ᠠᠶᠤᠳᠠᠰᠲᠤ ᠺᠢᠨᠣ᠋ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠲᠤᠰᠠᠲᠠᠢ ᠭᠡᠨ᠎ᠡ ᠤᠤ︖
ᠨᠡᠶᠢᠲᠡᠯᠡᠭᠰᠡᠨ ᠴᠠᠭ᠄
2016/12/1
      ᠠᠩᠭ᠍ᠯᠢ ᠶᠢᠨ ︽ᠡᠳᠦᠷ ᠪᠣᠯᠭᠠᠨ ᠰᠢᠥᠳᠠᠨ ᠰᠣᠨᠢᠨ︾ 24 ᠤ ᠡᠳᠦᠷ᠂ ᠠᠩᠭ᠍ᠯᠢ ᠶᠢᠨ ᠨᠢᠭᠡᠨ ᠶᠡᠭᠡ ᠰᠤᠷᠭᠠᠭᠤᠯᠢ ᠶᠢᠨ ᠰᠡᠳᠬᠢᠴᠡ ᠶᠢᠨ ᠤᠬᠠᠭᠠᠨᠲᠠᠨ ᠮᠠᠷᠺᠸᠣ᠂ ᠺᠧᠯᠢᠹᠰᠧ ᠤᠨ ᠦᠭᠡ ᠪᠠᠷ ᠡᠰᠢ ᠲᠠᠲᠠᠵᠤ ᠮᠡᠳᠡᠭᠡᠯᠡᠭᠰᠡᠨ ᠢᠶᠠᠷ  ᠂ ᠨᠢᠭᠡ ᠪᠦᠯᠦᠭ ᠬᠦᠮᠦᠨ ᠠᠶᠤᠳᠠᠰᠲᠤ ᠺᠢᠨᠣ᠋ ᠳᠤ ᠪᠠᠭ᠋ᠠᠲᠠᠢ ᠪᠠᠶᠢᠳᠠᠭ ᠤᠨ ᠤᠴᠢᠷ ᠪᠣᠯ᠂ ᠺᠢᠨᠣ᠋ ᠳᠤᠮᠳᠠᠬᠢ ᠠᠬᠤᠢ ᠪᠠᠶᠢᠳᠠᠯ ᠵᠢᠴᠢ ᠦᠯᠢᠭᠡᠷ ᠨᠢ ᠪᠢᠳᠡᠨ ᠤ ᠡᠳᠦᠷ ᠳᠣᠲᠤᠮ ᠤᠨ ᠠᠮᠢᠳᠤᠷᠠᠯ ᠳᠤᠮᠳᠠ ᠶᠡᠷᠤ ᠠᠴᠠ ᠳᠣᠬᠢᠶᠠᠯᠳᠤᠵᠤ ᠦᠩᠭᠡᠷᠡᠭᠡ ᠦᠭᠡᠢ ᠬᠡᠷᠡᠭ ᠶᠠᠪᠤᠳᠠᠯ ᠮᠦᠨ᠂ ᠡᠶᠢᠮᠦ ᠠᠴᠠ ᠣᠨᠴᠠᠭᠠᠢ ᠨᠢᠭᠡ ᠵᠤᠶᠢᠯ ᠤᠨ ᠲᠠᠲᠠᠬᠤ ᠬᠦᠴᠤᠨ ᠲᠠᠢ ᠪᠠᠶᠢᠳᠠᠭ ᠭᠡᠵᠡᠢ᠃ ᠡᠨᠡ ᠲᠦᠷᠤᠯ ᠤᠨ ᠺᠢᠨᠣ᠋ ᠦᠵᠡᠬᠦ ᠨᠢ ᠰᠡᠳᠬᠢᠯ ᠰᠠᠨᠠᠭᠠᠨ ᠤ ᠳᠠᠷᠤᠭᠠᠰᠤ ᠶᠢ ᠵᠣᠬᠢᠬᠤ ᠬᠡᠮᠵᠢᠶᠡᠨ ᠳᠤ ᠬᠦᠩᠬᠡᠯᠡᠳᠡᠭ᠃ ᠠᠩᠭ᠍ᠯᠢ ᠶᠢᠨ ᠨᠢᠭᠡᠨ ᠶᠡᠭᠡ ᠰᠤᠷᠭᠠᠭᠤᠯᠢ ᠶᠢᠨ ᠰᠣᠳᠤᠯᠭᠠᠲᠠᠨ ᠤ ᠢᠯᠡᠷᠡᠭᠦᠯᠦᠭᠰᠡᠨ ᠢᠶᠠᠷ᠂ ᠠᠶᠤᠳᠠᠰᠲᠤ ᠺᠢᠨᠣ᠋ ᠦᠵᠡᠬᠦ ᠨᠢ ᠬᠦᠮᠦᠨ ᠤ ᠪᠡᠶ᠎ᠡ ᠮᠠᠬᠠᠪᠤᠳ ᠤᠨ ᠦᠯᠦ ᠬᠠᠯᠳᠠᠭᠠᠬᠤ ᠰᠢᠰᠲ᠋ᠧᠮ ᠢ ᠣᠬᠤᠷᠬᠠᠨ ᠬᠤᠭᠤᠴᠠᠭᠠᠨ ᠳᠤ ᠰᠠᠶᠢᠵᠢᠷᠠᠭᠤᠯᠵᠤ ᠴᠢᠳᠠᠨ᠎ᠠ᠃ ᠰᠣᠳᠤᠯᠭᠠᠲᠠᠨ ᠠᠴᠠ ᠰᠠᠶᠢᠨ ᠳᠤᠷᠠᠴᠤᠳ ᠤᠨ ᠠᠶᠤᠳᠠᠰᠲᠤ ᠺᠢᠨᠣ᠋ ᠦᠵᠡᠬᠦ ᠠᠴᠠ ᠡᠮᠦᠨᠡᠬᠢ ᠪᠠ ᠦᠵᠡᠵᠦ ᠪᠠᠶᠢᠭ᠎ᠠ ᠦᠶ᠎ᠡ᠂ ᠦᠵᠡᠭᠰᠡᠨ ᠤ ᠳᠠᠷᠠᠭᠠᠬᠢ ᠴᠢᠰᠤᠨ ᠤ ᠬᠡᠪ ᠠᠴᠠ ᠲᠤᠰ ᠲᠤᠰ ᠠᠪᠴᠤ ᠠᠳᠠᠯᠢᠳᠬᠠᠭᠰᠠᠨ ᠳᠤ᠂ ᠴᠢᠰᠤᠨ ᠤ ᠴᠠᠭᠠᠨ ᠡᠰ ᠤᠨ ᠲᠦᠪᠰᠢᠨ ᠬᠠᠷᠢᠴᠠᠩᠭᠤᠢ ᠦᠨᠳᠤᠷ ᠪᠣᠯᠤᠭᠰᠠᠨ ᠪᠠᠶᠢᠵᠠᠢ᠃ ᠯᠤᠨᠳᠤᠨ ᠶᠡᠭᠡ ᠰᠤᠷᠭᠠᠭᠤᠯᠢ ᠶᠢᠨ ᠦᠯᠦ ᠬᠠᠯᠳᠠᠭᠠᠬᠤ ᠤᠬᠠᠭᠠᠨ ᠤ ᠰᠣᠳᠤᠯᠭᠠᠲᠠᠨ ᠨᠠᠲ᠋ᠧᠷᠢ᠂ ᠯᠢᠳᠧᠷ ᠡᠭᠦᠨ ᠤ ᠲᠣᠬᠠᠢ ᠲᠠᠶᠢᠯᠪᠤᠷᠢᠯᠠᠯᠲᠠ ᠬᠢᠬᠦ ᠳᠡᠭᠡᠨ᠂ ᠰᠦᠷᠳᠡᠭᠦᠯᠭᠡ ᠶᠢᠨ ᠺᠢᠨᠣ᠋ ᠦᠵᠡᠬᠦ ᠨᠢ ᠬᠦᠮᠤᠰ ᠤᠨ ᠪᠡᠶ᠎ᠡ ᠴᠣᠭᠴᠠ ᠶᠢᠨ ︽ᠪᠠᠶᠢᠯᠳᠤᠬᠤ ᠪᠣᠶᠣ ᠳᠤᠲᠠᠭᠠᠬᠤ︾ ᠢᠯᠡᠷᠡᠯ ᠢ ᠡᠭᠦᠰᠭᠡᠵᠤ᠂ ᠡᠭᠦᠨ ᠠᠴᠠ ᠪᠣᠯᠵᠤ  ᠪᠦᠭᠡᠷ᠎ᠡ ᠶᠢᠨ ᠪᠣᠯᠴᠢᠷᠬᠠᠢ ᠶᠢ ᠢᠯᠭᠠᠷᠠᠭᠤᠯᠵᠤ᠂ ᠦᠯᠦ ᠬᠠᠯᠳᠠᠭᠠᠬᠤ ᠰᠢᠰᠲ᠋ᠧᠮ ᠳᠤ ᠰᠡᠲᠡᠯᠲᠡ ᠦᠭᠳᠡᠭ᠃ ᠵᠠᠷᠢᠮ ᠰᠣᠳᠤᠯᠤᠯᠲᠠ ᠳᠤ ᠢᠯᠡᠷᠡᠭᠦᠯᠦᠭᠰᠡᠨ ᠢᠶᠠᠷ᠂ ᠠᠶᠤᠳᠠᠰᠲᠤ ᠺᠢᠨᠣ᠋ ᠨᠢ ᠵᠠᠯᠠᠭᠤᠴᠤᠳ ᠤᠨ ᠬᠠᠶᠢᠷ᠎ᠠ ᠰᠡᠳᠬᠢᠯᠭᠡ ᠶᠢ ᠭᠦᠨᠵᠡᠭᠡᠶᠢᠷᠡᠭᠦᠯᠬᠦ ᠳᠤ ᠲᠤᠰᠠᠲᠠᠢ ᠪᠠᠶᠢᠳᠠᠭ᠂ ᠪᠠᠰᠠ ᠡᠷᠡᠭᠲᠡᠢ ᠶᠢᠨ ᠲᠠᠲᠠᠬᠤ ᠬᠦᠴᠤᠨ ᠢ ᠨᠡᠮᠡᠭᠳᠡᠭᠦᠯᠳᠡᠭ᠂ ᠭᠡᠪᠡᠴᠤ ᠤᠷᠢᠳᠠᠯ ᠨᠦᠭᠦᠴᠡᠯ ᠨᠢ ᠬᠡᠳᠤ ᠠᠶᠤᠵᠤ ᠡᠮᠢᠶᠡᠭᠡᠳ ᠶᠡᠭᠡ ᠳᠠᠭᠤᠨ ᠢᠶᠠᠷ ᠪᠠᠷᠬᠢᠷᠠᠬᠤ ᠠᠴᠠ ᠴᠡᠭᠡᠷᠯᠡᠬᠦ ᠬᠡᠷᠡᠭᠲᠡᠢ᠃                                          ᠬᠤᠸᠠᠩ ᠮᠢᠨ                                 ᠰᠢᠨᠬᠤᠸᠠ ᠬᠤᠷᠢᠶ᠎ᠠ ᠶᠢᠨ ᠪᠢᠴᠢᠯ ᠮᠡᠳᠡᠭᠡ
 
ᠢᠷᠡᠯᠲᠡ᠄ ᠦᠪᠤᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号