ᠵᠠᠰᠠᠭ ᠤᠨ ᠣᠷᠳᠣᠨ ᠠᠴᠠ ᠬᠢᠨᠠᠨ ᠵᠦᠪᠰᠢᠶᠡᠷᠡᠬᠦ ᠪᠡᠯᠡ ᠣᠷᠤᠭᠤᠯᠤᠯᠲᠠ ᠶᠢᠨ ᠵᠤᠶᠢᠯᠡᠰ ᠤᠨ ᠭᠠᠷᠴᠠᠭ
ᠨᠡᠶᠢᠲᠡᠯᠡᠭᠰᠡᠨ ᠴᠠᠭ᠄
2016/12/30
      ᠣᠶᠢᠷ᠎ᠠ ᠶᠢᠨ ᠡᠳᠦᠷ᠂ ᠲᠦᠷᠤ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠣᠷᠳᠣᠨ ᠠᠴᠠ ᠬᠢᠨᠠᠨ ᠵᠦᠪᠰᠢᠶᠡᠷᠡᠬᠦ ᠪᠡᠯᠡ ᠣᠷᠤᠭᠤᠯᠤᠯᠲᠠ ᠶᠢᠨ ᠵᠤᠶᠢᠯᠡᠰ ᠤᠨ ᠭᠠᠷᠴᠠᠭ ︵2016 ᠣᠨ ᠤ ᠳᠡᠪᠲᠡᠷ︶︾ ᠢ ᠳᠠᠷᠤᠮᠠᠯᠯᠠᠨ ᠲᠠᠷᠬᠠᠭᠠᠪᠠ᠃ ᠲᠤᠰ ᠤᠳᠠᠭᠠᠨ ᠤ ᠵᠠᠰᠠᠪᠤᠷᠢ ᠣᠷᠤᠭᠤᠯᠤᠭᠰᠠᠨ ︽ᠭᠠᠷᠴᠠᠭ︾ ᠪᠣᠯ 2013 ᠣᠨ ᠪᠠ 2014 ᠣᠨ ᠳᠤ ᠬᠤᠶᠠᠷ ᠤᠳᠠᠭ᠎ᠠ ᠵᠠᠰᠠᠪᠤᠷᠢ ᠣᠷᠤᠭᠤᠯᠤᠭᠰᠠᠨ ᠤ ᠳᠠᠷᠠᠭ᠎ᠠ ᠲᠦᠷᠤ ᠶᠢᠨ ᠶᠠᠪᠤᠳᠠᠯ ᠤᠨ ᠬᠤᠷᠢᠶ᠎ᠠ ᠠᠴᠠ ᠭᠤᠷᠪᠠᠳᠡᠬᠢ ᠤᠳᠠᠭ᠎ᠠ ᠵᠠᠰᠠᠪᠤᠷᠢ ᠣᠷᠤᠭᠤᠯᠤᠭᠰᠠᠨ ᠭᠠᠷᠴᠠᠭ ᠪᠣᠯᠤᠨ᠎ᠠ᠃ ᠡᠨᠡ ᠪᠣᠯ ︽ᠪᠡᠯᠡ ᠣᠷᠤᠭᠤᠯᠵᠤ ᠪᠡᠯᠡ ᠲᠣᠬᠢᠷᠠᠭᠤᠯᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠣᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ ︽2016 ᠣᠨ ᠳᠤ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠴᠢᠯᠦᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠵᠢᠴᠢ ᠤᠶᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠲᠣᠬᠠᠢ ᠲᠦᠷᠤ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠢ ᠲᠤᠤᠱᠯᠠᠭᠤᠯᠤᠨ ᠨᠠᠶᠢᠲᠠᠪᠦᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃                      ︵︽ᠵᠣᠬᠢᠶᠠᠯ ᠱᠦᠭᠦᠮᠡᠭ ᠰᠣᠨᠢᠨ︾ ᠠᠴᠠ ᠣᠷᠴᠢᠭᠤᠯᠪᠠ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号