ᠣᠩᠨᠢᠭᠤᠳ ᠬᠤᠰᠢᠭᠤ 5000 ᠲᠦᠮᠡᠨ ᠲᠦᠭᠦᠷᠢᠭ ᠠᠴᠠ ᠳᠡᠭᠡᠭᠰᠢ ᠭᠤᠣᠯᠳᠠᠯᠭ᠎ᠠ ᠲᠠᠢ ᠲᠦᠷᠤᠯ ᠵᠤᠶᠢᠯ ᠳᠤ 29 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/11/28
      ᠡᠨᠡ ᠵᠢᠯ᠂ ᠠᠵᠤ ᠠᠬᠤᠢ ᠳᠣᠷᠤᠭᠰᠢᠯᠠᠵᠤ ᠳᠠᠷᠤᠯᠲᠠ ᠦᠷᠬᠦᠯᠵᠢᠯᠡᠨ ᠨᠡᠮᠡᠭᠳᠡᠬᠦ ᠬᠠᠲᠠᠭᠤ ᠬᠠᠨᠳᠤᠰᠢ ᠳᠤ ᠬᠠᠨᠳᠤᠭᠤᠯᠵᠤ᠂ ᠣᠩᠨᠢᠭᠤᠳ ᠬᠤᠰᠢᠭᠤ ︽ᠲᠦᠷᠤᠯ ᠵᠤᠶᠢᠯ ᠤᠨ ᠪᠦᠲᠤᠭᠡᠨ ᠪᠠᠶᠢᠭᠤᠯᠤᠯᠲᠠ ᠪᠠᠷ ᠠᠵᠤ ᠠᠬᠤᠢ ᠶᠢᠨ ᠬᠦᠭᠵᠢᠯᠲᠡ ᠶᠢ ᠳᠠᠶᠢᠴᠢᠯᠠᠬᠤ︾ ᠠᠵᠢᠯ ᠤᠨ ᠰᠡᠳᠭᠢᠮᠵᠢ ᠶᠣᠰᠤᠭᠠᠷ᠂ ᠭᠤᠣᠯᠳᠠᠯᠭ᠎ᠠ ᠲᠠᠢ ᠲᠦᠷᠤᠯ ᠵᠤᠶᠢᠯ ᠤᠨ ᠪᠦᠲᠤᠭᠡᠨ ᠪᠠᠶᠢᠭᠤᠯᠤᠯᠲᠠ ᠶᠢ ᠲᠦᠷᠭᠡᠳᠭᠡᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠪᠠ᠃       2016 ᠣᠨ ᠳᠤ᠂ ᠣᠩᠨᠢᠭᠤᠳ ᠬᠤᠰᠢᠭᠤ 5000 ᠲᠦᠮᠡᠨ ᠲᠦᠭᠦᠷᠢᠭ ᠠᠴᠠ ᠳᠡᠭᠡᠭᠰᠢ ︵ᠨᠡᠶᠢᠭᠡᠮ ᠤᠨ ᠠᠵᠢᠯ ᠤᠶᠢᠯᠡᠰ 1000 ᠲᠦᠮᠡᠨ ᠲᠦᠭᠦᠷᠢᠭ ᠠᠴᠠ ᠳᠡᠭᠡᠭᠰᠢ︶ ᠪᠡᠯᠡ ᠣᠷᠤᠭᠤᠯᠬᠤ ᠭᠤᠣᠯᠳᠠᠯᠭ᠎ᠠ  ᠲᠠᠢ ᠲᠦᠷᠤᠯ ᠵᠤᠶᠢᠯ ᠢ 41 ᠬᠡᠷᠡᠭᠵᠢᠭᠦᠯᠬᠦ ᠪᠠᠷ ᠲᠦᠯᠦᠪᠯᠡᠵᠦ᠂ ᠶᠡᠷᠤᠩᠬᠡᠢ ᠪᠡᠯᠡ ᠣᠷᠤᠭᠤᠯᠤᠯᠲᠠ 217 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠣᠲᠤᠷ᠎ᠠ 56 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠪᠡ᠃ 6 ᠰᠠᠷ᠎ᠠ ᠶᠢᠨ ᠰᠡᠭᠦᠯᠴᠢ ᠪᠣᠯᠲᠠᠯ᠎ᠠ᠂ 5000 ᠲᠦᠮᠡᠨ ᠲᠦᠭᠦᠷᠢᠭ ᠠᠴᠠ ᠳᠡᠭᠡᠭᠰᠢ ︵ᠨᠡᠶᠢᠭᠡᠮ ᠤᠨ ᠠᠵᠢᠯ ᠤᠶᠢᠯᠡᠰ ᠤᠨ ᠲᠦᠷᠤᠯ ᠵᠤᠶᠢᠯ 1000 ᠲᠦᠮᠡᠨ ᠲᠦᠭᠦᠷᠢᠭ ᠠᠴᠠ ᠳᠡᠭᠡᠭᠰᠢ︶ ᠭᠤᠣᠯᠳᠠᠯᠭ᠎ᠠ ᠲᠠᠢ ᠲᠦᠷᠤᠯ ᠵᠤᠶᠢᠯ ᠤᠨ 36 ᠨᠢ ᠨᠢᠭᠡᠨᠲᠡ ᠪᠦᠲᠤᠭᠡᠨ ᠪᠠᠶᠢᠭᠤᠯᠤᠯᠲᠠ ᠪᠠᠨ ᠡᠬᠢᠯᠡᠨ ᠰᠡᠷᠭᠦᠭᠡᠵᠦ᠂ ᠡᠬᠢᠯᠡᠵᠦ ᠰᠡᠷᠭᠦᠭᠡᠭᠰᠡᠨ ᠨᠤᠷᠮ᠎ᠠ ᠨᠢ 87.8 ℅︔ 29 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠵᠢᠯ ᠤᠨ ᠪᠡᠯᠡ ᠣᠷᠤᠭᠤᠯᠤᠯᠲᠠ ᠶᠢᠨ 52℅ ᠢ ᠡᠵᠡᠯᠡᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号