ᠪᠣᠷᠤᠬᠤᠲᠠ ᠮᠣᠩᠭᠤᠯ ᠳᠤᠮᠳᠠᠳᠤ ᠰᠤᠷᠭᠠᠭᠤᠯᠢ ︽ᠲᠡᠭᠦᠯᠢᠨ ᠬᠤᠨᠳᠠᠭᠠᠲᠤ︾ ᠡᠪᠤᠯ ᠤᠨ ᠤᠯᠠᠷᠢᠯ ᠤᠨ ᠰᠤᠷᠢᠶ᠎ᠠ ᠪᠦᠬᠡ ᠶᠢᠨ ᠤᠷᠤᠯᠳᠤᠭᠠᠨ ᠬᠢᠪᠡ
ᠨᠡᠶᠢᠲᠡᠯᠡᠭᠰᠡᠨ ᠴᠠᠭ᠄
2016/12/28
     ᠣᠶᠢᠷ᠎ᠠ ᠳᠤ᠂ ᠣᠩᠨᠢᠭᠤᠳ ᠬᠤᠰᠢᠭᠤᠨ ᠤ ᠪᠣᠷᠤᠬᠤᠲᠠ ᠮᠣᠩᠭᠤᠯ ᠳᠤᠮᠳᠠᠳᠤ ᠰᠤᠷᠭᠠᠭᠤᠯᠢ ᠳᠦᠷᠪᠡᠳᠡᠬᠢ ᠰᠤᠷᠭᠠᠭᠤᠯᠢ ᠶᠢᠨ ᠬᠦᠷᠢᠶᠡᠨ ᠤ ︽ᠲᠡᠭᠦᠯᠢᠨ ᠬᠤᠨᠳᠠᠭᠠᠳᠤ︾ ᠡᠪᠤᠯ ᠤᠨ ᠤᠯᠠᠷᠢᠯ ᠤᠨ ᠰᠤᠷᠢᠶ᠎ᠠ ᠪᠦᠬᠡ ᠶᠢᠨ ᠤᠷᠤᠯᠳᠤᠭᠠᠨ ᠬᠢᠭᠰᠡᠨ ᠪᠠᠶᠢᠨ᠎ᠠ᠃ ᠲᠤᠰ ᠤᠳᠠᠭᠠᠨ ᠤ ᠤᠷᠤᠯᠳᠤᠭᠠᠨ ᠢ ᠮᠣᠩᠭᠤᠯ ᠪᠦᠬᠡ ᠳᠡᠭᠡᠨ ᠬᠠᠶᠢᠷᠠᠲᠠᠢ ᠲᠤᠰ ᠰᠤᠷᠭᠠᠭᠤᠯᠢ ᠶᠢᠨ ᠦᠨᠳᠤᠷ ᠭᠤᠷᠪᠠ ᠶᠢᠨ ᠵᠢᠷᠭᠤᠳᠤᠭᠠᠷ ᠠᠩᠭᠢ ᠶᠢᠨ ᠰᠠᠨᠰᠠᠷ᠂ ᠲᠡᠷᠭᠡᠯ ᠬᠤᠶᠠᠷ ᠰᠠᠲᠤᠨ ᠬᠢᠭᠰᠡᠨ ᠪᠠᠶᠢᠨ᠎ᠠ᠃      ᠤᠷᠤᠯᠳᠤᠭᠠᠨ ᠨᠢ ᠡᠷᠬᠡ ᠲᠡᠭᠰᠢ ᠲᠦᠪ ᠭᠤᠣᠯᠴᠢ ᠵᠠᠷᠴᠢᠮ ᠶᠢ ᠪᠠᠷᠢᠮᠳᠠᠯᠠᠵᠤ᠂ ᠦᠨᠳᠤᠷ ᠳᠤᠮᠳᠠᠳᠤ ᠶᠢᠨ ᠡᠷᠡᠭᠲᠡᠢ ᠶᠢᠨ 64 ᠪᠦᠬᠡ᠂ ᠠᠩᠬ᠎ᠠ ᠳᠤᠮᠳᠠᠳᠤ ᠶᠢᠨ ᠡᠷᠡᠭᠲᠡᠢ ᠶᠢᠨ 64 ᠪᠦᠬᠡ᠂ ᠡᠮᠡᠭᠲᠡᠢ ᠶᠢᠨ 64 ᠪᠦᠬᠡ ᠶᠣᠳᠤᠭᠯᠠᠭᠤᠯᠵᠤ ᠪᠠᠷᠢᠯᠳᠤᠭᠤᠯᠵᠠᠢ᠃ ᠤᠷᠤᠯᠳᠤᠭᠠᠨ ᠳᠤ ᠪᠦᠬᠡᠴᠤᠳ ᠮᠠᠨᠢ ᠪᠢᠷ᠎ᠠ ᠴᠢᠳᠠᠯ᠂ ᠪᠢᠯᠢᠭ ᠤᠬᠠᠭᠠᠨ ᠢᠶᠠᠨ ᠰᠤᠷᠢᠵᠤ᠂ ᠤᠷᠠᠨ ᠪᠠᠷᠢᠯᠳᠤᠯᠭ᠎ᠠ ᠬᠦᠴᠤᠲᠦ ᠲᠡᠮᠡᠴᠡᠭᠡᠨ ᠢᠶᠠᠷ ᠳᠠᠮᠵᠢᠨ ᠦᠨᠳᠤᠷ ᠳᠤᠮᠳᠠᠳᠤ ᠶᠢᠨ ᠡᠷᠡᠭᠲᠡᠢ ᠶᠢᠨ ᠪᠦᠬᠡ ᠶᠢᠨ ᠲᠡᠷᠢᠭᠦᠨ ᠳᠤ ᠰᠠᠨᠢᠴᠢᠷ ᠲᠣᠳᠤᠷᠠᠵᠤ᠂ ᠠᠩᠬ᠎ᠠ ᠳᠤᠮᠳᠠᠳᠤ ᠶᠢᠨ ᠡᠷᠡᠭᠲᠡᠢ ᠶᠢᠨ ᠪᠦᠬᠡ ᠶᠢᠨ ᠲᠡᠷᠢᠭᠦᠨ ᠳᠤ ᠠᠪᠤᠷᠭᠤ ᠲᠣᠳᠤᠷᠠᠵᠤ᠂ ᠡᠮᠡᠭᠲᠡᠢ ᠶᠢᠨ ᠪᠦᠬᠡ ᠶᠢᠨ ᠲᠡᠷᠢᠭᠦᠨ ᠳᠤ ᠨᠠᠮᠢᠷᠠᠭ᠎ᠠ ᠲᠣᠳᠤᠷᠠᠭᠰᠠᠨ ᠪᠠᠶᠢᠨ᠎ᠠ᠃      ᠣᠶᠢᠯᠠᠭᠠᠭᠰᠠᠨ ᠢᠶᠠᠷ ᠪᠣᠷᠤᠬᠤᠲᠠ ᠮᠣᠩᠭᠤᠯ ᠳᠤᠮᠳᠠᠳᠤ ᠰᠤᠷᠭᠠᠭᠤᠯᠢ ᠨᠢ ᠵᠢᠯ ᠪᠦᠷᠢ ᠵᠤᠨ ᠤ ᠤᠯᠠᠷᠢᠯ ᠤᠨ ︽ᠣᠪᠤᠭᠠᠨ ᠴᠢᠯᠠᠭᠤ ᠬᠤᠨᠳᠠᠭᠠᠳᠤ︾ ᠪᠦᠬᠡ ᠶᠢᠨ ᠨᠠᠶᠢᠷ᠂ ᠡᠪᠦᠯ ᠤᠨ ᠤᠯᠠᠷᠢᠯ ᠤᠨ ︽ᠲᠡᠭᠦᠯᠢᠨ ᠬᠤᠨᠳᠠᠭᠠᠲᠤ︾ ᠪᠦᠬᠡ ᠶᠢᠨ ᠨᠠᠶᠢᠷ ᠢ ᠡᠷᠬᠢᠯᠡᠨ ᠶᠠᠪᠤᠭᠳᠠᠭᠤᠯᠤᠨ᠂ ᠦᠨᠳᠤᠰᠤᠲᠡᠨ ᠤ ᠤᠯᠠᠮᠵᠢᠯᠠᠯᠲᠤ ᠤᠷᠤᠯᠳᠤᠭᠠᠨ ᠢᠶᠠᠷ ᠳᠠᠮᠵᠢᠭᠤᠯᠵᠤ᠂ ᠦᠨᠳᠤᠰᠤᠲᠡᠨ ᠤ ᠤᠯᠠᠮᠵᠢᠯᠠᠯᠲᠤ ᠰᠣᠶᠣᠯ ᠢᠶᠠᠨ ᠬᠡᠥᠭᠡᠳ ᠪᠠᠭᠠᠴᠤᠳ ᠲᠠᠭᠠᠨ ᠤᠯᠠᠮᠵᠢᠯᠠᠨ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠮᠣᠩᠭᠤᠯ ᠪᠦᠬᠡ ᠶᠢᠨ ᠢᠷᠡᠭᠡᠳᠤᠢ ᠶᠢᠨ ᠬᠦᠴᠦᠨ ᠢ ᠪᠣᠵᠠᠭᠠᠶᠢᠷᠠᠭᠤᠯᠬᠤ ᠳᠤ ᠲᠦᠯᠬᠢᠴᠡ ᠤᠶᠢᠯᠡᠳᠤᠯ ᠦᠵᠡᠭᠦᠯᠵᠦ ᠴᠢᠳᠠᠭᠰᠠᠨ ᠪᠠᠶᠢᠨ᠎ᠠ᠃ ᠪᠣᠷᠤᠬᠤᠲᠠ ᠮᠣᠩᠭᠤᠯ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠴᠣᠭᠵᠢᠯᠳᠤ᠄ ︽ᠲᠤᠰ ᠤᠳᠠᠭᠠᠨ  ᠤ ᠤᠷᠤᠯᠳᠤᠭᠠᠨ ᠢ ᠰᠤᠷᠤᠭᠴᠢᠳ ᠬᠤᠪᠢ ᠪᠠᠷ ᠢᠶᠠᠨ ᠵᠣᠬᠢᠶᠠᠨ ᠪᠠᠶᠢᠭᠤᠯᠵᠤ ᠬᠢᠭᠰᠡᠨ ᠪᠣᠯᠬᠤᠷ ᠰᠤᠷᠤᠭᠴᠢ ᠶᠢᠨ ᠵᠣᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠪᠦᠭᠡᠳ ᠦᠨᠳᠤᠰᠤᠲᠡᠨ ᠤ ᠰᠣᠶᠣᠯ ᠲᠠᠮᠢᠷ ᠤᠨ ᠤᠶᠢᠯᠡᠰ ᠤᠨ ᠬᠦᠭᠵᠢᠯᠲᠡ ᠳᠤ ᠮᠠᠰᠢ ᠠᠰᠢᠭᠲᠠᠢ︔ ᠮᠦᠨ ᠴᠤ ᠰᠤᠷᠤᠭᠴᠢᠳ ᠤᠨ ᠮᠣᠩᠭᠤᠯ ᠪᠦᠬᠡ ᠳᠡᠭᠡᠨ ᠨᠡᠩ ᠬᠠᠶᠢᠷᠠᠲᠠᠢ ᠪᠣᠯᠵᠤ ᠬᠦᠮᠦᠵᠢᠭᠳᠡᠬᠦ ᠳᠤ ᠰᠠᠶᠢᠨ ᠰᠠᠭᠤᠷᠢ ᠲᠠᠯᠪᠢᠭᠰᠠᠨ ᠠᠵᠢᠯᠯᠠᠭ᠎ᠠ ᠪᠣᠯᠤᠨ᠎ᠠ︾ ᠭᠡᠵᠦ ᠪᠠᠶᠢᠪᠠ᠃                                               ᠷᠠᠳᠨ᠎ᠠ ᠮᠡᠳᠡᠭᠡᠯᠡᠪᠡ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号