ᠰᠢᠨᠵᠢᠯᠡᠬᠦ ᠤᠬᠠᠭᠠᠨ ᠤ ᠰᠢᠨ᠎ᠡ ᠮᠡᠳᠡᠭᠡ ᠵᠠᠩᠭᠢ
ᠨᠡᠶᠢᠲᠡᠯᠡᠭᠰᠡᠨ ᠴᠠᠭ᠄
2016/11/30
            ᠭᠠᠷ ᠤᠨ ᠠᠶ᠎ᠠ ᠪᠠᠷ ᠲᠡᠮᠲᠡᠭᠯᠡᠯ ᠬᠢᠬᠦ     ᠣᠶᠢᠷ᠎ᠠ ᠳᠤ᠂ ᠳᠤᠮᠳᠠᠳᠤ ᠤᠯᠤᠰ ᠤᠨ ︽ᠬᠠᠨ ᠪᠢ ᠸᠠᠩ︾ ︵汉笔王︶ ᠢ  ︽ᠬᠦᠬᠡ ᠮᠡᠷᠭᠡᠵᠢᠯ ᠢᠶᠠᠷ ᠲᠦᠷᠭᠡᠨ ᠲᠡᠮᠲᠡᠭᠯᠡᠬᠦ ᠪᠠᠷ︾᠂ ︽ ᠰᠠᠭᠤᠳᠠᠯ ᠤᠨ ᠲᠡᠮᠳᠡᠭᠯᠡᠯ ᠤᠨ ᠬᠢᠮᠡᠯ ᠪᠢᠷ︾ ᠭᠡᠵᠦ ᠨᠡᠷᠡᠶᠢᠳᠤᠨ᠂ ᠤᠯᠠᠮᠵᠢᠯᠠᠯᠲᠤ ᠲᠡᠮᠲᠡᠭᠯᠡᠯ ᠬᠢᠬᠦ ᠠᠷᠭ᠎ᠠ ᠶᠢ ᠦᠭᠡᠷᠡᠴᠢᠯᠡᠭᠰᠡᠨ ᠪᠠᠶᠢᠨ᠎ᠠ᠃ ᠨᠣᠮ ᠪᠢᠴᠢᠭ᠂ ᠰᠣᠨᠢᠨ ᠰᠡᠳᠭᠦᠯ ᠵᠡᠷᠭᠡ ᠶᠢ ᠬᠦᠪ ᠬᠦᠩᠭᠡᠨ ᠱᠦᠷᠭᠦᠭᠡᠭᠡᠳ ᠠᠪᠤᠪᠠᠯ ᠳᠠᠷᠤᠢ ᠳᠤᠨᠢ ᠦᠰᠦᠭ ᠪᠢᠴᠢᠭ ᠢ ᠰᠢᠭᠤᠳ ᠭᠠᠷ ᠮᠠᠰᠢᠨ᠂ ᠺᠣᠮᠫᠢᠦ᠋ᠲ᠋ᠧᠷ ᠲᠤ ᠣᠷᠤᠭᠤᠯᠵᠤ ᠪᠣᠯᠬᠤ ᠪᠠ ᠰᠠᠨᠠᠭ᠎ᠠ ᠪᠠᠷ ᠢᠶᠠᠨ ᠡᠰᠢ ᠲᠠᠲᠠᠵᠤ᠂ ᠨᠠᠶᠢᠷᠠᠭᠤᠯᠤᠨ ᠵᠣᠬᠢᠶᠠᠬᠤ ᠳᠤ ᠪᠦᠷ ᠬᠡᠷᠡᠭᠯᠡᠵᠦ ᠪᠣᠯᠳᠠᠭ᠃ ᠮᠢᠨᠦ᠋ᠲ ᠪᠦᠷᠢ ᠬᠡᠳᠤᠨ ᠮᠢᠩᠭᠠᠨ ᠦᠰᠦᠭ ᠪᠢᠴᠢᠵᠦ ᠳᠡᠶᠢᠯᠳᠡᠭ᠃            ᠰᠢᠨ᠎ᠡ ᠮᠠᠶ᠋ᠢᠭ ᠤᠨ ᠬᠦᠷᠢ ᠶᠢᠨ ᠰᠢᠷᠬᠡᠭ     ᠣᠶᠢᠷ᠎ᠠ ᠳᠤ᠂ ᠴᠢᠩᠬᠤᠸᠠ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠨ ᠬᠦᠷᠢ ᠶᠢᠨ ᠨᠠᠪᠴᠢ ᠶᠢ ᠨᠡᠭᠦᠷᠡᠰᠦᠳᠦ᠋ᠷᠦᠭᠴᠢ ᠶᠢᠨ ᠨᠡᠮᠢ ᠬᠤᠭᠤᠯᠠᠢ ᠪᠣᠶᠤ ᠪᠡᠯ ᠴᠢᠯᠠᠭᠤ ᠶᠢᠨ ᠠᠯᠺᠧᠨ ᠤ ᠭᠠᠳᠠᠭᠤᠷ ᠪᠠᠭᠯᠠᠵᠤ ᠢᠯᠠᠮ᠎ᠠ ᠶᠢᠨ ᠬᠦᠷᠢ ᠶᠢᠨ ᠠᠳᠤᠯᠴᠠᠬᠤ ᠬᠦᠴᠤᠯᠡᠴᠡ ᠶᠢ ᠬᠤᠶᠠᠷ ᠳᠠᠬᠢᠨ ᠨᠡᠮᠡᠭᠳᠡᠭᠦᠯᠵᠦ ᠲᠡᠭᠦᠨ ᠤ ᠤᠯᠠᠮ ᠠᠴᠠ ᠨᠢᠭᠡᠨ ᠵᠤᠶᠢᠯ ᠤᠨ ᠴᠠᠬᠢᠯᠭᠠᠨ  ᠳᠠᠮᠵᠢᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠨᠡᠩ ᠶᠡᠭᠡ ᠤᠶᠠᠨ ᠴᠢᠨᠠᠷ ᠪᠦᠬᠦᠢ ᠰᠢᠨ᠎ᠡ ᠬᠡᠯᠪᠡᠷᠢ ᠶᠢᠨ ᠬᠦᠷᠢ ᠶᠢᠨ ᠰᠢᠷᠬᠡᠭ ᠢ ᠤᠶᠢᠯᠡᠳᠪᠤᠷᠢᠯᠡᠨ ᠭᠠᠷᠭᠠᠭᠰᠠᠨ ᠪᠠᠶᠢᠨ᠎ᠠ᠃             ᠤᠶᠤᠨᠴᠢ  ᠲᠣᠯᠢ     ᠣᠶᠢᠷ᠎ᠠ ᠳᠤ᠂ ᠶᠠᠫᠤᠨ ᠤ ᠰᠦᠩ ᠰᠢᠶᠠ ︵松下︶ ᠺᠣᠮᠫᠠᠨᠢ ᠶᠢᠨ ᠬᠢᠨ ᠨᠢᠭᠡᠨ ᠤᠶᠤᠨᠴᠢ ᠲᠣᠯᠢ ᠪᠦᠲᠤᠭᠡᠨ ᠭᠠᠷᠭᠠᠭᠰᠠᠨ ᠪᠠᠶᠢᠨ᠎ᠠ᠃ ᠡᠨᠡᠬᠦ ᠲᠣᠯᠢ ᠨᠢ ᠬᠡᠷᠡᠭᠯᠡᠭᠴᠢᠳ ᠤᠨ ᠵᠢᠰᠦ ᠴᠢᠷᠠᠢ ᠶᠢ ᠠᠦ᠋ᠲ᠋ᠣ᠋ ᠪᠠᠷ ᠢᠯᠭᠠᠨ ᠲᠠᠨᠢᠵᠤ᠂ ᠬᠠᠷᠢᠴᠠᠩᠭᠤᠢ ᠤᠯᠠᠷᠢᠭᠤᠯᠤᠨ ᠪᠣᠳᠤᠬᠤ ᠲᠠᠢ ᠬᠠᠮᠵᠢᠯᠴᠠᠨ ᠵᠠᠳᠠᠯᠤᠯᠲᠠ ᠬᠢᠵᠦ ᠴᠢᠳᠠᠳᠠᠭ ᠪᠠᠶᠢᠨ᠎ᠠ᠃ ᠲᠣᠯᠢᠨ ᠤ ᠳᠣᠣᠷᠠᠳᠤ ᠬᠡᠰᠡᠭ ᠲᠤ ᠵᠠᠰᠠᠯ ᠴᠢᠮᠡᠭ ᠤᠨ ᠡᠳ᠋ ᠤᠶᠢᠯᠡᠳᠬᠦ ᠮᠠᠰᠢᠨ ᠲᠠᠢ᠂ ᠰᠢᠰᠲ᠋ᠧᠮ ᠨᠢ ᠵᠠᠳᠠᠯᠤᠯᠲᠠ ᠬᠢᠭᠰᠡᠨ ᠤ ᠳᠠᠷᠠᠭ᠎ᠠ᠂ ᠮᠠᠲ᠋ᠧᠷᠢᠶᠠᠯ ᠤᠨ ᠶᠣᠰᠤᠭᠠᠷ ᠢᠷᠡᠵᠤ ᠪᠠᠶᠢᠭᠠᠳ ᠨᠢᠭᠡᠨ ᠰᠢᠨ᠎ᠡ ᠬᠡᠯᠪᠡᠷᠢ ᠶᠢᠨ ᠵᠠᠰᠠᠯ ᠴᠢᠮᠡᠭᠯᠡᠯ ᠤᠨ ᠨᠢᠭᠤᠷ ᠤᠨ ᠵᠤᠯᠤᠮ᠎ᠠ ᠶᠢ ᠤᠶᠢᠯᠡᠳᠤᠨ ᠭᠠᠷᠭᠠᠵᠤ᠂ ᠬᠡᠷᠡᠭᠯᠡᠭᠴᠢᠳ ᠨᠢ ᠲᠣᠯᠢ ᠶᠢ ᠨᠢᠭᠤᠷ ᠵᠦᠭ ᠢᠶᠠᠨ ᠣᠶᠢᠷᠠᠲᠤᠭᠤᠯᠬᠤ ᠪᠠᠷ ᠳᠠᠮᠵᠢᠨ ᠵᠠᠰᠠᠯ ᠴᠢᠮᠡᠭ ᠤᠨ ᠡᠳ᠋ ᠢ ᠨᠢᠭᠤᠷ ᠤᠨ ᠬᠡᠰᠡᠭ ᠲᠡᠭᠡᠨ ᠳᠦᠷᠬᠢᠵᠦ᠂ ᠵᠠᠰᠠᠵᠤ ᠴᠢᠮᠡᠳᠡᠭ ᠪᠠᠶᠢᠨ᠎ᠠ᠃                                                      ᠲᠦᠮᠬᠠᠦ᠋ᠯᠵᠡᠢ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号