ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠰᠢᠨ᠎ᠡ ᠲᠣᠭᠲᠠᠭᠠᠯ ᠭᠠᠷᠪᠠ
ᠨᠡᠶᠢᠲᠡᠯᠡᠭᠰᠡᠨ ᠴᠠᠭ᠄
2016/11/28
      ᠲᠦᠷᠤ ᠶᠢᠨ ᠶᠠᠪᠤᠳᠠᠯ ᠤᠨ ᠬᠤᠷᠢᠶ᠎ᠠ ᠶᠢᠨ ᠣᠶᠢᠷ᠎ᠠ ᠶᠢᠨ ᠡᠳᠦᠷ ᠳᠠᠷᠤᠮᠠᠯᠯᠠᠨ ᠲᠠᠷᠬᠠᠭᠠᠭᠰᠠᠨ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤᠪᠡᠷ ᠠᠰᠢᠭᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠳᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠦᠭᠦᠴᠡᠯ ᠦᠭᠡᠢ ᠪᠠᠷ ᠬᠠᠮᠲᠤᠪᠡᠷ ᠠᠰᠢᠭᠯᠠᠬᠤ᠂ ᠨᠦᠭᠦᠴᠡᠯ ᠲᠠᠢ ᠪᠠᠷ ᠬᠠᠮᠲᠤᠪᠡᠷ ᠠᠰᠢᠭᠯᠠᠬᠤ᠂ ᠬᠠᠮᠲᠤᠪᠡᠷ ᠠᠰᠢᠭᠯᠠᠵᠤ ᠦᠯᠦ ᠪᠣᠯᠬᠤ ᠵᠡᠷᠭᠡ ᠭᠤᠷᠪᠠᠨ ᠲᠦᠷᠤᠯ ᠬᠤᠪᠢᠶᠠᠪᠠ ᠭᠡᠵᠦ ᠵᠢᠭᠠᠨ ᠭᠠᠷᠭᠠᠪᠠ᠃ ᠡᠭᠦᠨ ᠤ ᠬᠠᠮᠲᠤ ᠪᠦᠬᠦᠶᠢᠯᠡ ᠠᠰᠢᠭᠯᠠᠵᠤ ᠦᠯᠦ ᠪᠣᠯᠬᠤ ᠲᠦᠷᠤᠯ ᠳᠤ ᠣᠷᠤᠭᠤᠯᠤᠭᠰᠠᠨ ᠨᠢ ᠡᠷᠭᠡᠪᠰᠢ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠳᠦᠷᠢᠮ ᠪᠠ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠲᠦᠷᠤ ᠶᠢᠨ ᠪᠣᠳᠤᠯᠭ᠎ᠠ ᠶᠢᠨ ᠪᠠᠷᠢᠮᠲᠠ ᠪᠠᠶᠢᠬᠤ ᠬᠡᠷᠡᠭᠲᠡᠢ ᠭᠡᠵᠦ ᠴᠢᠩᠭ᠎ᠠ ᠲᠣᠭᠲᠠᠭᠠᠪᠠ᠃ ︽ᠠᠷᠭ᠎ᠠ︾ ᠳᠤ ᠪᠠᠰᠠ ᠵᠠᠰᠠᠭ ᠤᠨ ᠶᠠᠪᠤᠳᠠᠯ ᠤᠨ  ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠡᠷ ᠠᠰᠢᠭᠯᠠᠬᠤ ᠳᠤ ︽ᠬᠠᠮᠲᠤᠪᠡᠷ ᠠᠰᠢᠭᠯᠠᠬᠤ ᠪᠠᠷ ᠵᠠᠷᠴᠢᠮ ᠪᠣᠯᠭᠠᠵᠤ᠂ ᠠᠰᠢᠭᠯᠠᠵᠤ ᠦᠯᠦ ᠪᠣᠯᠬᠤ ᠪᠠᠷ   ᠣᠨᠴᠠᠭᠠᠢ  ᠪᠣᠯᠭᠠᠬᠤ᠂ ᠵᠢᠯᠤᠭᠤᠳᠤᠮᠵᠢ ᠪᠣᠯᠭᠠᠨ ᠲᠦᠯᠦᠪᠤᠷᠢ ᠦᠭᠡᠢ ᠪᠠᠷ ᠬᠡᠷᠡᠭᠯᠡᠬᠦ᠂ ᠨᠢᠭᠡᠳᠤᠯᠲᠡᠢ ᠪᠠᠷᠢᠮᠵᠢᠶ᠎ᠠ ᠪᠠᠷ ᠲᠦᠯᠦᠪᠵᠢᠭᠦᠯᠦᠨ ᠪᠠᠶᠢᠭᠤᠯᠬᠤ᠂ ᠲᠣᠭᠲᠠᠴᠠ ᠪᠠᠶᠢᠭᠤᠯᠤᠨ ᠠᠮᠤᠷ ᠲᠦᠪᠰᠢᠨ ᠢ ᠪᠠᠲᠤᠯᠠᠬᠤ︾ ᠵᠠᠷᠴᠢᠮ ᠢ ᠪᠠᠷᠢᠮᠳᠠᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号