ᠭᠡᠷ ᠤᠨ ᠠᠬᠠᠮᠠᠳ ᠬᠡᠥᠭᠡᠳ ᠲᠡᠭᠡᠨ ᠨᠢᠳᠦ ᠪᠠᠨ ᠬᠠᠮᠠᠭᠠᠯᠠᠬᠤ ᠬᠦᠮᠦᠵᠢᠯ ᠢ ᠰᠠᠶᠢᠳᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2016/12/6
     ᠨᠢᠳᠦ ᠪᠣᠯ ᠬᠦᠮᠤᠰ ᠤᠨ ᠪᠡᠶ᠎ᠡ ᠮᠠᠬᠠᠪᠤᠳ ᠤᠨ ᠴᠢᠬᠤᠯᠠ ᠨᠢᠭᠡ ᠡᠷᠬᠡᠲᠡᠨ ᠮᠦᠨ᠃ ᠬᠦᠮᠦᠨ ᠨᠢᠳᠦ ᠪᠠᠷ ᠳᠠᠮᠵᠢᠭᠤᠯᠵᠤ ᠰᠠᠶ᠋ᠢ ᠭᠠᠳᠠᠨᠠᠬᠢ ᠶᠡᠷᠲᠢᠨᠴᠤ ᠶᠢ ᠣᠯᠵᠤ ᠬᠠᠷᠠᠳᠠᠭ᠃ ᠵᠠᠯᠠᠭᠤ ᠪᠠᠭᠠᠴᠤᠳ ᠲᠤ ᠨᠢᠳᠦ ᠪᠠᠨ ᠰᠠᠶᠢᠳᠤᠷ ᠬᠠᠮᠠᠭᠠᠯᠠᠬᠤ ᠬᠦᠮᠦᠵᠢᠯ ᠬᠢᠬᠦ ᠪᠣᠯ ᠮᠦᠨ ᠴᠤ ᠵᠠᠯᠠᠭᠤ ᠪᠠᠭᠠᠴᠤᠳ ᠤᠨ ᠡᠷᠡᠭᠦᠯ ᠢᠶᠠᠷ ᠦᠰᠤᠨ ᠪᠣᠶᠢᠵᠢᠬᠤ ᠶᠢ ᠠᠬᠢᠭᠤᠯᠬᠤ ᠶᠢᠨ ᠴᠢᠬᠤᠯᠠᠴᠢᠯᠠᠭ᠎ᠠ ᠮᠦᠨ᠃      ᠤᠯᠤᠰ ᠠᠴᠠ ᠵᠢᠯ ᠪᠦᠷᠢ ᠶᠢᠨ 6 ᠰᠠᠷ᠎ᠠ ᠶᠢᠨ 2 ᠤᠨ ᠡᠳᠦᠷ ᠢ ︽ᠪᠦᠬᠦ ᠤᠯᠤᠰ ᠤᠨ ᠨᠢᠳᠦ ᠪᠠᠨ ᠬᠠᠮᠠᠭᠠᠯᠠᠬᠤ ᠡᠳᠦᠷ︾ ᠭᠡᠵᠤ ᠲᠣᠭᠲᠠᠭᠠᠭᠰᠠᠨ ᠨᠢ ᠬᠦᠮᠤᠰ ᠤᠨ ᠨᠢᠳᠦ ᠪᠠᠨ ᠬᠠᠮᠠᠭᠠᠯᠠᠬᠤ᠂ ᠨᠡᠩ ᠴᠢᠬᠤᠯᠠ ᠨᠢ ᠬᠡᠥᠭᠡᠳ ᠪᠠᠭᠠᠴᠤᠳ ᠤᠨ ᠨᠢᠳᠦ ᠪᠠᠨ ᠬᠠᠮᠠᠭᠠᠯᠠᠬᠤ ᠲᠣᠬᠠᠢ ᠬᠦᠮᠦᠵᠢᠯ ᠬᠢᠬᠦ ᠳᠤ ᠮᠠᠰᠢ ᠠᠴᠢ ᠬᠤᠯᠪᠤᠭᠳᠠᠯ ᠲᠠᠢ ᠭᠡᠵᠤ ᠦᠵᠡᠨ᠎ᠡ᠃ 2011 ᠣᠨ ᠤ 6 ᠰᠠᠷ᠎ᠠ ᠶᠢᠨ 2 ᠪᠣᠯᠬᠤ ᠳᠤ ︽ᠪᠦᠬᠦ ᠤᠯᠤᠰ ᠤᠨ ᠨᠢᠳᠦ ᠪᠠᠨ ᠬᠠᠮᠠᠭᠠᠯᠠᠬᠤ ᠡᠳᠦᠷ︾ ᠤᠨ ᠠᠷᠪᠠᠨ ᠵᠢᠷᠭᠤᠳᠡᠬᠢ ᠣᠢ ᠪᠣᠯᠵᠤ ᠪᠠᠶᠢᠨ᠎ᠠ᠃ ᠵᠠᠯᠠᠭᠤᠴᠤᠳ ᠪᠠᠭᠠᠴᠤᠳ ᠤᠨ ᠨᠢᠳᠦ ᠪᠠᠨ ᠬᠠᠮᠠᠭᠠᠯᠠᠬᠤ ᠠᠵᠢᠯ ᠢ ᠤᠯᠤᠰ ᠠᠴᠠ᠂ ᠰᠤᠷᠭᠠᠭᠤᠯᠢ ᠠᠴᠠ᠂ ᠭᠡᠷ ᠪᠦᠯᠢ ᠠᠴᠠ ᠠᠩᠬᠠᠷᠤᠯ ᠳᠠᠭᠠᠨ ᠠᠪᠴᠤ ᠠᠳᠬᠤᠭᠰᠠᠭᠠᠷ ᠢᠷᠡᠭᠰᠡᠨ ᠪᠣᠯᠪᠠᠴᠤ ᠬᠡᠥᠭᠡᠳ ᠪᠠᠭᠠᠴᠤᠳ ᠤᠨ ᠣᠶᠢᠷ᠎ᠠ ᠬᠠᠷᠠᠭ᠎ᠠ ᠲᠠᠢ ᠪᠣᠯᠵᠤ ᠪᠠᠶᠢᠭ᠎ᠠ ᠨᠣᠷᠮ᠎ᠠ ᠶᠠᠪᠤᠬᠤ ᠳᠣᠳᠤᠮ ᠠᠬᠠᠳᠠᠵᠤ ᠪᠠᠶᠢᠨ᠎ᠠ᠃ ᠶᠡᠭᠡ ᠬᠤᠲᠠ ᠶᠢᠨ ᠬᠡᠥᠭᠡᠳ ᠢ ᠬᠡᠯᠡᠬᠦ ᠦᠭᠡᠢ᠂ ᠬᠤᠰᠢᠭᠤ ᠰᠣᠮᠣ ︵ᠪᠠᠯᠭᠠᠰᠤ︶ ᠶᠢᠨ ᠰᠤᠷᠭᠠᠭᠤᠯᠢ ᠶᠢᠨ ᠰᠤᠷᠤᠭᠴᠢᠳ ᠤᠨ ᠳᠣᠳᠤᠷ᠎ᠠ ᠣᠶᠢᠷ᠎ᠠ ᠬᠠᠷᠠᠭᠠᠨ ᠤ ᠰᠢᠯ ᠵᠡᠭᠦᠭᠰᠡᠳ ᠴᠤ ᠬᠠᠷᠠᠭᠳᠠᠵᠤ ᠪᠠᠶᠢᠨ᠎ᠠ᠃ ᠵᠠᠷᠢᠮ ᠤᠨ ᠬᠢᠨᠢ ᠣᠶᠢᠷ᠎ᠠ ᠬᠠᠷᠠᠭ᠎ᠠ ᠶᠢᠨ ᠭᠷᠠᠳᠦ᠋ᠰ ᠤᠨ ᠬᠡᠮᠵᠢᠶ᠎ᠡ ᠲᠤᠩ ᠦᠨᠳᠤᠷ ᠬᠡᠮᠵᠢᠶᠡᠨ ᠳᠤ ᠬᠦᠷᠤᠭ᠍ᠰᠡᠨ ᠪᠠᠶᠢᠳᠠᠭ᠃ ᠬᠡᠥᠭᠡᠳ ᠦᠰᠴᠤ ᠪᠠᠶᠢᠭ᠎ᠠ ᠨᠠᠰᠤᠨ ᠳᠠᠭᠠᠨ ᠣᠶᠢᠷ᠎ᠠ ᠬᠠᠷᠠᠭᠠᠲᠠᠨ ᠪᠣᠯᠴᠢᠬᠠᠪᠠᠯ ᠬᠤᠵᠢᠮ ᠶᠡᠭᠡ ᠰᠤᠷᠭᠠᠭᠤᠯᠢ ᠳᠤ ᠰᠤᠷᠤᠯᠴᠠᠬᠤ᠂ ᠨᠡᠶᠢᠭᠡᠮ ᠳᠡᠭᠡᠷ᠎ᠡ ᠭᠠᠷᠴᠤ ᠣᠯᠠᠨ ᠲᠠᠯ᠎ᠠ ᠶᠢᠨ ᠦᠷᠢᠰᠦᠯᠳᠤᠬᠡᠨ ᠪᠠ ᠰᠢᠯᠭᠠᠯᠲᠠ ᠶᠢ ᠶᠠᠭᠠᠬᠢᠵᠤ ᠲᠣᠭᠤᠯᠬᠤ ᠪᠣᠢ︖ ᠡᠨᠡ ᠪᠣᠯ ᠬᠡᠥᠭᠡᠳ ᠤᠨ ᠲᠤᠰ ᠪᠡᠶ᠎ᠡ ᠬᠢᠭᠡᠳ ᠲᠡᠭᠦᠨ ᠤ ᠬᠢᠨᠠᠨ ᠬᠠᠮᠠᠭᠠᠯᠠᠭᠴᠢ ᠪᠣᠯᠬᠤ ᠭᠡᠷ ᠤᠨ ᠠᠬᠠᠮᠠᠳ ᠲᠤ ᠦᠭᠭᠦᠭᠰᠡᠨ ᠰᠡᠷᠡᠮᠵᠢ ᠶᠢᠨ ᠬᠤᠩᠬᠤ ᠪᠣᠯᠤᠨ᠎ᠠ᠃ ᠳᠡᠭᠡᠳᠤ ᠮᠡᠷᠭᠡᠵᠢᠯ ᠤᠨ ᠲᠣᠨᠤᠭ ᠲᠦᠭᠦᠭᠡᠷᠤᠮᠵᠢ ᠶᠢ ᠬᠦᠮᠦᠨ ᠪᠣᠯᠭᠠᠨ ᠠᠰᠢᠭᠯᠠᠬᠤ ᠪᠣᠯᠵᠤ ᠪᠠᠶᠢᠭ᠎ᠠ ᠴᠠᠭ ᠦᠶ᠎ᠡ ᠶᠢᠨ ᠬᠦᠭᠵᠢᠯᠲᠡ ᠠᠴᠠ ᠪᠣᠯᠵᠤ ᠣᠳᠤ ᠶᠢᠨ ᠬᠡᠥᠭᠡᠳ ᠪᠠᠭᠠᠴᠤᠳ ᠲᠤ ᠬᠢᠴᠢᠶᠡᠬᠦ ᠦᠭᠡᠢ ᠪᠣᠯ ᠣᠶᠢᠷ᠎ᠠ ᠬᠠᠷᠠᠭ᠎ᠠ ᠲᠠᠢ ᠪᠣᠯᠬᠤ ᠣᠷᠴᠢᠨ ᠠᠬᠤᠢ ᠨᠦᠬᠦᠴᠡᠯ ᠪᠣᠯᠤᠯᠴᠠᠭ᠎ᠠ ᠠᠷᠪᠢᠳᠤᠯ᠎ᠠ ᠭᠡᠳᠡᠭ ᠴᠤ ᠭᠡᠷ ᠤᠨ ᠠᠬᠠᠮᠠᠳ ᠤᠨ ᠲᠠᠯ᠎ᠠ ᠠᠴᠠ ᠬᠡᠥᠭᠡᠳ ᠢᠶᠠᠨ ᠪᠠᠭ᠎ᠠ ᠠᠴᠠ ᠨᠢ ᠬᠦᠮᠦᠵᠢᠭᠦᠯᠵᠦ ᠵᠢᠯᠦᠭᠤᠳᠴᠤ ᠪᠠᠶᠢᠪᠠᠯ ᠣᠶᠢᠷ᠎ᠠ ᠬᠠᠷᠠᠭ᠎ᠠ ᠪᠣᠯᠬᠤ ᠠᠴᠠ ᠯᠠᠪᠲᠠᠢ ᠰᠡᠷᠭᠡᠶᠢᠯᠡᠵᠦ ᠴᠢᠳᠠᠨ᠎ᠠ᠃      ᠨᠢᠭᠡ᠂ ᠬᠡᠥᠭᠡᠳ ᠤᠨ ᠨᠢᠳᠦ ᠶᠢ ᠬᠠᠮᠠᠭᠠᠯᠠᠬᠤ ᠶᠢ ᠪᠠᠭ᠎ᠠ ᠠᠴᠠ ᠨᠢ ᠠᠳᠬᠤᠬᠤ ᠬᠡᠷᠡᠭᠲᠡᠢ      1. ᠰᠢᠮ᠎ᠡ ᠲᠡᠵᠢᠭᠡᠯ ᠢ ᠨᠢ ᠠᠩᠬᠠᠷᠤᠯ ᠳᠠᠭᠠᠨ ᠠᠪᠤᠨ᠎ᠠ᠃ ᠵᠠᠯᠠᠭᠤ ᠪᠠᠭᠠᠴᠤᠳ ᠪᠣᠯ ᠶᠠᠭ ᠰᠠᠶᠢᠬᠠᠨ ᠦᠰᠤᠨ ᠪᠣᠶᠢᠵᠢᠭ᠎ᠠ ᠴᠠᠭ ᠲᠠᠭᠠᠨ ᠪᠠᠶᠢᠭ᠎ᠠ ᠲᠤᠯᠠ ᠬᠡᠥᠭᠡᠳ ᠢᠶᠠᠨ ᠵᠢᠯᠤᠭᠤᠳᠴᠤ ᠢᠯᠡᠭᠦᠦ ᠰᠢᠭ ᠪᠦᠳᠦᠭᠦᠯᠢᠭ ᠠᠮᠤ᠂ ᠣᠯᠠᠨ ᠵᠤᠶᠢᠯ ᠤᠨ ᠠᠮᠤ ᠪᠣᠳᠠᠭ᠎ᠠ᠂ ᠣᠯᠠᠨ ᠵᠤᠶᠢᠯ ᠤᠨ ᠢᠳᠡᠰᠢᠨ ᠨᠣᠭᠤᠭ᠎ᠠ᠂ ᠵᠢᠮᠢᠰ ᠤᠨ ᠲᠦᠷᠤᠯ ᠢ ᠢᠳᠡᠬᠦ᠂ ᠵᠣᠬᠢᠰᠲᠠᠢ ᠮᠠᠯ ᠤᠨ ᠡᠯᠢᠭᠡ ᠪᠠ ᠵᠢᠭᠠᠰᠤ ᠢᠳᠡᠬᠦ᠂ ᠰᠢᠬᠢᠷ ᠤᠨ ᠬᠡᠮᠵᠢᠶ᠎ᠡ ᠶᠡᠭᠡ ᠠᠭᠤᠯᠤᠭᠰᠠᠨ ᠢᠳᠡᠭᠡᠨ ᠢ ᠪᠠᠭ᠎ᠠ ᠢᠳᠡᠬᠦ᠂ ᠰᠤᠯᠠ ᠢᠳᠡᠭᠡᠨ ᠢ ᠠᠯᠢ ᠴᠢᠳᠠᠬᠤ ᠪᠠᠷ ᠢᠳᠡᠬᠦ ᠦᠭᠡᠢ᠂ ᠪᠣᠳᠠᠭ᠎ᠠ ᠬᠤᠭᠤᠯᠠ ᠭᠤᠯᠤᠬᠤ ᠦᠭᠡᠢ ᠪᠠᠶᠢᠬᠤ ᠵᠠᠩᠰᠢᠯ ᠲᠠᠢ ᠪᠣᠯᠭᠠᠵᠤ ᠰᠤᠷᠭᠠᠬᠤ ᠬᠡᠷᠡᠭᠲᠡᠢ᠃ ᠡᠳᠡᠭᠡᠷ ᠨᠢ ᠨᠢᠳᠤᠨ ᠤ ᠰᠢᠮ᠎ᠡ ᠲᠡᠵᠢᠭᠡᠯ ᠤᠨ ᠪᠠᠲᠤᠯᠠᠭ᠎ᠠ ᠲᠠᠢ ᠬᠤᠯᠪᠤᠭ᠎ᠠ ᠲᠠᠢ ᠲᠤᠯᠠ ᠠᠩᠬᠠᠷᠤᠯ ᠳᠠᠭᠠᠨ ᠠᠪᠬᠤ ᠬᠡᠷᠡᠭᠲᠡᠢ᠃      2. ᠬᠡᠥᠭᠡᠳ ᠢᠶᠠᠨ ᠵᠣᠷᠢᠭᠵᠢᠭᠤᠯᠵᠤ ᠢᠯᠡᠭᠦᠴᠡ ᠭᠡᠷ ᠤᠨ ᠭᠠᠳᠠᠨᠠᠬᠢ ᠬᠦᠳᠡᠯᠭᠡᠭᠡᠨ᠂ ᠠᠰᠢᠭᠲᠠᠢ ᠲᠠᠮᠢᠷ ᠤᠨ ᠬᠦᠳᠡᠯᠭᠡᠭᠡᠨ ᠳᠤ ᠣᠷᠤᠯᠴᠠᠭᠤᠯᠵᠤ ᠡᠪᠡᠳᠴᠢᠨ ᠡᠮᠬᠡᠭ ᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠣᠶᠢᠷᠠᠯᠴᠠᠭ᠎ᠠ ᠪᠠᠶᠢᠬᠤ ᠠᠭᠤᠯᠠ ᠤᠰᠤ ᠪᠠᠷ ᠬᠦᠷᠴᠤ ᠪᠠᠶᠢᠭᠠᠯᠢ ᠶᠢᠨ ᠦᠵᠡᠮᠵᠢ ᠪᠣᠶᠤ ᠬᠤᠯᠠ ᠶᠢ ᠪᠠᠷᠠᠯᠠᠭᠤᠯᠪᠠᠯ ᠨᠢᠳᠤᠨ ᠳᠤ ᠰᠠᠶᠢᠨ ᠪᠠᠶᠢᠳᠠᠭ ᠠᠴᠠ ᠨᠦᠬᠦᠴᠡᠯ ᠪᠣᠯᠤᠯᠴᠠᠭ᠎ᠠ ᠪᠠᠨ ᠦᠨᠳᠤᠰᠤᠯᠡᠵᠦ᠂ ᠴᠢᠳᠠᠪᠠᠯ ᠭᠠᠷᠠᠭ ᠲᠤ ᠨᠢᠭᠡ ᠤᠳᠠᠭ᠎ᠠ ᠳᠠᠭᠠᠭᠤᠯᠤᠨ ᠭᠠᠷᠴᠤ ᠪᠠᠶᠢᠭᠠᠯᠢ ᠶᠢᠨ ᠦᠵᠡᠮᠵᠢ ᠪᠣᠶᠣ ᠬᠤᠯᠠ ᠶᠢ ᠪᠠᠷᠠᠯᠠᠭᠤᠯᠵᠤ ᠪᠣᠯᠤᠨ᠎ᠠ᠃      3. ᠨᠢᠳᠦ ᠪᠠᠨ ᠬᠠᠶᠢᠷᠠᠯᠠᠵᠤ ᠬᠠᠮᠠᠭᠠᠯᠠᠬᠤ ᠤᠬᠠᠮᠰᠠᠷ ᠢ ᠪᠡᠯᠴᠢᠷ ᠦᠶ᠎ᠡ ᠠᠴᠠ ᠨᠢ ᠬᠦᠮᠦᠵᠢᠭᠦᠯᠵᠦ ᠪᠠᠭ᠎ᠠ ᠠᠴᠠ ᠨᠢ ᠠᠰ ᠲᠠᠭᠠᠨ ᠨᠢᠭᠤᠷ ᠤᠨ ᠠᠯᠴᠢᠭᠤᠷ᠂ ᠭᠠᠷ ᠠᠯᠴᠢᠭᠤᠷ ᠡᠷᠡᠭᠦᠯ ᠬᠠᠮᠠᠭᠠᠯᠠᠯ ᠤᠨ ᠴᠠᠭᠠᠰᠤ ᠵᠠᠷᠤᠬᠤ ᠂ ᠢᠷ ᠲᠠᠢ ᠦᠵᠦᠭᠦᠷ ᠲᠠᠢ ᠶᠠᠭᠤᠮ᠎ᠠ ᠨᠠᠭᠠᠳᠴᠤ  ᠨᠢᠳᠦ ᠪᠠᠨ ᠰᠢᠷᠬᠠᠲᠤᠭᠤᠯᠬᠤ ᠠᠴᠠ ᠬᠢᠴᠢᠶᠡᠬᠦ᠂ ᠪᠣᠵᠠᠷ ᠭᠠᠷ ᠢᠶᠠᠷ ᠢᠶᠠᠨ ᠨᠢᠳᠦ ᠪᠠᠨ ᠨᠤᠬᠤᠯᠠᠵᠤ ᠨᠢᠳᠤᠨ ᠳᠡᠭᠡᠨ ᠡᠯ᠎ᠡ ᠵᠤᠶᠢᠯ ᠤᠨ ᠪᠠᠺᠲ᠋ᠧᠷᠢ ᠬᠠᠯᠳᠠᠪᠤᠷᠢᠯᠠᠬᠤ ᠠᠴᠠ ᠬᠢᠴᠢᠶᠡᠬᠦ ᠳᠠᠳᠬᠠᠯ ᠲᠠᠢ ᠪᠣᠯᠭᠠᠨ᠎ᠠ᠃      4. ᠬᠡᠥᠭᠡᠳ ᠢ ᠨᠢᠳᠦ ᠪᠠᠨ ᠵᠦᠪ ᠰᠠᠶᠢᠬᠠᠨ ᠵᠠᠷᠤᠵᠤ ᠴᠢᠳᠠᠬᠤ ᠪᠣᠯᠭᠠᠨ ᠬᠦᠮᠦᠵᠢᠭᠦᠯᠬᠦ ᠬᠡᠷᠡᠭᠲᠡᠢ      ︵1︶ ᠨᠣᠮ ᠪᠢᠴᠢᠭ᠂ ᠵᠢᠷᠤᠭ ᠦᠵᠡᠬᠦ᠂ ᠲᠧᠯᠸᠢᠰ ᠦᠵᠡᠬᠦ᠂ ᠪᠢᠷ ᠪᠠᠷᠢᠵᠤ ᠦᠰᠦᠭ ᠪᠢᠴᠢᠬᠦ ᠵᠡᠷᠭᠡ ᠳᠤ ᠵᠠᠢ ᠬᠡᠮᠵᠢᠶ᠎ᠡ ᠪᠠᠨ ᠵᠣᠬᠢᠰᠲᠠᠢ ᠪᠠᠶᠢᠯᠭᠠᠬᠤ ᠶᠢ ᠠᠩᠬᠠᠷᠤᠭᠤᠯᠤᠨ᠎ᠠ᠃ ᠨᠣᠮ ᠪᠢᠴᠢᠭ ᠦᠵᠡᠬᠦ ᠳᠡᠭᠡᠨ ᠨᠢᠳᠦ ᠪᠠᠨ ᠨᠣᠮ ᠠᠴᠠ 30-35 ᠰᠡᠨᠲ᠋ᠢᠮᠧᠲᠷ ᠵᠠᠶᠢᠲᠠᠢ ᠪᠠᠶᠢᠯᠭᠠᠵᠤ᠂ ᠰᠢᠷᠡᠭᠡᠨ ᠳᠡᠭᠡᠷ᠎ᠡ ᠰᠠᠭᠤᠵᠤ ᠨᠣᠮ ᠦᠵᠡᠬᠦ ᠪᠠᠷ ᠪᠣᠳᠤᠪᠠᠯ ᠪᠡᠶ᠎ᠡ ᠪᠠᠨ ᠰᠢᠷᠡᠭᠡᠨ ᠠᠴᠠ 10 ᠰᠡᠨᠲ᠋ᠢᠮᠧᠲᠷ ᠵᠠᠶᠢᠲᠠᠢ ᠪᠠᠶᠢᠯᠭᠠᠵᠤ ᠨᠣᠮ ᠪᠠ ᠰᠢᠷᠡᠭᠡᠨ ᠤ ᠦᠨᠴᠦᠭ ᠤᠨ ᠵᠠᠢ ᠶᠢ 30-45 ᠭᠷᠠᠳᠦ᠋ᠰ ᠪᠠᠶᠢᠯᠭᠠᠪᠠᠯ ᠵᠣᠬᠢᠨ᠎ᠠ᠃ ᠰᠢᠷᠡᠭᠡᠨ ᠳᠤ ᠰᠠᠭᠤᠵᠤ ᠨᠣᠮ ᠦᠵᠡᠬᠦ ᠪᠣᠶᠣ ᠰᠤᠯᠠ ᠰᠠᠭᠤᠵᠤ ᠨᠣᠮ ᠦᠵᠡᠬᠦ ᠳᠤ ᠲᠣᠯᠤᠭᠠᠢ ᠪᠠᠨ ᠬᠡᠳᠤ  ᠪᠦᠬᠦᠶᠢᠯᠭᠡᠨ ᠨᠣᠮ ᠠᠴᠠ ᠪᠠᠨ ᠣᠶᠢᠷ᠎ᠠ ᠪᠠᠶᠢᠯᠭᠠᠬᠤ ᠶᠢ ᠠᠩᠬᠠᠷᠤᠨ᠎ᠠ᠃      ︵2︶ ᠪᠡᠶ᠎ᠡ ᠶᠢᠨ ᠬᠡᠪ ᠪᠠᠶᠢᠳᠠᠯ ᠢᠶᠠᠨ ᠲᠣᠬᠢᠷᠠᠮᠵᠢᠲᠠᠢ ᠪᠠᠶᠢᠯᠭᠠᠬᠤ ᠶᠢ ᠠᠩᠬᠠᠷᠤᠭᠤᠯᠵᠤ ᠨᠣᠮ ᠪᠢᠴᠢᠭ᠂ ᠵᠢᠷᠤᠭ᠂ ᠲᠧᠯᠸᠢᠰ ᠦᠵᠡᠬᠦ ᠳᠡᠭᠡᠨ ᠬᠡᠪᠲᠡᠵᠦ ᠪᠠᠶᠢᠭᠠᠳ ᠪᠣᠶᠣ ᠮᠣᠷᠤᠢ ᠬᠠᠵᠠᠭᠠᠢ ᠰᠠᠭᠤᠵᠤ ᠪᠠᠶᠢᠭᠠᠳ ᠦᠵᠡᠬᠦ ᠶᠢ ᠬᠢᠴᠢᠶᠡᠨ᠎ᠡ᠃      ︵3︶ ᠤᠳᠠᠭᠠᠨ ᠴᠠᠭ ᠢᠶᠠᠷ ᠨᠣᠮ ᠪᠣᠶᠣ ᠲᠧᠯᠸᠢᠰ ᠦᠵᠡᠬᠦ᠂ ᠺᠣᠮᠫᠢᠦ᠋ᠲ᠋ᠧᠷ ᠳᠡᠭᠡᠷ᠎ᠡ ︵ᠲᠣᠣᠷ ᠰᠦᠯᠵᠢᠶᠡᠨ  ᠳᠤ︶ ᠲᠣᠭᠯᠠᠭᠠᠮ ᠨᠠᠭᠠᠳᠬᠤ ᠨᠢ ᠪᠦᠷ ᠨᠢᠳᠤᠨ ᠳᠤ ᠲᠤᠩ ᠬᠠᠯᠠᠲᠠᠢ ᠪᠠᠶᠢᠳᠠᠭ ᠠᠴᠠ ᠡᠭᠦᠨ ᠳᠤ ᠬᠡᠲᠤᠷᠡᠲᠡᠯ᠎ᠡ ᠤᠳᠠᠭᠠᠨ ᠨᠢᠳᠦ ᠪᠠᠨ ᠵᠠᠷᠤᠬᠤ ᠠᠴᠠ ᠬᠢᠴᠢᠶᠡᠨ᠎ᠡ᠃ ᠣᠳᠤ ᠶᠢᠨ ᠬᠡᠥᠭᠡᠳ ᠤᠨ ᠳᠣᠳᠤᠷ᠎ᠠ ᠣᠶᠢᠷ᠎ᠠ ᠬᠠᠷᠠᠭᠠᠲᠠᠨ ᠣᠯᠠᠰᠢᠷᠠᠵᠤ ᠪᠠᠶᠢᠬᠤ ᠶᠢᠨ ᠭᠤᠣᠯ ᠰᠢᠯᠲᠠᠭᠠᠨ ᠨᠢ ᠨᠢᠳᠦ ᠪᠠᠨ ᠵᠦᠪ ᠰᠠᠶᠢᠬᠠᠨ ᠵᠠᠷᠤᠵᠤ ᠴᠢᠳᠠᠬᠤ ᠦᠭᠡᠢ ᠳᠤ ᠪᠠᠶᠢᠨ᠎ᠠ᠃ ᠤᠷᠳᠤ ᠴᠠᠭ ᠢᠶᠠᠷ ᠺᠣᠮᠫᠢᠦ᠋ᠲ᠋ᠧᠷ ᠳᠡᠭᠡᠷ᠎ᠡ  ︵ᠲᠣᠣᠷ ᠰᠦᠯᠵᠢᠶᠡᠨ ᠳᠤ︶ ᠲᠣᠭᠯᠠᠭᠠᠮ ᠨᠠᠭᠠᠳᠬᠤ ᠨᠢ ᠬᠠᠮᠤᠭ ᠤᠨ ᠶᠡᠭᠡ ᠬᠤᠣᠷ ᠬᠦᠨᠦᠭᠡᠯ ᠢ ᠠᠪᠴᠢᠷᠠᠵᠤ ᠪᠠᠶᠢᠨ᠎ᠠ᠃ ᠰᠤᠷᠤᠭᠴᠢ ᠪᠠᠭᠠᠴᠤᠳ ᠲᠤ ᠠᠪᠴᠤ ᠬᠡᠯᠡᠪᠡᠯ ᠨᠣᠮ ᠪᠢᠴᠢᠭ ᠪᠣᠶᠣ ᠺᠣᠮᠫᠢᠦ᠋ᠲ᠋ᠧᠷ ᠵᠠᠷᠤᠬᠤ᠂ ᠰᠦᠯᠵᠢᠶᠡᠨ ᠳᠤ ᠭᠠᠷᠬᠤ ᠳᠤ 50 ᠮᠢᠨᠦ᠋ᠲ ᠣᠷᠴᠢᠮ ᠦᠵᠡᠬᠦ ᠪᠦᠷᠢ ᠳᠤ ᠳᠤᠮᠳᠠ ᠨᠢ ᠨᠢᠳᠦ ᠪᠠᠨ ᠪᠠᠭ᠎ᠠ ᠠᠮᠤᠰᠬᠢᠭᠦᠯᠵᠦ ᠠᠪᠤᠪᠠᠯ ᠵᠣᠬᠢᠨ᠎ᠠ᠃      ︵4︶ ᠬᠡᠥᠭᠡᠳ ᠤᠨ ᠶᠠᠭᠤᠮ᠎ᠠ ᠦᠵᠡᠬᠦ᠂ ᠳᠠᠷᠤᠢ ᠨᠣᠮ ᠪᠢᠴᠢᠭ᠂ ᠲᠧᠯᠸᠢᠰ ᠵᠡᠷᠭᠡ ᠶᠢ ᠦᠵᠡᠬᠦ ᠳᠤ ᠭᠡᠷᠡᠯ ᠭᠡᠭᠡ ᠶᠢᠨ ᠠᠰᠠᠭᠤᠳᠠᠯ ᠲᠤᠩ ᠴᠢᠬᠤᠯᠠ ᠪᠠᠶᠢᠳᠠᠭ᠂ ᠬᠡᠳᠤ ᠬᠤᠷᠴᠠ ᠭᠡᠷᠡᠯ ᠤᠨ ᠳᠣᠣᠷ᠎ᠠ ᠶᠠᠭᠤᠮ᠎ᠠ ᠦᠵᠡᠬᠦ᠂ ᠪᠦᠲᠡᠬᠢ ᠭᠡᠷᠡᠯ ᠳᠤ ᠶᠠᠭᠤᠮ᠎ᠠ ᠦᠵᠡᠬᠦ ᠵᠡᠷᠭᠡ ᠨᠢ ᠨᠢᠳᠤᠨ ᠳᠤ ᠪᠦᠷ ᠬᠠᠯᠠ ᠲᠠᠢ ᠪᠠᠶᠢᠳᠠᠭ ᠠᠴᠠ ᠡᠭᠦᠨ ᠢ ᠠᠩᠬᠠᠷᠤᠭᠤᠯᠤᠨ᠎ᠠ᠃ ᠪᠠᠭᠠᠴᠤᠳ ᠢ ᠳᠤᠲᠠᠭᠤ ᠰᠢᠭ᠋ ᠲᠧᠯᠸᠢᠰ ᠦᠵᠡᠭᠦᠯᠬᠦ ᠠᠴᠠ ᠭᠠᠳᠠᠨ᠎ᠠ ᠲᠡᠳᠡᠨ ᠤ ᠺᠣᠮᠫᠢᠦ᠋ᠲ᠋ᠧᠷ ᠤᠨ ᠪᠣᠶᠣ ᠭᠠᠷ ᠤᠲᠠᠰᠤᠨ ᠤ ᠲᠣᠭᠯᠠᠭᠠᠮ ᠨᠠᠭᠠᠳᠬᠤ ᠶᠢ ᠬᠢᠵᠠᠭᠠᠷᠯᠠᠵᠤ ᠪᠠᠶᠢᠪᠠᠯ ᠵᠣᠬᠢᠨ᠎ᠠ᠃      5. ᠡᠩ ᠤᠨ ᠪᠠᠶᠢᠳᠠᠯ ᠤᠨ ᠳᠣᠣᠷ᠎ᠠ ᠬᠡᠥᠭᠡᠳ ᠨᠢ 4 ᠨᠠᠰᠤ ᠬᠦᠷᠪᠡᠯ ᠡᠮᠨᠡᠯᠭᠡ ᠶᠢᠨ ᠬᠤᠷᠢᠶᠠᠨ ᠳᠤ ᠬᠦᠷᠴᠤ ᠨᠢᠳᠤᠨ ᠤ ᠪᠠᠶᠢᠳᠠᠯ ᠢ ᠨᠢ ᠪᠠᠶᠢᠴᠠᠭᠠᠯᠭᠠᠵᠤ ᠪᠣᠯᠬᠤ ᠪᠦᠭᠡᠳ ᠠᠰᠠᠭᠤᠳᠠᠯ ᠲᠠᠢ ᠪᠠᠶᠢᠪᠠᠯ ᠳᠠᠷᠤᠶᠢᠬᠠᠨ ᠠᠷᠭ᠎ᠠ ᠬᠡᠮᠵᠢᠶ᠎ᠡ ᠠᠪᠤᠪᠠᠯ ᠰᠠᠶᠢᠨ ᠪᠠᠶᠢᠳᠠᠭ᠃ ᠰᠤᠷᠭᠠᠭᠤᠯᠢ ᠳᠤ ᠣᠷᠤᠭᠰᠠᠨ ᠬᠡᠥᠭᠡᠳ ᠤᠨ ᠨᠢᠳᠦ ᠶᠢ ᠨᠡᠩ ᠢᠯᠡᠭᠦᠦ ᠠᠩᠬᠠᠷᠴᠤ ᠪᠠᠶᠢᠬᠤ ᠬᠡᠷᠡᠭᠲᠡᠢ᠃ ᠪᠣᠳᠠᠳᠤ ᠪᠠᠶᠢᠳᠠᠯ ᠠᠴᠠ ᠡᠭᠦᠰᠴᠤ ᠨᠢᠳᠤᠨ ᠬᠠᠷᠠᠭ᠎ᠠ ᠶᠢᠨ ᠪᠠᠶᠢᠴᠠᠭᠠᠯᠲᠠ ᠬᠢᠯᠭᠡᠵᠤ ᠠᠰᠠᠭᠤᠳᠠᠯ ᠭᠠᠷᠴᠤ ᠪᠠᠶᠢᠪᠠᠯ ᠳᠠᠷᠤᠶᠢᠬᠠᠨ ᠠᠷᠭ᠎ᠠ ᠬᠡᠮᠵᠢᠶ᠎ᠡ ᠠᠪᠴᠤ ᠣᠶᠢᠷ᠎ᠠ ᠬᠠᠷᠠᠭ᠎ᠠ ᠪᠣᠯᠬᠤ ᠪᠣᠶᠣ ᠣᠶᠢᠷ᠎ᠠ ᠬᠠᠷᠠᠭ᠎ᠠ ᠨᠢ ᠬᠡᠴᠡᠭᠦᠳᠡᠬᠦ ᠠᠴᠠ ᠰᠡᠷᠭᠡᠶᠢᠯᠡᠨ᠎ᠡ᠃ ᠴᠢᠬᠤᠯᠠ ᠲᠠᠢ ᠦᠶ᠎ᠡ ᠳᠤ ᠰᠢᠯ ᠲᠠᠭᠠᠷᠠᠭᠤᠯᠵᠤ ᠦᠭᠬᠦ ᠬᠡᠷᠡᠭᠲᠡᠢ᠃      6. ᠰᠤᠷᠭᠠᠭᠤᠯᠢ ᠳᠤ ᠣᠷᠤᠭᠰᠠᠨ ᠬᠡᠥᠭᠡᠳ ᠢ ᠰᠤᠷᠭᠠᠭᠤᠯᠢ ᠶᠢᠨ ᠱᠠᠭᠠᠷᠳᠠᠯᠭ᠎ᠠ ᠲᠠᠢ ᠤᠶᠠᠯᠳᠤᠭᠤᠯᠵᠤ ᠨᠢᠳᠦᠨ ᠲᠠᠮᠢᠷ ᠢ ᠵᠣᠬᠢᠰᠲᠠᠢ ᠰᠠᠶᠢᠨ ᠠᠰᠢᠭᠯᠠᠵᠤ᠂ ᠪᠠᠷᠢᠮᠳᠠᠯᠠᠵᠤ ᠴᠢᠳᠠᠬᠤ ᠪᠣᠯᠭᠠᠬᠤ ᠬᠡᠷᠡᠭᠲᠡᠢ᠃      ᠬᠤᠶᠠᠷ᠂ ᠪᠡᠶ᠎ᠡ ᠪᠠᠷ ᠪᠠᠨ ᠬᠡᠪ ᠵᠢᠱᠢᠶ᠎ᠡ ᠪᠣᠯᠵᠤ ᠪᠠᠶᠢᠬᠤ ᠬᠡᠷᠡᠭᠲᠡᠢ᠃      ᠬᠡᠥᠭᠡᠳ ᠢ ᠨᠢᠳᠦ ᠪᠠᠨ ᠵᠦᠪ ᠰᠠᠶᠢᠬᠠᠨ ᠵᠠᠷᠤᠵᠤ ᠴᠢᠳᠠᠬᠤ ᠪᠣᠯᠭᠠᠨ ᠬᠦᠮᠦᠵᠢᠭᠦᠯᠬᠦ ᠳᠤ ᠭᠡᠷ ᠤᠨ ᠠᠬᠠᠮᠠᠳ ᠠᠯᠢ ᠴᠢᠳᠠᠬᠤ ᠪᠠᠷ ᠪᠡᠶ᠎ᠡ ᠪᠠᠷ ᠢᠶᠠᠨ ᠬᠡᠪ ᠳᠦᠷᠢᠮ ᠪᠣᠯᠵᠤ ᠪᠠᠶᠢᠬᠤ ᠬᠡᠷᠡᠭᠲᠡᠢ᠃ ᠬᠡᠥᠭᠡᠳ ᠢᠶᠠᠨ ᠶᠠᠭᠠᠬᠢᠵᠤ ᠬᠢ᠂ ᠶᠠᠭᠤ ᠶᠢ ᠠᠩᠬᠠᠷ ᠭᠡᠵᠤ ᠱᠠᠭᠠᠷᠳᠠᠭᠰᠠᠨ ᠪᠣᠯ ᠬᠡᠥᠭᠡᠳ ᠤᠨ ᠢᠶᠠᠨ ᠬᠠᠵᠠᠭᠤ ᠳᠤ ᠦᠪᠡᠷ ᠢᠶᠠᠨ ᠲᠡᠭᠡᠵᠦ ᠬᠢᠵᠤ ᠪᠠᠶᠢᠬᠤ ᠬᠡᠷᠡᠭᠲᠡᠢ᠃ ᠵᠠᠷᠢᠮ ᠵᠤᠶᠢᠯ ᠤᠨ ᠵᠠᠩ ᠳᠠᠳᠬᠠᠯ ᠢ ᠬᠡᠥᠭᠡᠳ ᠠᠬᠠᠮᠠᠳ ᠬᠦᠮᠦᠨ ᠠᠴᠠ ᠪᠠᠨ ᠬᠢᠯᠪᠠᠷᠬᠠᠨ ᠰᠤᠷᠳᠠᠭ ᠠᠴᠠ ᠪᠢᠳᠡ ᠵᠠᠪᠠᠯ ᠰᠠᠶᠢᠨ ᠲᠠᠯ᠎ᠠ ᠶᠢᠨ ᠦᠯᠢᠭᠡᠷ ᠵᠢᠱᠢᠶ᠎ᠡ ᠪᠣᠯᠵᠤ ᠪᠠᠶᠢᠬᠤ ᠬᠡᠷᠡᠭᠲᠡᠢ᠃ ᠵᠢᠱᠢᠶᠡᠯᠡᠪᠡᠯ᠂ ᠨᠣᠮ ᠪᠢᠴᠢᠭ ᠦᠵᠡᠬᠦ᠂ ᠲᠧᠯᠸᠢᠰ ᠦᠵᠡᠬᠦ᠂ ᠪᠢᠷ ᠪᠠᠷᠢᠵᠤ ᠦᠰᠦᠭ ᠪᠢᠴᠢᠬᠦ ᠶᠢᠨ ᠵᠠᠢ ᠬᠡᠮᠵᠢᠶ᠎ᠡ᠂ ᠬᠡᠯᠪᠡᠷᠢ ᠪᠠᠶᠢᠳᠠᠯ ᠂ ᠭᠡᠷᠡᠯ ᠭᠡᠭᠡ᠂ ᠴᠠᠭ ᠬᠡᠮᠵᠢᠶ᠎ᠡ ᠪᠠᠨ ᠵᠣᠬᠢᠰᠲᠠᠢ ᠪᠠᠶᠢᠯᠭᠠᠬᠤ  ᠃ ᠨᠢᠳᠦᠨ ᠤ ᠡᠷᠡᠭᠦᠯ ᠬᠠᠮᠠᠭᠠᠯᠠᠯ ᠢ ᠪᠠᠲᠤᠯᠠᠬᠤ ᠲᠠᠯ᠎ᠠ ᠠᠴᠠ ᠦᠪᠡᠷ ᠤᠨ ᠠᠯᠴᠢᠭᠤᠷ ᠢᠶᠠᠨ ᠵᠠᠷᠤᠬᠤ ᠵᠡᠷᠭᠡ ᠳᠤ ᠬᠦᠷᠲᠡᠯ᠎ᠡ ᠬᠡᠪ ᠳᠠᠭᠤᠷᠢᠶᠠᠯ ᠪᠣᠯᠵᠤ ᠪᠠᠶᠢᠪᠠᠯ ᠵᠣᠬᠢᠨ᠎ᠠ᠃      ᠬᠡᠥᠭᠡᠳ ᠤᠨ ᠢᠶᠠᠨ ᠨᠢᠳᠤᠨ ᠤ ᠠᠰᠠᠭᠤᠳᠠᠯ ᠢ ᠠᠩᠬᠠᠷᠤᠯ ᠳᠠᠭᠠᠨ ᠠᠪᠴᠤ᠂ ᠬᠦᠮᠦᠵᠢᠯ ᠢ ᠴᠢᠩᠭᠠᠳᠬᠠᠨ ᠰᠠᠶᠢᠨ ᠰᠢᠭ᠋ ᠵᠠᠩ ᠳᠠᠳᠬᠠᠯ ᠢ ᠬᠦᠮᠦᠵᠢᠭᠦᠯᠵᠦ ᠴᠢᠳᠠᠪᠠᠯ ᠲᠦᠷᠤᠯᠬᠢ ᠶᠢᠨ ᠤᠳᠤᠮᠯᠠᠯ ᠤᠨ ᠴᠢᠨᠠᠷᠲᠠᠢ ᠣᠶᠢᠷ᠎ᠠ ᠬᠠᠷᠠᠭ᠎ᠠ ᠠᠴᠠ ᠭᠠᠳᠠᠨᠠᠬᠢ ᠣᠶᠢᠷ᠎ᠠ ᠬᠠᠷᠠᠭ᠎ᠠ ᠪᠣᠯᠬᠤ ᠶᠢ ᠪᠦᠷ ᠰᠡᠷᠭᠡᠶᠢᠯᠡᠵᠦ ᠪᠣᠯᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号