ᠮᠠᠨ ᠤ ᠣᠷᠤᠨ ᠲᠤᠰᠬᠠᠢ ᠪᠡᠯᠡ ᠮᠦᠩᠬᠦ ᠭᠠᠷᠭᠠᠨ ᠬᠤᠰᠢᠭᠤ ᠰᠢᠶᠠᠨ ᠤ ᠬᠡᠪᠴᠢᠶᠡᠨ ᠳᠠᠬᠢ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢ ᠳᠡᠮᠵᠢᠵᠤ ᠪᠠᠶᠢᠨ᠎ᠠ
ᠨᠡᠶᠢᠲᠡᠯᠡᠭᠰᠡᠨ ᠴᠠᠭ᠄
2016/11/1
     ᠮᠠᠨ ᠤ ᠣᠷᠤᠨ 2016 ᠣᠨ ᠠᠴᠠ ᠡᠬᠢᠯᠡᠨ ᠲᠤᠰᠬᠠᠢ ᠪᠡᠯᠡ ᠮᠦᠩᠭᠦ ᠲᠣᠬᠢᠷᠠᠭᠤᠯᠵᠤ ᠬᠤᠰᠢᠭᠤ ᠰᠢᠶᠠᠨ ᠤ ᠬᠡᠪᠴᠢᠶᠡᠨ ᠳᠠᠬᠢ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠦᠪᠡᠷᠮᠢᠴᠡ ᠣᠨᠴᠠᠯᠢᠭ ᠲᠠᠢ ᠣᠯᠠᠨ ᠡᠰᠢᠴᠢᠯᠡᠭᠰᠡᠨ ᠬᠦᠭᠵᠢᠯᠲᠡ ᠶᠢ ᠬᠦᠲᠤᠯᠤᠨ ᠵᠢᠯᠤᠭᠤᠳᠴᠤ ᠪᠠᠶᠢᠨ᠎ᠠ᠃      2015 ᠣᠨ ᠤ ᠡᠴᠤᠰ ᠪᠣᠯᠲᠠᠯ᠎ᠠ᠂ ᠮᠠᠨ ᠤ ᠣᠷᠤᠨ ᠤ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠤᠭᠰᠠᠨ ᠰᠤᠷᠤᠭᠴᠢ ᠶᠢᠨ ᠨᠤᠷᠮ᠎ᠠ 93.42℅ ᠲᠤ ᠬᠦᠷᠴᠤ᠂ ᠤᠯᠤᠰ ᠠᠴᠠ ᠱᠠᠭᠠᠷᠳᠠᠭᠰᠠᠨ ︽ᠠᠷᠪᠠᠨ ᠭᠤᠷᠪᠠᠳᠤᠭᠠᠷ ᠲᠠᠪᠤᠨ ᠵᠢᠯ︾ ᠳᠠᠬᠢ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠦᠮᠦᠵᠢᠯ ᠢ ᠦᠨᠳᠤᠰᠤᠨ ᠳᠡᠭᠡᠨ ᠲᠦᠭᠡᠮᠡᠯᠵᠢᠭᠦᠯᠬᠦ ᠬᠠᠷᠠᠯᠲᠠ ᠶᠢ ᠤᠷᠢᠳᠴᠢᠯᠠᠨ ᠪᠡᠶᠡᠯᠡᠭᠦᠯᠵᠦ᠂ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠢᠳᠡᠭᠵᠢᠭᠰᠡᠨ᠂ ᠣᠨᠴᠠᠯᠢᠭᠲᠤ᠂ ᠣᠯᠠᠨ ᠡᠰᠢᠴᠢᠯᠡᠭᠰᠡᠨ ᠬᠦᠭᠵᠢᠯᠲᠡ  ᠳᠤ ᠪᠠᠲᠤ ᠪᠠᠬᠢ ᠰᠠᠭᠤᠷᠢ ᠲᠠᠯᠪᠢᠵᠠᠢ᠃ 2016 ᠣᠨ ᠠᠴᠠ ᠡᠬᠢᠯᠡᠨ᠂ ᠮᠠᠨ ᠤ ᠣᠷᠤᠨ ᠲᠤᠰᠬᠠᠢ ᠪᠡᠯᠡ ᠮᠦᠩᠭᠦ ᠲᠣᠬᠢᠷᠠᠭᠤᠯᠤᠨ ᠬᠤᠰᠢᠭᠤ ᠰᠢᠶᠠᠨ ᠤ ᠱᠠᠲᠤᠨ ᠤ ᠬᠡᠪᠴᠢᠶᠡᠨ ᠳᠠᠬᠢ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠷᠤᠨ ᠨᠤᠲᠤᠭ ᠤᠨ ᠳᠠᠪᠠᠭᠤᠯᠢᠭ ᠢᠶᠠᠨ ᠪᠠᠳᠠᠷᠠᠭᠤᠯᠵᠤ ᠣᠨᠴᠠᠯᠢᠭᠲᠤ ᠰᠤᠷᠭᠠᠨ ᠬᠦᠮᠦᠵᠢᠯ ᠡᠷᠬᠢᠯᠡᠬᠦ ᠶᠢ ᠬᠦᠲᠤᠯᠤᠨ ᠵᠢᠯᠤᠭᠤᠳᠴᠤ ᠪᠠᠶᠢᠬᠤ ᠪᠦᠭᠡᠳ ᠰᠤᠷᠭᠠᠭᠤᠯᠢ ᠪᠦᠷᠢ ᠳᠤ 10 ᠲᠦᠮᠡᠨ ᠲᠦᠭᠦᠷᠢᠭ ᠤᠨ ᠲᠤᠰᠬᠠᠢ ᠳᠡᠮᠵᠢᠬᠦ ᠪᠡᠯᠡ ᠮᠦᠩᠭᠦ ᠲᠣᠬᠢᠷᠠᠭᠤᠯᠤᠨ᠂ 3 ᠵᠢᠯ ᠳᠤ ᠨᠡᠶᠢᠲᠡ 30 ᠬᠤᠰᠢᠭᠤ ᠰᠢᠶᠠᠨ ᠤ ᠬᠡᠪᠴᠢᠶᠡᠨ  ᠳᠠᠬᠢ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢ ᠳᠡᠮᠵᠢᠬᠦ ᠪᠠᠷ ᠲᠦᠯᠦᠪᠯᠡᠵᠦ ᠪᠣᠢ᠃ ᠡᠭᠦᠨ ᠤ ᠬᠠᠮᠲᠤ᠂ ᠮᠠᠨ ᠤ ᠣᠷᠤᠨ ᠲᠦᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠤᠨ ᠤ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠭᠦᠴᠡᠯ ᠢᠶᠠᠨ ᠰᠠᠶᠢᠵᠢᠷᠠᠭᠤᠯᠬᠤ ᠶᠢ ᠦᠷᠭᠦᠯᠵᠢᠯᠡᠨ ᠳᠠᠮᠵᠢᠵᠤ ᠂ ᠡᠯ᠎ᠡ ᠭᠠᠵᠠᠷ ᠣᠷᠤᠨ ᠤ ᠬᠢᠨ ᠬᠠᠷᠢᠴᠠᠩᠭᠤᠢ ᠪᠠᠭᠤᠷᠠᠢ ᠪᠠᠶᠢᠭ᠎ᠠ ᠬᠤᠰᠢᠭᠤ ᠰᠢᠶᠠᠨ ᠤ ᠬᠡᠪᠴᠢᠶᠡᠨ ᠳᠠᠬᠢ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠨᠡᠳᠭᠡᠨ ᠵᠠᠰᠠᠬᠤ᠂ ᠪᠣᠶᠢᠲᠠ ᠪᠦᠭᠯᠡᠭᠦᠦ ᠬᠢᠯᠢ ᠬᠢᠵᠠᠭᠠᠷ ᠣᠷᠤᠨ  ᠤ ᠰᠤᠷᠭᠠᠭᠤᠯᠢ ᠶᠢᠨ ᠪᠠᠭᠰᠢ ᠶᠢ ᠲᠣᠬᠢᠷᠠᠭᠤᠯᠬᠤ᠂ ᠰᠤᠷᠭᠠᠭᠤᠯᠢ ᠡᠷᠬᠢᠯᠡᠬᠦ ᠨᠦᠭᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠢᠯᠡᠭᠦᠭᠡᠨ ᠳᠠᠮᠵᠢᠵᠤ᠂ ᠮᠠᠯᠵᠢᠬᠤ ᠲᠠᠷᠢᠶᠠᠯᠠᠬᠤ ᠣᠷᠤᠨ ᠤ ᠬᠤᠰᠢᠭᠤ ᠰᠢᠶᠠᠨ ᠤ ᠡᠩ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃                                                    ᠰᠣᠷᠪᠤᠯᠵᠢᠯᠠᠭᠴᠢ   ᠨᠠᠪᠴᠢ
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号