ᠬᠡᠥᠭᠡᠳ ᠲᠤ ᠨᠣᠮ ᠪᠢᠴᠢᠭ ᠢ ᠰᠤᠩᠭᠤᠯᠲᠠ ᠲᠠᠢ ᠦᠵᠡᠭᠦᠯᠬᠦ ᠨᠢ ᠴᠢᠬᠤᠯᠠ
ᠨᠡᠶᠢᠲᠡᠯᠡᠭᠰᠡᠨ ᠴᠠᠭ᠄
2016/10/26
                                                            ᠵᠤᠨ᠎ᠠ     ᠬᠡᠥᠭᠡᠳ ᠪᠠᠭᠠᠴᠤᠳ ᠢ ᠬᠠᠷᠠᠬᠠᠨ ᠪᠠᠭ᠎ᠠ ᠠᠴᠠ ᠨᠢ ᠨᠣᠮ ᠪᠢᠴᠢᠭ ᠣᠩᠰᠢᠬᠤ ᠳᠠᠳᠬᠠᠯ ᠲᠠᠢ ᠪᠣᠯᠭᠠᠬᠤ ᠨᠢ ᠲᠤᠶᠢᠯ ᠤᠨ ᠴᠢᠬᠤᠯᠠ ᠭᠡᠳᠡᠭ ᠢ ᠭᠡᠷ ᠤᠨ ᠠᠬᠠᠮᠠᠳ ᠪᠣᠯᠭᠠᠨ ᠪᠦᠷ ᠮᠡᠳᠡᠳᠡᠭ ᠪᠣᠯᠪᠠᠴᠤ ᠲᠡᠳᠡᠨ ᠤ ᠶᠠᠮᠠᠷ ᠨᠣᠮ ᠣᠩᠰᠢᠨ᠎ᠠ ᠭᠡᠳᠡᠭ ᠨᠣᠮ ᠪᠢᠴᠢᠭ ᠤᠨ ᠰᠤᠩᠭᠤᠯᠲᠠ ᠶᠢᠨ ᠠᠰᠠᠭᠤᠳᠠᠯ ᠨᠢ ᠨᠡᠩ ᠴᠢᠬᠤᠯᠠ ᠭᠡᠳᠡᠭ ᠢ ᠬᠠᠷᠢᠨ ᠣᠯᠠᠨ ᠬᠦᠮᠤᠰ ᠤᠮᠳᠤᠭᠠᠶᠢᠯᠠᠭᠰᠠᠨ ᠪᠠᠶᠢᠵᠤ ᠮᠠᠭᠠᠳ᠃     ᠣᠳᠤᠬᠠᠨ ᠳᠤ᠂ ᠣᠯᠠᠩᠬᠢ ᠭᠡᠷ ᠤᠨ ᠠᠬᠠᠮᠠᠳ ᠬᠡᠥᠭᠡᠳ ᠤᠨ ᠢᠶᠠᠨ ᠨᠣᠮ ᠣᠩᠰᠢᠵᠤ ᠪᠠᠶᠢᠬᠤ ᠶᠢ ᠦᠵᠡᠭᠰᠡᠭᠡᠷ ᠯᠠ ᠰᠡᠳᠬᠢᠯ ᠪᠠᠶᠠᠰᠴᠤ᠂ ᠴᠣᠬᠤᠮ ᠶᠠᠮᠠᠷ ᠨᠣᠮ ᠪᠢᠴᠢᠭ ᠦᠵᠡᠵᠦ ᠪᠠᠶᠢᠬᠤ ᠶᠢ ᠨᠢ ᠳᠡᠮᠡᠢ ᠠᠩᠬᠠᠷᠳᠠᠭ ᠴᠤ ᠦᠭᠡᠢ᠃ ᠬᠡᠪᠯᠡᠯ ᠤᠨ ᠪᠣᠱᠤᠭ᠎ᠠ ᠮᠠᠰᠢ ᠳᠣᠣᠷ᠎ᠠ ᠪᠣᠯᠵᠤ᠂ ᠨᠣᠮ ᠪᠢᠴᠢᠭ ᠣᠯᠠᠰᠢᠷᠠᠭᠠᠳ ᠵᠠᠮᠪᠠᠷᠠᠭ᠎ᠠ ᠦᠭᠡᠢ ᠳᠡᠯᠭᠡᠷᠡᠭᠰᠡᠨ ᠡᠨᠡ ᠴᠠᠭ ᠦᠶ᠎ᠡ ᠳᠤ ᠬᠡᠥᠭᠡᠳ ᠤᠨ ᠬᠦᠭᠵᠢᠯᠲᠡ ᠳᠤ ᠲᠤᠰᠠ ᠦᠭᠡᠢ᠂ ᠪᠣᠷᠤᠭᠤ ᠦᠷᠳᠡᠭ ᠤᠨ ᠦᠵᠡᠯᠲᠡ ᠶᠢ ᠬᠦᠮᠦᠵᠢᠭᠦᠯᠬᠦ ᠨᠣᠮ ᠪᠢᠴᠢᠭ ᠵᠠᠬ᠎ᠠ ᠠᠴᠠ ᠪᠠᠨ ᠪᠠᠶᠢᠬᠤ ᠲᠤᠯᠠ ᠬᠡᠥᠭᠡᠳ ᠲᠤ ᠨᠣᠮ ᠪᠢᠴᠢᠭ ᠢ ᠦᠵᠡᠭᠦᠯᠬᠦ ᠳᠡᠭᠡᠨ ᠭᠡᠷ ᠤᠨ ᠠᠬᠠᠮᠠᠳ ᠵᠢᠯᠤᠭᠤᠳᠤᠯᠭ᠎ᠠ ᠬᠢᠵᠤ᠂ ᠰᠤᠩᠭᠤᠯᠲᠠ ᠲᠠᠢ ᠪᠠᠷ ᠦᠵᠡᠭᠦᠯᠬᠦ ᠨᠢ ᠲᠤᠩ ᠴᠢᠬᠤᠯᠠ᠃     ︽ᠮᠠᠨ ᠤ ᠤᠯᠤᠰ ᠤᠨ ᠬᠡᠥᠭᠡᠳ ᠤᠨ ᠨᠣᠮ ᠣᠩᠰᠢᠬᠤ ᠡᠷᠬᠡ ᠬᠡᠲᠤ ᠶᠡᠭᠡ᠂ ᠬᠡᠥᠭᠡᠳ ᠦᠪᠡᠷ ᠢᠶᠠᠨ ᠶᠠᠮᠠᠷ ᠨᠣᠮ ᠣᠩᠰᠢᠬᠤ ᠰᠠᠨᠠᠭᠠᠲᠠᠢ ᠪᠣᠯ ᠭᠡᠷ ᠤᠨ ᠠᠬᠠᠮᠠᠳ ᠨᠢ ᠴᠦᠮ ᠪᠠᠷᠢᠨ ᠳᠣᠣᠷ᠎ᠠ ᠨᠢ ᠦᠨᠤ ᠨᠣᠮ ᠢ ᠨᠢ ᠠᠪᠴᠤ ᠦᠭᠳᠡᠭ᠃ ᠡᠨᠡ ᠨᠢ ᠦᠨᠡᠨ ᠳᠡᠭᠡᠨ ᠮᠠᠰᠢ ᠡᠮᠵᠡᠭᠲᠡᠢ ᠦᠵᠡᠭᠳᠡᠯ ᠪᠣᠯᠬᠤ ᠶᠤᠮ᠃ ᠬᠡᠥᠭᠡᠳ ᠤᠨ ᠭᠤᠸ᠎ᠠ ᠰᠠᠶᠢᠬᠠᠨ  ᠤ ᠮᠠᠭᠤᠯᠠᠯ ᠪᠣᠯᠤᠨ ᠮᠡᠳᠡᠷᠡᠮᠵᠢ ᠶᠢᠨ ᠴᠢᠳᠠᠪᠤᠷᠢ ᠨᠠᠶᠢᠲᠠᠪᠤᠷᠢ ᠦᠭᠡᠢ ᠲᠤᠯᠠ ᠨᠣᠮ ᠪᠢᠴᠢᠭ ᠤᠨ ᠰᠠᠶᠢᠨ ᠮᠠᠭᠤ᠂ ᠬᠡᠷᠡᠭ ᠲᠠᠢ ᠬᠡᠷᠡᠭ ᠦᠭᠡᠢ ᠭᠡᠳᠡᠭ ᠢ ᠢᠯᠭᠠᠵᠤ ᠴᠢᠳᠠᠬᠤ ᠦᠭᠡᠢ ᠪᠠᠶᠢᠵᠤ᠂ ᠵᠦᠪᠬᠡᠨ ᠦᠩᠭᠡᠪᠴᠢ ᠲᠠᠯ᠎ᠠ ᠠᠴᠠ ᠨᠢ ᠦᠵᠡᠵᠦ ᠰᠤᠩᠭᠤᠳᠠᠭ᠃ ᠡᠶᠢᠮᠦ ᠠᠴᠠ ᠭᠡᠷ ᠤᠨ ᠠᠬᠠᠮᠠᠳ ᠪᠣᠯᠤᠭᠰᠠᠳ ᠬᠡᠥᠭᠡᠳ ᠤᠨ ᠨᠣᠮ ᠣᠩᠰᠢᠬᠤ ᠡᠷᠬᠡ ᠶᠢ ᠵᠠᠭᠤᠨ ᠤ ᠵᠠᠭᠤ ᠪᠠᠷ ᠬᠡᠥᠭᠡᠳ ᠲᠤ ᠦᠭᠴᠦ ᠪᠣᠯᠬᠤ ᠦᠭᠡᠢ᠂ ᠰᠠᠨᠠᠭᠠᠴᠢᠯᠠᠭ᠎ᠠ ᠲᠠᠢ ᠪᠠᠷ ᠬᠦᠲᠤᠯᠤᠨ ᠵᠢᠯᠤᠭᠤᠳᠪᠠᠯ ᠵᠣᠬᠢᠨ᠎ᠠ︾ ᠭᠡᠵᠦ ᠣᠳᠣ ᠦᠶ᠎ᠡ ᠶᠢᠨ ᠠᠯᠳᠠᠷᠲᠤ ᠵᠣᠬᠢᠶᠠᠯᠴᠢ᠂ ᠳᠤᠮᠳᠠᠳᠤ ᠤᠯᠤᠰ ᠤᠨ ᠠᠯᠳᠠᠷᠲᠤ ᠬᠡᠥᠭᠡᠳ ᠤᠨ ᠤᠷᠠᠨ ᠵᠣᠬᠢᠶᠠᠯᠴᠢ ᠽᠣᠣ ᠸᠧᠨ ᠰᠢᠦᠸᠠᠨ ᠦᠢ ᠣᠯᠠᠨ ᠭᠡᠷ ᠤᠨ ᠠᠬᠠᠮᠠᠳ ᠲᠤ ᠰᠠᠨᠠᠭᠤᠯᠤᠨ ᠶᠠᠷᠢᠭᠰᠠᠨ ᠪᠢᠯᠡ᠃     ᠲᠡᠭᠡᠪᠡᠯ ᠬᠡᠥᠭᠡᠳ ᠲᠤ ᠴᠣᠬᠤᠮ ᠶᠠᠮᠠᠷ ᠨᠣᠮ ᠪᠢᠴᠢᠭ ᠦᠵᠡᠭᠦᠯᠵᠦ᠂ ᠬᠡᠷᠬᠢᠨ ᠲᠤᠰᠠᠲᠠᠢ ᠨᠣᠮ ᠪᠢᠴᠢᠭ ᠢ ᠨᠢ ᠰᠤᠩᠭᠤᠵᠤ ᠦᠭᠬᠦ ᠪᠣᠢ︖ ᠡᠨᠡ ᠲᠣᠬᠠᠢ ᠮᠦᠨ ᠣᠳᠤ ᠦᠶ᠎ᠡ ᠶᠢᠨ ᠠᠯᠳᠠᠷᠲᠤ ᠵᠣᠬᠢᠶᠠᠯᠴᠢ ᠵᠸᠥ ᠳ᠋ᠠ ᠰᠢᠨ ᠠᠪᠤᠭᠠᠢ ᠡᠶᠢᠮᠦᠷᠬᠡᠥ ᠬᠤᠶᠠᠷ ᠲᠠᠯ᠎ᠠ ᠶᠢᠨ ᠰᠠᠨᠠᠭᠤᠯᠭ᠎ᠠ ᠳᠡᠪᠰᠢᠭᠦᠯᠦᠭᠰᠡᠨ ᠪᠠᠶᠢᠨ᠎ᠠ᠃ ᠬᠠᠮᠤᠭ ᠲᠦᠷᠤᠭᠦᠨ ᠳᠤ᠂ ᠬᠠᠶᠢᠷ᠎ᠠ ᠶᠢ ᠤᠯᠠᠮᠵᠢᠯᠠᠭᠰᠠᠨ ᠪᠠᠶᠢᠬᠤ᠃ ᠬᠡᠥᠭᠡᠳ ᠲᠤ ᠬᠠᠷᠠᠬᠠᠨ ᠪᠠᠭ᠎ᠠ ᠠᠴᠠ ᠨᠢ ᠬᠠᠶᠢᠷ᠎ᠠ ᠶᠢ ᠮᠡᠳᠡᠷᠡᠭᠦᠯᠵᠦ᠂ ᠠᠮᠢᠲᠠᠨ ᠭᠤᠣᠯᠳᠠᠨ᠂ ᠡᠪᠡᠰᠤ ᠤᠷᠭᠤᠮᠠᠯ ᠭᠡᠰᠡᠨ ᠦᠭᠡᠢ ᠶᠠᠭᠤ ᠪᠦᠬᠦᠨ ᠳᠤ ᠬᠠᠶᠢᠷ᠎ᠠ ᠰᠡᠳᠭᠢᠯᠭᠡ ᠲᠠᠢ ᠪᠣᠯᠭᠠᠨ ᠬᠦᠮᠦᠵᠢᠭᠦᠯᠬᠦ ᠨᠢ ᠬᠤᠵᠢᠮ ᠤᠨ ᠬᠦᠮᠦᠨ ᠪᠣᠯᠬᠤ ᠪᠠ ᠠᠮᠢᠳᠤᠷᠠᠯ ᠤᠨ ᠵᠠᠮ ᠳᠤᠨᠢ ᠴᠦᠮ ᠲᠤᠰᠠᠲᠠᠢ ᠲᠤᠯᠠ ᠨᠣᠮ ᠪᠢᠴᠢᠭ ᠢ ᠰᠤᠩᠭᠤᠬᠤ ᠳᠠᠭᠠᠨ ᠬᠠᠮᠤᠭ ᠲᠦᠷᠦᠭᠦᠨ ᠳᠤ ᠬᠠᠶᠢᠷ᠎ᠠ ᠶᠢ ᠤᠯᠠᠮᠵᠢᠯᠠᠭᠰᠠᠨ ᠡᠰᠡᠬᠦ ᠶᠢ ᠠᠩᠬᠠᠷᠬᠤ ᠴᠢᠬᠤᠯᠠᠲᠠᠢ᠃ ᠳᠠᠷᠠᠭ᠎ᠠ ᠨᠢ᠂ ᠭᠤᠸ᠎ᠠ ᠰᠠᠶᠢᠬᠠᠨ ᠤ ᠬᠦᠮᠦᠵᠢᠯ ᠢ ᠬᠦᠷᠲᠡᠭᠡᠭᠰᠡᠨ ᠪᠠᠶᠢᠬᠤ᠃ ᠭᠤᠸ᠎ᠠ ᠰᠠᠶᠢᠬᠠᠨ ᠤ ᠬᠦᠮᠦᠵᠢᠯ ᠪᠠᠶᠠᠯᠢᠭ ᠠᠭᠤᠯᠭ᠎ᠠ ᠲᠠᠢ ᠪᠠᠶᠢᠵᠦ ᠬᠡᠥᠭᠡᠳ ᠪᠠᠭᠠᠴᠤᠳ ᠤᠨ ᠵᠦᠪ ᠣᠨᠤᠪᠴᠢᠲᠠᠢ ᠦᠷᠳᠡᠭ ᠤᠨ ᠦᠵᠡᠯᠲᠡ᠂ ᠨᠡᠶᠢᠭᠡᠮ ᠤᠨ ᠦᠵᠡᠯᠲᠡ ᠶᠢ ᠪᠦᠷᠢᠯᠳᠦᠭᠦᠯᠬᠦ ᠳᠤ ᠲᠤᠩ ᠴᠢᠬᠤᠯᠠ ᠪᠠᠶᠢᠳᠠᠭ ᠲᠤᠯᠠ ᠨᠣᠮ ᠪᠢᠴᠢᠭ ᠢ ᠰᠤᠩᠭᠤᠬᠤ ᠳᠠᠭᠠᠨ ᠡᠨᠡ ᠲᠠᠯ᠎ᠠ ᠪᠠᠷ ᠠᠩᠬᠠᠷᠤᠯ ᠲᠠᠯᠪᠢᠬᠤ ᠨᠢ ᠪᠠᠰᠠ ᠤᠮᠳᠤᠭᠠᠶᠢᠯᠠᠵᠤ ᠪᠣᠯᠤᠰᠢ ᠦᠭᠡᠢ ᠪᠠᠶᠢᠳᠠᠭ ᠭᠡᠵᠡᠢ᠃     ᠦᠰᠪᠤᠷᠢ ᠶᠢᠨ ᠬᠡᠥᠭᠡᠳ ᠲᠤ ᠨᠣᠮ ᠪᠢᠴᠢᠭ ᠣᠩᠰᠢᠬᠤ ᠳᠠᠳᠬᠠᠯ ᠢ ᠪᠦᠷᠢᠯᠳᠤᠭᠦᠯᠬᠦ ᠨᠢ ᠴᠢᠬᠤᠯᠠ ᠴᠤ ᠲᠡᠭᠦᠨ ᠤ ᠡᠷᠡᠭᠦᠯ ᠰᠠᠷᠠᠭᠤᠯ ᠬᠦᠭᠵᠢᠯᠲᠡ ᠳᠤ ᠲᠤᠰᠠᠲᠠᠢ ᠨᠣᠮ ᠪᠢᠴᠢᠭ ᠢ ᠨᠢ ᠰᠤᠩᠭᠤᠵᠤ ᠦᠵᠡᠭᠦᠯᠬᠦ ᠨᠢ ᠬᠠᠷᠢᠨ ᠨᠡᠩ ᠴᠢᠬᠤᠯᠠ ᠶᠤᠮ᠃                    ︽ᠳᠤᠮᠳᠠᠳᠤ ᠤᠯᠤᠰ ᠤᠨ ᠮᠣᠩᠭᠤᠯ ᠬᠡᠯᠡᠨ ᠤ ᠰᠦᠯᠵᠢᠶ᠎ᠡ ︾ ᠠᠴᠠ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号