ᠲᠠᠷᠢᠶᠠᠴᠢᠳ ᠤᠨ ᠣᠷᠤᠯᠭ᠎ᠠ ᠶᠢᠨ ᠨᠡᠮᠡᠭᠳᠡᠯ ᠢ ᠠᠬᠢᠭᠤᠯᠬᠤ ᠲᠣᠬᠠᠢ ᠰᠠᠨᠠᠯ
ᠨᠡᠶᠢᠲᠡᠯᠡᠭᠰᠡᠨ ᠴᠠᠭ᠄
2016/12/30
   ᠣᠶᠢᠷ᠎ᠠ ᠶᠢᠨ ᠡᠳᠦᠷ᠂ ᠲᠦᠷᠤ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠳᠡᠮᠵᠢᠬᠦ ᠲᠦᠷᠤ ᠶᠢᠨ ᠪᠣᠳᠤᠯᠭ᠎ᠠ ᠶᠢ ᠲᠡᠭᠦᠯᠳᠡᠷᠵᠢᠭᠦᠯᠦᠨ ᠲᠠᠷᠢᠶᠠᠴᠢᠳ ᠤᠨ ᠣᠷᠤᠯᠭ᠎ᠠ ᠶᠢᠨ ᠨᠡᠮᠡᠭᠳᠡᠯ ᠢ ᠠᠬᠢᠭᠤᠯᠬᠤ ᠲᠣᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠵᠤ᠂ 2020 ᠣᠨ ᠪᠣᠯᠬᠤ ᠳᠤ᠂ ᠲᠠᠷᠢᠶᠠᠴᠢᠳ ᠤᠨ ᠣᠷᠤᠯᠭ᠎ᠠ ᠶᠢᠨ ᠨᠡᠮᠡᠭᠳᠡᠯ ᠢ ᠠᠬᠢᠭᠤᠯᠬᠤ ᠶᠢ ᠳᠡᠮᠵᠢᠬᠦ ᠲᠦᠷᠤ ᠶᠢᠨ ᠪᠣᠳᠤᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠯᠠᠩ ᠢ ᠳᠡᠮᠵᠢᠵᠦ ᠬᠠᠮᠠᠭᠠᠯᠠᠬᠤ ᠳᠦᠷᠢᠮ ᠢ ᠨᠡᠩ ᠪᠦᠷᠢᠨᠰᠢᠭᠦᠯᠵᠦ᠂ ᠲᠠᠷᠢᠶᠠᠴᠢᠳ ᠤᠨ ᠠᠵᠢᠯ ᠣᠯᠵᠤ ᠤᠶᠢᠯᠡᠰ ᠴᠣᠭᠴᠢᠯᠠᠬᠤ ᠶᠢ ᠳᠡᠳᠭᠦᠨ ᠳᠡᠮᠵᠢᠬᠦ ᠲᠦᠷᠤ ᠶᠢᠨ ᠪᠣᠳᠤᠯᠭ᠎ᠠ ᠶᠢ ᠨᠡᠩ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ ᠡᠬᠢ ᠪᠠᠶᠠᠯᠢᠭ ᠡᠳ᠋ ᠬᠦᠷᠤᠩᠭᠡ ᠶᠢᠨ ᠡᠯᠧᠮᠧᠨ᠋ᠲ ᠤᠨ ᠠᠮᠢᠳᠤᠯᠢᠭ ᠬᠦᠴᠤᠨ ᠢ ᠨᠡᠩ ᠬᠦᠭᠵᠢᠶᠡᠨᠲᠡᠢ ᠪᠣᠯᠭᠠᠵᠤ᠂ ᠲᠠᠷᠢᠶᠠᠴᠢᠳ ᠤᠨ ᠣᠷᠤᠯᠭ᠎ᠠ ᠶᠢ ᠦᠷᠬᠦᠯᠵᠢᠯᠡᠨ ᠨᠡᠯᠢᠶᠡᠳ ᠲᠦᠷᠭᠡᠨ ᠢᠶᠠᠷ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠤᠯᠭ᠎ᠠ  ᠶᠢᠨ ᠵᠦᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠲᠠᠷᠢᠶᠠᠴᠢᠳ ᠤᠨ ᠬᠦᠮᠦᠨ ᠳᠤᠮᠳᠠᠴᠢ ᠶᠢᠨ ᠴᠡᠪᠡᠷ ᠣᠷᠤᠯᠭ᠎ᠠ ᠶᠢ 2010 ᠣᠨ ᠤ ᠬᠢ ᠠᠴᠠ ᠬᠤᠶᠠᠷ ᠳᠠᠬᠢᠨ ᠪᠣᠯᠭᠠᠨ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠵᠦ ᠳᠤᠷᠠᠳᠤᠭᠰᠠᠨ ᠪᠠᠶᠢᠨ᠎ᠠ᠃                      ︵︽ᠵᠣᠬᠢᠶᠠᠯ ᠱᠦᠭᠦᠮᠡᠭ ᠰᠣᠨᠢᠨ︾ ᠠᠴᠠ ᠣᠷᠴᠢᠭᠤᠯᠪᠠ︶
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号