12315 ᠬᠡᠷᠡᠭᠯᠡᠭᠴᠢᠳ ᠤᠨ ᠢᠯᠡᠴᠢᠯᠡᠨ ᠮᠡᠳᠡᠭᠦᠯᠬᠦ ᠲᠤᠰᠬᠠᠢ ᠤᠲᠠᠰᠤ ᠶᠢᠨ ᠢᠨᠲ᠋ᠧᠷᠨᠧᠲ ᠰᠦᠯᠵᠢᠶᠡᠨ ᠲᠠᠪᠴᠠᠩ ᠭᠠᠷᠭᠠᠬᠤ ᠪᠠᠷ ᠪᠣᠢ
ᠨᠡᠶᠢᠲᠡᠯᠡᠭᠰᠡᠨ ᠴᠠᠭ᠄
2016/12/29
    ᠰᠣᠷᠪᠤᠯᠵᠢᠯᠠᠭᠴᠢ 22 ᠤᠨ ᠡᠳᠦᠷ ᠤᠯᠤᠰ ᠤᠨ ᠤᠶᠢᠯᠡᠳᠪᠦᠷᠢ ᠬᠤᠳᠠᠯᠳᠤᠭᠠᠨ ᠤ ᠶᠡᠷᠤᠩᠭᠡᠢ ᠲᠣᠪᠴᠢᠶᠠᠨ ᠠᠴᠠ ᠣᠶᠢᠯᠠᠭᠠᠭᠰᠠᠨ ᠢᠶᠠᠷ᠂ 12315 ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠲᠤᠰᠬᠠᠢ ᠤᠲᠠᠰᠤᠨ ᠤ ᠢᠨᠲ᠋ᠧᠷᠨᠧᠲ ᠰᠦᠯᠵᠢᠶᠡᠨ ᠲᠠᠪᠴᠠᠩ ᠤᠨ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠳᠠᠷᠠᠭ᠎ᠠ ᠵᠢᠯ ᠤᠨ 3 ᠰᠠᠷ᠎ᠠ ᠳᠤ ᠠᠰᠢᠭᠯᠠᠯᠲᠠ ᠳᠤ ᠣᠷᠤᠬᠤ ᠪᠣᠯᠤᠮᠵᠢᠲᠠᠢ ᠪᠠᠶᠢᠵᠤ᠂ ᠬᠡᠷᠡᠭᠯᠡᠭᠴᠢᠳ ᠡᠷᠬᠡ ᠠᠰᠢᠭ ᠢᠶᠠᠨ ᠬᠠᠮᠠᠭᠠᠯᠠᠬᠤ ᠳᠤ ᠨᠡᠩ ᠳᠦᠭᠦᠮ ᠳᠦᠳᠡ ᠪᠣᠯᠤᠨ᠎ᠠ᠃     ᠲᠠᠨᠢᠯᠴᠠᠭᠤᠯᠤᠭᠰᠠᠨ ᠢᠶᠠᠷ᠂ 12315 ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠲᠤᠰᠬᠠᠢ ᠤᠲᠠᠰᠤᠨ ‍ᠣ‌ᠢᠨᠲ᠋ᠧᠷᠨᠧᠲ ᠰᠦᠯᠵᠢᠶᠡᠨ ᠤ ᠲᠠᠪᠴᠠᠩ ᠨᠢ᠂ ᠤᠲᠠᠰᠤ ᠪᠠᠷ ᠵᠠᠭᠠᠯᠳᠤᠬᠤ ᠪᠠ ᠰᠢᠢᠳᠪᠤᠷᠢᠯᠡᠨ ᠲᠣᠬᠢᠷᠠᠭᠤᠯᠬᠤ ᠴᠢᠳᠠᠮᠵᠢ ᠶᠢ ᠲᠡᠭᠦᠯᠳᠡᠷᠵᠢᠭᠦᠯᠦᠨ᠂ ᠬᠡᠷᠡᠭᠯᠡᠭᠴᠢᠳ᠂ ᠡᠵᠡᠩᠨᠡᠭᠴᠢ ᠵᠡᠷᠭᠡ ᠣᠯᠠᠨ ᠲᠠᠯ᠎ᠠ ᠶᠢ ᠣᠷᠤᠯᠴᠠᠭᠤᠯᠵᠤ᠂ ᠬᠡᠷᠡᠭᠯᠡᠭᠡᠨ ᠤ ᠵᠢᠭᠤᠷᠠᠭᠠᠨ ᠢ ᠰᠢᠢᠳᠪᠦᠷᠢᠯᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ 12315 ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠲᠤᠰᠬᠠᠢ ᠤᠲᠠᠰᠤᠨ ᠤ ᠢᠨᠲ᠋ᠧᠷᠨᠧᠲ ᠰᠦᠯᠵᠢᠶᠡᠨ ᠲᠠᠪᠴᠠᠩ ᠨᠢ ᠰᠢᠨ᠎ᠡ ᠬᠦᠷᠢᠶ᠎ᠡ ᠴᠠᠷᠠᠭ᠎ᠠ ᠵᠦᠭ ᠦᠷᠭᠡᠳᠴᠤ᠂ ᠬᠡᠷᠡᠭᠯᠡᠭᠡ ᠲᠦᠪᠯᠡᠷᠡᠭᠰᠡᠨ ᠲᠠᠯᠠᠪᠤᠷ ᠲᠤ ᠬᠡᠷᠡᠭᠯᠡᠭᠡᠨ  ᠤ ᠭᠤᠭᠴᠤᠭᠠᠨ ᠳᠠᠬᠢ ᠡᠵᠡᠩᠨᠡᠭᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠪᠠ ᠲᠦᠯᠦᠪᠦᠷᠢ ᠶᠢ ᠤᠷᠢᠳᠠᠪᠠᠷ ᠦᠭᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠡᠷᠡᠭᠯᠡᠭᠴᠢᠳ ᠡᠷᠬᠡ ᠠᠰᠢᠭ ᠢᠶᠠᠨ ᠬᠠᠮᠠᠭᠠᠯᠠᠬᠤ ᠳᠤ ᠨᠡᠩ ᠳᠦᠭᠦᠮ ᠦᠵᠡᠭᠦᠯᠬᠦ ᠪᠣᠯᠤᠭᠰᠠᠨ ᠪᠠᠶᠢᠨ᠎ᠠ᠃     ᠤᠯᠤᠰ ᠤᠨ ᠤᠶᠢᠯᠡᠳᠪᠦᠷᠢ ᠬᠤᠳᠠᠯᠳᠤᠭᠠᠨ ᠤ ᠶᠡᠷᠤᠩᠭᠡᠢ ᠲᠣᠪᠴᠢᠶᠠᠨ ᠤ ᠳᠠᠷᠤᠭ᠎ᠠ ᠵᠠᠩ ᠮᠣᠥ ᠡᠨᠡᠬᠦ ᠬᠤᠭᠤᠴᠠᠭᠠᠨ ᠤ ᠠᠵᠢᠯ ᠤᠨ ᠬᠤᠷᠠᠯ ᠳᠡᠭᠡᠷ᠎ᠡ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠬᠦᠴᠦᠯᠡᠴᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭᠯᠡᠭᠡᠨ ᠤ ᠳᠡᠰ ᠳᠡᠪᠰᠢᠬᠦ ᠳᠤ ᠣᠬᠢ ᠰᠠᠶᠢᠨ ᠣᠷᠴᠢᠨ ᠲᠣᠭᠤᠷᠢᠨ ᠢ ᠪᠦᠷᠢᠯᠳᠦᠬᠦᠯᠬᠦ ᠬᠡᠷᠡᠭᠲᠡᠢ᠃ ᠳᠠᠷᠠᠭ᠎ᠠ ᠵᠢᠯ᠂ ᠤᠶᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠬᠦᠢᠯᠭᠡᠭᠡᠨ ᠤ ᠬᠦᠷᠢᠶ᠎ᠡ ᠴᠠᠷᠠᠭ᠎ᠠ ᠳᠠᠬᠢ ᠲᠠᠸᠠᠷ ᠤᠨ ᠶᠠᠰᠤ ᠴᠢᠨᠠᠷ ᠤᠨ ᠬᠢᠨᠠᠨ ᠬᠠᠮᠢᠶᠠᠷᠤᠯᠲᠠ ᠪᠠ ᠤᠶᠢᠯᠡᠴᠢᠯᠡᠭᠡᠨ ᠤ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠰᠦᠯᠵᠢᠶᠡᠨ ᠳᠡᠭᠡᠷ᠎ᠡ ᠬᠤᠳᠠᠯᠳᠤᠨ ᠠᠪᠤᠭᠰᠠᠨ ᠪᠣᠳᠠᠰ ᠢ ᠪᠣᠴᠠᠭᠠᠬᠤ ᠪᠠ ᠰᠣᠯᠢᠬᠤ᠂ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠤᠨ ᠤᠶᠢᠯᠡᠴᠢᠯᠡᠭᠡ᠂ ᠰᠡᠯᠪᠢᠨ ᠵᠠᠰᠠᠬᠤ ᠪᠠ ᠵᠠᠪᠰᠠᠷ ᠤᠨ ᠤᠶᠢᠯᠡᠴᠢᠯᠡᠭᠡ ᠵᠡᠷᠭᠡ ᠡᠵᠡᠩᠨᠡᠯᠲᠡ ᠶᠢᠨ ᠠᠵᠢᠯᠯᠠᠭᠠᠨ ᠤ ᠳᠤᠮᠳᠠᠬᠢ ᠡᠷᠬᠡ ᠳᠤ ᠬᠠᠯᠳᠠᠭᠰᠠᠨ ᠠᠵᠢᠯᠯᠠᠭ᠎ᠠ ᠳᠤ ᠴᠣᠬᠢᠯᠲᠠ ᠦᠭᠬᠦ ᠬᠦᠴᠦᠯᠡᠴᠡ ᠪᠠᠨ ᠴᠢᠩᠭᠠᠳᠬᠠᠨ᠎ᠠ ᠭᠡᠵᠦ ᠬᠡᠯᠡᠭᠰᠡᠨ ᠪᠠᠶᠢᠨ᠎ᠠ᠃                                    ᠰᠢᠨᠬᠤᠸᠠ ᠬᠤᠷᠢᠶᠠᠨ ᠤ ᠮᠡᠳᠡᠭᠡ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号