ ᠢ ᠦᠪᠡᠷ ᠤᠨ ᠪᠡᠶ᠎ᠡ ᠶᠢ ᠨᠢ ᠭᠦᠢᠴᠡᠳ ᠲᠠᠨᠢᠭᠤᠯᠵᠤ᠂ ᠦᠪᠡᠷ ᠤᠨ ᠪᠡᠶ᠎ᠡ ᠶᠢᠨ ᠬᠢᠨᠢ ᠰᠠᠶᠢᠨᠲᠠᠢ ᠲᠠᠯ᠎ᠠ ᠶᠢ ᠨᠢ ᠮᠡᠳᠡᠭᠦᠯᠪᠡᠯ ᠵᠣᠬᠢᠨ᠎ᠠ᠃ ᠳᠠᠷᠤᠢ᠄ ︽ᠪᠢ ᠯᠠᠪᠲᠠᠢ ᠰᠤᠷᠤᠯᠴᠠᠵᠤ ᠳᠡᠶᠢᠯᠤᠨ᠎ᠡ︾᠂ ︽ᠪᠢ ᠴᠤ ᠪᠣᠰᠤᠳ ᠨᠦᠬᠦᠳ ᠲᠠᠢ ᠠᠳᠠᠯᠢᠬᠠᠨ︾ ᠭᠡᠬᠦ ᠦᠵᠡᠯ ᠰᠡᠳᠬᠢᠯᠭᠡ ᠶᠢ ᠡᠪᠤᠷᠯᠡᠭᠦᠯᠵᠦ᠂ ᠦᠪᠡᠷ ᠢᠶᠠᠨ ᠴᠢᠷᠮᠠᠶᠢᠬᠤ ᠢᠲᠡᠭᠡᠯ ᠵᠣᠷᠢᠭ ᠤᠨ ᠰᠠᠭᠤᠷᠢᠨ ᠳᠡᠭᠡᠷ᠎ᠡ ᠦᠪᠡᠷ ᠤᠨ ᠬᠦᠴᠢᠷᠳᠡᠯ ᠢ ᠰᠢᠢᠳᠪᠤᠷᠢᠯᠡᠭᠦᠯᠪᠡᠯ ᠦᠷ᠎ᠡ ᠪᠦᠲᠤᠮᠵᠢ ᠨᠢ ᠨᠡᠩ ᠰᠠᠶᠢᠨ᠃ ᠣᠳᠤ ᠪᠠᠭ᠎ᠠ ᠰᠤᠷᠭᠠᠭᠤᠯᠢ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠬᠤᠪᠢ ᠶᠢ ᠢᠯᠡ ᠪᠠᠷ ᠪᠢᠴᠢᠵᠦ ᠨᠡᠶᠢᠲᠡᠯᠡᠬᠦ ᠶᠢ ᠪᠣᠯᠢᠭᠰᠠᠨ ᠪᠣᠯᠪᠠᠴᠤ ᠪᠠᠭᠰᠢ ᠨᠠᠷ ᠦᠷᠬᠦᠯᠵᠢ ᠰᠤᠷᠤᠭᠴᠢᠳ ᠤᠨ ᠳᠤᠮᠳᠠ᠄ ︽ᠬᠡᠨ ᠬᠡᠨ ᠤ ᠰᠤᠷᠤᠯᠭ᠎ᠠ ᠰᠠᠶᠢᠨ᠂ ᠬᠡᠨ ᠨᠢ ᠶᠠᠭ ᠰᠤᠷᠬᠤ ᠦᠭᠡᠢ ᠠᠮᠢᠲᠠᠨ︾ ᠭᠡᠬᠦ ᠵᠡᠷᠭᠡ ᠦᠨᠡᠯᠡᠯᠲᠡ ᠶᠢᠨ ᠴᠢᠨᠠᠷᠲᠠᠢ ᠬᠡᠯᠡᠯᠭᠡ ᠦᠷᠬᠦᠯᠵᠢ ᠣᠷᠤᠰᠢᠭᠰᠠᠭᠠᠷ ᠪᠠᠶᠢᠨ᠎ᠠ᠃     ᠡᠳᠡᠭᠡᠷ ᠨᠢ ᠪᠠᠭᠰᠢ ᠨᠠᠷ ᠤᠨ ᠬᠤᠪᠢ ᠳᠤ ᠠᠪᠴᠤ ᠬᠡᠯᠡᠪᠡᠯ ᠰᠤᠷᠤᠭᠴᠢ ᠶᠢ ᠱᠠᠭᠠᠷᠳᠠᠬᠤ ᠡᠭᠦᠳᠡᠨ ᠠᠴᠠ ᠪᠣᠯᠤᠭᠰᠠᠨ ᠬᠡᠯᠡᠯᠭᠡ ᠪᠣᠯᠪᠠᠴᠤ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠲᠤ ᠠᠪᠴᠤ ᠬᠡᠯᠡᠪᠡᠯ ᠡᠨᠡ  ᠨᠢ ᠬᠠᠷᠢᠨ ᠰᠤᠷᠤᠭᠴᠢ ᠶᠢ ᠦᠯᠦ ᠬᠦᠨᠳᠤᠳᠭᠡᠭᠰᠡᠨ᠂ ᠰᠤᠷᠤᠭᠴᠢ ᠶᠢᠨ ᠦᠪᠡᠷ ᠢ ᠪᠠᠨ ᠬᠦᠨᠳᠤᠳᠭᠡᠬᠦ ᠰᠡᠳᠬᠢᠯ ᠢ ᠬᠠᠷᠰᠢᠯᠠᠭᠰᠠᠨ ᠠᠴᠠ ᠪᠣᠯᠵᠤ᠂ ᠦᠪᠡᠷ ᠢᠶᠠᠨ ᠴᠢᠷᠮᠠᠶᠢᠬᠤ ᠢᠲᠡᠭᠡᠯ ᠵᠣᠷᠢᠭ ᠢ ᠨᠢ ᠮᠢᠲᠠᠷᠠᠭᠤᠯᠤᠭᠰᠠᠨ ᠠᠴᠠ ᠭᠡᠳᠡᠷᠬᠦ ᠪᠠᠨ ᠡᠰᠡᠷᠭᠦ ᠤᠶᠢᠯᠡᠳᠤᠯ ᠦᠵᠡᠭᠦᠯᠬᠦ ᠶᠠᠪᠤᠳᠠᠯ ᠴᠤ ᠭᠠᠷᠴᠤ ᠮᠡᠳᠡᠨ᠎ᠡ᠃  ᠢᠲᠡᠭᠡᠯ ᠵᠣᠷᠢᠭ ᠪᠣᠯ ᠠᠮᠵᠢᠯᠲᠠ ᠶᠢᠨ ᠡᠬᠢ ᠪᠣᠯᠠᠭ ᠶᠤᠮ᠃ ᠮᠠᠨ ᠤ ᠪᠠᠭᠰᠢ ᠪᠣᠯᠤᠭᠰᠠᠳ ᠡᠳᠡᠭᠡᠷ ᠰᠤᠷᠤᠭᠴᠢᠳ ᠲᠠᠭᠠᠨ ᠢᠲᠡᠭᠡᠯ ᠲᠠᠢ ᠪᠠᠶᠢᠬᠤ ᠬᠡᠷᠡᠭᠲᠡᠢ ᠪᠦᠭᠡᠳ  ᠲᠡᠳᠡᠨᠡᠷ ᠲᠤ ᠢᠲᠡᠭᠡᠯ ᠤᠨ ᠬᠦᠴᠤᠨ ᠢ ᠣᠯᠭᠤᠬᠤ ᠪᠠᠷ ᠴᠢᠷᠮᠠᠶᠢᠪᠠᠯ ᠵᠣᠬᠢᠨ᠎ᠠ᠃     ᠪᠠᠭᠰᠢ ᠨᠠᠷ ᠬᠡᠷᠪᠡ ᠰᠤᠷᠤᠭᠴᠢ ᠪᠦᠬᠦᠨ ᠳᠤ ᠬᠠᠶᠢᠷ᠎ᠠ ᠪᠠᠨ ᠠᠳᠠᠯᠢᠬᠠᠨ ᠬᠦᠷᠲᠡᠭᠡᠵᠦ᠂ ᠡᠷᠬᠡ ᠲᠡᠭᠰᠢ᠂ ᠦᠨᠡᠨᠴᠢ ᠰᠡᠳᠬᠢᠯ ᠢᠶᠠᠷ ᠬᠠᠨᠳᠤᠪᠠᠯ ᠡᠳᠡᠭᠡᠷ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠴᠤ ᠪᠠᠭᠰᠢ ᠪᠠᠨ ᠦᠨᠡᠨ ᠰᠡᠳᠬᠢᠯ ᠠᠴᠠ ᠪᠠᠨ ᠬᠦᠨᠳᠤᠳᠭᠡᠨ ᠪᠢᠰᠢᠷᠡᠵᠦ᠂ ᠪᠠᠭᠰᠢ ᠶᠢᠨ ᠰᠤᠷᠭᠠᠨ ᠬᠦᠮᠦᠵᠢᠭᠦᠯᠬᠦ ᠦᠷ᠎ᠡ ᠳ᠋ᠦᠩ ᠴᠤ ᠠᠶᠠᠨᠳᠠᠭᠠᠨ ᠳᠡᠭᠡᠭᠰᠢᠯᠡᠬᠦ ᠶᠤᠮ᠃ ᠡᠭᠦᠨ ᠤ ᠡᠰᠡᠷᠬᠦ ᠪᠠᠷ ᠬᠡᠷᠪᠡ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠬᠡᠥᠭᠡᠳ ᠢ ᠪᠠᠭᠰᠢ ᠬᠠᠶᠠᠭᠠᠨ ᠳᠤᠨᠢ ᠬᠠᠶᠠᠵᠦ᠂ ᠰᠡᠳᠬᠢᠯ ᠨᠢᠭᠡᠳᠬᠦ ᠦᠭᠡᠢ  ᠪᠣᠯᠪᠠᠯ ᠰᠤᠷᠤᠭᠴᠢ ᠠᠶᠠᠨᠳᠠᠭᠠᠨ ᠦᠰᠢᠯᠳᠤᠬᠦ  ᠪᠣᠳᠤᠯ ᠣᠷᠤᠵᠤ᠂ ᠬᠡᠴᠢᠨᠡᠨ ᠰᠠᠶᠢᠬᠠᠨ ᠪᠡᠯᠡᠳᠭᠡᠵᠦ ᠣᠷᠤᠭᠰᠠᠨ ᠬᠢᠴᠢᠶᠠᠯ ᠴᠤ ᠪᠦᠷ ᠲᠠᠯᠠᠭᠠᠷ ᠪᠣᠯᠵᠤ ᠬᠤᠴᠤᠷᠬᠤ ᠶᠤᠮ᠃     ᠬᠤᠶᠠᠷ ᠲᠤ᠂ ᠠᠮᠵᠢᠯᠲᠠ ᠲᠠᠢ ᠲᠠᠯ᠎ᠠ ᠶᠢ ᠮᠠᠭᠲᠠᠵᠤ ᠴᠠᠭ ᠲᠣᠬᠠᠢ ᠳᠤᠨᠢ ᠰᠠᠶᠢᠰᠢᠶᠠᠨ ᠵᠣᠷᠢᠭᠵᠢᠭᠤᠯᠬᠤ ᠬᠡᠷᠡᠭᠲᠡᠢ᠃     ᠪᠠᠭᠰᠢ ᠪᠣᠯᠤᠭᠰᠠᠳ ᠰᠤᠷᠤᠭᠴᠢᠳ ᠤᠨ ᠢᠶᠠᠨ ᠪᠠᠶᠢᠳᠠᠯ ᠢ ᠴᠠᠭ ᠢᠮᠡᠭ᠌ᠲᠠ ᠠᠵᠢᠭᠯᠠᠬᠤ ᠬᠡᠷᠡᠭᠲᠡᠢ᠃ ᠨᠡᠩ ᠢᠯᠠᠩᠭᠤᠶ᠎ᠠ ᠰᠤᠷᠤᠯᠭ᠎ᠠ ᠬᠦᠴᠢᠷᠳᠡᠵᠦ ᠪᠠᠶᠢᠭ᠎ᠠ ᠰᠤᠷᠤᠭᠴᠢᠳ ᠢ ᠡᠷᠬᠡᠪᠰᠢ ᠰᠡᠳᠬᠢᠯ ᠲᠠᠯᠪᠢᠨ ᠠᠩᠬᠠᠷᠤᠯ ᠳᠠᠭᠠᠨ ᠠᠪᠴᠤ᠂ ᠨᠠᠷᠢᠯᠢᠭ ᠠᠵᠢᠭᠯᠠᠵᠤ ᠪᠠᠶᠢᠳᠠᠭ᠃ ᠪᠠᠭᠰᠢ ᠠᠴᠠ ᠰᠤᠷᠤᠭᠴᠢ ᠶᠢᠨ ᠳᠠᠪᠰᠢᠯᠲᠠ ᠳᠤ ᠴᠠᠭ ᠲᠣᠬᠠᠢ ᠳᠤᠨᠢ ᠵᠦᠪ ᠦᠨᠡᠯᠡᠯᠲᠡ ᠬᠢᠬᠦ ᠨᠢ ᠰᠤᠷᠤᠭᠴᠢᠳ ᠤᠨ ᠤᠷᠮ᠎ᠠ ᠪᠠᠬ᠎ᠠ ᠶᠢ ᠬᠦᠭᠵᠢᠭᠡᠳᠡᠭ᠃ ᠡᠳᠡᠭᠡᠷ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠴᠤ ᠦᠪᠡᠷ ᠤᠨ ᠬᠢᠨᠢ ᠳᠠᠪᠰᠢᠯᠲᠠ ᠲᠠᠢ ᠲᠠᠯ᠎ᠠ ᠪᠠᠨ ᠦᠷᠬᠦᠯᠵᠢ ᠣᠯᠵᠤ ᠬᠠᠷᠠᠳᠠᠭ᠃ ᠪᠠᠭᠰᠢ ᠪᠣᠯᠤᠭᠰᠠᠳ ᠲᠡᠳᠡᠨ ᠤ ᠰᠤᠷᠤᠯᠭ᠎ᠠ ᠪᠣᠶᠤ ᠶᠠᠮᠠᠷ ᠨᠢᠭᠡᠨ ᠲᠠᠯ᠎ᠠ ᠵᠢᠨ‌‍ᠰᠠᠶᠢᠨᠲᠠᠢ ᠵᠤᠶᠢᠯ ᠢ ᠨᠢ ᠴᠠᠭ ᠲᠣᠬᠠᠢ ᠳᠤᠨᠢ ᠰᠠᠶᠢᠰᠢᠶᠠᠨ ᠵᠣᠷᠢᠭᠵᠢᠭᠤᠯᠳᠠᠭ ᠯᠠ ᠶᠤᠮ ᠪᠣᠯ ᠲᠡᠳᠡᠨ ᠳᠤ ᠨᠢᠭᠡ ᠵᠤᠶᠢᠯ ᠤᠨ ᠠᠵᠠ ᠵᠠᠪᠰᠢᠶᠠᠨ ᠂ ᠬᠠᠯᠠᠭᠤᠨ ᠪᠦᠯᠢᠶᠡᠨ ᠰᠡᠳᠭᠢᠯᠭᠡ ᠲᠦᠷᠤᠭ᠍ᠳᠡᠵᠦ᠂ ᠴᠢᠷᠮᠠᠶᠢᠨ ᠰᠤᠷᠤᠯᠴᠠᠬᠤ ᠵᠣᠷᠢᠭ ᠢ ᠨᠢ ᠡᠷᠴᠢᠯᠡᠵᠦ ᠪᠣᠯᠤᠨ᠎ᠠ᠃ ᠪᠠᠭᠰᠢ ᠬᠦᠮᠦᠨ‌‍ᠰᠤᠷᠤᠭᠴᠢ ᠶᠢᠨ ᠢᠶᠠᠨ ᠳᠠᠪᠰᠢᠯᠲᠠ ᠶᠢ ᠰᠠᠨᠰᠠᠷ ᠢᠶᠠᠷ ᠠᠶᠠᠯᠠᠬᠤ ᠬᠦᠯᠭᠡ ᠣᠩᠭᠤᠴᠠ ᠶᠢ ᠡᠭᠦᠳᠤᠨ ᠭᠠᠷᠭᠠᠭᠰᠠᠨ ᠰᠢᠭ᠋ ᠬᠠᠴᠢᠨ ᠭᠠᠶᠢᠬᠠᠮᠰᠢᠭ ᠢᠶᠠᠷ ᠦᠵᠡᠵᠦ᠂ ᠬᠡᠥᠭᠡᠳ ᠲᠤ ︽ᠪᠢ ᠦᠨᠡᠭᠡᠷ ᠳᠠᠪᠰᠢᠵᠤ ᠪᠠᠶᠢᠨ᠎ᠠ︾ ᠭᠡᠬᠦ ᠰᠠᠭᠤᠭᠳᠠᠯ ᠦᠯᠡᠳᠡᠭᠡᠬᠦ ᠨᠢ ᠭᠱᠠᠨ ᠵᠠᠭᠤᠷ᠎ᠠ ᠠᠭᠤᠷᠯᠠᠵᠤ ᠤᠴᠠᠭᠠᠷᠳᠠᠵᠤ ᠰᠤᠷᠭᠠᠬᠤ ᠠᠴᠠ ᠬᠤᠯᠠ ᠰᠠᠶᠢᠨ ᠦᠷ᠎ᠡ ᠪᠦᠲᠤᠮᠵᠢ ᠲᠠᠢ ᠪᠠᠶᠢᠵᠦ ᠮᠡᠳᠡᠨ᠎ᠡ᠃     ᠭᠤᠷᠪᠠ ᠳᠤ᠂ ᠬᠠᠮᠳᠤ ᠨᠡᠶᠢᠲᠡ ᠶᠢᠨ ᠬᠦᠴᠤᠨ ᠢᠶᠠᠷ ᠳᠠᠪᠰᠢᠭᠤᠯᠤᠭᠰᠠᠨ ᠪᠠᠶᠢᠬᠤ ᠬᠡᠷᠡᠭᠲᠡᠢ  ᠃     ᠨᠢᠭᠡ ᠠᠩᠭᠢ ᠨᠡᠶᠢᠲᠡ ᠳᠤ ︽ᠳᠣᠣᠭᠠᠷᠪᠠᠯ ᠳᠠᠭᠤᠨ ᠨᠢᠭᠡᠲᠡᠢ᠂ ᠳᠤᠭᠳᠤᠷᠪᠠᠯ ᠬᠦᠴᠤᠨ ᠨᠢᠭᠡᠲᠡᠢ︾ ᠬᠠᠷᠢᠯᠴᠠᠨ ᠬᠠᠪᠰᠤᠷᠤᠯᠴᠠᠨ ᠬᠠᠮᠲᠤ ᠪᠠᠷ ᠳᠠᠪᠰᠢᠬᠤ ᠪᠦᠯᠬᠦᠮᠳᠡᠯ ᠤᠨ ᠬᠦᠴᠤᠨ ᠪᠠᠶᠢᠬᠤ ᠬᠡᠷᠡᠭᠲᠡᠢ᠃ ᠰᠤᠷᠤᠭᠴᠢᠳ  ᠲᠤ ᠡᠨᠡᠬᠦ ᠪᠦᠯᠬᠦᠮᠳᠡᠯ ᠨᠢᠭᠡᠲᠡᠢ ᠬᠠᠮᠲᠤ ᠨᠡᠶᠢᠲᠡ ᠶᠢᠨ ᠳᠤᠮᠳᠠ ᠬᠠᠷᠢᠯᠴᠠᠨ ᠪᠦᠯᠬᠦᠮᠳᠡᠵᠦ ᠬᠠᠷᠢᠯᠴᠠᠨ ᠬᠠᠪᠰᠤᠷᠤᠯᠴᠠᠬᠤ ᠪᠠᠷ ᠳᠠᠮᠵᠢᠨ ᠨᠢᠭᠡᠨ ᠨᠢᠭᠡᠨ ᠢᠶᠠᠨ ᠬᠦᠨᠳᠤᠳᠭᠡᠨ ᠪᠢᠰᠢᠷᠡᠬᠦ ᠰᠡᠳᠬᠢᠯᠭᠡ ᠲᠦᠷᠤᠭ᠍ᠳᠡᠵᠦ ᠬᠠᠷᠢᠯᠴᠠᠨ ᠳᠠᠭᠤᠷᠢᠶᠠᠳᠠᠭ᠃ ᠡᠶᠢᠮᠦᠷᠬᠡᠥ ᠪᠦᠯᠬᠦᠮᠳᠡᠨ ᠳᠠᠪᠰᠢᠭᠰᠠᠨ ᠬᠠᠮᠳᠤ ᠨᠡᠶᠢᠲᠡ ᠶᠢᠨ ᠳᠤᠮᠳᠠ ᠰᠤᠷᠤᠭᠴᠢᠳ ᠦᠪᠡᠷ ᠤᠨ ᠪᠠᠶᠢᠷᠢ ᠰᠠᠭᠤᠷᠢ᠂ ᠤᠶᠢᠯᠡᠳᠤᠯ ᠢᠶᠠᠨ ᠣᠶᠢᠯᠠᠭᠠᠵᠤ᠂ ᠬᠠᠮᠲᠤ ᠨᠦᠬᠦᠳ ᠠᠴᠠ ᠪᠠᠨ ᠬᠤᠵᠢᠭᠳᠠᠬᠤ ᠦᠭᠡᠢ ᠶᠢᠨ ᠲᠦᠯᠦᠭᠡ ᠤᠬᠠᠮᠰᠠᠷ ᠠᠴᠠ ᠪᠠᠨ ᠴᠢᠷᠮᠠᠶᠢᠵᠤ ᠡᠬᠢᠯᠡᠳᠡᠭ᠃     ᠡᠶᠢᠮᠦ ᠠᠴᠠ ᠮᠠᠨ ᠤ ᠪᠠᠭᠰᠢ ᠪᠣᠯᠤᠭᠰᠠᠳ ᠲᠡᠳᠡᠭᠡᠷ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠢ ᠢᠯᠡᠭᠦᠭᠡᠨ ᠬᠠᠯᠠᠮᠵᠢᠯᠠᠵᠤ᠂ ᠲᠡᠳᠡᠨ ᠳᠤ ᠢᠲᠡᠭᠡᠯ ᠬᠦᠰᠡᠯ ᠢ ᠡᠪᠤᠷᠯᠡᠭᠦᠯᠵᠦ᠂ ᠰᠤᠷᠤᠯᠭ᠎ᠠ ᠳᠠᠭᠠᠨ ᠬᠦᠴᠢᠷᠳᠡᠵᠦ ᠪᠠᠶᠢᠭ᠎ᠠ ᠰᠤᠷᠤᠭᠴᠢᠳ ᠤᠨ ᠰᠤᠷᠤᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号