ᠮᠠᠨ ᠤ ᠣᠷᠤᠨ ᠤ 21 ᠨᠢᠭᠡᠴᠡ ᠤᠯᠤᠰ ᠤᠨ ᠳᠡᠰ ᠤᠨ ︽ᠣᠳᠤᠨ ᠡᠭᠦᠳᠦᠯᠲᠡ ᠶᠢᠨ ᠣᠷᠤᠨ ᠵᠠᠢ︾ ᠶᠢᠨ ᠨᠡᠷᠡᠰ ᠲᠤ ᠰᠤᠩᠭᠤᠭᠳᠠᠵᠠᠢ
ᠨᠡᠶᠢᠲᠡᠯᠡᠭᠰᠡᠨ ᠴᠠᠭ᠄
2016/11/1
    ᠲᠦᠷᠦᠭᠦᠬᠡᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠠᠩᠬᠠᠳᠠᠭᠴᠢ ᠪᠦᠯᠦᠭ ︽ᠣᠳᠤᠨ ᠡᠭᠦᠳᠦᠯᠲᠡ ᠶᠢᠨ ᠣᠷᠤᠨ ᠵᠠᠢ︾ ᠶᠢᠨ ᠨᠡᠷᠡᠰ ᠢ ᠨᠡᠶᠢᠲᠡᠯᠡᠪᠡ᠃  ᠠᠩᠬᠠᠳᠠᠭᠴᠢ ᠪᠦᠯᠦᠭ ᠪᠦᠬᠦ ᠤᠯᠤᠰ ᠤᠨ ᠰᠤᠩᠭᠤᠭᠳᠠᠭᠰᠠᠨ ︽ᠣᠳᠤᠨ ᠡᠭᠦᠳᠦᠯᠲᠡ ᠶᠢᠨ ᠣᠷᠤᠨ ᠵᠠᠢ︾ ᠶᠢᠨ 638 ᠨᠢᠭᠡᠴᠡ ᠳᠤ ᠮᠠᠨ ᠤ ᠣᠷᠤᠨ ᠤ 21 ᠨᠢᠭᠡᠴᠡ ᠰᠤᠩᠭᠤᠭᠳᠠᠵᠠᠢ᠃     ᠮᠠᠨ ᠤ ᠣᠷᠤᠨ ᠤ ᠰᠤᠩᠭᠤᠭᠳᠠᠭᠰᠠᠨ ︽ᠣᠳᠤᠨ ᠡᠭᠦᠳᠦᠯᠲᠡ ᠶᠢᠨ ᠣᠷᠤᠨ ᠵᠠᠢ︾   ᠳᠤ ᠮᠧᠩ ᠽᠣᠣ ᠠᠮᠢ ᠠᠬᠤᠢ ᠶᠢᠨ ᠣᠳᠤᠨ ᠡᠭᠦᠳᠦᠯᠲᠡ ᠶᠢᠨ ᠣᠷᠤᠨ ᠵᠠᠢ᠂ ᠬᠠᠨ ᠽᠧᠨ ᠦᠵᠦᠮ ᠤᠨ ᠤᠶᠢᠯᠡᠰ ᠤᠨ ᠣᠳᠣᠨ ᠡᠭᠦᠳᠦᠯᠲᠡ ᠶᠢᠨ ᠣᠷᠤᠨ ᠵᠠᠢ᠂ ᠱᠤ᠋ ᠳ᠋ᠦ᠋ ᠣᠳᠤᠨ ᠡᠭᠦᠳᠦᠯᠲᠡ ᠶᠢᠨ ᠣᠷᠤᠨ  ᠵᠠᠢ᠂ ᠮᠧᠩ ᠴᠢᠩ ᠰᠢᠯᠢᠳᠡᠭ ᠢ ᠡᠭᠦᠳᠬᠦ ᠬᠦᠳᠡᠭᠡ ᠲᠤᠰᠬᠤᠨ ᠤ ᠡᠭᠦᠳᠦᠯᠲᠡ ᠶᠢᠨ ᠲᠦᠪ᠂ ᠲᠠᠯ᠎ᠠ ᠨᠤᠲᠤᠭ ᠤᠨ ᠶᠢᠨ ᠹᠧᠩ ᠣᠳᠣ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢᠨ ᠤᠶᠢᠯᠡᠰ ᠤᠨ ᠣᠳᠣᠨ ᠡᠭᠦᠳᠦᠯᠲᠡ ᠶᠢᠨ ᠣᠷᠤᠨ ᠵᠠᠢ᠂ ᠮᠧᠩ ᠯᠠᠨ ᠬᠤᠸᠠ ᠭᠦᠸᠧ ᠱᠠᠨ ᠣᠳᠤᠨ ᠡᠭᠦᠳᠦᠯᠲᠡ ᠶᠢᠨ ᠣᠷᠤᠨ ᠵᠠᠢ ᠵᠡᠷᠭᠡ 21 ᠨᠢᠭᠡᠴᠡ ᠪᠠᠶᠢᠨ᠎ᠠ᠃     ᠣᠶᠢᠯᠠᠭᠠᠭᠰᠠᠨ ᠢᠶᠠᠷ  ︽ᠣᠳᠤᠨ ᠡᠭᠦᠳᠦᠯᠲᠡ ᠶᠢᠨ ᠣᠷᠤᠨ ᠵᠠᠢ︾ ᠶᠢ ᠤᠯᠤᠰ ᠤᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠦ ᠠᠬᠤᠶᠢᠯᠠᠯ ᠤᠨ ᠨᠡᠪᠴᠢᠯᠡᠭᠦᠷ ᠤᠨ ᠬᠠᠮᠢᠶᠠᠷᠤᠯᠲᠠ ᠪᠣᠯᠤᠨ ᠤᠶᠢᠯᠡᠴᠢᠯᠡᠭᠡ ᠶᠢᠨ ᠰᠢᠰᠲ᠋ᠧᠮ ᠳᠤ ᠣᠷᠤᠭᠤᠯᠵᠤ᠂ ᠤᠯᠤᠰ ᠠᠴᠠ ᠲᠣᠭᠲᠠᠭᠰᠠᠨ ᠡᠯ᠎ᠡ ᠲᠦᠷᠤᠯ ᠤᠨ ᠬᠠᠷᠠᠭᠠᠯᠵᠠᠯ ᠤᠨ ᠲᠦᠷᠤ ᠶᠢᠨ ᠪᠣᠳᠤᠯᠭ᠎ᠠ ᠶᠢ ᠬᠦᠷᠲᠡᠭᠡᠬᠦ ᠪᠣᠯᠤᠨ᠎ᠠ᠃ ᠵᠢᠱᠢᠶᠡᠯᠡᠪᠡᠯ᠂ ᠦᠪᠡᠷ ᠢᠶᠠᠨ ᠬᠡᠷᠡᠭᠯᠡᠬᠦ ᠵᠢᠴᠢ ᠲᠦᠯᠦᠪᠤᠷᠢ ᠦᠭᠡᠢ ᠪᠣᠶᠤ ᠳᠦᠷᠢᠶᠡᠰᠤᠯᠡᠨ ᠦᠭᠬᠦ ᠵᠡᠷᠭᠡ ᠬᠡᠯᠪᠡᠷᠢ ᠪᠠᠷ ᠨᠡᠪᠴᠢᠯᠡᠭᠦᠷ ᠤᠨ ᠠᠵᠦ ᠠᠬᠤᠶᠢᠯᠠᠯ ᠳᠤ ᠬᠡᠷᠡᠭᠯᠡᠭᠦᠯᠬᠦ ᠭᠡᠷ ᠪᠠᠶᠢᠰᠢᠩ᠂ ᠭᠠᠵᠠᠷ ᠰᠢᠷᠤᠢ ᠠᠴᠠ ᠭᠡᠷ ᠪᠠᠶᠢᠰᠢᠩ ᠤᠨ ᠭᠠᠶᠢᠯᠢ ᠪᠣᠯᠤᠨ ᠬᠤᠲᠠ ᠪᠠᠯᠭᠠᠰᠤ ᠶᠢᠨ ᠭᠠᠵᠠᠷ ᠰᠢᠷᠤᠢ ᠶᠢ ᠬᠡᠷᠡᠭᠯᠡᠬᠦ ᠭᠠᠶᠢᠯᠢ ᠬᠤᠷᠢᠶᠠᠬᠤ ᠦᠭᠡᠢ᠃ ᠨᠡᠪᠴᠢᠯᠡᠭᠦᠷ ᠤᠨ ᠠᠵᠦ ᠠᠬᠤᠶᠢᠯᠠᠯ ᠳᠤ ᠭᠠᠵᠠᠷ ᠲᠠᠯᠠᠪᠠᠢ᠂ ᠭᠡᠷ ᠪᠠᠶᠢᠰᠢᠩ ᠳᠦᠷᠢᠶᠡᠰᠤᠯᠡᠨ ᠦᠭᠭᠦᠭᠰᠡᠨ ᠵᠢᠴᠢ ᠨᠡᠪᠴᠢᠯᠡᠭᠦᠷ ᠤᠨ ᠤᠶᠢᠯᠡᠴᠢᠯᠡᠭᠡ ᠬᠠᠩᠭᠠᠭᠰᠠᠨ ᠣᠷᠤᠯᠭ᠎ᠠ ᠠᠴᠠ ᠡᠵᠡᠩᠨᠡᠯᠲᠡ ᠶᠢᠨ ᠭᠠᠶᠢᠯᠢ ᠬᠤᠷᠢᠶᠠᠬᠤ ᠦᠭᠡᠢ᠃ ᠠᠰᠢᠭ ᠣᠷᠤᠯᠭ᠎ᠠ ᠶᠢᠨ ᠪᠣᠰᠤ ᠵᠣᠬᠢᠶᠠᠨ ᠪᠠᠶᠢᠭᠤᠯᠤᠯᠲᠠ ᠶᠢᠨ ᠨᠦᠭᠦᠴᠡᠯ ᠳᠤ ᠨᠡᠶᠢᠴᠡᠭᠰᠡᠨ ᠨᠡᠪᠴᠢᠯᠡᠭᠦᠷ ᠤᠨ ᠣᠷᠤᠯᠭ᠎ᠠ ᠨᠢ ᠭᠠᠶᠢᠯᠢ ᠶᠢᠨ ᠬᠠᠥᠯᠢ ᠵᠢᠴᠢ ᠬᠠᠮᠢᠶ᠎ᠠ ᠪᠦᠭᠦᠢ ᠳᠦᠷᠢᠮ ᠲᠣᠭᠲᠠᠭᠠᠯ ᠶᠣᠰᠤᠭᠠᠷ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠦᠷᠤ ᠶᠢᠨ ᠪᠣᠳᠤᠯᠭ᠎ᠠ ᠶᠢ ᠬᠦᠷᠲᠡᠨ᠎ᠡ᠃     ︽ᠣᠳᠤᠨ ᠡᠭᠦᠳᠦᠯᠲᠡ ᠶᠢᠨ ᠣᠷᠤᠨ ᠵᠠᠢ︾ ᠪᠣᠯ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠤᠶᠢᠯᠡᠰ ᠪᠣᠰᠬᠠᠬᠤ ᠬᠦᠷᠢᠶᠡᠯᠡᠩ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠳ ᠤᠨ ᠤᠶᠢᠯᠡᠰ ᠪᠣᠰᠬᠠᠬᠤ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠲᠠᠷᠢᠶᠠᠴᠢᠳ ᠤᠨ ᠲᠤᠰᠬᠠᠢ ᠬᠤᠷᠰᠢᠶ᠎ᠠ ᠵᠡᠷᠭᠡ ᠪᠠᠷ ᠠᠴᠢᠶᠠᠯᠠᠪᠤᠷᠢ ᠪᠣᠯᠭᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠨᠤᠲᠤᠭ ᠲᠠᠭᠠᠨ ᠪᠣᠴᠠᠭᠰᠠᠨ ᠬᠦᠯᠦᠰᠤᠨ ᠲᠠᠷᠢᠶᠠᠴᠢᠨ᠂ ᠤᠶᠤᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠡᠵᠡᠨ ᠵᠢᠴᠢ ᠳᠤᠮᠳᠠ ᠪᠠᠭ᠎ᠠ ᠵᠢᠵᠢᠭ ᠲᠠᠷᠢᠶᠠᠯᠠᠩ ᠤᠨ ᠠᠵᠦ ᠠᠬᠤᠶᠢᠯᠠᠯ᠂ ᠲᠤᠰᠬᠠᠢ ᠬᠤᠷᠰᠢᠶ᠎ᠠ ᠵᠡᠷᠭᠡ ᠰᠢᠨ᠎ᠡ ᠶᠢ ᠡᠭᠦᠳᠦᠨ ᠤᠶᠢᠯᠡᠰ ᠪᠣᠰᠬᠠᠬᠤ ᠭᠤᠣᠯ ᠴᠣᠭᠴᠠ ᠳᠤ ᠬᠠᠨᠳᠤᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭ᠎ᠠ ᠪᠣᠯᠤᠨ ᠬᠦᠷᠤᠩᠭᠡᠴᠢᠯᠡᠭᠰᠡᠨ ᠠᠵᠢᠯᠯᠠᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ ᠲᠡᠳᠡᠨ ᠤ ᠦᠷ᠎ᠡ ᠪᠦᠲᠤᠭᠡᠯ ᠢᠶᠠᠨ ᠬᠤᠪᠢᠷᠠᠭᠤᠯᠬᠤ᠂ ᠠᠵᠤ ᠤᠶᠢᠯᠡᠰ ᠤᠨ ᠪᠦᠲᠤᠭᠡᠯᠴᠢ ᠰᠠᠨᠠᠭ᠎ᠠ᠂ ᠪᠦᠲᠤᠭᠡᠭᠳᠡᠭᠦᠨ ᠤ ᠰᠢᠨ᠎ᠡ ᠡᠭᠦᠳᠦᠯᠲᠡ᠂ ᠴᠢᠳᠠᠪᠤᠷᠢᠲᠡᠨ ᠤ ᠪᠣᠯᠪᠠᠰᠤᠷᠠᠯ ᠵᠡᠷᠭᠡ ᠰᠢᠨ᠎ᠡ ᠶᠢ ᠡᠭᠦᠳᠦᠨ ᠤᠶᠢᠯᠡᠰ ᠪᠣᠰᠬᠠᠬᠤ ᠵᠡᠷᠭᠡ ᠳᠤ ᠲᠤᠰᠬᠠᠢ ᠮᠡᠷᠭᠡᠵᠢᠯ ᠤᠨ ᠤᠶᠢᠯᠡᠴᠢᠯᠡᠭᠡ ᠬᠠᠩᠭᠠᠬᠤ ᠰᠢᠨ᠎ᠡ ᠬᠡᠯᠪᠡᠷᠢ ᠶᠢᠨ ᠰᠢᠨ᠎ᠡ ᠶᠢ ᠡᠭᠦᠳᠦᠨ ᠤᠶᠢᠯᠡᠰ ᠪᠣᠰᠬᠠᠬᠤ ᠨᠡᠪᠴᠢᠯᠡᠭᠦᠷ ᠤᠨ ᠲᠠᠪᠴᠠᠩ ᠪᠣᠯᠤᠨ᠎ᠠ᠃                               ᠳᠠᠳᠤᠯᠭ᠎ᠠ ᠶᠢᠨ ᠰᠣᠷᠪᠤᠯᠵᠢᠯᠠᠭᠴᠢ  ᠦᠷᠴᠠᠶᠢᠬᠤ
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号