ᠣᠩᠨᠢᠭᠤᠳ ᠬᠤᠰᠢᠭᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠢᠨᠵᠧᠨᠧᠷᠢᠩ ᠬᠠᠰ ᠯᠤᠤ ᠮᠠᠩᠬᠠᠨ ᠨᠠᠭᠤᠷ ᠤᠨ ᠵᠣᠭᠠᠴᠠᠯ ᠤᠨ ᠵᠠᠮ 1000 ᠲᠦᠮᠡᠨ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/12/7
    ᠣᠩᠨᠢᠭᠤᠳ ᠬᠤᠰᠢᠭᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠢᠨᠵᠧᠨᠧᠷᠢᠩ ᠬᠠᠰ ᠯᠣᠣ ᠮᠠᠩᠬᠠᠨ ᠨᠠᠭᠤᠷ ᠤᠨ ᠵᠣᠭᠠᠴᠠᠯ ᠤᠨ ᠵᠠᠮ ᠪᠦᠬᠦ ᠤᠷᠳᠤ ᠨᠢ 29 ᠺᠢᠯᠤᠮᠧᠲᠷ᠂ ᠶᠡᠷᠤᠩᠭᠡᠢ ᠪᠡᠯᠡ ᠣᠷᠤᠭᠤᠯᠤᠯᠲᠠ ᠨᠢ 1.37 ᠳ᠋ᠦᠩᠰᠢᠭᠤᠷ ᠲᠦᠭᠦᠷᠢᠭ᠂ ᠵᠢᠱᠢᠬᠦ ᠪᠠᠷ 9 ᠰᠠᠷ᠎ᠠ ᠶᠢᠨ ᠰᠡᠭᠦᠯᠴᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠎ᠡ᠃ ᠲᠤᠰ ᠵᠠᠮ ᠢ 4 ᠰᠠᠷ᠎ᠠ ᠶᠢᠨ 9 ᠤ ᠡᠳᠦᠷ ᠡᠬᠢᠯᠡᠨ ᠪᠠᠶᠢᠭᠤᠯᠵᠤ᠂ ᠣᠳᠤ ᠪᠣᠯᠲᠠᠯ᠎ᠠ ᠪᠦᠬᠦ ᠵᠠᠮ ᠤᠨ ᠰᠠᠭᠤᠷᠢ ᠶᠢᠨ ᠨᠢᠭᠤᠷ᠂ 16 ᠺᠢᠯᠤᠮᠧᠲᠷ ᠵᠠᠮ ᠤᠨ ᠰᠠᠭᠤᠷᠢ ᠶᠢᠨ ᠮᠧᠲᠷ ᠰᠢᠷᠤᠢ᠂ 2 ᠭᠤᠯᠳᠤᠩ ᠬᠦᠨᠳᠡᠢ ᠶᠢ ᠨᠢᠭᠡᠨᠲᠡ ᠪᠡᠶᠡᠯᠡᠭᠦᠯᠵᠦ᠂ ᠵᠢᠭᠤᠷᠠᠵᠤ ᠨᠡᠶᠢᠯᠡᠭᠦᠯᠬᠦ ᠲᠠᠯᠠᠪᠠᠢ ᠪᠠ ᠤᠷᠢᠳᠴᠢᠯᠠᠨ ᠤᠶᠢᠯᠡᠳᠬᠦ ᠲᠠᠯᠠᠪᠠᠢ ᠲᠤᠰ ᠪᠦᠷᠢ ᠨᠢᠭᠡ ᠶᠢ ᠰᠢᠨ᠎ᠡ ᠪᠠᠷ ᠪᠠᠶᠢᠭᠤᠯᠵᠤ᠂ ᠲᠦᠷ ᠴᠠᠭ ᠤᠨ ᠵᠠᠮ ᠢ 4.3 ᠺᠢᠯᠤᠮᠧᠲᠷ ᠵᠠᠰᠠᠨ ᠪᠠᠶᠢᠭᠤᠯᠤᠨ᠂ 250 ᠲᠦᠮᠡᠨ ᠲᠦᠭᠦᠷᠢᠭ ᠤᠨ ᠮᠠᠲ᠋ᠧᠷᠢᠶᠠᠯ ᠪᠡᠯᠡᠳᠭᠡᠵᠤ᠂ ᠨᠡᠶᠢᠲᠡ 1000 ᠲᠦᠮᠡᠨ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号