ᠬᠡᠥᠭᠡᠳ ᠢ ᠡᠷᠡᠭᠦᠯ ᠰᠡᠳᠬᠢᠴᠡ ᠲᠠᠢ ᠪᠣᠯᠭᠠᠨ ᠬᠦᠮᠦᠵᠢᠭᠦᠯᠬᠦ ᠳᠤ ᠶᠢᠰᠤᠨ ᠲᠠᠯ᠎ᠠ ᠶᠢ ᠠᠩᠬᠠᠷᠬᠤ ᠬᠡᠷᠡᠭᠲᠡᠢ
ᠨᠡᠶᠢᠲᠡᠯᠡᠭᠰᠡᠨ ᠴᠠᠭ᠄
2016/12/22
    ᠬᠡᠥᠭᠡᠳ ᠦᠶ᠎ᠡ ᠪᠣᠯ ᠰᠡᠳᠬᠢᠴᠡ ᠶᠢᠨ ᠡᠷᠡᠭᠦᠯ ᠰᠠᠶᠢᠬᠠᠨ ᠢ ᠬᠦᠮᠦᠵᠢᠭᠦᠯᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠃ ᠬᠡᠷᠪᠡ ᠡᠨᠡ ᠦᠶ᠎ᠡ ᠳᠤ ᠬᠡᠥᠭᠡᠳ ᠤᠨ ᠪᠡᠶ᠎ᠡ ᠰᠡᠳᠬᠢᠴᠡ ᠶᠢᠨ ᠡᠷᠡᠭᠦᠯ ᠰᠠᠶᠢᠬᠠᠨ ᠢ ᠤᠮᠳᠤᠭᠠᠶᠢᠯᠠᠪᠠᠯ ᠬᠡᠥᠭᠡᠳ ᠤᠨ ᠬᠤᠶᠢᠰᠢᠲᠠ ᠶᠢᠨ ᠬᠦᠭᠵᠢᠯᠲᠡ ᠳᠤ ᠮᠠᠰᠢ ᠠᠰᠢᠭ ᠦᠭᠡᠢ ᠨᠦᠯᠦᠭᠡ ᠦᠵᠡᠭᠦᠯᠬᠦ ᠪᠣᠯᠤᠨ᠎ᠠ᠃ ᠬᠡᠥᠭᠡᠳ ᠢ ᠡᠷᠡᠭᠦᠯ ᠰᠠᠶᠢᠬᠠᠨ ᠰᠡᠳᠬᠢᠴᠡ ᠲᠠᠢ ᠬᠦᠮᠦᠵᠢᠭᠦᠯᠬᠦ ᠳᠤ ᠳᠣᠣᠷᠠᠬᠢ ᠬᠡᠳᠤᠨ ᠵᠤᠶᠢᠯ ᠢ ᠠᠩᠬᠠᠷᠤᠯ ᠳᠠᠭᠠᠨ ᠠᠪᠤᠪᠠᠯ ᠵᠣᠬᠢᠨ᠎ᠠ᠃    1.ᠬᠡᠥᠭᠡᠳ ᠢ ᠬᠡᠲᠤᠷᠬᠡᠢ ᠬᠠᠶᠢᠷᠠᠯᠠᠨ ᠬᠠᠯᠠᠮᠵᠢᠯᠠᠵᠤ ᠪᠣᠯᠬᠤ ᠦᠭᠡᠢ᠃ ᠢᠩᠬᠢᠬᠦ ᠨᠢ ᠬᠡᠥᠭᠡᠳ ᠢ ᠬᠢᠯᠪᠠᠷᠬᠠᠨ ᠦᠪᠡᠷ ᠤᠨ ᠪᠡᠶ᠎ᠡ ᠪᠠᠷ ᠢᠶᠠᠨ ᠭᠤᠣᠯᠳᠠᠭᠤᠯᠬᠤ ᠪᠣᠯᠭᠠᠨ᠂ ᠬᠦᠮᠦᠨ ᠪᠦᠬᠦᠨ ᠲᠡᠲᠡᠨ ᠢ ᠬᠦᠨᠳᠦᠳᠭᠡᠪᠡᠯ ᠵᠣᠬᠢᠨ᠎ᠠ ᠭᠡᠵᠦ ᠦᠵᠡᠳᠡᠭ ᠪᠣᠯᠭᠠᠵᠤ᠂ ᠣᠮᠤᠷᠬᠠᠭ ᠪᠠᠷᠳᠠᠮ ᠵᠠᠩ ᠠᠷᠠᠨᠰᠢᠨ ᠲᠠᠢ ᠪᠣᠯᠭᠠᠬᠤ ᠳᠤ ᠬᠦᠷᠤᠨ᠎ᠡ᠃    2.ᠬᠡᠥᠭᠡᠳ ᠢ ᠵᠣᠭᠤᠰ ᠵᠤᠭ᠎ᠠ ᠪᠠᠷ ᠬᠠᠭᠤᠷᠴᠤ ᠪᠣᠯᠬᠤ ᠦᠭᠡᠢ᠃ ᠬᠡᠥᠭᠡᠳ ᠲᠤ ᠬᠠᠷᠠᠬᠠᠨ ᠪᠠᠭ᠎ᠠ ᠠᠴᠠ ᠨᠢ ᠡᠷᠬᠡ ᠪᠣᠯᠤᠨ ᠬᠠᠷᠢᠭᠤᠴᠠᠯᠭ᠎ᠠ ᠪᠠᠨ ᠭᠦᠢᠴᠡᠳᠭᠡᠬᠦ ᠦᠭᠡᠢ ᠪᠣᠯ ᠡᠷᠬᠡ ᠠᠰᠢᠭ ᠢ ᠡᠳ᠋ᠯᠡᠵᠦ ᠪᠣᠯᠬᠤ ᠦᠭᠡᠢ ᠭᠡᠰᠡᠨ ᠢ ᠮᠡᠳᠡᠭᠦᠯᠬᠦ ᠬᠡᠷᠡᠭᠲᠡᠢ᠃    3.ᠬᠡᠥᠭᠡᠳ ᠢ ᠦᠩᠭᠡᠷᠡᠥ ᠡᠩᠬᠦᠷᠡᠶᠢᠯᠡᠵᠦ ᠪᠣᠯᠬᠤ ᠦᠭᠡᠢ᠃ ᠬᠡᠥᠭᠡᠳ ᠢᠶᠠᠨ ᠨᠠᠰᠤ ᠬᠤᠷᠠᠭᠴᠤᠤᠯ ᠲᠠᠢ ᠬᠠᠮᠲᠤ ᠠᠮᠢᠳᠤᠷᠠᠨ ᠰᠤᠷᠤᠯᠴᠠᠭᠤᠯᠵᠤ᠂ ᠨᠠᠭᠠᠳᠬᠤ ᠶᠢ ᠵᠣᠷᠢᠭᠵᠢᠭᠤᠯᠪᠠᠯ ᠵᠣᠬᠢᠨ᠎ᠠ᠃ ᠢᠩᠬᠢᠪᠡᠯ ᠰᠠᠶ᠋ᠢ ᠬᠦᠮᠤᠰ ᠲᠠᠢ ᠬᠠᠷᠢᠯᠴᠠᠬᠤ ᠶᠢ ᠰᠤᠷᠴᠤ ᠴᠢᠳᠠᠨ᠎ᠠ᠃    4.ᠬᠡᠥᠭᠡᠳ ᠢ ᠠᠯᠪᠠᠳᠠᠵᠤ ᠬᠢᠵᠦ ᠳᠡᠶᠢᠯᠬᠦ ᠦᠭᠡᠢ ᠤᠴᠢᠷ ᠶᠠᠪᠤᠳᠠᠯ ᠢ ᠬᠢᠯᠭᠡᠵᠤ ᠪᠣᠯᠬᠤ ᠦᠭᠡᠢ᠂ ᠬᠡᠥᠭᠡᠳ ᠤᠨ ᠢᠲᠡᠭᠡᠯ ᠨᠢ ᠤᠴᠢᠷ ᠶᠠᠪᠤᠳᠠᠯ ᠢ ᠠᠮᠵᠢᠯᠲᠠ ᠲᠠᠢ ᠬᠢᠵᠤ ᠪᠦᠲᠤᠭᠡᠬᠦ ᠠᠴᠠ ᠢᠷᠡᠳᠡᠭ᠃ ᠲᠡᠳᠡᠨ ᠢ ᠠᠯᠪᠠᠳᠠᠵᠤ ᠪᠠᠶᠢᠭᠠᠳ ᠲᠡᠳᠡᠨ ᠤ ᠬᠢᠵᠦ ᠳᠡᠶᠢᠯᠬᠦ ᠦᠭᠡᠢ ᠤᠴᠢᠷ ᠶᠠᠪᠤᠳᠠᠯ ᠢ ᠬᠢᠯᠭᠡᠬᠦ ᠨᠢ ᠭᠡᠳᠡᠷᠬᠦ ᠪᠠᠨ ᠲᠡᠳᠡᠨ ᠤ ᠢᠲᠡᠭᠡᠯ ᠵᠣᠷᠢᠭ ᠲᠤ ᠴᠣᠬᠢᠯᠲᠠ ᠦᠭᠬᠦ ᠪᠣᠯᠤᠨ᠎ᠠ᠃    5.ᠬᠡᠥᠭᠡᠳ ᠲᠤ ᠳᠡᠩᠳᠡᠭᠦᠣ ᠴᠢᠩᠭ᠎ᠠ ᠬᠠᠨᠳᠤᠬᠤ᠂ ᠴᠢᠩᠭ᠎ᠠ ᠱᠠᠭᠠᠷᠳᠠᠯᠭ᠎ᠠ ᠲᠠᠯᠪᠢᠬᠤ᠂ ᠲᠠᠷᠠᠴᠢᠯᠠᠨ ᠵᠣᠳᠤᠵᠤ ᠬᠠᠷᠢᠶᠠᠵᠤ ᠪᠣᠯᠬᠤ ᠦᠭᠡᠢ᠃ ᠢᠩᠭᠢᠬᠦ ᠨᠢ ᠬᠡᠥᠭᠡᠳ ᠢ ᠭᠤᠲᠤᠷᠭᠠᠵᠤ᠂ ᠠᠶᠤᠮᠠᠲᠠᠭᠠᠢ ᠪᠣᠯᠬᠤ ᠵᠡᠷᠭᠡ ᠡᠷᠡᠭᠦᠯ ᠪᠣᠰᠤ ᠰᠡᠳᠭᠢᠴᠡ ᠲᠠᠢ ᠪᠣᠯᠭᠠᠨ᠎ᠠ᠃    6.ᠬᠡᠥᠭᠡᠳ ᠢ ᠬᠠᠭᠤᠷᠬᠤ ᠪᠣᠶᠣ ᠠᠶᠤᠯᠭᠠᠨ ᠰᠦᠷᠳᠡᠭᠦᠯᠵᠦ ᠪᠣᠯᠬᠤ ᠦᠭᠡᠢ᠃ ᠬᠡᠥᠭᠡᠳ ᠢ ᠠᠶᠤᠯᠭᠠᠨ ᠰᠦᠷᠳᠡᠭᠦᠯᠬᠦ ᠨᠢ ᠡᠵᠢ ᠠᠪᠤ ᠪᠣᠯᠤᠭᠰᠠᠳ ᠤᠨ ᠬᠡᠥᠭᠡᠳ ᠤᠨ ᠰᠡᠳᠭᠢᠯ ᠳᠠᠬᠢ ᠡᠷᠬᠡ ᠰᠦᠷ ᠢ ᠠᠯᠳᠠᠭᠤᠯᠬᠤ ᠪᠣᠯᠣᠨ᠎ᠠ    7.ᠬᠡᠥᠭᠡᠳ ᠢᠶᠠᠨ ᠨᠠᠶᠢᠵᠠ ᠶᠢᠨ ᠬᠢᠨᠢ ᠡᠮᠦᠨ᠎ᠡ ᠰᠢᠭᠦᠮᠵᠢᠯᠡᠬᠦ ᠪᠣᠶᠣ ᠳᠣᠭᠤᠬᠢᠯᠠᠵᠤ ᠪᠣᠯᠬᠤ ᠦᠭᠡᠢ᠃ ᠢᠩᠬᠢᠬᠦ  ᠨᠢ ᠬᠡᠥᠭᠡᠳ ᠢ ᠦᠰᠢᠶ᠎ᠡ ᠬᠤᠷᠤᠰᠤᠯ ᠪᠣᠳᠤᠬᠤ ᠪᠣᠶᠣ ᠢᠴᠢᠩᠭᠦᠷᠡᠨ ᠭᠤᠲᠤᠷᠠᠬᠤ ᠪᠣᠳᠤᠯ ᠲᠠᠢ ᠪᠣᠯᠭᠠᠨ ᠬᠡᠥᠭᠡᠳ ᠤᠨ ᠪᠡᠶ᠎ᠡ ᠪᠠᠨ ᠬᠦᠨᠳᠤᠳᠭᠡᠬᠦ ᠰᠡᠳᠬᠢᠯᠭᠡ ᠶᠢ ᠬᠤᠪᠢᠷᠠᠭᠤᠯᠵᠤ ᠪᠣᠯᠤᠨ᠎ᠠ᠃    8.ᠬᠡᠥᠭᠡᠳ ᠲᠤ ᠬᠠᠯᠠᠭᠤᠨ ᠬᠦᠢᠲᠡᠨ ᠲᠠᠢ ᠬᠠᠨᠳᠤᠵᠤ ᠪᠣᠯᠬᠤ ᠦᠭᠡᠢ᠃ ᠢᠩᠭᠢᠬᠦ ᠨᠢ ᠬᠡᠥᠭᠡᠳ ᠢ ᠰᠡᠷᠡᠮᠡᠲᠡᠭᠡᠢ ᠪᠦᠭᠡᠳ ᠰᠡᠵᠢᠭ ᠡᠷᠡᠭᠡᠯᠵᠡᠭᠡ ᠲᠠᠢ ᠪᠣᠯᠭᠠᠵᠤ ᠤᠷᠮ᠎ᠠ ᠰᠡᠳᠭᠢᠯᠭᠡ ᠶᠢ ᠨᠢ ᠲᠣᠭᠲᠠᠪᠤᠷᠢ ᠦᠭᠡᠢ ᠪᠣᠯᠭᠠᠨ ᠠᠶᠤᠮᠠᠲᠠᠭᠠᠢ ᠪᠣᠶᠣ ᠬᠤᠶᠢᠰᠢ ᠤᠬᠤᠷᠢᠬᠤ ᠵᠠᠩ ᠲᠠᠢ ᠪᠣᠯᠭᠠᠨ᠎ᠠ᠃    9.ᠬᠡᠥᠭᠡᠳ ᠢᠶᠠᠨ ᠬᠠᠪᠰᠤᠷᠴᠤ ᠠᠰᠠᠭᠤᠳᠠᠯ ᠢ ᠰᠢᠢᠳᠪᠤᠷᠢᠯᠡᠬᠦ ᠠᠴᠠ ᠪᠢᠰᠢ᠂ ᠣᠷᠤᠯᠠᠨ ᠬᠢᠵᠤ ᠦᠭᠴᠦ ᠪᠣᠯᠬᠤ ᠦᠭᠡᠢ᠃ ᠬᠡᠥᠭᠡᠳ   ᠲᠤ ᠠᠰᠠᠭᠤᠳᠠᠯ ᠢ ᠰᠢᠢᠳᠪᠤᠷᠢᠯᠡᠬᠦ ᠠᠷᠭ᠎ᠠ ᠠᠪᠴᠠᠯ ᠪᠠ ᠤᠬᠠᠭᠠᠨ ᠢ ᠨᠢ ᠵᠢᠭᠠᠨ ᠰᠤᠷᠭᠠᠪᠠᠯ ᠵᠣᠬᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号