ᠣᠩᠨᠢᠭᠤᠳ ᠬᠤᠰᠢᠭᠤᠨ ᠤ 6 ᠰᠠᠷ᠎ᠠ ᠳᠤ ᠲᠠᠷᠬᠠᠭᠠᠭᠰᠠᠨ ︽ᠨᠢᠭᠡ ᠺᠠᠷᠲ ᠢᠶᠠᠷ ᠣᠯᠭᠤᠬᠤ︾ ᠠᠷᠠᠳ  ᠲᠤ ᠠᠰᠢᠭ ᠬᠦᠷᠲᠡᠭᠡᠬᠦ ᠨᠦᠬᠦᠪᠦᠷᠢ ᠶᠢᠨ ᠪᠡᠯᠡ ᠮᠦᠩᠬᠦ 994.64 ᠲᠦᠮᠡᠨ ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2016/12/7
     6 ᠰᠠᠷ᠎ᠠ ᠳᠤ᠂ ᠣᠩᠨᠢᠭᠤᠳ ᠬᠤᠰᠢᠭᠤ ︽ᠨᠢᠭᠡ ᠺᠠᠷᠲ ᠢᠶᠠᠷ ᠣᠯᠭᠤᠬᠤ︾ ᠪᠠᠷ ᠳᠠᠮᠵᠢᠨ ᠲᠠᠷᠬᠠᠭᠠᠭᠰᠠᠨ ᠡᠯ᠎ᠡ ᠲᠦᠷᠤᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠦᠬᠦᠪᠦᠷᠢ ᠶᠢᠨ ᠪᠡᠯᠡ ᠮᠦᠩᠬᠦ 99434 ᠲᠦᠮᠡᠨ ᠲᠦᠭᠦᠷᠢᠭ ᠲᠤ ᠬᠦᠷᠴᠤ᠂2015 ᠣᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 128.4 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 14.82℅᠃ ᠨᠦᠬᠦᠪᠦᠷᠢ ᠶᠢᠨ ᠪᠡᠯᠡ ᠮᠦᠩᠬᠦ ᠨᠢ ᠲᠠᠷᠢᠶᠠᠯᠠᠩ᠂ ᠮᠠᠯ ᠠᠵᠤ ᠠᠬᠤᠢ᠂ ᠣᠢ ᠰᠢᠭᠤᠢ᠂ ᠨᠡᠶᠢᠭᠡᠮ ᠤᠨ ᠪᠠᠲᠤᠯᠠᠭ᠎ᠠ ᠵᠡᠷᠭᠡ ᠳᠦᠷᠪᠡᠨ ᠶᠡᠭᠡ ᠬᠦᠷᠢᠶ᠎ᠡ ᠬᠡᠪᠴᠢᠶᠡᠨ ᠳᠤ ᠬᠤᠯᠪᠤᠭᠳᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠲᠤ 32.51 ᠲᠦᠮᠡᠨ ᠬᠦᠮᠦᠨ ᠤᠳᠠᠭ᠎ᠠ ᠠᠰᠢᠭ ᠣᠯᠭᠤᠵᠠᠢ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号