ᠣᠩᠨᠢᠭᠤᠳ ᠬᠤᠰᠢᠭᠤᠨ ᠤ ᠳᠣᠳᠤᠭᠠᠳᠤ ᠶᠢ ᠬᠠᠮᠠᠭᠠᠯᠠᠬᠤ ᠲᠣᠪᠴᠢᠶᠠᠨ ᠤ ᠨᠡᠶᠢᠭᠡᠮ ᠲᠣᠭᠤᠷᠢᠭ ᠤᠨ ᠴᠠᠭᠳᠠᠭᠠᠨ ᠤ ᠶᠡᠭᠡ ᠠᠩᠭᠢ ᠫᠣᠣ ᠳᠠᠷᠢ ᠳᠡᠯᠪᠡᠷᠡᠬᠦ ᠪᠣᠳᠠᠰ ᠢ ᠴᠢᠩᠭ᠎ᠠ ᠴᠠᠭᠠᠵᠠᠯᠠᠬᠤ ᠲᠤᠰᠬᠠᠢ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2016/12/1
     ᠨᠡᠶᠢᠭᠡᠮ ᠳᠡᠭᠡᠷᠡᠬᠢ ᠳᠡᠯᠪᠡᠷᠡᠬᠦ ᠪᠣᠳᠠᠰ᠂ ᠫᠣᠣ ᠳᠠᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠨᠡᠶᠢᠭᠡᠮ ᠤᠨ ᠣᠷᠴᠢᠨ ᠬᠠᠩᠭᠠᠬᠤ ᠶᠢᠨ ᠲᠦᠯᠦᠭᠡ ᠣᠩᠨᠢᠭᠤᠳ ᠬᠤᠰᠢᠭᠤᠨ ᠤ ᠳᠣᠳᠤᠭᠠᠳᠤ ᠶᠢ ᠬᠠᠮᠠᠭᠠᠯᠠᠬᠤ ᠲᠣᠪᠴᠢᠶᠠᠨ ᠤ ᠨᠡᠶᠢᠭᠡᠮ ᠲᠣᠭᠤᠷᠢᠭ ᠤᠨ ᠶᠡᠭᠡ ᠠᠩᠭᠢ ᠨᠢ ︽ᠲᠠᠪᠤᠨ ᠲᠦᠷᠤᠯ ᠤᠨ ᠴᠢᠩᠭ᠎ᠠ ᠠᠷᠭ᠎ᠠ︾ ᠪᠠᠷ ᠫᠣᠣ ᠳᠠᠷᠢ᠂ ᠳᠡᠯᠪᠡᠷᠡᠬᠦ ᠪᠣᠳᠠᠰ ᠢ ᠴᠡᠪᠡᠷᠯᠡᠨ ᠴᠠᠭᠠᠵᠠᠯᠠᠭᠰᠠᠨ ᠪᠠᠶᠢᠨ᠎ᠠ᠃      ᠶᠠᠭᠤᠨ ᠤ ᠡᠮᠦᠨ᠎ᠡ  ᠲᠡᠳᠡ ᠡᠯ᠎ᠡ ᠭᠠᠴᠠᠭ᠎ᠠ ᠲᠤᠰᠬᠤᠨ ᠤ ᠠᠮᠤᠷ ᠢ ᠬᠠᠮᠠᠭᠠᠯᠠᠭᠴᠢ ᠶᠢ ᠳᠠᠪᠲᠠᠨ ᠪᠣᠯᠪᠠᠰᠤᠷᠠᠭᠤᠯᠵᠤ᠂ ᠠᠮᠤᠷ ᠢ ᠬᠠᠮᠠᠭᠠᠯᠠᠭᠴᠢ᠂ ᠡᠶᠡᠲᠡᠭᠦᠯᠦᠭᠴᠢ᠂ ᠠᠮᠤᠷ ᠢ ᠬᠠᠮᠠᠭᠠᠯᠠᠬᠤ ᠢᠳᠡᠪᠬᠢᠲᠡᠨ ᠢ ᠵᠣᠬᠢᠶᠠᠨ ᠪᠠᠶᠢᠭᠤᠯᠵᠤ᠂ ᠲᠤᠰ ᠲᠤᠰᠬᠤᠨ ᠵᠡᠭᠡᠯᠢ ᠶᠢᠨ ᠳᠠᠷᠢ ᠫᠣᠣ᠂ ᠳᠡᠯᠪᠡᠷᠡᠬᠦ ᠪᠣᠳᠠᠰ ᠢ ᠴᠢᠩᠭ᠎ᠠ ᠴᠠᠭᠠᠵᠠᠯᠠᠨ ᠴᠡᠪᠡᠷᠯᠡᠵᠦ᠂ ᠬᠤᠪᠢ ᠬᠦᠮᠦᠨ ᠫᠣᠣ ᠳᠠᠷᠢ ᠬᠠᠳᠠᠭᠠᠯᠠᠵᠤ ᠪᠠᠶᠢᠭ᠎ᠠ ᠪᠣᠯ ᠳᠠᠷᠤᠢ ᠲᠦᠷᠭᠡᠨ ᠰᠠᠶᠢᠨ ᠳᠤᠷ᠎ᠠ ᠠᠴᠠ ᠪᠠᠨ ᠳᠣᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠲᠤᠰᠢᠶᠠᠨ᠂ ᠬᠦᠩᠬᠡᠨ ᠢᠶᠠᠷ ᠰᠢᠢᠳᠪᠤᠷᠢᠯᠡᠬᠦ ᠶᠢ ᠤᠬᠠᠭᠤᠯᠤᠭᠰᠠᠨ ᠪᠠᠶᠢᠨ᠎ᠠ᠃      ᠬᠤᠶᠠᠷ ᠲᠤ᠂ ᠨᠡᠶᠢᠭᠡᠮ ᠲᠣᠭᠤᠷᠢᠭ ᠤᠨ ᠴᠠᠭᠳᠠᠭᠠᠨ ᠤ ᠠᠵᠢᠯ ᠲᠠᠢ ᠤᠶᠠᠯᠳᠤᠭᠤᠯᠵᠤ ᠰᠤᠷᠲᠠᠯ ᠤᠬᠠᠭᠤᠯᠭ᠎ᠠ ᠶᠢ ᠴᠢᠩᠭᠠᠳᠬᠠᠵᠤ᠂ ᠴᠠᠭᠳᠠᠭ᠎ᠠ ᠨᠠᠷ ᠣᠯᠠᠨ ᠲᠦᠮᠡᠨ ᠤ ᠳᠤᠮᠳᠠ ᠭᠦᠨᠵᠡᠭᠡᠶᠢᠷᠡᠵᠤ ᠬᠠᠥᠯᠢ ᠶᠢᠨ ᠤᠬᠠᠭᠤᠯᠭ᠎ᠠ ᠶᠢ ᠰᠠᠶᠢᠳᠤᠷ ᠬᠢᠵᠤ᠂ ᠫᠣᠣ ᠳᠠᠷᠢ ᠶᠢᠨ ᠲᠣᠬᠠᠢ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠣᠬᠠᠢ ᠦᠷᠭᠡᠨ ᠣᠯᠠᠨ ᠲᠦᠮᠡᠨ ᠤ ᠬᠠᠥᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠤᠷᠬᠠᠶᠢᠯᠠᠭᠰᠠᠨ ᠪᠠᠶᠢᠨ᠎ᠠ᠃      ᠭᠤᠷᠪᠠ ᠲᠤ᠂ ︽ᠵᠢᠷᠭᠤᠭᠠᠨ ᠨᠢᠭᠡ︾ ᠠᠵᠢᠯᠯᠠᠭᠠᠨ ᠲᠠᠢ ᠤᠶᠠᠯᠳᠤᠭᠤᠯᠵᠤ᠂ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ᠂ ᠣᠯᠠᠨ ᠲᠦᠮᠡᠨ ᠤ ᠳᠡᠮᠵᠢᠯᠭᠡ ᠶᠢ ᠬᠦᠷᠲᠡᠨ᠂ ︽ᠫᠣᠣ ᠴᠠᠭᠠᠵᠠᠯᠠᠵᠤ᠂ ᠳᠠᠷᠢ ᠴᠡᠪᠡᠷᠯᠡᠬᠦ︾ ᠠᠵᠢᠯ ᠢᠶᠠᠷ ᠰᠢᠵᠢᠮ ᠪᠣᠯᠭᠠᠨ ᠦᠨᠳᠤᠰᠤᠨ ᠠᠰᠠᠭᠤᠳᠠᠯ ᠠᠴᠠ ᠭᠠᠷᠲᠠᠨ᠂ ᠳᠡᠰ ᠳᠠᠷᠠᠭ᠎ᠠ ᠲᠠᠢ᠂ ᠪᠦᠬᠦ ᠲᠠᠯ᠎ᠠ ᠠᠴᠠ ᠬᠠᠥᠯᠢ ᠴᠠᠭᠠᠵᠠ ᠶᠢᠨ ᠤᠬᠠᠭᠤᠯᠭ᠎ᠠ ᠬᠢᠵᠤ᠂ ᠣᠯᠠᠨ ᠲᠦᠮᠡᠨ ᠢ ᠴᠠᠭ ᠳᠠᠷᠤᠢ ᠳᠤᠨᠢ ᠨᠠᠮ ᠤᠨ ᠲᠦᠷᠤ ᠶᠢᠨ ᠪᠣᠳᠤᠯᠭ᠎ᠠ᠂ ᠬᠠᠥᠯᠢ ᠳᠤ ᠬᠤᠯᠪᠤᠭᠳᠠᠭᠰᠠᠨ ᠠᠰᠠᠭᠤᠳᠠᠯ ᠳᠤ ᠭᠦᠨ ᠲᠠᠨᠢᠯᠲᠠ ᠲᠠᠢ ᠪᠣᠯᠭᠠᠭᠰᠠᠨ ᠪᠠᠶᠢᠨ᠎ᠠ᠃      ᠳᠥᠷᠪᠡ ᠳᠤ᠂ ᠰᠤᠷᠠᠭ ᠴᠢᠮᠡᠭᠡᠨ ᠤ ᠰᠢᠨ᠎ᠡ ᠮᠡᠷᠭᠡᠵᠢᠯ ᠢ ᠠᠰᠢᠭᠯᠠᠵᠤ᠂ ᠣᠯᠠᠨ ᠲᠦᠮᠡᠨ ᠤ ᠳᠤᠮᠳᠠ ᠬᠠᠳᠠᠭᠠᠯᠠᠭᠳᠠᠵᠤ ᠪᠠᠶᠢᠭ᠎ᠠ ᠠᠮᠤᠷ ᠲᠦᠪᠰᠢᠨ ᠳᠤ ᠠᠰᠢᠭ ᠦᠭᠡᠢ ᠵᠤᠶᠢᠯ ᠢ ᠪᠠᠶᠢᠴᠠᠭᠠᠪᠠ᠂ ᠨᠡᠶᠢᠭᠡᠮ ᠲᠣᠭᠤᠷᠢᠭ ᠤᠨ ᠠᠵᠢᠯ ᠪᠣᠯ ᠨᠢᠭᠡ ᠵᠤᠶᠢᠯ ᠤᠨ ᠣᠯᠠᠨ ᠲᠦᠮᠡᠨ ᠤ ᠬᠦᠴᠤᠨ ᠳᠤ ᠲᠦᠰᠢᠭᠯᠡᠬᠦ ᠠᠵᠢᠯ ᠶᠤᠮ᠃ ᠲᠤᠰ ᠠᠩᠭᠢ ᠨᠢ ᠣᠯᠠᠨ ᠲᠦᠮᠡᠨ ᠤ ᠬᠠᠮᠤᠭ ᠤᠨ ᠦᠨᠡᠨᠴᠢ᠂ ᠪᠣᠲᠠᠲᠠᠢ᠂ ᠦᠶ᠎ᠡ ᠠᠰᠢᠭ ᠲᠠᠢ ᠴᠢᠮᠡᠭᠡ ᠰᠤᠷᠠᠭ ᠢ ᠭᠦᠢᠴᠡᠳ ᠪᠠᠳᠠᠷᠠᠭᠤᠯᠵᠤ ᠴᠢᠳᠠᠭᠰᠠᠨ ᠪᠠᠶᠢᠨ᠎ᠠ᠃      ᠲᠠᠪᠤ ᠳᠤ᠂ ᠲᠤᠰ ᠠᠩᠭᠢ ᠨᠢ ᠲᠣᠬᠠᠢ ᠶᠢᠨ ᠣᠷᠤᠨ ᠤ ᠲᠣᠭᠲᠠᠭᠤᠨ ᠢ ᠪᠠᠲᠤᠯᠠᠬᠤ ᠶᠡᠭᠡ ᠬᠠᠷᠠᠭᠠᠰᠤᠨ ᠠᠴᠠ᠂ ᠲᠤᠰᠬᠤᠨ ᠡᠷᠤᠬᠡ ᠪᠣᠯᠭᠠᠨ ᠳᠤ ᠰᠣᠷᠪᠤᠯᠵᠢᠯᠠᠭ᠎ᠠ ᠬᠢᠵᠤ᠂ ᠴᠠᠭᠳᠠᠨ ᠰᠡᠷᠭᠡᠶᠢᠯᠡᠬᠦ ᠲᠠᠢ ᠤᠶᠠᠯᠳᠤᠭᠤᠯᠤᠨ᠂ ᠣᠯᠠᠨ ᠲᠦᠮᠡᠨ ᠤ ᠢᠳᠡᠪᠬᠢᠵᠢᠯ ᠢ ᠳᠠᠶᠢᠴᠢᠯᠠᠨ᠂ ᠠᠮᠤᠷ ᠲᠦᠪᠰᠢᠨ ᠤ ᠰᠠᠭᠤᠷᠢ ᠶᠢ ᠰᠠᠶᠢᠳᠤᠷ ᠲᠠᠯᠪᠢᠭᠰᠠᠨ ᠪᠠᠶᠢᠨ᠎ᠠ᠃      ᠡᠳᠡᠭᠡᠷ ᠠᠷᠭ᠎ᠠ ᠶᠢ ᠠᠪᠤᠭᠰᠠᠨ ᠠᠴᠠ ︽ᠫᠣᠣ ᠴᠠᠭᠠᠵᠠᠯᠠᠵᠤ᠂ ᠳᠠᠷᠢ ᠳᠡᠯᠪᠡᠷᠡᠬᠦ ᠪᠣᠳᠠᠰ ᠢ ᠬᠤᠷᠢᠭᠯᠠᠬᠤ︾ ᠠᠵᠢᠯᠯᠠᠭ᠎ᠠ ᠨᠢ ᠦᠨᠳᠤᠷ ᠠᠮᠵᠢᠯᠲᠠ ᠶᠢ ᠡᠭᠦᠳᠤᠨ᠂ ᠲᠤᠰ ᠣᠷᠤᠨ ᠤ ᠨᠡᠶᠢᠭᠡᠮ ᠤᠨ ᠲᠣᠭᠲᠠᠭᠤᠨ᠂ ᠠᠷᠠᠳ ᠲᠦᠮᠡᠨ  ᠤ ᠡᠶ᠎ᠡ ᠵᠣᠬᠢᠴᠠᠩᠭᠤᠢ ᠰᠢᠨ᠎ᠡ ᠨᠢᠭᠡᠨ ᠨᠡᠶᠢᠭᠡᠮ ᠤᠨ ᠣᠷᠴᠢᠨ ᠢ ᠪᠦᠲᠤᠭᠡᠨ ᠪᠠᠶᠢᠭᠤᠯᠤᠭᠰᠠᠨ ᠪᠠᠶᠢᠨ᠎ᠠ᠃                                                                                 ᠵᠣᠷᠢᠭᠲᠤ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号