ᠣᠷᠤᠨ ᠰᠠᠭᠤᠴᠠ ᠶᠢᠨ ᠵᠢᠭᠡᠯᠡᠯᠭᠡ ᠦᠰᠦᠭᠰᠡᠨ ᠨᠢ  ᠳᠠᠯᠳᠠ ᠭᠡᠮ ᠣᠷᠤᠰᠢᠵᠤ ᠪᠣᠢ
ᠨᠡᠶᠢᠲᠡᠯᠡᠭᠰᠡᠨ ᠴᠠᠭ᠄
2016/11/3
     ᠳᠤᠮᠳᠠᠳᠤ ᠤᠯᠤᠰ ᠤᠨ ᠠᠷᠠᠳ ᠤᠨ ᠪᠠᠩᠭᠢ ᠶᠢᠨ 8 ᠰᠠᠷ᠎ᠠ ᠳᠤ ᠨᠡᠶᠢᠲᠡᠯᠡᠭᠰᠡᠨ ᠲᠤᠭ᠎ᠠ ᠪᠦᠷᠢᠳᠭᠡᠯ ᠳᠤ ᠢᠯᠡᠷᠡᠭᠰᠡᠨ ᠢᠶᠠᠷ᠂ ᠳᠡᠭᠡᠷ᠎ᠡ ᠬᠠᠭᠠᠰ ᠵᠢᠯ ᠳᠤ ᠬᠤᠪᠢ ᠬᠦᠮᠦᠨ ᠤ ᠣᠷᠤᠨ ᠰᠠᠭᠤᠴᠠ ᠶᠢᠨ ᠵᠢᠭᠡᠯᠡᠯᠭᠡ ᠦᠳᠳᠡᠷ ᠲᠦᠷᠭᠡᠨ ᠢᠶᠠᠷ ᠦᠰᠴᠤ 2.3 ᠲᠦᠮᠡᠨ ᠳ᠋ᠦᠩᠰᠢᠭᠤᠷ ᠲᠦᠭᠦᠷᠢᠭ ᠪᠣᠯᠪᠠ᠃ 6 ᠰᠠᠷ᠎ᠠ ᠶᠢᠨ ᠰᠡᠭᠦᠯᠴᠢ ᠶᠢᠨ ᠨᠡᠮᠡᠭᠳᠡᠯ ᠤᠨ ᠬᠤᠷᠳᠤᠴᠠ ᠨᠢ 32.2℅᠂ ᠣᠷᠤᠨ ᠰᠠᠭᠤᠴᠠ ᠶᠢᠨ ᠵᠢᠭᠡᠯᠡᠯᠭᠡ ᠶᠢᠨ ᠬᠡᠪᠴᠢᠶᠡᠵᠢᠯ ᠦᠷᠭᠦᠯᠵᠢᠯᠡᠨ ᠦᠳᠳᠡᠷ ᠲᠦᠷᠭᠡᠨ ᠨᠡᠮᠡᠭᠳᠡᠬᠦ ᠬᠠᠨᠳᠤᠰᠢ ᠪᠠᠶᠢᠨ᠎ᠠ᠃ ᠭᠡᠲᠡᠯ᠎ᠡ ᠠᠵᠤ ᠠᠬᠤᠶᠢᠯᠠᠯ ᠤᠨ ᠵᠢᠭᠡᠯᠡᠯᠭᠡ ᠶᠢ ᠲᠦᠯᠦᠭᠡᠯᠡᠵᠦ ᠪᠠᠶᠢᠭ᠎ᠠ ᠮᠦᠩᠭᠦᠨ ᠭᠦᠢᠯᠭᠡᠭᠡᠨ ᠤ ᠪᠣᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 26 ᠳ᠋ᠦᠩᠰᠢᠭᠤᠷ ᠲᠦᠭᠦᠷᠢᠭ ᠬᠠᠰᠤᠭᠳᠠᠪᠠ᠃      ᠠᠵᠤ ᠠᠬᠤᠢ ᠶᠢᠨ ᠤᠬᠠᠭᠠᠨᠲᠠᠨ ᠪᠠ ᠱᠤ᠋ ᠰᠦᠩ ᠤᠨ ᠬᠠᠩᠭᠠᠭᠰᠠᠨ ᠲᠤᠭ᠎ᠠ ᠪᠦᠷᠢᠳᠭᠡᠯ ᠠᠴᠠ ᠦᠵᠡᠪᠡᠯ᠂ ᠣᠷᠤᠨ ᠰᠠᠭᠤᠴᠠ ᠶᠢᠨ ᠵᠢᠭᠡᠯᠡᠯᠭᠡ ᠦᠳᠳᠡᠷ ᠲᠦᠷᠭᠡᠨ ᠨᠡᠮᠡᠭᠳᠡᠵᠦ ᠪᠠᠶᠢᠭ᠎ᠠ ᠶᠢᠨ ᠲᠦᠭᠰᠢᠭᠦᠷᠢ ᠳᠤ ᠬᠤᠶᠠᠷ ᠡᠯᠧᠮᠧᠨ᠋ᠲ ᠪᠣᠢ᠃ ᠨᠢᠭᠡ ᠨᠢ ᠳᠤᠮᠳᠠᠳᠤ ᠤᠯᠤᠰ2008 ᠣᠨ ᠠᠴᠠ ᠡᠬᠢᠯᠡᠨ ᠰᠠᠭᠤᠭᠠᠯᠢ ᠠᠷᠠᠳ ᠤᠨ ᠰᠠᠯᠠᠭ᠎ᠠ ᠮᠦᠴᠢᠷ ᠤᠨ ᠬᠦᠰᠢᠭᠦᠷᠭᠡ ᠶᠢᠨ ᠨᠣᠷᠮ᠎ᠠ ︵ᠰᠠᠭᠤᠭᠠᠯᠢ ᠠᠷᠠᠳ ᠤᠨ ᠦᠷᠢ ᠦᠭᠴᠡᠭᠡ ᠬᠢᠭᠡᠳ GDP ᠤᠨ ᠬᠠᠷᠢᠴᠠᠯ︶ 20℅ ᠬᠦᠷᠬᠦ ᠦᠭᠡᠢ ᠪᠠᠶᠢᠭᠰᠠᠨ ᠠᠴᠠ 2015 ᠣᠨ ᠳᠤ 39.5℅ ᠪᠣᠯᠤᠨ ᠨᠡᠮᠡᠭᠳᠡᠵᠦ᠂ ᠭᠡᠪᠡᠴᠤ 2016 ᠣᠨ ᠳᠤ ᠡᠨᠡᠬᠦ ᠲᠤᠭ᠎ᠠ ᠪᠦᠷᠢᠳᠭᠡᠯ ᠨᠢ 43℅ ᠶᠢ ᠳᠠᠪᠠᠭ᠋ᠤ ᠪᠣᠯᠤᠯᠴᠠᠭ᠎ᠠ ᠲᠠᠢ ᠪᠠᠶᠢᠨ᠎ᠠ᠃ ᠬᠤᠶᠠᠷ ᠨᠢ ᠳᠤᠮᠳᠠᠳᠤ ᠤᠯᠤᠰ ᠤᠨ ᠣᠷᠤᠨ ᠰᠠᠭᠤᠴᠠ ᠶᠢᠨ ᠵᠢᠭᠡᠯᠡᠯᠭᠡ ᠶᠢᠨ ᠬᠡᠪᠴᠢᠶᠡᠵᠢᠯ ᠬᠢᠭᠡᠳ ᠡᠨᠡᠬᠦ ᠬᠤᠭᠤᠴᠠᠭᠠᠨ ᠤ ᠳᠣᠳᠤᠷ᠎ᠠ ᠣᠷᠤᠨ ᠰᠠᠭᠤᠴᠠ ᠪᠣᠷᠤᠯᠠᠭᠤᠯᠤᠭᠰᠠᠨ ᠬᠡᠪᠴᠢᠶᠡᠵᠢᠯ ᠤᠨ ᠬᠠᠷᠢᠴᠠᠯ ᠪᠠᠶᠢᠵᠤ᠂ 2015 ᠣᠨ ᠳᠤ ᠳᠤᠮᠳᠠᠳᠤ ᠤᠯᠤᠰ ᠤᠨ ᠣᠷᠤᠨ ᠰᠠᠭᠤᠴᠠ ᠶᠢᠨ ᠵᠢᠭᠡᠯᠡᠯᠭᠡ ᠬᠢᠭᠡᠳ ᠪᠣᠷᠤᠯᠠᠭᠤᠯᠭ᠎ᠠ ᠶᠢᠨ ᠬᠠᠷᠢᠴᠠᠯ 43℅ ᠬᠦᠷᠴᠡᠢ ᠃ ᠭᠡᠪᠡᠴᠤ ᠣᠯᠠᠨ ᠤᠯᠤᠰ ᠤᠨ ᠲᠣᠷᠰᠢᠯᠭ᠎ᠠ ᠠᠴᠠ ᠦᠵᠡᠪᠡᠯ᠂ ᠠᠮᠧᠷᠢᠺᠠ ᠶᠢᠨ ᠭᠡᠷ ᠭᠠᠵᠠᠷ ᠬᠦᠷᠤᠩᠭᠡ ᠶᠢᠨ ᠵᠠᠬ᠎ᠠ ᠳᠡᠯᠭᠡᠭᠦᠷ ᠨᠢ 2007 ᠣᠨ ᠳᠤ ᠰᠢᠨ᠎ᠡ ᠪᠠᠷ ᠨᠡᠮᠡᠭᠳᠡᠭᠰᠡᠨ ᠣᠷᠤᠨ ᠰᠠᠭᠤᠴᠠ ᠶᠢᠨ ᠵᠢᠭᠡᠯᠡᠯᠭᠡ ᠬᠢᠭᠡᠳ ᠪᠣᠷᠤᠯᠠᠭᠤᠯᠭ᠎ᠠ ᠶᠢᠨ ᠬᠠᠷᠢᠴᠠᠯ ᠨᠢ 50℅ ᠣᠶᠢᠷᠠᠲᠤᠵᠤ᠂ ᠵᠢᠭᠡᠯᠡᠯᠭᠡ ᠶᠢᠨ ᠬᠢᠮᠦᠷᠠᠯ ᠡᠭᠦᠰᠪᠡ᠃ ᠡᠶᠢᠮᠦ ᠠᠴᠠ ᠡᠨᠡᠬᠦ ᠲᠤᠭ᠎ᠠ ᠪᠦᠷᠢᠳᠭᠡᠯ ᠳᠡᠭᠡᠷ᠎ᠡ ᠳᠤᠮᠳᠠᠳᠤ ᠤᠯᠤᠰ ᠣᠳᠤᠬᠠᠨ ᠳᠤ ᠦᠨᠳᠤᠷ ᠪᠠᠶᠢᠷᠢᠨ ᠳᠤ ᠣᠷᠤᠰᠢᠵᠤ ᠪᠣᠢ᠃                                          ︽ᠳᠣᠷᠤᠨᠠᠳᠤ ᠶᠢᠨ ᠦᠷᠯᠦᠭᠡ ᠶᠢᠨ ᠰᠣᠨᠢᠨ︾ ᠠᠴᠠ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号