ᠣᠩᠨᠢᠭᠤᠳ ᠬᠤᠰᠢᠭᠤ ᠪᠦᠬᠦ ᠬᠤᠰᠢᠭᠤᠨ ᠤ ᠠᠶᠤᠯᠭᠦᠢ ᠤᠶᠢᠯᠡᠳᠪᠦᠷᠢᠯᠡᠯ ᠢ ᠶᠡᠬᠡᠪᠡᠷ ᠪᠠᠶᠢᠴᠠᠭᠠᠬᠤ ᠲᠣᠬᠠᠢ ᠶᠢᠨ ᠭᠠᠵᠠᠷ ᠤᠨ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/12/16
    ᠪᠦᠬᠦ ᠬᠤᠰᠢᠭᠤᠨ ᠤ ᠠᠶᠤᠯᠭᠦᠢ ᠤᠶᠢᠯᠡᠳᠪᠦᠷᠢᠯᠡᠯ ᠢ ᠶᠡᠬᠡᠪᠡᠷ ᠪᠠᠶᠢᠴᠠᠭᠠᠬᠤ ᠠᠵᠢᠯ ᠢ ᠨᠠᠷᠢᠯᠢᠭ ᠪᠣᠲᠠᠲᠠᠢ ᠠᠳᠬᠤᠵᠤ᠂ ᠦᠨᠴᠦᠭ ᠪᠣᠯᠤᠩ ᠢ ᠭᠡᠭᠡᠭᠳᠡᠭᠦᠯᠦᠯ ᠦᠭᠡᠢ᠂ ᠠᠶᠤᠯᠭᠦᠢ ᠬᠦᠭᠵᠢᠬᠦ ᠬᠠᠮᠠᠭᠠᠯᠠᠯᠲᠠ ᠶᠢᠨ ᠱᠤᠭᠤᠮ ᠪᠦᠷᠢ ᠶᠢ ᠦᠨᠡᠨᠬᠦ ᠰᠠᠬᠢᠵᠤ᠂ ᠡᠯ᠎ᠡ ᠲᠦᠷᠤᠯ ᠤᠨ ᠠᠶᠤᠯᠭᠦᠢ ᠤᠶᠢᠯᠡᠳᠪᠦᠷᠢᠯᠡᠯ ᠤᠨ ᠬᠡᠷᠡᠭ ᠡᠭᠦᠰᠬᠦ ᠶᠢ ᠡᠷᠡᠰ ᠰᠡᠷᠭᠡᠶᠢᠯᠡᠬᠦ ᠶᠢᠨ ᠲᠦᠯᠦᠭᠡ᠂ 12 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠬᠤᠰᠢᠭᠤᠨ ᠤ ᠠᠶᠤᠯᠭᠦᠢ ᠤᠶᠢᠯᠡᠳᠪᠦᠷᠢᠯᠡᠯ ᠢ ᠶᠡᠬᠡᠪᠡᠷ ᠪᠠᠶᠢᠴᠠᠭᠠᠬᠤ ᠲᠣᠬᠠᠢ ᠶᠢᠨ ᠭᠠᠵᠠᠷ ᠤᠨ ᠪᠣᠯᠪᠠᠰᠤᠷᠠᠯ ᠤᠨ ᠬᠤᠷᠠᠯ ᠠᠨ ᠴᠢ ᠢᠰᠭᠡᠭᠦᠷ ᠤᠨ ᠺᠣᠮᠫᠠᠨᠢ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠬᠤᠷᠢᠶ᠎ᠠ ᠶᠢᠨ ᠱᠦᠵᠢ ᠯᠢ ᠯᠢᠩ ᠫᠠᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠶᠠ ᠵᠢᠶᠦ᠋ᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠢᠦᠢ ᠴᠢᠥᠸᠠᠨ᠂ ᠳ᠋ᠦ᠋ ᠶᠢᠨ ᠬᠤᠩ ᠵᠡᠷᠭᠡ ᠪᠣᠯᠪᠠᠰᠤᠷᠠᠯ ᠤᠨ ᠬᠤᠷᠠᠯ ᠳᠤ ᠣᠷᠤᠯᠴᠠᠵᠤ᠂ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ᠂ ᠡᠯ᠎ᠡ ᠬᠢᠨᠠᠨ ᠪᠠᠶᠢᠴᠠᠭᠠᠬᠤ ᠳᠣᠭᠤᠶᠢᠯᠠᠩ᠂ ᠡᠯ᠎ᠡ ᠠᠵᠢᠯ ᠲᠦᠷᠤᠯ ᠠᠵᠤ ᠠᠬᠤᠶᠢᠯᠠᠯ ᠤᠨ ᠬᠤᠯᠪᠤᠭᠳᠠᠯ ᠪᠦᠬᠦᠢ ᠬᠠᠷᠢᠭᠤᠴᠠᠬᠤ ᠨᠦᠬᠦᠳ ᠨᠡᠶᠢᠲᠡ 150 ᠢᠯᠡᠭᠦᠦ ᠬᠦᠮᠤᠨ ᠪᠣᠯᠪᠠᠰᠤᠷᠠᠯ  ᠳᠤ ᠣᠷᠤᠯᠴᠠᠪᠠ᠃     ᠪᠣᠯᠪᠠᠰᠤᠷᠠᠯ ᠤᠨ ᠬᠤᠷᠠᠯ ᠳᠡᠭᠡᠷ᠎ᠡ᠂ ᠠᠨ ᠴᠢ ᠢᠰᠭᠡᠭᠦᠷ ︵ᠤᠯᠠᠭᠠᠨᠬᠠᠳᠠ︶ ᠺᠣᠮᠫᠠᠨᠢ ᠶᠢᠨ ᠰᠢᠬᠢᠷ ᠤᠨ ᠤᠶᠢᠯᠡᠰ ᠤᠨ ᠰᠠᠯᠠᠭᠠᠨ ᠤ ᠠᠮᠤᠷ ᠲᠦᠪᠰᠢᠨ ᠤ ᠠᠵᠢᠯᠲᠠᠨ ᠳ᠋ᠦᠩ ᠶᠠᠨ ᠯᠧᠢ ᠠᠴᠠ ᠺᠣᠮᠫᠠᠨᠢ ᠠᠵᠤ ᠠᠬᠤᠶᠢᠯᠠᠯ ᠤᠨ ᠠᠶᠤᠯᠭᠦᠢ ᠤᠶᠢᠯᠡᠳᠪᠦᠷᠢᠯᠡᠯ ᠤᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠲᠠᠪᠦᠷᠢᠵᠢᠭᠤᠯᠬᠤ ᠪᠠᠶᠢᠳᠠᠯ ᠢ ᠲᠠᠨᠢᠯᠴᠠᠭᠤᠯᠵᠤ᠂ ᠠᠵᠤ ᠠᠬᠤᠶᠢᠯᠠᠯ ᠤᠨ ᠠᠶᠤᠯᠭᠦᠢ ᠤᠶᠢᠯᠡᠳᠪᠤᠷᠢᠯᠡᠯ ᠤᠨ ᠳᠠᠩᠰᠠ ᠡᠪᠬᠡᠮᠡᠯ ᠤᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠢ ᠲᠠᠶᠢᠯᠪᠤᠷᠢᠯᠠᠪᠠ᠃     ᠬᠤᠰᠢᠭᠤᠨ ᠤ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ ᠶᠢᠨ ᠬᠠᠷᠢᠭᠤᠴᠠᠯᠭᠠᠲᠠᠨ ᠠᠵᠢᠯ ᠲᠦᠷᠤᠯ ᠤᠨ ᠬᠠᠮᠢᠶᠠᠷᠤᠯᠲᠠ ᠶᠢᠨ ᠪᠠᠷᠢᠮᠵᠢᠶ᠎ᠠ ᠲᠠᠢ ᠤᠶᠠᠯᠳᠤᠭᠤᠯᠤᠨ᠂ ᠠᠶᠤᠯᠭᠦᠢ ᠤᠶᠢᠯᠡᠳᠪᠤᠷᠢᠯᠡᠯ ᠢ ᠶᠡᠬᠡᠪᠡᠷ ᠪᠠᠶᠢᠴᠠᠭᠠᠬᠤ ᠠᠵᠢᠯ ᠢ ᠲᠦᠯᠬᠢᠨ ᠠᠬᠢᠭᠤᠯᠬᠤ ᠲᠣᠬᠠᠢ ᠬᠤᠷᠠᠯ ᠳᠤ ᠣᠷᠤᠯᠴᠠᠭᠰᠠᠳ ᠲᠤ ᠲᠣᠬᠠᠢ ᠶᠢᠨ ᠭᠠᠵᠠᠷ ᠤᠨ ᠪᠣᠯᠪᠠᠰᠤᠷᠠᠯ ᠵᠢᠯᠤᠭᠤᠳᠤᠯᠭ᠎ᠠ ᠬᠢᠪᠡ᠃     ᠪᠣᠯᠪᠠᠰᠤᠷᠠᠯ ᠤᠨ ᠬᠤᠷᠠᠯ ᠢ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠢᠦᠢ ᠴᠢᠥᠸᠠᠨ ᠡᠷᠬᠢᠯᠡᠪᠡ᠂ ᠲᠡᠷᠡ ᠱᠠᠭᠠᠷᠳᠠᠭᠰᠠᠨ ᠨᠢ᠂ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠵᠤ᠂ ᠠᠶᠤᠯᠭᠦᠢ ᠶᠢᠨ ᠣᠨᠤᠯ ᠤᠨ ᠬᠢᠷᠢ ᠲᠦᠪᠰᠢᠨ ᠪᠠ ᠠᠶᠤᠯᠭᠦᠢ ᠶᠢᠨ  ᠤᠬᠠᠮᠰᠠᠷ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠤᠷᠪᠠᠨ ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠠᠵᠤ ᠠᠬᠤᠶᠢᠯᠠᠯ᠂ ᠠᠵᠢᠯ ᠲᠦᠷᠤᠯ ᠪᠠ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠬᠦᠴᠤᠨ ᠨᠢᠭᠡᠲᠦᠭᠦᠯᠬᠦ ᠶᠢ ᠲᠦᠯᠬᠢᠨ ᠣᠷᠤᠭᠰᠢᠯᠠᠭᠤᠯᠵᠤ᠂ ᠠᠶᠤᠯᠭᠦᠢ ᠤᠶᠢᠯᠡᠳᠪᠤᠷᠢᠯᠡᠯ ᠢ ᠶᠡᠬᠡᠪᠡᠷ ᠪᠠᠶᠢᠴᠠᠭᠠᠬᠤ ᠠᠵᠢᠯ ᠢ ᠪᠦᠬᠦ ᠬᠦᠴᠤᠨ ᠢᠶᠠᠷ ᠰᠠᠶᠢᠳᠤᠷ ᠬᠢᠨ᠎ᠡ᠃     ᠪᠣᠯᠪᠠᠰᠤᠷᠠᠯ ᠤᠨ ᠬᠤᠷᠠᠯ ᠤᠨ ᠡᠮᠦᠨ᠎ᠡ ᠬᠤᠶᠢᠨ᠎ᠠ᠂ ᠬᠤᠷᠠᠯ ᠳᠤ ᠣᠷᠤᠯᠴᠠᠭᠰᠠᠳ ᠠᠨ ᠴᠢ ᠢᠰᠭᠡᠭᠦᠷ ᠺᠣᠮᠫᠠᠨᠢ ᠶᠢᠨ ᠰᠢᠬᠢᠷ ᠤᠨ ᠰᠠᠯᠠᠭ᠎ᠠ ᠪᠠ ᠰᠢᠩ ᠶᠠᠩ ᠢᠯᠴᠢ ᠬᠠᠩᠭᠠᠬᠤ ᠭᠠᠵᠠᠷ ᠤᠨ ᠤᠶᠢᠯᠡᠳᠪᠦᠷᠢᠯᠡᠯ ᠤᠨ ᠲᠠᠰᠤᠭ  ᠲᠤ ᠭᠦᠨᠵᠡᠭᠡᠶᠢᠷᠡᠵᠤ᠂ ᠠᠵᠤ ᠠᠬᠤᠶᠢᠯᠠᠯ ᠤᠨ ᠠᠶᠤᠯᠭᠦᠢ ᠤᠶᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ ᠨᠠᠶᠢᠲᠠᠪᠤᠷᠢᠵᠢᠭᠤᠯᠤᠭᠰᠠᠨ ᠪᠠᠶᠢᠳᠠᠯ ᠢ ᠦᠵᠡᠪᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号