ᠡᠩᠬᠡᠪᠠᠶᠠᠷ | ︽ᠵᠠᠭᠤᠨ ᠡᠳᠦᠷ ᠤᠨ ᠬᠤᠣᠷ᠎ᠠ ᠴᠠᠭᠠᠵᠠᠯᠠᠬᠤ︾ ᠲᠤᠰᠬᠠᠢ ᠲᠦᠷᠤᠯ ᠤᠨ ᠠᠵᠢᠯᠯᠠᠭᠠᠨ ᠤ ᠦᠷ᠎ᠡ | ᠪᠦᠲᠤᠮᠵᠢ ᠪᠠᠨ ᠤᠯᠠᠮ ᠢᠶᠠᠷ ᠪᠠᠳᠤᠳᠬᠠᠵᠤ᠂ ᠬᠤᠣᠷ᠎ᠠ ᠲᠠᠲᠠᠭᠰᠠᠨ ᠲᠡᠥᠭᠡ ᠲᠠᠢ ᠬᠦᠮᠤᠰ ᠢ ᠰᠤᠭᠤᠴᠢᠨ | ᠪᠠᠶᠢᠴᠠᠭᠠᠬᠤ᠂ ᠲᠡᠮᠲᠡᠭᠯᠡᠬᠦ ᠪᠠ ᠬᠠᠮᠢᠶᠠᠷᠤᠨ ᠡᠵᠡᠮᠰᠢᠬᠦ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠶᠢᠨ | ᠲᠦᠯᠦᠭᠡ᠂ ᠣᠶᠢᠷ᠎ᠠ ᠳᠤ ᠣᠩᠨᠢᠭᠤᠳ ᠬᠤᠰᠢᠭᠤᠨ ᠤ ᠳᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠣᠷᠤᠬᠤᠲᠠ | ᠨᠡᠶᠢᠭᠡᠮ ᠲᠣᠭᠤᠷᠢᠭ ᠤᠨ ᠴᠠᠭᠳᠠᠭᠠᠨ ᠤ ᠶᠡᠭᠡ ᠠᠩᠭᠢ ᠨᠢ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ᠂ ᠬᠠᠷᠢᠶᠠᠳᠤ | ᠲᠣᠭᠤᠷᠢᠭ ᠤᠨ ᠳᠣᠲᠤᠷᠠᠬᠢ ᠬᠤᠣᠷ᠎ᠠ ᠲᠠᠲᠠᠭᠰᠠᠨ ᠲᠡᠥᠭᠡ ᠲᠠᠢ ᠬᠦᠮᠤᠰ ᠤᠨ ᠬᠠᠮᠢᠶᠠᠷᠤᠯᠲᠠ ᠪᠠ ᠬᠦᠮᠦᠵᠢᠯ ᠢᠶᠠᠨ | ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠯᠲᠠ ᠬᠢᠵᠤ᠂ ᠬᠤᠣᠷ᠎ᠠ ᠲᠠᠲᠠᠭᠰᠠᠨ | ᠲᠡᠥᠭᠡ ᠲᠠᠢ ᠬᠦᠮᠤᠰ ᠤᠨ ᠳᠠᠬᠢᠨᠲᠠ ᠬᠤᠣᠷ᠎ᠠ ᠲᠠᠲᠠᠬᠤ ᠶᠢ ᠤᠷᠢᠳᠴᠢᠯᠠᠨ ᠰᠡᠷᠭᠡᠶᠢᠯᠡᠬᠦ ᠠᠵᠢᠯ ᠤᠨ ᠡᠷᠴᠢᠮ ᠢᠶᠠᠨ | ᠴᠢᠩᠭᠠᠷᠠᠭᠤᠯᠤᠭᠰᠠᠨ ᠪᠠᠶᠢᠨ᠎ᠠ᠃ | ᠬᠤᠣᠷ᠎ᠠ ᠲᠠᠲᠠᠭᠰᠠᠨ ᠲᠡᠥᠭᠡ ᠲᠠᠢ ᠬᠦᠮᠤᠰ ᠢ ᠳᠠᠬᠢᠨ ᠪᠠᠶᠢᠴᠠᠭᠠᠵᠤ ᠨᠠᠷᠢᠯᠢᠭ ᠲᠡᠮᠲᠡᠭᠯᠡᠯ ᠬᠢᠪᠡ᠃ ᠬᠠᠷᠢᠶᠠᠲᠤ | ᠲᠣᠭᠤᠷᠢᠭ ᠤᠨ ᠳᠣᠲᠤᠷᠠᠬᠢ ᠬᠤᠣᠷ᠎ᠠ ᠲᠠᠲᠠᠭᠰᠠᠨ ᠲᠡᠥᠭᠡ ᠲᠠᠢ ᠬᠦᠮᠤᠰ ᠤᠨ ᠡᠷᠤᠬᠡ ᠠᠮᠠ ᠶᠢᠨ ᠮᠡᠳᠡᠭᠡ ᠵᠠᠩᠭᠢ ᠶᠢ | ᠰᠢᠨ᠎ᠡ ᠪᠠᠷ ᠬᠢᠨᠠᠨ ᠮᠠᠭᠠᠳᠯᠠᠨ ᠨᠠᠷᠢᠯᠢᠭ ᠲᠡᠮᠲᠡᠭᠯᠡᠯ ᠬᠢᠬᠦ ᠪᠠᠷ ᠳᠠᠮᠵᠢᠭᠤᠯᠵᠤ᠂ ᠬᠤᠣᠷ᠎ᠠ ᠲᠠᠲᠠᠭᠰᠠᠨ ᠲᠡᠥᠭᠡ ᠲᠠᠢ | ᠬᠦᠮᠤᠰ ᠤᠨ ᠪᠣᠲᠠᠲᠠᠢ ᠨᠡᠷ᠎ᠡ ᠣᠪᠤᠭ ᠤᠨ ᠵᠢᠭᠰᠠᠭᠠᠯᠲᠠ ᠭᠠᠷᠭᠠᠵᠤ᠂ ᠨᠡᠶᠢᠭᠡᠮ ᠲᠣᠭᠤᠷᠢᠭ ᠤᠨ ᠠᠷᠠᠳ ᠤᠨ | ᠴᠠᠭᠳᠠᠭᠠᠨ ᠤ ᠬᠤᠣᠷ᠎ᠠ ᠴᠠᠭᠠᠵᠠᠯᠠᠬᠤ ᠠᠵᠢᠯ ᠢᠶᠠᠨ ᠯᠠᠪᠳᠠᠭᠤᠨ ᠪᠠᠲᠤᠲᠠᠢ ᠪᠠᠷ ᠦᠷᠨᠢᠭᠦᠯᠬᠦ ᠳᠤ ᠪᠠᠲᠤ ᠰᠠᠭᠤᠷᠢ ᠶᠢ | ᠲᠠᠯᠪᠢᠭᠰᠠᠨ ᠪᠠᠶᠢᠨ᠎ᠠ᠃ | ᠨᠢᠭᠤᠷᠲᠠᠨ ᠶᠠᠷᠢᠯᠴᠠᠬᠤ ᠪᠠᠷ ᠳᠠᠮᠵᠢᠵᠤ ᠪᠣᠲᠠᠲᠠᠢ ᠪᠠᠶᠢᠳᠠᠯ ᠢ ᠡᠵᠡᠮᠰᠢᠪᠡ᠃ ᠠᠷᠠᠳ ᠤᠨ ᠴᠠᠭᠳᠠᠭ᠎ᠠ ᠠᠴᠠ | ᠬᠤᠣᠷ᠎ᠠ ᠲᠠᠲᠠᠭᠰᠠᠨ ᠲᠡᠥᠭᠡ ᠲᠠᠢ ᠬᠦᠮᠤᠰ ᠤᠨ ᠨᠠᠷᠢᠯᠢᠭ ᠲᠡᠮᠲᠡᠭᠯᠡᠯ ᠢ ᠬᠢᠵᠤ ᠳᠠᠭᠤᠰᠤᠭᠰᠠᠨ ᠤ ᠳᠠᠷᠠᠭ᠎ᠠ ᠴᠠᠭ | ᠪᠣᠯᠵᠤᠨ ᠨᠢᠭᠤᠷᠲᠡᠨ ᠶᠠᠷᠢᠯᠴᠠᠵᠤ᠂ ᠲᠡᠳᠡᠨᠤᠰ ᠤᠨ ᠦᠵᠡᠯ ᠪᠣᠳᠤᠯ᠂ ᠤᠶᠢᠯᠡ ᠠᠵᠢᠯᠯᠠᠭ᠎ᠠ᠂ ᠶᠠᠪᠤᠯᠴᠠᠭ᠎ᠠ | ᠬᠠᠷᠢᠯᠴᠠᠭ᠎ᠠ᠂ ᠣᠷᠤᠯᠭ᠎ᠠ ᠵᠠᠷᠤᠯᠭ᠎ᠠ ᠵᠡᠷᠭᠡ ᠶᠢ ᠨᠢᠮᠪᠠᠢ ᠣᠶᠢᠯᠠᠭᠠᠵᠤ᠂ ᠠᠮᠢᠳᠤᠷᠠᠯ ᠤᠶᠢᠯᠡᠳᠪᠤᠷᠢᠯᠡᠯ ᠳᠤ ᠲᠤᠯᠭᠠᠷᠠᠵᠤ | ᠪᠠᠶᠢᠭ᠎ᠠ ᠬᠦᠴᠢᠷᠳᠡᠯ ᠢ ᠠᠰᠠᠭᠤᠨ ᠯᠠᠪᠯᠠᠵᠤ ᠬᠠᠪᠰᠤᠷᠤᠨ ᠳᠡᠮᠵᠢᠬᠦ ᠰᠠᠨᠠᠯ ᠵᠦᠪᠯᠡᠯᠭᠡ ᠪᠠᠨ ᠦᠭᠭᠦᠭᠰᠡᠨ ᠪᠠᠶᠢᠨ᠎ᠠ᠃ | ᠡᠳᠦᠷ ᠳᠣᠲᠤᠮ ᠤᠨ ᠠᠵᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠬᠠᠮᠤᠭ ᠰᠢᠨ᠎ᠡ ᠤᠶᠢᠯᠡ ᠬᠦᠳᠡᠯᠤᠯ ᠢ | ᠡᠵᠡᠮᠰᠢᠪᠡ᠃ ᠬᠤᠣᠷᠠᠲᠤ ᠡᠳ᠋ ᠲᠠᠢ ᠣᠶᠢᠷᠠᠲᠤᠵᠤ᠂ ᠬᠤᠣᠷ᠎ᠠ ᠶᠢᠨ ᠰᠢᠨᠤᠯ ᠲᠠᠢ ᠪᠣᠯᠤᠭᠰᠠᠨ ᠬᠦᠮᠤᠰ ᠤᠨ ᠡᠳᠦᠷ | ᠳᠣᠲᠤᠮ ᠤᠨ ᠤᠶᠢᠯᠡ ᠬᠦᠳᠡᠯᠤᠯ ᠤᠨ ᠪᠠᠶᠢᠳᠠᠯ ᠢ ᠦᠨᠡᠨ ᠬᠦ ᠲᠣᠳᠤᠷᠬᠠᠢ ᠡᠵᠡᠮᠰᠢᠭᠰᠡᠨ ᠰᠠᠭᠤᠷᠢᠨ ᠳᠡᠭᠡᠷ᠎ᠡ | ᠠᠵᠢᠯ ᠤᠨ ᠳᠠᠩᠰᠠ ᠡᠪᠬᠡᠮᠡᠯ ᠪᠠᠶᠢᠭᠤᠯᠤᠨ ᠲᠡᠭᠦᠯᠳᠡᠷᠵᠢᠭᠦᠯᠵᠦ᠂ ᠬᠤᠣᠷ᠎ᠠ ᠶᠢᠨ ᠰᠢᠨᠤᠯ ᠲᠠᠢ ᠪᠣᠯᠤᠭᠰᠠᠨ ᠬᠦᠮᠤᠰ | ᠲᠤ ᠴᠢᠭᠯᠡᠯᠲᠦ ᠴᠢᠨᠠᠷ ᠲᠠᠢ ᠠᠷᠭ᠎ᠠ ᠠᠪᠴᠠᠯ ᠢ ᠢᠳᠡᠪᠬᠢᠲᠡᠢ ᠪᠠᠷ ᠲᠣᠣᠱᠯᠠᠭᠤᠯᠵᠤ᠂ ᠨᠡᠶᠢᠭᠡᠮ ᠲᠣᠭᠤᠷᠢᠭ ᠠᠴᠠ | ᠬᠤᠣᠷ᠎ᠠ ᠲᠠᠲᠠᠭᠰᠠᠨ ᠬᠦᠮᠤᠰ ᠤᠨ ᠬᠤᠣᠷ᠎ᠠ ᠲᠠᠳᠠᠬᠤ ᠪᠠᠨ ᠵᠣᠭᠰᠤᠵᠤ ᠡᠷᠡᠭᠦᠯᠵᠢᠬᠦ ᠶᠢ ᠵᠣᠷᠢᠭᠵᠢᠭᠤᠯᠵᠤ᠂ | ᠬᠤᠣᠷ᠎ᠠ ᠶᠢᠨ ᠰᠢᠨᠤᠯ ᠢ ᠨᠢ ᠲᠤᠶᠢᠯᠪᠤᠷᠢᠲᠡᠢ ᠠᠷᠢᠯᠭᠠᠬᠤ ᠳᠤ ᠬᠠᠮᠤᠭ ᠶᠡᠭᠡ ᠳᠡᠮᠵᠢᠯᠭᠡ ᠦᠵᠡᠭᠦᠯᠦᠭᠰᠡᠨ ᠪᠠᠶᠢᠨ᠎ᠠ᠃ |