ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ᠮᠣᠩᠭᠤᠯ ᠪᠠᠭᠠᠴᠤᠳ ᠬᠡᠥᠭᠡᠳ ᠤᠨ ᠤᠷ᠎ᠠ ᠠᠪᠢᠶᠠᠰ ᠤᠨ ᠰᠢᠢᠳᠪᠤᠷᠢᠳᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2016/12/21
 
        12 ᠰᠠᠷ᠎ᠠ ᠶᠢᠨ 18 ᠤ ᠡᠳᠦᠷ᠂ ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ᠮᠣᠩᠭᠤᠯ ᠪᠠᠭᠠᠴᠤᠳ ᠬᠡᠥᠭᠡᠳ ᠤᠨ ᠤᠷ᠎ᠠ ᠠᠪᠢᠶᠠᠰ ᠤᠨ ᠰᠢᠢᠳᠪᠤᠷᠢᠳᠤ ᠤᠷᠤᠯᠳᠤᠭᠠᠨ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠲᠣᠭᠯᠠᠯᠲᠠ ᠶᠢᠨ ᠲᠢᠩᠬᠢᠮ ᠳᠤ ᠶᠠᠪᠤᠭᠳᠠᠪᠠ᠃     ᠮᠠᠨ ᠤ ᠬᠤᠲᠠ ᠶᠢᠨ ᠮᠣᠩᠭᠤᠯ ᠳᠤᠮᠳᠠᠳᠤ ᠪᠠᠭ᠎ᠠ ᠰᠤᠷᠭᠠᠭᠤᠯᠢ᠂ ᠬᠡᠥᠭᠡᠳ ᠤᠨ ᠴᠡᠴᠡᠷᠯᠢᠭ ᠤᠨ ᠬᠡᠥᠭᠡᠳ ᠪᠠᠭᠠᠴᠤᠳ ᠤᠨ ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠵᠤ᠂ ᠡᠬᠡ ᠬᠡᠯᠡ᠂ ᠠᠷᠠᠳ ᠤᠨ ᠰᠣᠶᠣᠯ ᠤᠷᠠᠯᠢᠭ ᠢᠶᠠᠷ ᠢᠶᠠᠨ ᠪᠠᠭ᠋ᠠᠷᠬᠠᠵᠤ᠂ ᠦᠪ ᠰᠣᠶᠣᠯ ᠢᠶᠠᠨ ᠤᠯᠠᠮᠵᠢᠯᠠᠨ ᠬᠦᠭᠵᠢᠭᠦᠯᠵᠦ᠂ ᠬᠡᠥᠭᠡᠳ ᠪᠠᠭᠠᠴᠤᠳ ᠲᠤ ᠠᠪᠢᠶᠠᠰ ᠪᠢᠯᠢᠭ ᠢᠶᠠᠨ ᠰᠤᠷᠴᠤ ᠰᠣᠯᠢᠯᠴᠠᠬᠤ ᠲᠠᠪᠴᠠᠩ ᠬᠠᠩᠭᠠᠬᠤ ᠵᠣᠷᠢᠯᠭ᠎ᠠ ᠠᠴᠠ ᠤᠯᠠᠭᠠᠨᠬᠠᠳᠠ ᠬᠤᠲᠠ ᠶᠢᠨ ᠰᠤᠷᠭᠠᠨ ᠬᠦᠮᠦᠵᠢᠯ ᠤᠨ ᠲᠣᠪᠴᠢᠶ᠎ᠠ᠂ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶᠠᠨ ᠤ ︽ᠪᠢ ᠴᠢᠳᠠᠨ᠎ᠠ︾ ᠳᠡᠯᠭᠡᠴᠡ ᠡᠨᠡ ᠵᠢᠯ ᠤᠨ 6 ᠰᠠᠷ᠎ᠠ ᠠᠴᠠ ᠡᠬᠢᠯᠡᠨ ᠰᠠᠨᠠᠭᠠᠴᠢᠯᠠᠨ ᠶᠠᠪᠤᠭᠳᠠᠭᠤᠯᠵᠤ᠂ ᠠᠩᠬᠠᠨ ᠤ ᠰᠢᠯᠭᠠᠷᠠᠭᠤᠯᠤᠯᠲᠠ ᠪᠠᠷ ᠳᠠᠮᠵᠢᠵᠤ᠂ ᠬᠤᠲᠠ ᠲᠣᠭᠤᠷᠢᠭ᠂ ᠡᠯ᠎ᠡ ᠬᠤᠰᠢᠭᠤ ᠰᠢᠶᠠᠨ ᠤ ᠮᠣᠩᠭᠤᠯ ᠳᠤᠮᠳᠠᠳᠤ ᠪᠠᠭ᠎ᠠ ᠰᠤᠷᠭᠠᠭᠤᠯᠢ᠂ ᠬᠡᠥᠭᠡᠳ ᠤᠨ ᠴᠡᠴᠡᠷᠯᠢᠭ ᠤᠨ 160 ᠰᠢᠯᠢᠳᠡᠭ ᠪᠦᠲᠦᠭᠡᠯ ᠢ ᠰᠤᠩᠭᠤᠨ ᠰᠢᠢᠳᠪᠤᠷᠢᠳᠤ ᠤᠷᠤᠯᠳᠤᠭᠠᠨ ᠳᠤ ᠣᠷᠤᠯᠴᠠᠭᠤᠯᠵᠤ᠂ ᠴᠡᠴᠡᠷᠯᠢᠭ ᠤᠨ ᠳᠣᠭᠤᠶᠢᠯᠠᠩ ᠤᠨ ᠳᠠᠭᠤᠣ᠂ ᠤᠷᠠᠨ ᠣᠩᠰᠢᠯᠭ᠎ᠠ᠂ ᠪᠦᠵᠢᠭ ︔ ᠪᠠᠭ᠎ᠠ ᠰᠤᠷᠭᠠᠭᠤᠯᠢ ᠶᠢᠨ ᠳᠣᠭᠤᠶᠢᠯᠠᠩ ᠤᠨ ᠪᠦᠵᠢᠭ᠂ ᠤᠷᠠᠨ ᠣᠩᠰᠢᠯᠭ᠎ᠠ᠂ ᠬᠦᠭᠵᠢᠮ᠂ ᠦᠯᠢᠭᠡᠷ᠂ ᠳᠠᠭᠤᠣ︔ ᠠᠩᠬ᠎ᠠ ᠳᠤᠮᠳᠠᠳᠤ ᠶᠢᠨ ᠳᠣᠭᠤᠶᠢᠯᠠᠩ ᠤᠨ ᠳᠠᠭᠤᠣ᠂ ᠤᠷᠠᠨ ᠣᠩᠰᠢᠯᠭ᠎ᠠ︔ ᠦᠨᠳᠤᠷ ᠳᠤᠮᠳᠠᠳᠤ ᠶᠢᠨ ᠳᠣᠭᠤᠶᠢᠯᠠᠩ ᠤᠨ ᠳᠠᠭᠤᠣ᠂ ᠤᠷᠠᠨ ᠣᠩᠰᠢᠯᠭ᠎ᠠ ᠭᠡᠬᠦ 12 ᠳᠣᠭᠤᠶᠢᠯᠠᠩ ᠬᠤᠪᠢᠶᠠᠨ ᠶᠠᠪᠤᠭᠳᠠᠭᠤᠯᠵᠠᠢ᠃
    ᠪᠠᠭᠠᠴᠤᠳ ᠬᠡᠥᠭᠡᠳ ᠤᠷᠠᠨ ᠰᠠᠶᠢᠬᠠᠨ ᠤ ᠲᠣᠭᠯᠠᠯᠲᠠ᠂ ᠤᠷ᠎ᠠ ᠠᠪᠢᠶᠠᠰ ᠤᠨ ᠦᠵᠡᠭᠦᠯᠭᠡ ᠪᠠᠷ ᠦᠵᠡᠭᠴᠢ ᠣᠯᠠᠨ ᠢᠶᠠᠨ ᠪᠠᠶᠠᠰᠬᠠᠨ᠂ ᠤᠷᠤᠯᠳᠤᠭᠠᠨ ᠤ ᠡᠴᠤᠰ ᠲᠤ᠂ ᠴᠡᠴᠡᠷᠯᠢᠭ ᠤᠨ ᠳᠣᠭᠤᠶᠢᠯᠠᠩ ᠤᠨ ᠳᠠᠭᠤᠨ ᠤ ᠮᠦᠷᠦᠶᠢᠴᠡᠭᠡᠨ ᠤ ᠲᠡᠷᠢᠭᠦᠨ ᠳᠤ ᠬᠡᠰᠢᠭᠲᠡᠨ ᠬᠤᠰᠢᠭᠤᠨ ᠤ ᠪᠠᠶᠠᠨᠴᠠᠭᠠᠨ ᠮᠣᠩᠭᠤᠯ ᠬᠡᠥᠭᠡᠳ ᠤᠨ ᠴᠡᠴᠡᠷᠯᠢᠭ ᠤᠨ ᠵᠤᠯᠠ᠂ ᠴᠠᠰᠤᠨ᠎ᠠ᠂ ᠮᠠᠨᠳᠡᠷᠸ᠎ᠠ ᠲᠣᠳᠤᠷᠠᠵᠤ᠂ ᠤᠷᠠᠨ ᠣᠩᠰᠢᠯᠭ᠎ᠠ ᠶᠢᠨ ᠮᠦᠷᠦᠶᠢᠴᠡᠭᠡᠨ ᠤ ᠲᠡᠷᠢᠭᠦᠨ ᠳᠤ ᠠᠷᠤ ᠬᠤᠷᠴᠢᠨ ᠬᠤᠰᠢᠭᠤᠨ ᠤ ᠰᠢᠨ᠎ᠡ ᠬᠤᠲᠠ ᠬᠡᠥᠭᠡᠳ ᠤᠨ ᠴᠡᠴᠡᠷᠯᠢᠭ ᠤᠨ ᠰᠢᠳᠢ ᠲᠣᠳᠤᠷᠠᠵᠤ᠂ ᠪᠦᠵᠢᠭ ᠤᠨ ᠮᠦᠷᠦᠶᠢᠴᠡᠭᠡᠨ ᠤ ᠲᠡᠷᠢᠭᠦᠨ ᠳᠤ ᠪᠣᠷᠣᠬᠤᠲᠠ ᠬᠡᠥᠭᠡᠳ ᠤᠨ ᠴᠡᠴᠡᠷᠯᠢᠭ ᠤᠨ ᠠᠰᠠᠨ᠎ᠠ ᠲᠣᠳᠤᠷᠠᠵᠤ᠂ ᠬᠠᠮᠲᠤ ᠶᠢᠨ ᠪᠦᠵᠢᠭ ᠤᠨ ᠮᠦᠷᠦᠶᠢᠴᠡᠭᠡᠨ ᠤ ᠲᠡᠷᠢᠭᠦᠨ ᠳᠤ ᠠᠷᠤ ᠬᠤᠷᠴᠢᠨ ᠬᠤᠰᠢᠭᠤᠨ ᠤ ᠴᠢᠪᠠᠭ᠎ᠠ ᠬᠡᠥᠭᠡᠳ ᠤᠨ ᠴᠡᠴᠡᠷᠯᠢᠭ ᠤᠨ ᠭᠠᠪᠢᠷ᠎ᠠ ᠲᠣᠳᠤᠷᠠᠵᠠᠢ  ︔ ᠪᠠᠭ᠎ᠠ ᠰᠤᠷᠭᠠᠭᠤᠯᠢ ᠶᠢᠨ ᠳᠣᠭᠤᠶᠢᠯᠠᠩ ᠤᠨ ᠳᠠᠭᠤᠨ ᠤ ᠮᠦᠷᠦᠶᠢᠴᠡᠭᠡᠨ  ᠤ ᠲᠡᠷᠢᠭᠦᠨ ᠳᠤ     ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ ᠮᠣᠩᠭᠤᠯ ᠳᠤᠮᠳᠠᠳᠤ ᠰᠤᠷᠭᠠᠭᠤᠯᠢ ᠶᠢᠨ ᠦᠨᠳᠤᠰᠤ ᠲᠣᠳᠤᠷᠠᠵᠤ ᠂ ᠤᠷᠠᠨ ᠣᠩᠰᠢᠯᠭ᠎ᠠ ᠶᠢᠨ ᠮᠦᠷᠦᠶᠢᠴᠡᠭᠡᠨ ᠤ ᠲᠡᠷᠢᠭᠦᠨ ᠳᠤ ᠠᠷᠤ ᠬᠤᠷᠴᠢᠨ ᠬᠤᠰᠢᠭᠤᠨ ᠤ ᠳᠠᠪᠤᠳᠤᠭᠠᠷ ᠳᠤᠮᠳᠠᠳᠤ ᠰᠤᠷᠭᠠᠭᠤᠯᠢ ᠶᠢᠨ ᠲᠤᠶᠠᠭᠠᠵᠢᠨ ᠲᠣᠳᠤᠷᠠᠵᠠᠢ  ᠃ ᠳᠡᠭᠡᠳᠤ ᠳᠤᠮᠳᠠᠳᠤ ᠶᠢᠨ ᠳᠣᠭᠤᠶᠢᠯᠠᠩ ᠤᠨ ᠳᠠᠭᠤᠨ ᠤ ᠮᠦᠷᠦᠶᠢᠴᠡᠭᠡᠨ ᠤ ᠲᠡᠷᠢᠭᠦᠨ ᠳᠤ ᠠᠷᠤ ᠬᠤᠷᠴᠢᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠶᠠᠭᠠᠲᠤ ᠲᠣᠳᠤᠷᠠᠵᠤ᠂ ᠤᠷᠠᠨ ᠣᠩᠰᠢᠯᠭ᠎ᠠ ᠶᠢᠨ ᠮᠦᠷᠦᠶᠢᠴᠡᠭᠡᠨ ᠤ ᠲᠡᠷᠢᠭᠦᠨ ᠳᠤ ᠠᠷᠤ ᠬᠤᠷᠴᠢᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠭᠤᠭ ᠲᠣᠳᠤᠷᠠᠵᠠᠢ᠃                                              ᠰᠠᠶᠢᠬᠠᠨᠴᠡᠴᠡᠭ ᠮᠡᠳᠡᠭᠡᠯᠡᠪᠡ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号