ᠦᠪᠤᠷ ᠮᠣᠩᠭᠤᠯ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠲᠣᠳᠤᠷᠠᠪᠠ
ᠨᠡᠶᠢᠲᠡᠯᠡᠭᠰᠡᠨ ᠴᠠᠭ᠄
2016/12/23
    ᠣᠶᠢᠷ᠎ᠠ ᠳᠤ᠂ ᠤᠯᠤᠰ ᠤᠨ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠪᠦᠬᠦ ᠤᠯᠤᠰ ᠤᠨ 31 ᠮᠣᠵᠢ ᠣᠷᠤᠨ᠂ ᠰᠢᠭᠤᠳ ᠬᠠᠷᠢᠶ᠎ᠠ ᠬᠤᠲᠠ᠂ ᠦᠪᠡᠷᠲᠡᠭᠡᠨ ᠵᠠᠰᠠᠬᠤ ᠣᠷᠤᠨ ᠪᠣᠯᠤᠨ ᠱᠧᠨᠵᠧᠨ ᠬᠤᠲᠠ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢ ᠪᠦᠷᠢᠳᠭᠡᠵᠦ ᠨᠡᠶᠢᠲᠡᠯᠡᠪᠡ᠃ ᠡᠭᠦᠨ  ᠳᠤ ᠦᠪᠤᠷ ᠮᠣᠩᠭᠤᠯ ᠤᠨ ᠬᠠᠮᠤᠭ ᠤᠨ ᠳᠣᠣᠷ᠎ᠠ ᠰᠠᠷ᠎ᠠ ᠶᠢᠨ ᠴᠠᠯᠢᠩ ᠤᠨ ᠪᠠᠷᠢᠮᠵᠢᠶ᠎ᠠ 1640 ᠲᠦᠭᠦᠷᠢᠭ ᠪᠠᠶᠢᠵᠤ᠂ ᠬᠠᠮᠤᠭ ᠤᠨ ᠳᠣᠣᠷ᠎ᠠ ᠴᠠᠭ ᠤᠨ ᠴᠠᠯᠢᠩ ᠤᠨ ᠪᠠᠷᠢᠮᠵᠢᠶ᠎ᠠ ᠨᠢ 13.3 ᠲᠦᠭᠦᠷᠢᠭ ᠪᠠᠶᠢᠪᠠ᠃     ᠪᠦᠬᠦ ᠤᠯᠤᠰ ᠤᠨ ᠡᠯ᠎ᠡ ᠭᠠᠵᠠᠷ ᠣᠷᠤᠨ ᠤ ᠬᠠᠮᠤᠭ ᠳᠣᠣᠷ᠎ᠠ ᠰᠠᠷ᠎ᠠ ᠶᠢᠨ ᠴᠠᠯᠢᠩ ᠤᠨ ᠪᠠᠷᠢᠮᠵᠢᠶ᠎ᠠ ᠪᠠᠷ ᠱᠠᠩᠬᠠᠢ ᠬᠤᠲᠠ ᠶᠢᠨ ᠬᠠᠮᠤᠭ ᠦᠨᠳᠤᠷ ᠪᠠᠶᠢᠵᠤ᠂ 2190 ᠲᠦᠭᠦᠷᠢᠭ ᠬᠦᠷᠴᠤ᠂ ᠬᠦᠬᠡᠨᠠᠭᠤᠷ ᠮᠣᠵᠢ ᠶᠢᠨ ᠬᠠᠮᠤᠭ ᠳᠣᠣᠷ᠎ᠠ ᠪᠠᠶᠢᠵᠦ᠂ 1270 ᠲᠦᠭᠦᠷᠢᠭ ᠪᠠᠶᠢᠪᠠ᠃ ᠬᠠᠮᠤᠭ ᠤᠨ ᠳᠣᠣᠷ᠎ᠠ ᠴᠠᠭ ᠤᠨ ᠴᠠᠯᠢᠩ ᠤᠨ ᠪᠠᠷᠢᠮᠵᠢᠶ᠎ᠠ ᠪᠠᠷ ᠪᠡᠭᠡᠵᠢᠩ ᠬᠤᠲᠠ ᠶᠢᠨ ᠬᠠᠮᠤᠭ ᠦᠨᠳᠤᠷ ᠪᠠᠶᠢᠵᠤ᠂ 21 ᠲᠦᠭᠦᠷᠢᠭ ᠬᠦᠷᠴᠤ᠂ ᠬᠠᠶᠢᠨᠠᠨ ᠮᠣᠵᠢ ᠶᠢᠨ ᠬᠠᠮᠤᠭ ᠳᠣᠣᠷ᠎ᠠ ᠪᠠᠶᠢᠵᠦ᠂ 12.6 ᠲᠦᠭᠦᠷᠢᠭ ᠪᠠᠶᠢᠪᠠ᠃                                 ︵ ︽ᠵᠣᠬᠢᠶᠠᠯ ᠱᠦᠭᠦᠮᠡᠭ ᠰᠣᠨᠢᠨ︾ ᠠᠴᠠ︶
 
ᠢᠷᠡᠯᠲᠡ᠄ ᠤᠯᠠᠭᠠᠨ ᠬᠠᠳᠠ ᠶᠢᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号