ᠪᠡᠶ᠎ᠡ ᠶᠢᠨ ᠡᠷᠡᠭᠦᠯ ᠳᠤ ᠬᠠᠮᠤᠭ ᠤᠨ ᠬᠤᠣᠷᠲᠠᠢ ᠲᠠᠪᠤᠨ ᠵᠤᠶᠢᠯ ᠤᠨ ᠡᠷᠲᠡ ᠶᠢᠨ ᠬᠤᠭᠤᠯᠠ
ᠨᠡᠶᠢᠲᠡᠯᠡᠭᠰᠡᠨ ᠴᠠᠭ᠄
2016/12/22
    ᠡᠷᠲᠡ ᠶᠢᠨ ᠬᠤᠭᠤᠯᠠ ᠨᠢ ᠬᠦᠮᠦᠨ ᠪᠦᠬᠦᠨ ᠳᠤ ᠠᠪᠴᠤ ᠬᠡᠯᠡᠪᠡᠯ ᠲᠤᠩ ᠴᠢᠬᠤᠯᠠ ᠪᠠᠶᠢᠳᠠᠭ ᠶᠤᠮ᠂ ᠤᠴᠢᠷ  ᠨᠢ ᠡᠷᠲᠡ ᠶᠢᠨ ᠬᠤᠭᠤᠯᠠ ᠪᠣᠯ ᠬᠦᠮᠦᠨ ᠤ ᠪᠡᠶ᠎ᠡ ᠶᠢᠨ ᠨᠢᠭᠡ ᠡᠳᠦᠷ ᠤᠨ ᠳᠣᠲᠤᠷ᠎ᠠ ᠬᠠᠩᠭᠠᠬᠤ ᠬᠠᠮᠤᠭ ᠤᠨ ᠴᠢᠬᠤᠯᠠ ᠰᠢᠮ᠎ᠡ ᠲᠡᠵᠢᠭᠡᠯ ᠪᠣᠯᠬᠤ ᠲᠤᠯᠠ ᠡᠷᠲᠡ ᠶᠢᠨ ᠬᠤᠭᠤᠯᠠ ᠶᠢ ᠡᠷᠬᠡᠪᠰᠢ ᠢᠳᠡᠬᠦ ᠴᠢᠬᠤᠯᠠ ᠲᠠᠢ ᠶᠤᠮ᠃ ᠭᠡᠪᠡᠴᠤ ᠡᠷᠲᠡ ᠶᠢᠨ ᠬᠤᠭᠤᠯᠠ ᠨᠢ ᠠᠷᠢᠭᠤᠨ ᠴᠡᠪᠡᠷ᠂ ᠰᠢᠮ᠎ᠡ ᠲᠡᠵᠢᠭᠡᠯ ᠲᠠᠢ ᠪᠠᠶᠢᠬᠤ ᠶᠢ ᠠᠩᠬᠠᠷᠬᠤ ᠠᠴᠠ ᠭᠠᠳᠠᠨ᠎ᠠ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠶᠠᠮᠠᠷᠬᠠᠨ ᠨᠦᠯᠦᠭᠡ ᠲᠠᠢ ᠪᠠᠶᠢᠬᠤ ᠶᠢ ᠠᠩᠬᠠᠷᠬᠤ ᠴᠢᠬᠤᠯᠠ  ᠲᠠᠢ ᠪᠠᠶᠢᠳᠠᠭ᠂ ᠡᠶᠢᠮᠦ ᠠᠴᠠ ᠡᠷᠲᠡ ᠶᠢᠨ ᠬᠤᠭᠤᠯᠠ ᠶᠢ ᠵᠦᠢ ᠵᠣᠬᠢᠰᠲᠠᠢ ᠰᠤᠩᠭᠤᠬᠤ ᠨᠢ ᠴᠤ ᠪᠠᠰᠠ ᠨᠢᠭᠡᠨ ᠴᠢᠬᠤᠯᠠ ᠠᠰᠠᠭᠤᠳᠠᠯ ᠪᠣᠯᠬᠤ ᠶᠤᠮ᠃ ᠡᠷᠲᠡ ᠶᠢᠨ ᠬᠤᠭᠤᠯᠠ ᠶᠢ ᠰᠤᠩᠭᠤᠬᠤ ᠳᠠᠭᠠᠨ ᠳᠣᠣᠷᠠᠬᠢ ᠲᠠᠪᠤᠨ ᠵᠤᠶᠢᠯ ᠤᠨ ᠢᠳᠡᠭᠡᠨ ᠢ ᠰᠤᠩᠭᠤᠬᠤ ᠦᠭᠡᠢ ᠪᠣᠯ ᠵᠣᠬᠢᠨ᠎ᠠ᠃     1. ᠬᠡᠳᠤ ᠰᠡᠷᠢᠭᠦᠨ ᠬᠦᠢᠲᠡᠨ ᠵᠢᠮᠢᠰ ᠨᠣᠭᠤᠭ᠎ᠠ ᠶᠢᠨ ᠰᠢᠭᠦᠰᠤ᠄ ᠡᠷᠲᠡ ᠶᠢᠨ ᠬᠤᠭᠤᠯᠠ ᠶᠢ ᠬᠠᠯᠠᠭᠤᠨ ᠢᠶᠠᠷ ᠢᠳᠡᠪᠡᠯ ᠰᠠᠶ᠋ᠢ ᠬᠤᠳᠤᠭᠤᠳᠤ ᠶᠢ ᠬᠠᠮᠠᠭᠠᠯᠠᠳᠠᠭ᠂ ᠬᠡᠷᠪᠡ ᠡᠨᠡ ᠦᠶ᠎ᠡ ᠳᠤ ᠬᠦᠢᠲᠡᠨ ᠢᠳᠡᠭᠡᠨ ᠤᠮᠳᠠᠭᠠᠨ ᠢᠳᠡᠵᠤ ᠤᠤᠭᠤᠪᠠᠯ ᠡᠳᠡᠭᠡᠷ ᠨᠢ ᠬᠤᠳᠤᠭᠤᠳᠤ ᠭᠡᠳᠡᠰᠤᠨ ᠳᠤ ᠣᠷᠤᠭᠰᠠᠨ ᠤ ᠳᠠᠷᠠᠭ᠎ᠠ ᠪᠡᠶ᠎ᠡ ᠶᠢᠨ ᠡᠷᠬᠡᠲᠡᠨ ᠲᠡᠷᠡ ᠳᠠᠷᠤᠢ ᠠᠪᠴᠢᠨ ᠴᠢᠰᠤᠨ ᠰᠢᠩᠬᠡᠨ ᠴᠤ ᠠᠭᠰᠢᠵᠤ ᠬᠢᠯᠭᠠᠰᠤᠨ ᠰᠤᠳᠠᠯ ᠬᠢᠯᠪᠠᠷᠬᠠᠨ ᠪᠦᠭᠯᠡᠷᠡᠨ᠂ ᠠᠭᠠᠵᠢᠮ ᠳᠠᠭᠠᠨ ᠦᠷᠬᠦᠯᠵᠢ ᠪᠠᠭ᠎ᠠ ᠰᠠᠭ᠎ᠠ ᠡᠪᠡᠳᠴᠢᠨ ᠲᠠᠰᠤᠷᠠᠬᠤ ᠦᠭᠡᠢ᠂ ᠵᠠᠯᠭ᠎ᠠ ᠳᠠᠭᠠᠨ ᠲᠠᠭᠰᠢᠭᠤᠷ ᠲᠤ ᠨᠡᠷᠪᠡᠭᠳᠡᠳᠡᠭ ᠪᠣᠯᠵᠤ ᠡᠭᠦᠨ ᠤ ᠤᠯᠠᠮ ᠠᠴᠠ ᠪᠡᠶ᠎ᠡ ᠶᠢᠨ ᠦᠯᠦ ᠬᠠᠯᠳᠠᠭᠠᠬᠤ ᠴᠢᠳᠠᠪᠤᠷᠢ ᠳᠣᠷᠤᠭᠰᠢᠯᠠᠬᠤ ᠪᠠᠷ ᠪᠠᠷᠠᠬᠤ ᠦᠭᠡᠢ ᠬᠤᠳᠤᠭᠤᠳᠤ ᠭᠡᠳᠡᠰᠤ ᠶᠢ ᠴᠤ ᠶᠡᠬᠡᠪᠡᠷ ᠭᠡᠮᠲᠦᠭᠡᠳᠡᠭ ᠪᠠᠶᠢᠨ᠎ᠠ᠃ ᠢᠳᠡᠭᠡᠨ ᠤᠮᠳᠠᠭᠠᠨ ᠤ ᠲᠤᠰᠬᠠᠢ ᠮᠡᠷᠭᠡᠵᠢᠯᠲᠡᠨ ᠰᠠᠨᠠᠭᠤᠯᠵᠤ ᠬᠡᠯᠡᠬᠦ ᠳᠡᠭᠡᠨ᠂ ᠦᠷᠯᠦᠭᠡ ᠡᠷᠲᠡ ᠬᠠᠮᠤᠭ ᠲᠦᠷᠦᠭᠦᠨ ᠳᠤ ᠬᠠᠯᠠᠭᠤᠨ ᠴᠠᠢ ᠤᠤᠭᠤᠬᠤ ᠪᠣᠶᠣ ᠡᠰᠡᠭᠦᠯ᠎ᠡ ᠬᠠᠯᠠᠭᠤᠨ ᠰᠢᠩᠬᠡᠨ ᠪᠣᠳᠠᠭ᠎ᠠ᠂ ᠪᠣᠴᠠᠯᠭᠠᠭᠰᠠᠨ ᠬᠠᠯᠠᠭᠤᠨ ᠰᠦ᠂ ᠡᠰᠡᠭᠦᠯ᠎ᠡ ᠪᠣᠴᠠᠯᠭᠠᠭᠰᠠᠨ ᠬᠠᠯᠠᠭᠤᠨ ᠪᠣᠷᠴᠠᠭ ᠤᠨ ᠵᠣᠳᠠᠩ᠂ ᠮᠠᠭᠠᠵᠢ ᠶᠢᠨ ᠵᠣᠳᠠᠩ ᠮᠡᠲᠦ ᠶᠢᠨ ᠵᠣᠶᠢᠯ ᠢ ᠨᠢᠭᠡᠳᠦᠭᠡᠷ ᠲᠤ ᠢᠳᠡᠵᠦ ᠳᠠᠷᠠᠭ᠎ᠠ ᠨᠢ ᠵᠠᠭᠤᠰᠢ ᠨᠣᠭᠤᠭ᠎ᠠ᠂ ᠮᠢᠶᠠᠨᠪᠣᠣ᠂ ᠮᠠᠨᠲᠠᠤ᠂ ᠪᠣᠣᠵᠠ᠂ ᠪᠣᠭᠤᠷᠰᠤᠭ ᠮᠡᠲᠦ ᠶᠢᠨ ᠢᠳᠡᠭᠡᠨ ᠢ ᠢᠳᠡᠪᠡᠯ ᠵᠣᠬᠢᠨ᠎ᠠ ᠭᠡᠰᠡᠨ ᠪᠠᠶᠢᠨ᠎ᠠ᠃     2. ᠬᠡᠲᠤ ᠭᠤᠱᠤᠭᠤᠨ ᠢᠳᠡᠭᠡᠨ᠄ ᠡᠷᠲᠡ ᠶᠢᠨ ᠬᠤᠭᠤᠯᠠ ᠨᠢ ᠬᠤᠳᠤᠭᠤᠳᠤ ᠭᠡᠳᠡᠰᠦᠨ ᠳᠤ ᠰᠡᠲᠡᠯᠲᠡ ᠦᠭᠡᠢ ᠪᠠᠶᠢᠬᠤ ᠶᠢ ᠪᠠᠷᠢᠮᠳᠠᠯᠠᠪᠠᠯ ᠰᠠᠶ᠋ᠢ ᠬᠤᠳᠤᠭᠤᠳᠤ ᠭᠡᠳᠡᠰᠤ ᠶᠢ ᠬᠠᠮᠠᠭᠠᠯᠠᠳᠠᠭ᠂ ᠡᠶᠢᠮᠦ ᠠᠴᠠ ᠡᠷᠲᠡ ᠶᠢᠨ ᠬᠤᠭᠤᠯᠠ ᠶᠢ ᠭᠤᠱᠤᠭᠤᠨ᠂ ᠡᠭᠡᠳᠤᠨ᠂ ᠭᠠᠰᠢᠭᠤᠨ ᠮᠡᠲᠤ ᠶᠢᠨ ᠰᠡᠲᠡᠯᠲᠡ ᠲᠠᠢ ᠢᠳᠡᠭᠡᠨ ᠢᠳᠡᠬᠦ ᠠᠴᠠ ᠵᠠᠶᠢᠯᠠᠰᠬᠢᠵᠤ ᠪᠠᠶᠢᠪᠠᠯ ᠵᠣᠬᠢᠨ᠎ᠠ᠃     3. ᠳᠣᠲᠣᠷ ᠬᠠᠯᠠᠭᠤᠨ ᠶᠡᠭᠡ ᠬᠦᠮᠦᠨ ᠦᠨᠢᠶᠡᠨ ᠰᠦ ᠤᠤᠭᠤᠬᠤ ᠳᠤ ᠲᠣᠬᠢᠷᠠᠮᠵᠢ ᠦᠭᠡᠢ᠄ ᠤᠴᠢᠷ ᠨᠢ ᠦᠨᠢᠶᠡᠨ ᠰᠦ ᠬᠢᠯᠪᠠᠷᠬᠠᠨ ᠴᠠᠷ ᠡᠭᠦᠰᠳᠡᠭ ᠲᠤᠯᠠ ᠳᠣᠲᠤᠷ᠎ᠠ ᠬᠠᠯᠠᠭᠤᠨ ᠬᠦᠮᠦᠨ᠂ ᠬᠠᠷᠰᠢᠮᠠᠲᠠᠭᠠᠢ ᠭᠡᠮ ᠡᠭᠦᠰᠬᠦ ᠬᠦᠮᠦᠨ᠂ ᠬᠤᠳᠤᠭᠤᠳᠤ ᠭᠡᠳᠡᠰᠤ ᠮᠠᠭᠤ ᠬᠦᠮᠦᠨ᠂ ᠠᠷᠠᠰᠤᠨ ᠭᠡᠮ ᠲᠠᠢ ᠬᠦᠮᠦᠨ᠂ ᠤᠷᠲᠤ ᠬᠤᠭᠤᠴᠠᠭ᠎ᠠ ᠴᠢᠭᠢᠭ ᠨᠣᠶᠢᠲᠠᠨ ᠭᠠᠵᠠᠷ ᠠᠮᠢᠳᠤᠷᠠᠵᠤ ᠪᠠᠶᠢᠬᠤ ᠬᠦᠮᠦᠨ ᠡᠷᠲᠡ ᠶᠢᠨ ᠬᠤᠭᠤᠯᠠᠨ ᠳᠤ ᠦᠨᠢᠶᠡᠨ ᠰᠦ ᠤᠤᠭᠤᠬᠤ ᠦᠭᠡᠢ ᠪᠣᠯ ᠵᠣᠬᠢᠨ᠎ᠠ᠃     4. ᠬᠤᠨᠤᠭ ᠦᠨᠵᠢᠭᠰᠡᠨ ᠦᠯᠡᠳᠡᠪᠦᠷᠢ ᠵᠠᠭᠤᠰᠢ ᠪᠣᠳᠠᠭ᠎ᠠ᠄ ᠵᠠᠷᠢᠮ ᠬᠦᠮᠦᠰ ᠦᠷᠯᠦᠭᠡ ᠡᠷᠲᠡ ᠡᠯ᠎ᠡ ᠵᠤᠶᠢᠯ ᠤᠨ ᠰᠢᠯᠲᠠᠭᠠᠨ ᠠᠴᠠ ᠪᠣᠯᠵᠤ ᠴᠠᠭ ᠢᠶᠠᠨ ᠠᠷᠪᠢᠯᠠᠬᠤ ᠶᠢᠨ ᠲᠦᠯᠦᠭᠡ ᠦᠴᠦᠭᠡᠳᠦᠷ ᠣᠷᠤᠢ ᠶᠢᠨ ᠦᠯᠡᠳᠡᠭᠰᠡᠨ ᠪᠣᠳᠠᠭ᠎ᠠ ᠵᠠᠭᠤᠰᠢ ᠪᠠᠨ ᠬᠠᠯᠠᠭᠤᠯᠤᠯ ᠦᠭᠡᠢ ᠪᠠᠷ ᠬᠦᠢᠲᠡᠨ ᠢᠶᠠᠷ ᠨᠢ ᠶᠠᠭᠠᠷᠠᠥ ᠰᠠᠨᠳᠤᠷᠣᠣ ᠢᠳᠡᠭᠡᠳ ᠪᠣᠯᠭᠠᠴᠢᠬᠠᠳᠠᠭ᠂ ᠡᠨᠡ ᠨᠢ ᠬᠦᠮᠦᠨ ᠤ ᠪᠡᠶ᠎ᠡ ᠳᠤ ᠬᠠᠮᠤᠭ ᠬᠤᠣᠷᠲᠠᠢ ᠵᠤᠶᠢᠯ ᠪᠣᠯᠬᠤ ᠶᠤᠮ᠂ ᠬᠦᠢᠲᠡᠨ ᠢᠳᠡᠭᠡᠨ ᠨᠢ ᠬᠤᠳᠤᠭᠤᠳᠤ ᠭᠡᠳᠡᠰᠤ ᠶᠢ ᠭᠡᠮᠲᠦᠭᠡᠬᠦ ᠪᠠᠷ ᠪᠠᠷᠠᠬᠤ ᠦᠭᠡᠢ᠂ ᠬᠤᠨᠤᠭ ᠦᠨᠵᠢᠭᠰᠡᠨ ᠬᠤᠭᠤᠯᠠ ᠵᠠᠭᠤᠰᠢ ᠨᠢ ᠪᠠᠺᠲ᠋ᠧᠷᠢ ᠡᠭᠦᠰᠤᠨ ᠵᠠᠷᠢᠮ ᠵᠤᠶᠢᠯ ᠳᠤᠨᠢ ᠬᠢᠮᠢ ᠶᠢᠨ ᠬᠤᠪᠢᠷᠠᠯᠲᠠ ᠭᠠᠷᠤᠭᠰᠠᠨ ᠠᠴᠠ ᠬᠦᠮᠦᠨ ᠤ ᠡᠷᠡᠭᠦᠯ ᠮᠡᠨᠳᠦ ᠳᠤ ᠲᠤᠶᠢᠯ ᠤᠨ ᠠᠰᠢᠭ ᠦᠭᠡᠢ ᠪᠠᠶᠢᠳᠠᠭ᠂ ᠡᠶᠢᠮᠦ ᠠᠴᠠ ᠬᠤᠨᠤᠭ ᠦᠨᠵᠢᠭᠰᠡᠨ ᠦᠯᠡᠳᠡᠪᠦᠷᠢ ᠬᠤᠭᠤᠯᠠ ᠵᠠᠭᠤᠰᠢ ᠶᠢ ᠢᠳᠡᠬᠦ ᠦᠭᠡᠢ ᠪᠣᠯ ᠰᠠᠶᠢᠨ᠃     5. ᠪᠣᠯᠪᠠᠰᠤᠷᠠᠭᠤᠯᠵᠤ ᠪᠣᠯᠭᠤᠭᠰᠠᠨ ᠮᠢᠬᠠᠨ ᠢᠳᠡᠭᠡᠨ ᠢ ᠬᠦᠢᠲᠡᠨ ᠢᠶᠠᠷ ᠨᠢ ᠢᠳᠡᠬᠦ᠄ ᠡᠷᠲᠡ ᠶᠢᠨ  ᠬᠤᠭᠤᠯᠠᠨ ᠳᠠᠭᠠᠨ ᠪᠣᠯᠪᠠᠰᠤᠷᠠᠭᠤᠯᠵᠤ ᠪᠣᠯᠭᠤᠭᠰᠠᠨ ᠮᠢᠬᠠᠨ ᠢᠳᠡᠭᠡᠨ ᠪᠣᠶᠣ ᠪᠣᠬᠢᠷᠲᠤᠭᠤᠯᠤᠭᠰᠠᠨ ᠵᠠᠭᠤᠰᠢ ᠵᠡᠷᠭᠡ ᠶᠢ ᠬᠠᠯᠠᠭᠤᠯᠬᠤ ᠦᠭᠡᠢ ᠢᠳᠡᠬᠦ ᠳᠤ ᠬᠦᠷᠪᠡᠯ ᠡᠳᠡᠭᠡᠷ ᠢᠳᠡᠭᠡᠨ   ᠤ ᠳᠡᠭᠡᠷ᠎ᠡ ᠨᠠᠭᠠᠯᠳᠤᠭᠰᠠᠨ ᠪᠠᠺᠲ᠋ᠧᠷᠢ ᠨᠢ ᠭᠡᠳᠡᠰᠤ ᠬᠤᠳᠤᠭᠤᠳᠤᠨ ᠳᠤ ᠣᠷᠤᠵᠤ ᠡᠪᠡᠳᠴᠢᠨ ᠬᠠᠯᠳᠠᠪᠤᠷᠢᠯᠠᠬᠤ ᠠᠶᠤᠯ ᠲᠠᠢ ᠪᠦᠭᠡᠳ ᠡᠳᠡᠭᠡᠷ ᠢᠳᠡᠭᠡᠨ ᠢ ᠪᠣᠯᠪᠠᠰᠤᠷᠠᠭᠤᠯᠬᠤ ᠶᠠᠪᠤᠴᠠ ᠳᠤ ᠢᠯᠵᠢᠷᠡᠬᠦ ᠶᠢ ᠰᠡᠷᠭᠡᠶᠢᠯᠡᠬᠦ ᠡᠳ᠋ ᠨᠡᠮᠡᠭᠰᠡᠨ ᠪᠣᠯᠬᠤᠷ ᠬᠡᠳᠤ ᠢᠳᠡᠪᠡᠯ ᠮᠦᠨ ᠡᠷᠡᠭᠦᠯ ᠮᠡᠨᠳᠦ ᠳᠤ ᠬᠤᠣᠷ ᠪᠣᠯᠳᠠᠭ ᠶᠤᠮ᠂ ᠡᠶᠢᠮᠦ ᠠᠴᠠ ᠪᠣᠯᠪᠠᠰᠤᠷᠠᠭᠤᠯᠵᠤ ᠪᠣᠯᠭᠤᠭᠰᠠᠨ ᠮᠢᠬᠠᠨ ᠢᠳᠡᠭᠡᠨ ᠮᠡᠲᠦ ᠶᠢᠨ ᠪᠡᠯᠡᠨ ᠢᠳᠡᠭᠡᠨ ᠢ ᠢᠳᠡᠬᠦ ᠳᠡᠭᠡᠨ ᠬᠠᠯᠠᠭᠤᠯᠵᠤ ᠢᠳᠡᠬᠦ ᠪᠣᠶᠤ ᠢᠳᠡᠬᠦ ᠦᠭᠡᠢ ᠪᠣᠯ ᠨᠡᠩ ᠰᠠᠶᠢᠨ ᠪᠠᠶᠢᠳᠠᠭ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号