ᠬᠠᠶᠢᠷ᠎ᠠ ᠬᠠᠷᠢᠭᠤᠴᠠᠯᠭ᠎ᠠ ᠵᠢᠳᠭᠦᠯ
ᠨᠡᠶᠢᠲᠡᠯᠡᠭᠰᠡᠨ ᠴᠠᠭ᠄
2016/12/21
    ᠡᠷᠳᠡᠨᠢᠪᠠᠶᠠᠷ᠂ ᠪᠣᠷᠤᠬᠤᠲᠠ ᠮᠣᠩᠭᠤᠯ ᠳᠤᠮᠳᠠᠲᠤ ᠰᠤᠷᠭᠠᠭᠤᠯᠢ ᠶᠢᠨ ᠮᠣᠩᠭᠤᠯ ᠬᠡᠯᠡ ᠪᠢᠴᠢᠭ ᠤᠨ  ᠪᠠᠭᠰᠢ  ᠂ ᠠᠩᠭᠢ ᠶᠢᠨ ᠡᠷᠬᠢᠯᠡᠭᠴᠢ᠃     2015 ᠣᠨ ᠳᠤ ᠲᠡᠭᠦᠨ ᠤ ᠡᠷᠬᠢᠯᠡᠭᠰᠡᠨ ᠠᠩᠭᠢ ᠶᠢᠨ ᠰᠤᠷᠤᠭᠴᠢᠳ ᠴᠦᠮ ᠢᠶᠠᠷ ᠢᠶᠠᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠬᠦ ᠬᠤᠪᠢ ᠳᠤ ᠬᠦᠷᠴᠦ᠂ 500 ᠬᠤᠪᠢ ᠠᠴᠠ ᠳᠡᠭᠡᠭᠰᠢ ᠰᠢᠯᠭᠠᠭᠰᠠᠨ ᠰᠤᠷᠤᠭᠴᠢ ᠭᠤᠷᠪᠠᠨ ᠨᠡᠷᠡᠰ ᠪᠠᠶᠢᠵᠤ ᠰᠢᠨ᠎ᠡ ᠲᠡᠮᠲᠡᠭᠯᠡᠯ ᠢ ᠡᠭᠦᠳᠴᠠᠢ᠃ ᠲᠡᠷᠡ ᠪᠣᠯ ᠰᠤᠷᠤᠭᠴᠢ ᠳᠤ ᠬᠠᠶᠢᠷᠠᠲᠠᠢ᠂ ᠪᠠᠭᠰᠢ ᠶᠢᠨ ᠬᠠᠷᠢᠭᠤᠴᠠᠯᠭ᠎ᠠ ᠪᠠᠨ ᠭᠦᠢᠴᠡᠳᠭᠡᠵᠦ ᠶᠠᠪᠤᠳᠠᠭ  ᠂ ᠮᠣᠩᠭᠤᠯ ᠦᠭᠡ ᠬᠡᠯᠡᠨ ᠳᠤ ᠲᠤᠶᠢᠯ ᠤᠨ ᠬᠠᠶᠢᠷᠠᠲᠠᠢ᠂ ᠠᠵᠢᠯ ᠳᠠᠭᠠᠨ ᠬᠠᠷᠢᠭᠤᠴᠠᠯᠭ᠎ᠠ ᠲᠠᠢ ᠪᠠᠭᠰᠢ ᠶᠢᠨ ᠨᠢᠭᠡ ᠨᠢ  ᠪᠢᠯᠡ᠃     ᠡᠷᠳᠡᠨᠢᠪᠠᠶᠠᠷ ᠪᠠᠭᠰᠢ 2003 ᠣᠨ ᠠᠴᠠ ᠡᠬᠢᠯᠡᠭᠡᠳ 12 ᠵᠢᠯ ᠳᠠᠷᠠᠭᠠᠯᠠᠨ ᠰᠢᠯᠢᠳᠡᠭ ᠢᠶᠠᠷ ᠦᠨᠡᠯᠡᠭᠳᠡᠵᠦ᠂ 2003 ᠣᠨ ᠳᠤ ᠬᠤᠰᠢᠭᠤᠨ ᠤ ᠵᠢᠭᠠᠨ ᠰᠤᠷᠭᠠᠬᠤ ᠴᠢᠳᠠᠪᠦᠷᠢᠲᠠᠨ ᠢᠶᠠᠷ ᠰᠤᠩᠭᠤᠭᠳᠠᠪᠠ  ︔ ᠮᠥᠨ ᠵᠢᠯ ᠳᠤ ᠪᠦᠬᠦ ᠣᠷᠤᠨ ᠤ ᠰᠢᠨ᠎ᠡ ᠡᠭᠦᠳᠦᠯᠲᠡ ᠬᠢᠴᠢᠶᠡᠯᠡᠯᠭᠡ ᠶᠢᠨ ᠤᠷᠤᠯᠳᠤᠭᠠᠨ ᠳᠤ ᠨᠢᠭᠡᠳᠤᠭᠡᠷ ᠳᠡᠰ ᠤᠨ ᠱᠠᠩᠨᠠᠯ ᠬᠦᠷᠳᠡᠵᠦ  ᠂  ᠪᠦᠬᠦ ᠣᠷᠤᠨ ᠤ ᠳᠤᠮᠳᠠᠲᠤ ᠪᠠᠭ᠎ᠠ ᠰᠤᠷᠭᠠᠭᠤᠯᠢ ᠶᠢᠨ ᠵᠣᠬᠢᠶᠠᠨ ᠪᠢᠴᠢᠯᠭᠡ ᠶᠢᠨ ᠤᠷᠤᠯᠳᠤᠭᠠᠨ ᠳᠤ ᠬᠠᠮᠤᠭ ᠰᠢᠯᠢᠳᠡᠭ ᠵᠢᠯᠤᠭᠤᠳᠤᠭᠴᠢ ᠪᠠᠷ ᠦᠨᠡᠯᠡᠭᠳᠡᠪᠡ᠃     2007 ᠣᠨ ᠳᠤ ᠬᠤᠰᠢᠭᠤᠨ ᠤ ᠵᠢᠱᠢᠶᠡᠴᠢ ᠠᠩᠭᠢ ᠶᠢᠨ ᠡᠷᠬᠢᠯᠡᠭᠴᠢ ᠤᠨ ᠴᠣᠯᠠ ᠬᠦᠷᠲᠡᠵᠡᠢ᠃     2008 ᠣᠨ ᠳᠤ ᠪᠦᠬᠦ ᠬᠤᠰᠢᠭᠤᠨ ᠤ ᠬᠢᠴᠢᠶᠡᠯ ᠦᠭᠡᠷᠡᠴᠢᠯᠡᠯᠲᠡ ᠶᠢᠨ ᠶᠠᠷᠢᠶᠠᠨ ᠤ ᠤᠷᠤᠯᠳᠤᠭᠠᠨ ᠳᠤ ᠨᠢᠭᠡᠳᠤᠭᠡᠷ ᠳᠡᠰ ᠤᠨ ᠱᠠᠩᠨᠠᠯ ᠬᠦᠷᠲᠡᠵᠡᠢ᠃ ︽ᠡᠶ᠎ᠡ ᠵᠣᠬᠢᠴᠠᠯᠲᠤ ᠦᠪᠤᠷ ᠮᠣᠩᠭᠤᠯ ᠢᠶᠠᠨ ᠪᠦᠲᠤᠭᠡᠨ ᠪᠠᠶᠢᠭᠤᠯᠬᠤ︾ ᠶᠠᠷᠢᠶᠠᠨ ᠤ ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠬᠦᠷᠲᠡᠪᠡ᠃ ᠮᠥᠨ ᠵᠢᠯ ᠳᠤ᠂ ᠬᠤᠰᠢᠭᠤᠨ ᠤ ᠠᠩᠭᠢ ᠶᠢᠨ ᠡᠷᠬᠢᠯᠡᠭᠴᠢ ᠶᠢᠨ ᠶᠠᠷᠢᠶᠠᠨ ᠤ ᠤᠷᠤᠯᠳᠤᠭᠠᠨ ᠳᠤ ᠣᠷᠤᠯᠴᠠᠵᠤ᠂ ᠬᠤᠰᠢᠭᠤᠨ ᠤ ᠨᠡᠷᠡᠲᠤ ᠠᠩᠭᠢ ᠶᠢᠨ ᠡᠷᠬᠢᠯᠡᠭᠴᠢ ᠶᠢᠨ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃     2011 ᠣᠨ ᠳᠤ ᠰᠤᠷᠭᠠᠭᠤᠯᠢ ᠶᠢᠨ ᠬᠢᠴᠢᠶᠠᠯ ᠤᠨ ᠭᠠᠳᠠᠨᠠᠬᠢ ᠬᠦᠳᠡᠯᠭᠡᠭᠡᠨ ᠢ ᠵᠢᠯᠤᠭᠤᠳᠤᠭᠰᠠᠨ ᠰᠢᠯᠢᠳᠡᠭ ᠪᠠᠭᠰᠢ ᠪᠠᠷ ᠦᠨᠡᠯᠡᠭᠳᠡᠵᠦ᠂ ᠬᠤᠰᠢᠭᠤᠨ ᠤ ᠵᠠᠰᠠᠭ ᠤᠨ ᠣᠳᠣᠨ ᠠᠴᠠ ᠬᠤᠶᠠᠳᠤᠭᠠᠷ ᠳᠡᠰ ᠤᠨ ᠭᠠᠪᠢᠶ᠎ᠠ ᠲᠡᠮᠲᠡᠭᠯᠡᠵᠦ ᠦᠭᠴᠡᠢ᠃     2012 ᠣᠨ ᠳᠤ ᠬᠤᠲᠠ ᠶᠢᠨ ᠰᠢᠯᠢᠳᠡᠭ ᠪᠠᠭᠰᠢ ᠪᠠᠷ ᠬᠦᠬᠢᠭᠦᠯᠦᠭᠳᠡᠪᠡ᠃     2013 ᠣᠨ ᠳᠤ ᠪᠦᠬᠦ ᠣᠷᠤᠨ ᠤ ᠮᠣᠩᠭᠤᠯ ᠢᠶᠠᠷ ᠬᠢᠴᠢᠶᠡᠯᠡᠯᠬᠦ ᠳᠤᠮᠲᠠᠲᠤ ᠰᠤᠷᠭᠠᠭᠤᠯᠢ ᠶᠢᠨ ᠬᠡᠯᠡ ᠪᠢᠴᠢᠭ ᠤᠨ ᠬᠢᠴᠢᠶᠡᠯ ᠤᠨ ᠪᠣᠯᠪᠠᠰᠤᠷᠠᠯ ᠤᠨ ᠠᠩᠭᠢ ᠳᠤ ᠰᠤᠷᠭᠠᠨ ᠬᠦᠮᠤᠵᠢᠯ ᠤᠨ ᠲᠢᠩᠬᠢᠮ ᠤᠨ ᠤᠷᠢᠯᠭ᠎ᠠ ᠪᠠᠷ ᠬᠢᠴᠢᠶᠡᠯ ᠣᠷᠤᠵᠤ ᠢᠯᠡᠳᠭᠡᠯ ᠬᠢᠭᠰᠡᠨ ᠪᠦᠭᠡᠳ ︽ᠣᠳᠤᠬᠠᠨ ᠤ ᠬᠡᠯᠡ ᠪᠢᠴᠢᠭ ᠤᠨ ᠵᠢᠭᠠᠨ ᠰᠤᠷᠭᠠᠯᠲᠠ ᠳᠤ ᠣᠷᠤᠰᠢᠵᠤ ᠪᠠᠶᠢᠬᠤ ᠠᠰᠠᠭᠤᠳᠠᠯ︾ ᠭᠡᠬᠦ  ᠦᠭᠦᠯᠡᠯ ᠨᠢ ᠱᠠᠩᠨᠠᠯ ᠬᠦᠷᠲᠡᠵᠡᠢ᠃      ᠲᠡᠷᠡ ᠰᠣᠷᠪᠦᠯᠵᠢᠯᠠᠭᠴᠢ ᠳᠤ ᠬᠡᠯᠡᠭᠰᠡᠨ ᠨᠢ᠄ ᠪᠢ ᠪᠣᠯ ᠠᠵᠢᠯ ᠳᠠᠭᠠᠨ ᠬᠠᠶᠢᠷᠠᠲᠠᠢ᠂ ᠬᠡᠥᠭᠡᠳ ᠲᠤ ᠬᠠᠶᠢᠷᠠᠲᠠᠢ᠂ ᠡᠭᠡᠯ ᠵᠢᠷ ᠤᠨ ᠪᠠᠭᠰᠢ᠃ ᠠᠵᠢᠯ ᠢ ᠪᠠᠨ ᠪᠢ ᠡᠭᠦᠷᠭᠡ ᠳᠠᠷᠤᠭᠠᠰᠤ ᠭᠡᠵᠦ ᠦᠵᠡᠳᠡᠭ ᠦᠭᠡᠢ᠂ ᠬᠠᠷᠢᠨ ᠬᠠᠶᠢᠷᠠᠲᠠᠢ ᠦᠢᠯᠡᠰ ᠢᠶᠠᠨ ᠪᠣᠯᠭᠠᠵᠤ ᠦᠵᠡᠳᠡᠭ᠂ ᠠᠵᠢᠯ ᠤᠨ ᠲᠠᠯ᠎ᠠ ᠪᠠᠷ ᠬᠠᠶᠢᠷᠠᠲᠠᠢ ᠳᠤᠷᠠᠲᠠᠢ ᠪᠣᠯᠬᠤ ᠪᠠᠷ ᠬᠦᠴᠢᠷ ᠵᠤᠪᠠᠭᠤᠷᠢ ᠭᠡᠵᠦ ᠪᠠᠶᠢᠬᠤ ᠦᠭᠡᠢ᠂ ᠦᠪᠡᠷ ᠢᠶᠠᠨ ᠡᠳᠦᠷ ᠡᠳᠦᠷ ᠴᠢᠷᠮᠠᠶᠢᠭᠠᠳ ᠶᠠᠪᠤᠪᠠᠯ ᠪᠣᠯᠴᠢᠬᠠᠭᠰᠠᠨ᠃ ᠪᠢ ᠬᠡᠥᠭᠡᠳ ᠲᠤ ᠬᠠᠶᠢᠷᠠᠲᠠᠢ᠂ ᠬᠡᠥᠭᠡᠳ ᠤᠳ ᠪᠣᠯ ᠮᠠᠨ ᠤ ᠦᠨᠳᠤᠰᠤᠲᠡᠨ᠂ ᠤᠯᠤᠰ ᠣᠷᠤᠨ ᠤ ᠢᠷᠡᠭᠡᠳᠤᠢ᠂ ᠪᠢᠳᠡ ᠢᠷᠡᠭᠡᠳᠤᠢ ᠪᠠᠨ ᠰᠠᠶᠢᠨ ᠬᠠᠶᠢᠷᠠᠯᠠᠵᠦ ᠶᠠᠪᠤᠬᠤ ᠦᠭᠡᠢ ᠪᠣᠯ ᠪᠣᠯᠬᠤ ᠦᠭᠡᠢ᠂ ᠡᠶᠢᠮᠦ ᠠᠴᠠ ᠮᠠᠨ ᠤ ᠤᠶᠢᠯᠡᠰ ᠪᠣᠯ ᠠᠭᠤᠤ ᠶᠡᠭᠡ ᠭᠡᠷᠡᠯ ᠭᠢᠯᠪᠠᠭ᠎ᠠ ᠲᠠᠢ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号