ᠮᠠᠯᠵᠢᠯ ᠤᠨ ᠲᠠᠯᠠᠪᠠᠢ ᠶᠢ ᠠᠷᠢᠭᠤᠳᠬᠠᠬᠤ ᠠᠷᠭ᠎ᠠ
ᠨᠡᠶᠢᠲᠡᠯᠡᠭᠰᠡᠨ ᠴᠠᠭ᠄
2016/12/1
                                                ᠨᠣᠮᠤᠨᠳᠠᠯᠠᠢ    ᠬᠢᠮᠢ᠂ ᠹᠢᠽᠢᠺ᠂ ᠮᠧᠬᠠᠨᠢᠭ ᠤᠨ ᠪᠠ ᠠᠮᠢᠳᠤ ᠪᠣᠳᠠᠰ ᠤᠨ ᠠᠷᠭ᠎ᠠ ᠪᠠᠷ ᠮᠠᠯ ᠤᠨ ᠪᠡᠶ᠎ᠡ᠂ ᠮᠠᠯ ᠤᠨ ᠠᠰᠢᠭ ᠰᠢᠮ᠎ᠡ ᠪᠠ ᠪᠠᠭᠠᠵᠢ ᠬᠡᠷᠡᠭᠰᠡᠯ ᠳᠡᠭᠡᠷᠡᠬᠢ ᠬᠢᠵᠢᠭ ᠡᠭᠦᠰᠭᠡᠭᠴᠢ ᠮᠢᠺᠷᠣᠪ ᠢ ᠠᠯᠠᠵᠤ ᠤᠰᠠᠳᠬᠠᠬᠤ ᠶᠢ ᠠᠷᠢᠭᠤᠳᠬᠠᠬᠤ ᠠᠷᠭ᠎ᠠ ᠭᠡᠨ᠎ᠡ᠃          ᠨᠢᠭᠡ᠂ ᠮᠧᠬᠠᠨᠢᠭ ᠢᠶᠠᠷ ᠠᠷᠢᠭᠤᠳᠬᠠᠬᠤ ᠠᠷᠭ᠎ᠠ    ᠮᠧᠬᠠᠨᠢᠭ ᠢᠶᠠᠷ ᠠᠷᠢᠭᠤᠳᠬᠠᠬᠤ ᠠᠷᠭ᠎ᠠ ᠨᠢ ᠮᠠᠯ ᠨᠢᠳᠤᠯᠵᠤ ᠪᠣᠷᠤᠯᠠᠭᠤᠯᠬᠤ ᠭᠠᠵᠠᠷ ᠤᠨ ᠦᠷᠬᠦᠯᠵᠢ ᠬᠡᠷᠡᠭᠯᠡᠳᠡᠭ ᠡᠳᠦᠷ ᠳᠣᠳᠤᠮ ᠤᠨ ᠴᠡᠪᠡᠷᠯᠡᠭᠡ ᠶᠢᠨ ᠠᠵᠢᠯ ᠪᠣᠯᠤᠨ᠎ᠠ᠃ ᠡᠨᠡᠬᠦ ᠠᠷᠭ᠎ᠠ ᠨᠢ ᠬᠢᠵᠢᠭ ᠡᠭᠦᠰᠭᠡᠭᠴᠢ ᠪᠠᠺᠲ᠋ᠧᠷᠢ ᠶᠢ ᠠᠯᠠᠵᠤ ᠴᠢᠳᠠᠬᠤ ᠦᠭᠡᠢ᠂ ᠵᠦᠪᠬᠡᠨ ᠭᠬᠢᠷ ᠪᠣᠷᠳᠠᠭ ᠢ ᠴᠡᠪᠡᠷᠯᠡᠨ ᠠᠷᠢᠯᠭᠠᠵᠤ᠂ ᠮᠢᠺᠷᠣᠪ ᠤᠨ ᠦᠰᠴᠤ ᠦᠷᠡᠵᠢᠬᠦ ᠳᠤ ᠠᠰᠢᠭ ᠦᠭᠡᠢ ᠣᠷᠴᠢᠨ ᠢ ᠪᠣᠢ ᠪᠣᠯᠭᠠᠳᠠᠭ᠂ ᠬᠠᠯᠳᠠᠪᠤᠷᠢᠳᠤ ᠬᠢᠵᠢᠭ ᠡᠭᠦᠰᠤᠭ᠍ᠰᠡᠨ ᠦᠶᠡᠰ ᠤᠷᠢᠳᠠᠪᠠᠷ ᠡᠮᠳᠤ ᠠᠭᠤᠰᠤᠮᠠᠯ ᠢᠶᠠᠷ ᠠᠷᠢᠭᠤᠳᠬᠠᠵᠤ᠂ ᠳᠠᠷᠠᠭ᠎ᠠ ᠨᠢ ᠴᠡᠪᠡᠷᠯᠡᠭᠡ ᠬᠢᠨ᠎ᠡ᠃          ᠬᠤᠶᠠᠷ᠂ ᠹᠢᠽᠢᠺ ᠤᠨ ᠠᠷᠢᠭᠤᠳᠬᠠᠬᠤ ᠠᠷᠭ᠎ᠠ    ᠹᠢᠽᠢᠺ ᠤᠨ ᠠᠷᠢᠭᠤᠳᠬᠠᠬᠤ ᠠᠷᠭ᠎ᠠ ᠳᠤ ᠮᠧᠬᠠᠨᠢᠭ ᠬᠦᠳᠡᠯᠭᠡᠭᠡᠨ ᠤ ᠠᠷᠭ᠎ᠠ᠂ ᠭᠡᠷᠡᠯ ᠤᠨ ᠰᠠᠴᠤᠷᠠᠭ ᠤᠨ ᠠᠷᠭ᠎ᠠ᠂ ᠬᠠᠯᠠᠭᠤᠨ ᠤ ᠠᠷᠭ᠎ᠠ᠂ ᠪᠢᠴᠢᠯ ᠳᠣᠯᠭᠢᠶᠠᠨ ᠤ ᠰᠠᠴᠤᠷᠠᠭ ᠤᠨ ᠠᠷᠭ᠎ᠠ ᠵᠡᠷᠭᠡ ᠪᠠᠶᠢᠳᠠᠭ᠃    1.ᠨᠠᠷᠠᠨ ᠤ ᠭᠡᠷᠡᠯ ᠢᠶᠠᠷ ᠠᠷᠢᠭᠤᠳᠬᠠᠬᠤ᠄ ᠨᠠᠷᠠᠨ ᠤ ᠭᠡᠷᠡᠯ ᠤᠨ ᠰᠠᠴᠤᠷᠠᠯᠲᠠ ᠨᠢ ᠶᠡᠭᠡ ᠬᠡᠮᠵᠢᠶᠡᠨ ᠤ ᠤᠷᠳᠤ ᠣᠬᠤᠷ ᠨᠢ ᠠᠳᠠᠯᠢ ᠪᠣᠰᠤ ᠡᠯ᠎ᠡ ᠲᠦᠷᠤᠯ ᠤᠨ ᠭᠡᠷᠡᠯ ᠤᠨ ᠳᠣᠯᠬᠢᠶᠠᠨ ᠠᠴᠠ ᠪᠦᠷᠢᠯᠳᠤᠵᠤ᠂ ᠠᠮᠢᠳᠤ ᠪᠣᠳᠠᠰ ᠤᠨ ᠪᠡᠶ᠎ᠡ ᠳᠤ ᠪᠣᠳᠤᠯᠢᠶᠠᠨᠲᠠᠢ ᠶᠡᠷᠤᠩᠬᠡᠶᠢᠯᠡᠭᠰᠡᠨ ᠴᠢᠨᠠᠷ ᠲᠠᠢ ᠤᠶᠢᠯᠡᠳᠤᠯ ᠦᠵᠡᠭᠦᠯᠦᠨ᠎ᠡ᠃    ᠨᠠᠷᠠᠨ ᠤ ᠭᠡᠷᠡᠯ ᠤᠨ ᠰᠠᠴᠤᠷᠠᠯᠲᠠ ᠶᠢᠨ ᠤᠷᠲᠤ ᠶᠢᠨ ᠬᠡᠮᠵᠢᠶ᠎ᠡ ᠨᠢ 200-300nm ᠦᠶᠡᠰ᠂ ᠪᠠᠺᠲ᠋ᠧᠷᠢ ᠠᠯᠠᠬᠤ ᠬᠦᠴᠤ ᠪᠠᠷ ᠬᠠᠮᠤᠭ ᠤᠨ ᠶᠡᠭᠡ ᠳᠣᠯᠬᠢᠶᠠᠨ ᠤ ᠭᠡᠷᠡᠯ ᠤᠨ ᠱᠤᠭᠤᠮ ᠮᠦᠨ᠃  ᠬᠦᠷᠢᠨ ᠤ ᠭᠠᠳᠠᠨᠠᠬᠢ ᠲᠤᠶᠠᠭ᠎ᠠ ᠨᠢ ᠠᠭᠠᠷ ᠢ ᠨᠡᠪᠲᠡᠯᠤᠨ᠂ ᠭᠠᠵᠠᠷ ᠤᠨ ᠭᠠᠳᠠᠷᠭᠤ ᠳᠤ ᠬᠦᠷᠴᠤ ᠪᠠᠺᠲ᠋ᠧᠷᠢ ᠠᠯᠠᠳᠠᠭ᠃ ᠠᠷᠢᠭᠤᠳᠬᠠᠬᠤ ᠠᠵᠢᠯ ᠤᠨ ᠳᠤᠮᠳᠠ᠂ ᠨᠠᠷᠠᠨ ᠤ ᠭᠡᠷᠡᠯ ᠤᠨ ᠰᠠᠴᠤᠷᠠᠯᠲᠠ ᠶᠢ ᠪᠣᠰᠤᠳ ᠠᠷᠢᠭᠤᠳᠬᠠᠬᠤ ᠠᠷᠭ᠎ᠠ ᠲᠠᠢ ᠤᠶᠠᠯᠳᠤᠭᠤᠯᠤᠨ ᠬᠡᠷᠡᠭᠯᠡᠬᠦ ᠠᠴᠠ ᠪᠢᠰᠢ᠂ ᠲᠤᠰᠠᠭᠠᠷ ᠬᠡᠷᠡᠭᠯᠡᠳᠡᠭ ᠦᠭᠡᠢ ᠶᠤᠮ᠃    2.ᠬᠠᠳᠠᠭᠠᠨ ᠠᠷᠢᠭᠤᠳᠬᠠᠬᠤ᠄ ᠬᠠᠲᠠᠭᠠᠬᠤ ᠪᠣᠯ ᠮᠢᠺᠷᠣᠪ ᠤᠨ ᠤᠰᠤ ᠶᠢ ᠠᠭᠤᠷᠰᠢᠭᠤᠯᠵᠤ᠂ ᠮᠢᠺᠷᠤᠪ ᠢ ᠠᠯᠠᠳᠠᠭ ᠤᠶᠢᠯᠡᠳᠤᠯ ᠲᠠᠢ᠃ ᠬᠠᠲᠠᠭᠠᠬᠤ ᠳᠤ ᠡᠯ᠎ᠡ ᠲᠦᠷᠤᠯ ᠤᠨ ᠮᠢᠺᠷᠣᠪ ᠤᠨ ᠦᠬᠦᠬᠦ ᠴᠠᠭ ᠨᠢ ᠠᠳᠠᠯᠢ ᠦᠭᠡᠢ᠃    3.ᠦᠨᠳᠤᠷ ᠬᠠᠯᠠᠭᠤᠨ ᠢᠶᠠᠷ ᠠᠷᠢᠭᠤᠳᠬᠠᠬᠤ  ᠄ ᠦᠨᠳᠤᠷ ᠬᠠᠯᠠᠭᠤᠨ ᠨᠢ ᠮᠢᠺᠷᠣᠪ ᠢ ᠠᠯᠠᠬᠤ ᠤᠶᠢᠯᠡᠳᠤᠯ ᠲᠠᠢ ᠪᠣᠯᠬᠤᠷ ᠠᠷᠢᠭᠤᠳᠬᠠᠬᠤ ᠠᠵᠢᠯ ᠳᠡᠭᠡᠷ᠎ᠡ ᠦᠷᠭᠡᠨ ᠬᠡᠪᠴᠢᠶ᠎ᠡ ᠪᠠᠷ ᠬᠡᠷᠡᠭᠯᠡᠳᠡᠭ᠃ ᠦᠨᠳᠤᠷ ᠬᠠᠯᠠᠭᠤᠨ ᠢᠶᠠᠷ ᠬᠠᠯᠠᠭᠠᠪᠠᠯ ᠮᠢᠺᠷᠣᠪ ᠤᠨ ᠤᠭᠤᠷᠠᠭ ᠪᠠ ᠢᠰᠭᠡᠭᠦᠷ ᠢ ᠴᠢᠨᠠᠷ ᠬᠤᠪᠢᠷᠠᠭᠤᠯᠤᠨ᠂ ᠮᠢᠺᠷᠤᠪ ᠢ ᠠᠯᠠᠳᠠᠭ ᠶᠤᠮ᠃    ᠦᠨᠳᠤᠷ ᠬᠠᠯᠠᠭᠤᠨ ᠢᠶᠠᠷ ᠠᠷᠢᠭᠤᠳᠬᠠᠬᠤ ᠳᠤ ᠳᠣᠣᠷᠠᠬᠢ ᠠᠷᠭ᠎ᠠ ᠶᠢ ᠦᠷᠬᠦᠯᠵᠢ ᠬᠡᠷᠡᠭᠯᠡᠨ᠎ᠡ᠃    ︵1︶ ᠭᠠᠯᠳᠠᠵᠤ ᠰᠢᠲᠠᠭᠠᠬᠤ᠄ ᠭᠠᠯᠳᠠᠵᠤ ᠰᠢᠲᠠᠭᠠᠬᠤ ᠪᠣᠯ ᠨᠢᠭᠡ ᠲᠦᠷᠤᠯ ᠤᠨ ᠮᠢᠺᠷᠣᠪ ᠢ ᠲᠤᠶᠢᠯᠪᠤᠷᠢᠲᠠᠢ ᠤᠰᠠᠳᠬᠠᠬᠤ ᠠᠷᠭ᠎ᠠ ᠪᠣᠯᠤᠨ᠎ᠠ᠃ ᠣᠯᠠᠩᠬᠢ ᠳᠠᠭᠠᠨ ᠬᠦᠨᠳᠦ ᠨᠣᠴᠢᠲᠠᠢ ᠬᠠᠯᠳᠠᠪᠤᠷᠢᠲᠤ ᠬᠢᠵᠢᠭ ᠲᠤ ᠪᠣᠬᠢᠷᠯᠠᠭᠳᠠᠭᠰᠠᠨ ᠪᠠᠶᠢᠳᠠᠯ ᠳᠣᠣᠷ᠎ᠠ ᠬᠡᠷᠡᠭᠯᠡᠨ᠎ᠡ᠃    ︵2︶ ᠪᠣᠴᠠᠯᠭᠠᠬᠤ᠄ ᠪᠣᠴᠠᠯᠭᠠᠵᠤ ᠠᠷᠢᠭᠤᠳᠬᠠᠬᠤ ᠠᠷᠭ᠎ᠠ ᠪᠣᠯ ᠳᠦᠭᠦᠮ ᠮᠦᠷᠲᠡᠭᠡᠨ ᠦᠨ᠎ᠡ ᠦᠷᠳᠡᠭ ᠢᠶᠠᠷ ᠳᠣᠣᠷ᠎ᠠ᠂ ᠦᠷᠭᠡᠨ ᠬᠡᠪᠴᠢᠶ᠎ᠡ ᠪᠠᠷ ᠬᠡᠷᠡᠭᠯᠡᠳᠡᠭ᠂ ᠠᠷᠢᠭᠤᠳᠬᠠᠬᠤ ᠦᠷ᠎ᠡ ᠳ᠋ᠦᠩ ᠢᠶᠠᠷ ᠰᠠᠶᠢᠨ ᠠᠷᠢᠭᠤᠳᠬᠠᠬᠤ ᠠᠷᠭ᠎ᠠ ᠪᠣᠯᠤᠨ᠎ᠠ᠃ ᠪᠠᠺᠲ᠋ᠧᠷᠢ ᠶᠢ ᠶᠡᠷᠤ ᠳᠠᠭᠠᠨ 100 ᠭᠷᠠᠳᠦ᠋ᠰ ᠤᠨ ᠤᠰᠤᠨ ᠳᠤ 3-5 ᠮᠢᠨᠦ᠋ᠲ ᠪᠣᠴᠠᠯᠭᠠᠪᠠᠯ ᠠᠯᠠᠴᠢᠬᠠᠳᠠᠭ᠃ 2 ᠴᠠᠭ ᠠᠴᠠ ᠳᠡᠭᠡᠭᠰᠢ ᠪᠣᠴᠠᠯᠭᠠᠪᠠᠯ ᠶᠠᠮᠠᠷ ᠴᠤ ᠬᠠᠯᠳᠠᠪᠤᠷᠢᠳᠤ ᠬᠢᠵᠢᠭ ᠤᠨ ᠬᠢᠵᠢᠭ ᠡᠭᠦᠰᠭᠡᠭᠴᠢ ᠶᠢ ᠭᠡᠳ ᠠᠯᠠᠵᠤ ᠳᠡᠶᠢᠯᠤᠨ᠎ᠡ᠃ ᠡᠨᠡᠬᠦ ᠠᠷᠭ᠎ᠠ ᠪᠠᠷ ᠬᠢᠲᠤᠭ᠎ᠠ᠂ ᠭᠤᠬ᠎ᠠ᠂ ᠲᠡᠮᠦᠷᠯᠢᠭ ᠪᠠᠭᠠᠵᠢ᠂ ᠰᠢᠯ ᠰᠠᠪᠠ ᠵᠡᠷᠭᠡ ᠬᠡᠷᠡᠭᠰᠡᠯ ᠢ ᠠᠷᠢᠭᠤᠳᠬᠠᠵᠤ ᠪᠣᠯᠤᠨ᠎ᠠ᠃ ᠪᠠᠰᠠ ᠬᠢᠵᠢᠭ ᠲᠠᠢ ᠠᠮᠢᠲᠠᠨ ᠤ ᠬᠡᠭᠦᠷ ᠪᠠ ᠳᠣᠲᠣᠷ ᠡᠷᠬᠡᠲᠡᠨ ᠢ ᠡᠨᠡᠬᠦ ᠠᠷᠭ᠎ᠠ ᠪᠠᠷ ᠬᠤᠣᠷᠳᠠᠯ ᠦᠭᠡᠢ ᠰᠢᠢᠳᠪᠤᠷᠢᠯᠡᠵᠦ ᠪᠣᠯᠬᠤ ᠶᠤᠮ᠃    ︵3︶ ᠵᠢᠩᠨᠡᠬᠦ᠄ ᠤᠰᠤᠨ ᠠᠭᠤᠷ ᠤᠨ ᠴᠢᠭᠢᠭᠯᠢᠭ ᠬᠠᠯᠠᠭᠤᠨ ᠢ ᠠᠰᠢᠭᠯᠠᠵᠤ᠂ ᠠᠷᠢᠭᠤᠳᠬᠠᠬᠤ ᠵᠣᠷᠢᠯᠭ᠎ᠠ ᠳᠠᠭᠠᠨ ᠬᠦᠷᠤᠨ᠎ᠡ᠃ ᠤᠰᠤᠨ ᠠᠭᠤᠷ ᠤᠨ ᠳᠠᠮᠵᠢᠬᠤ ᠨᠢ ᠲᠦᠷᠭᠡᠨ᠂ ᠬᠠᠯᠠᠭᠤᠨ ᠤ ᠬᠡᠮᠵᠢᠶ᠎ᠡ ᠨᠢ ᠦᠨᠳᠤᠷ᠂ ᠨᠡᠪᠲᠡᠯᠬᠦ ᠴᠢᠨᠠᠷ ᠨᠢ ᠴᠢᠩᠭ᠎ᠠ ᠪᠣᠯᠬᠤᠷ ᠪᠠᠺᠲ᠋ᠧᠷᠢ ᠠᠯᠠᠬᠤ ᠤᠶᠢᠯᠡᠳᠤᠯ ᠨᠢ ᠮᠠᠰᠢ ᠴᠢᠩᠭ᠎ᠠ ᠶᠤᠮ᠃    ︵4︶ ᠬᠠᠲᠠᠭᠠᠬᠤ᠄ ᠬᠠᠭᠤᠷᠠᠢ ᠬᠠᠯᠠᠭᠤᠨ ᠠᠭᠤᠷ ᠢᠶᠠᠷ ᠪᠠᠺᠲ᠋ᠧᠷᠢ ᠠᠯᠠᠬᠤ ᠠᠷᠭ᠎ᠠ ᠪᠣᠯᠤᠨ᠎ᠠ᠃ ᠦᠷ᠎ᠡ ᠳ᠋ᠦᠩ  ᠨᠢ ᠵᠢᠩᠨᠡᠬᠦ ᠶᠢ ᠬᠦᠷᠬᠦ ᠦᠭᠡᠢ ᠪᠣᠯᠪᠠᠴᠤ 160 ᠭᠷᠠᠳᠦ᠋ᠰ ᠤᠨ ᠬᠠᠭᠤᠷᠠᠢ ᠬᠠᠯᠠᠭᠤᠨ ᠠᠭᠤᠷ ᠲᠤ 1 ᠴᠠᠭ ᠠᠷᠢᠭᠤᠳᠬᠠᠪᠠᠯ ᠦᠷ᠎ᠡ ᠳ᠋ᠦᠩ ᠨᠢ 121 ᠭᠷᠠᠳᠦ᠋ᠰ ᠤᠨ ᠴᠢᠭᠢᠭᠯᠢᠭ ᠬᠠᠯᠠᠭᠤᠨ ᠳᠤ 10-15 ᠮᠢᠨᠦ᠋ᠲ ᠠᠷᠢᠭᠤᠳᠬᠠᠭᠰᠠᠨ ᠲᠠᠢ ᠠᠳᠠᠯᠢ ᠶᠤᠮ᠃    4. ᠬᠦᠷᠢᠨ ᠤ ᠭᠠᠳᠠᠨᠠᠬᠢ ᠲᠤᠶᠠᠭᠠᠨ ᠤ ᠳ᠋ᠧᠩ᠄ ᠬᠦᠷᠢᠨ ᠤ ᠭᠠᠳᠠᠨᠠᠬᠢ ᠲᠤᠶᠠᠭᠠᠨ ᠤ ᠳ᠋ᠧᠩ ᠢᠶᠠᠷ ᠠᠭᠠᠷ ᠢ ᠠᠷᠢᠭᠤᠳᠬᠠᠬᠤ ᠳᠤ ᠬᠡᠷᠡᠭᠯᠡᠨ᠎ᠡ᠃ ᠡᠰᠡᠭᠦᠯ᠎ᠡ ᠬᠠᠯᠠᠭᠤᠨ ᠪᠣᠶᠣ ᠬᠢᠮᠢ ᠶᠢᠨ ᠡᠮ ᠢᠶᠠᠷ ᠠᠷᠢᠭᠤᠳᠬᠠᠵᠤ ᠪᠣᠯᠬᠤ ᠦᠭᠡᠢ ᠵᠢᠶᠣᠣᠫᠢ ᠬᠡᠷᠡᠭᠰᠡᠯ ᠢ ᠠᠷᠢᠭᠤᠳᠬᠠᠬᠤ ᠳᠤ ᠬᠡᠷᠡᠭᠯᠡᠨ᠎ᠡ᠃ ᠬᠦᠷᠢᠨ ᠤ ᠭᠠᠳᠠᠨᠠᠬᠢ ᠲᠤᠶᠠᠭᠠᠨ ᠤ ᠪᠠᠺᠲ᠋ᠧᠷᠢ ᠠᠯᠠᠬᠤ ᠬᠡᠮᠵᠢᠶ᠎ᠡ ᠨᠢ ᠶᠡᠷᠤ  ᠳᠡᠭᠡᠨ 0.05-50Mms/cm2 ᠪᠣᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号