1-6 ᠰᠠᠷ᠎ᠠ ᠳᠤ᠂ ᠣᠩᠨᠢᠭᠤᠳ ᠬᠤᠰᠢᠭᠤ ︽ᠨᠢᠭᠡ ᠺᠠᠷᠲ ᠢᠶᠠᠷ ᠣᠯᠭᠤᠬᠤ︾ ᠪᠠᠷ ᠳᠠᠮᠵᠢᠨ ᠲᠠᠷᠬᠠᠭᠠᠭᠰᠠᠨ | ᠡᠯ᠎ᠡ ᠲᠦᠷᠤᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠦᠬᠦᠪᠦᠷᠢ ᠶᠢᠨ ᠪᠡᠯᠡ ᠮᠦᠩᠬᠦ 2.95 | ᠳ᠋ᠦᠩᠰᠢᠭᠤᠷ ᠲᠦᠭᠦᠷᠢᠭ ᠲᠤ ᠬᠦᠷᠴᠤ᠂ ᠶᠡᠷᠤᠩᠭᠡᠢ ᠲᠤᠭ᠎ᠠ ᠨᠢ ᠪᠦᠬᠦ ᠬᠤᠲᠠ ᠳᠤ ᠲᠡᠷᠢᠭᠦᠯᠡᠵᠡᠢ᠂ 2015 ᠣᠨ | ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ ᠲᠠᠷᠬᠠᠭᠠᠭᠰᠠᠨ ᠶᠡᠷᠤᠩᠭᠡᠢ ᠲᠤᠭ᠎ᠠ ᠨᠢ 2200 ᠲᠦᠮᠡᠨ ᠲᠦᠭᠦᠷᠢᠭ | ᠨᠡᠮᠡᠭᠳᠡᠵᠦ᠂ ᠨᠡᠮᠡᠭᠳᠡᠴᠡ ᠨᠢ 8.06℅᠃ ᠨᠦᠬᠦᠪᠦᠷᠢ ᠶᠢᠨ ᠮᠦᠩᠬᠦ ᠨᠢ8 ᠬᠦᠷᠢᠶ᠎ᠡ ᠬᠡᠪᠴᠢᠶ᠎ᠡ 22 ᠲᠦᠷᠤᠯ | 28 ᠵᠣᠷᠪᠤᠰ ᠲᠤ ᠬᠤᠯᠪᠤᠭᠳᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠲᠤ 31.49 ᠲᠦᠮᠡᠨ ᠬᠦᠮᠦᠨ | ᠤᠳᠠᠭ᠎ᠠ ᠠᠰᠢᠭ ᠣᠯᠭᠤᠪᠠ᠃ | ᠨᠦᠬᠦᠪᠦᠷᠢ ᠶᠢᠨ ᠪᠡᠯᠡ ᠮᠦᠩᠬᠦ ᠶᠢᠨ ᠪᠦᠷᠬᠦᠬᠦᠯᠦᠭᠰᠡᠨ ᠬᠦᠷᠢᠶ᠎ᠡ ᠬᠡᠪᠴᠢᠶᠡᠨ ᠠᠴᠠ ᠦᠵᠡᠪᠡᠯ᠂ ᠭᠤᠣᠯ ᠨᠢ | ᠲᠠᠷᠢᠶᠠᠯᠠᠩ ᠤᠨ ᠲᠦᠷᠤᠯ ᠤᠨ ᠨᠦᠬᠦᠪᠦᠷᠢ 6553.75 ᠲᠦᠮᠡᠨ ᠲᠦᠭᠦᠷᠢᠭ᠂ 22.22℅ ᠢ ᠡᠵᠡᠯᠡᠨ᠎ᠡ ᠂ | ᠡᠭᠦᠨ ᠤ ᠳᠤᠮᠳᠠ ᠲᠠᠷᠢᠶᠠᠯᠠᠩ ᠤᠨ ᠳᠠᠭᠠᠳᠬᠠᠯ ᠤᠨ ᠲᠦᠯᠦᠪᠦᠷᠢ 5861.58 ᠲᠦᠮᠡᠨ ᠲᠦᠭᠦᠷᠢᠭ᠂ | ᠲᠠᠷᠢᠶᠠᠯᠠᠩ ᠤᠨ ᠮᠠᠰᠢᠨ ᠲᠦᠭᠦᠭᠡᠷᠤᠮᠵᠢ ᠬᠤᠳᠠᠯᠳᠤᠨ ᠠᠪᠬᠤ ᠨᠦᠬᠦᠪᠦᠷᠢ 278.92 ᠲᠦᠮᠡᠨ ᠲᠦᠭᠦᠷᠢᠭ︔ ᠣᠢ | ᠰᠢᠭᠤᠢ ᠶᠢᠨ ᠲᠦᠷᠤᠯ ᠤᠨ ᠨᠦᠬᠦᠪᠦᠷᠢ 7153.9 ᠲᠦᠮᠡᠨ ᠲᠦᠭᠦᠷᠢᠭ᠂24.25℅ ᠢ ᠡᠵᠡᠯᠡᠵᠦ᠂ ᠡᠭᠦᠨ ᠤ | ᠳᠤᠮᠳᠠ ᠲᠠᠷᠢᠶᠠᠯᠠᠬᠤ ᠶᠢ ᠵᠣᠭᠰᠤᠭᠠᠵᠤ ᠣᠶᠢᠵᠢᠭᠤᠯᠬᠤ ᠨᠦᠬᠦᠪᠦᠷᠢ 3062.85 ᠲᠦᠮᠡᠨ ᠲᠦᠭᠦᠷᠢᠭ᠂ ᠣᠢ | ᠰᠢᠭᠤᠢ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ 4091.05 ᠲᠦᠮᠡᠨ ᠲᠦᠭᠦᠷᠢᠭ︔ ᠪᠦᠲᠤᠭᠡᠨ | ᠪᠠᠶᠢᠭᠤᠯᠤᠯᠲᠠ ᠶᠢᠨ ᠲᠦᠷᠤᠯ ᠤᠨ ᠨᠦᠬᠦᠪᠦᠷᠢ 9305.3 ᠲᠦᠮᠡᠨ ᠲᠦᠭᠦᠷᠢᠭ᠂ 31.54℅ ᠢ ᠡᠵᠡᠯᠡᠨ᠎ᠡ︔ | ᠮᠠᠯ ᠠᠵᠤ ᠠᠬᠤᠢ ᠶᠢᠨ ᠲᠦᠷᠤᠯ ᠤᠨ ᠨᠦᠬᠦᠪᠦᠷᠢ 2356.87 ᠲᠦᠮᠡᠨ ᠲᠦᠭᠦᠷᠢᠭ᠂ 7.99℅ ᠢ ᠡᠵᠡᠯᠡᠨ᠎ᠡ︔ | ᠴᠠᠯᠢᠩ ᠤᠨ ᠲᠦᠷᠤᠯ ᠤᠨ ᠨᠦᠬᠦᠪᠦᠷᠢ 1133.79 ᠲᠦᠮᠡᠨ ᠲᠦᠭᠦᠷᠢᠭ᠂ 3.84℅ ᠢ ᠡᠵᠡᠯᠡᠨ᠎ᠡ︔ ᠪᠣᠰᠤᠳ | ᠲᠦᠷᠤᠯ ᠤᠨ ᠨᠦᠬᠦᠪᠦᠷᠢ 2996.39 ᠲᠦᠮᠡᠨ ᠲᠦᠭᠦᠷᠢᠭ᠂ 10.16℅ ᠢ ᠡᠵᠡᠯᠡᠨ᠎ᠡ᠃ | |