ᠵᠦᠩ ᠬᠤᠸᠠ ᠡᠳ᠋ ᠬᠦᠷᠤᠩᠭᠡ ᠶᠢᠨ ᠳᠠᠭᠠᠳᠬᠠᠯ ᠤᠨ ᠣᠩᠨᠢᠭᠤᠳ ᠬᠤᠰᠢᠭᠤᠨ ᠤ ᠬᠤᠪᠢᠶᠠᠷᠢ ᠺᠣᠮᠫᠠᠨᠢ ᠲᠠᠷᠢᠶᠠᠯᠠᠩ ᠤᠨ ᠳᠠᠭᠠᠳᠬᠠᠯ ᠤᠨ ᠤᠶᠢᠯᠡᠴᠢᠯᠡᠭᠡ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2016/11/30
    ᠵᠦᠩ ᠬᠤᠸᠠ ᠡᠳ᠋ ᠬᠦᠷᠦᠩᠭᠡ ᠶᠢᠨ ᠳᠠᠭᠠᠳᠬᠠᠯ ᠤᠨ ᠣᠩᠨᠢᠭᠤᠳ ᠬᠤᠰᠢᠭᠤᠨ ᠤ ᠬᠤᠪᠢᠶᠠᠷᠢ ᠺᠣᠮᠫᠠᠨᠢ ᠣᠩᠨᠢᠭᠤᠳ ᠬᠤᠰᠢᠭᠤᠨ ᠳᠤ ᠲᠠᠷᠢᠮᠠᠯ ᠤᠨ ᠠᠵᠤ ᠤᠶᠢᠯᠡᠰ ᠤᠨ ᠳᠠᠭᠠᠳᠬᠠᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠬᠠᠮᠲᠤ ᠲᠦᠷᠤ ᠶᠢᠨ ᠪᠣᠳᠤᠯᠭ᠎ᠠ ᠶᠢᠨ ᠴᠢᠨᠠᠷᠲᠠᠢ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠳᠠᠭᠠᠳᠬᠠᠯ ᠢ ᠴᠤ ᠤᠯᠠᠮ ᠨᠢᠭᠡ ᠠᠯᠬᠤᠮ ᠭᠦᠨᠵᠡᠭᠡᠢ ᠦᠷᠨᠢᠭᠦᠯᠵᠦ ᠪᠠᠶᠢᠨ᠎ᠠ᠃     2015 ᠣᠨ ᠠᠴᠠ ᠡᠬᠢᠯᠡᠨ ᠲᠦᠷᠤ ᠶᠢᠨ ᠪᠣᠳᠤᠯᠭ᠎ᠠ ᠶᠢᠨ ᠴᠢᠨᠠᠷᠲᠠᠢ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠳᠠᠭᠠᠳᠬᠠᠯ ᠢ ᠬᠡᠷᠡᠭᠵᠢᠭᠦᠯᠦᠭᠰᠡᠨ ᠠᠴᠠ ᠨᠠᠰᠢ᠂ ᠨᠡᠶᠢᠲᠡ 226 ᠰᠠᠭᠠᠯᠢ ᠶᠢᠨ ᠦᠨᠢᠶ᠎ᠡ᠂ 3 ᠲᠦᠮᠡᠨ ᠮᠡᠭᠡᠵᠢ᠂ 22 ᠲᠦᠮᠡ ᠭᠠᠷᠤᠢ ᠭᠠᠭ᠋ᠠᠢ ᠶᠢ ᠳᠠᠭᠠᠳᠬᠠᠯ ᠳᠤ ᠣᠷᠤᠭᠤᠯᠵᠤ᠂ ᠲᠡᠵᠢᠭᠡᠨ ᠦᠷᠡᠵᠢᠭᠦᠯᠬᠦ ᠡᠷᠤᠬᠡ ᠨᠡᠶᠢᠲᠡ 80 ᠲᠦᠮᠡᠨ ᠲᠦᠭᠦᠷᠢᠭ ᠤᠨ ᠳᠠᠭᠠᠳᠬᠠᠯ ᠲᠤᠰᠢᠶᠠᠵᠤ᠂ ᠵᠦᠩ ᠬᠤᠸᠠ ᠡᠳ᠋ ᠬᠦᠷᠤᠩᠭᠡ ᠶᠢᠨ ᠳᠠᠭᠠᠳᠬᠠᠯ ᠠᠴᠠ ᠡᠪᠡᠳᠴᠢᠨ ᠬᠢᠵᠢᠭ ᠪᠣᠶᠣ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠤᠬᠢᠷᠠᠯ ᠤᠨ ᠲᠦᠯᠦᠪᠤᠷᠢ ᠮᠦᠩᠭᠦ 300 ᠲᠦᠮᠡᠨ ᠲᠦᠭᠦᠷᠢᠭ ᠢ ᠲᠡᠵᠢᠭᠡᠨ ᠦᠷᠡᠵᠢᠭᠦᠯᠬᠦ ᠡᠷᠤᠬᠡ ᠳᠤ ᠣᠯᠭᠤᠭᠰᠠᠨ ᠤ ᠬᠠᠮᠲᠤ ᠣᠩᠨᠢᠭᠤᠳ ᠬᠤᠰᠢᠭᠤᠨ ᠤ ᠲᠡᠵᠢᠭᠡᠨ ᠦᠷᠡᠵᠢᠭᠦᠯᠬᠦ ᠡᠷᠤᠬᠡ ᠲᠠᠢ ᠲᠦᠭᠰᠢᠭᠦᠷᠢ ᠶᠢ ᠨᠢ ᠬᠤᠪᠢᠶᠠᠯᠴᠠᠬᠤ ᠪᠠ ᠤᠶᠢᠯᠡᠳᠪᠤᠷᠢᠯᠡᠯ ᠢᠶᠠᠨ ᠰᠡᠷᠭᠦᠭᠡᠬᠦ ᠳᠤᠨᠢ ᠬᠦᠴᠤᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠨᠡ ᠵᠢᠯ ᠤᠨ 1-10 ᠰᠠᠷ᠎ᠠ ᠪᠣᠯᠲᠠᠯ᠎ᠠ᠂ ᠣᠩᠨᠢᠭᠤᠳ ᠬᠤᠰᠢᠭᠤᠨ ᠤ ᠺᠧ ᠷᠠᠨ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ 155 ᠭᠠᠭ᠋ᠠᠢ ᠶᠢᠨ ᠡᠪᠡᠳᠴᠢᠨ ᠬᠢᠵᠢᠭ ᠠᠴᠠ ᠪᠣᠯᠤᠭᠰᠠᠨ ᠬᠤᠬᠢᠷᠠᠯ ᠳᠤ ᠨᠡᠶᠢᠲᠡ 5 ᠲᠦᠮᠡ ᠭᠠᠷᠤᠢ ᠲᠦᠭᠦᠷᠢᠭ ᠤᠨ ᠲᠦᠯᠦᠪᠤᠷᠢ ᠦᠭᠴᠦ᠂ ᠲᠤᠰ ᠬᠤᠰᠢᠭᠤᠨ ᠤ ᠰᠢᠨ ᠶᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ 62 ᠭᠠᠭ᠋ᠠᠢ ᠶᠢᠨ ᠡᠪᠡᠳᠴᠢᠨ ᠠᠴᠠ ᠪᠣᠯᠤᠭᠰᠠᠨ ᠬᠤᠬᠢᠷᠠᠯ ᠳᠤ 1.6 ᠲᠦᠮᠡ ᠭᠠᠷᠤᠢ ᠲᠦᠭᠦᠷᠢᠭ ᠤᠨ ᠲᠦᠯᠦᠪᠤᠷᠢ ᠦᠭᠭᠦᠭᠰᠡᠨ ᠪᠠᠶᠢᠨ᠎ᠠ᠃                                                     ᠯᠢ ᠴᠦᠨ ᠯᠸᠢ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号