ᠣᠩᠨᠢᠭᠤᠳ ᠬᠤᠰᠢᠭᠤᠨ ᠤ 1-4 ᠰᠠᠷ᠎ᠠ ᠳᠤ ᠲᠠᠷᠬᠠᠭᠠᠭᠰᠠᠨ ︽ᠨᠢᠭᠡ ᠺᠠᠷᠲ ᠢᠶᠠᠷ ᠣᠯᠭᠤᠬᠤ︾ ᠠᠷᠠᠳ ᠲᠤ ᠠᠰᠢᠭ ᠬᠦᠷᠲᠡᠭᠡᠬᠦ ᠨᠦᠬᠦᠪᠦᠷᠢ ᠶᠢᠨ ᠪᠡᠯᠡ ᠮᠦᠩᠬᠦ 2.42 ᠳ᠋ᠦᠩᠰᠢᠭᠤᠷ ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2016/12/7
     1- 4 ᠰᠠᠷ᠎ᠠ ᠳᠤ᠂ ᠮᠠᠨ ᠤ ᠬᠤᠰᠢᠭᠤ ︽ᠨᠢᠭᠡ ᠺᠠᠷᠲ ᠢᠶᠠᠷ ᠣᠯᠭᠤᠬᠤ︾ ᠪᠠᠷ ᠳᠠᠮᠵᠢᠨ ᠲᠠᠷᠬᠠᠭᠠᠭᠰᠠᠨ ᠡᠯ᠎ᠡ ᠲᠦᠷᠤᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠦᠬᠦᠪᠦᠷᠢ ᠶᠢᠨ ᠪᠡᠯᠡ ᠮᠦᠩᠬᠦ 2.42 ᠳ᠋ᠦᠩᠰᠢᠭᠤᠷ ᠲᠦᠭᠦᠷᠢᠭ ᠲᠤ ᠬᠦᠷᠴᠤ᠂ ᠨᠦᠬᠦᠪᠦᠷᠢ ᠶᠢᠨ ᠪᠡᠯᠡ ᠮᠦᠩᠬᠦ 8 ᠬᠦᠷᠢᠶ᠎ᠡ ᠬᠡᠪᠴᠢᠶ᠎ᠡ 21ᠲᠦᠷᠤᠯ 25 ᠵᠤᠶᠢᠯ ᠳᠤ ᠬᠤᠯᠪᠤᠭᠳᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠲᠤ 19.87 ᠲᠦᠮᠡᠨ ᠬᠦᠮᠦᠨ ᠤᠳᠠᠭ᠎ᠠ ᠠᠰᠢᠭ ᠣᠯᠭᠤᠵᠠᠢ᠃      ᠨᠦᠬᠦᠪᠦᠷᠢ ᠶᠢᠨ ᠪᠡᠯᠡ ᠮᠦᠩᠬᠦ ᠶᠢᠨ ᠪᠦᠷᠬᠦᠬᠦᠯᠦᠭᠰᠡᠨ ᠬᠦᠷᠢᠶ᠎ᠡ ᠬᠡᠪᠴᠢᠶᠡᠨ ᠠᠴᠠ ᠦᠵᠡᠪᠡᠯ᠂ ᠭᠤᠣᠯ ᠨᠢ ᠲᠠᠷᠢᠶᠠᠯᠠᠩ ᠤᠨ ᠲᠦᠷᠤᠯ ᠤᠨ ᠨᠦᠬᠦᠪᠦᠷᠢ 4610.09 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ 19.05℅ ᠢ ᠡᠵᠡᠯᠡᠵᠦ᠂ ᠡᠭᠦᠨ ᠤ ᠳᠤᠮᠳᠠ ᠲᠠᠷᠢᠶᠠᠯᠠᠩ ᠤᠨ ᠳᠠᠭᠠᠳᠬᠠᠯ ᠤᠨ ᠲᠦᠯᠦᠪᠤᠷᠢ 4610.09 ᠲᠦᠮᠡᠨ ᠲᠦᠭᠦᠷᠢᠭ᠂ ᠲᠠᠷᠢᠶᠠᠯᠠᠩ ᠤᠨ ᠮᠠᠰᠢᠨ ᠲᠦᠭᠦᠭᠡᠷᠤᠮᠵᠢ ᠬᠤᠳᠠᠯᠳᠤᠨ ᠠᠪᠬᠤ ᠨᠦᠬᠦᠪᠦᠷᠢ 278.92 ᠲᠦᠮᠡᠨ ᠲᠦᠭᠦᠷᠢᠭ︔ ᠣᠢ ᠰᠢᠭᠤᠢ ᠶᠢᠨ ᠲᠦᠷᠤᠯ ᠤᠨ ᠨᠦᠬᠦᠪᠦᠷᠢ 5892.01 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠣᠭᠠᠨ ᠤ 24.35℅ ᠶᠢ ᠡᠵᠡᠯᠡᠵᠦ᠂ ᠡᠭᠦᠨ ᠤ ᠳᠤᠮᠳᠠ ᠲᠠᠷᠢᠶᠠᠯᠠᠬᠤ ᠶᠢ ᠵᠣᠭᠰᠤᠭᠠᠵᠤ ᠣᠶᠢᠵᠢᠭᠤᠯᠬᠤ ᠨᠦᠭᠦᠪᠤᠷᠢ 2794.87 ᠲᠦᠮᠡᠨ ᠲᠦᠭᠦᠷᠢᠭ᠂ ᠣᠢ ᠰᠢᠭᠤᠢ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ 3097.14 ᠲᠦᠮᠡᠨ ᠲᠦᠭᠦᠷᠢᠭ︔ ᠪᠦᠲᠤᠭᠡᠨ ᠪᠠᠶᠢᠭᠤᠯᠤᠯᠲᠠ ᠶᠢᠨ ᠲᠦᠷᠤᠯ ᠤᠨ ᠨᠦᠬᠦᠪᠦᠷᠢ 9295 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ 38.41℅ ᠢ ᠡᠵᠡᠯᠡᠨ᠎ᠡ︔ ᠮᠠᠯ ᠠᠵᠤ ᠠᠬᠤᠢ ᠶᠢᠨ ᠲᠦᠷᠤᠯ ᠤᠨ ᠨᠦᠬᠦᠪᠦᠷᠢ 1980.42 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ 8.18℅ ᠢ ᠡᠵᠡᠯᠡᠨ᠎ᠡ︔ ᠴᠠᠯᠢᠩ ᠤᠨ ᠲᠦᠷᠤᠯ ᠤᠨ ᠨᠦᠬᠦᠪᠦᠷᠢ 996.42 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ4.12℅ ᠢ ᠡᠵᠡᠯᠡᠨ᠎ᠡ︔ ᠪᠣᠰᠤᠳ ᠲᠦᠷᠤᠯ ᠤᠨ ᠨᠦᠬᠦᠪᠦᠷᠢ 1426.06 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ5.89℅ ᠢ ᠡᠵᠡᠯᠡᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号