2016 ᠣᠨ ᠤ ᠬᠤᠶᠠᠳᠤᠭᠠᠷ ᠤᠯᠠᠷᠢᠯ ᠳᠤ᠂ ᠣᠩᠨᠢᠭᠤᠳ ᠬᠤᠰᠢᠭᠤ ︽ᠨᠢᠭᠡ ᠺᠠᠷᠲ ᠢᠶᠠᠷ ᠣᠯᠭᠤᠬᠤ︾ | ᠪᠠᠷ ᠳᠠᠮᠵᠢᠨ ᠲᠠᠷᠬᠠᠭᠠᠭᠰᠠᠨ ᠡᠯ᠎ᠡ ᠲᠦᠷᠤᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠦᠬᠦᠪᠦᠷᠢ ᠶᠢᠨ | ᠪᠡᠯᠡ ᠮᠦᠩᠬᠦ 1.4 ᠳ᠋ᠦᠩᠰᠢᠭᠤᠷ ᠲᠦᠭᠦᠷᠢᠭ ᠲᠤ ᠬᠦᠷᠴᠤ᠂ ᠶᠡᠷᠤᠩᠭᠡᠢ ᠲᠤᠭ᠎ᠠ ᠨᠢ ᠪᠦᠬᠦ ᠬᠤᠲᠠ ᠳᠤ | ᠲᠡᠷᠢᠭᠦᠯᠡᠵᠡᠢ᠂ 2015 ᠣᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ ᠲᠠᠷᠬᠠᠭᠠᠭᠰᠠᠨ ᠶᠡᠷᠤᠩᠭᠡᠢ ᠲᠤᠭ᠎ᠠ ᠨᠢ | 1200 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 9.37℅᠃ ᠨᠦᠬᠦᠪᠦᠷᠢ ᠶᠢᠨ ᠪᠡᠯᠡ ᠮᠦᠩᠬᠦ ᠨᠢ 8 | ᠬᠦᠷᠢᠶ᠎ᠡ ᠬᠡᠪᠴᠢᠶ᠎ᠡ᠂ 22 ᠲᠦᠷᠤᠯ᠂ 28 ᠵᠣᠷᠪᠤᠰ ᠲᠤ ᠬᠤᠯᠪᠤᠭᠳᠠᠵᠤ᠂ ᠬᠤᠲᠠ ᠬᠦᠳᠡᠭᠡ ᠶᠢᠨ ᠰᠠᠭᠤᠭᠠᠯᠢ | ᠠᠷᠠᠳ ᠲᠤ 24.68 ᠲᠦᠮᠡᠨ ᠬᠦᠮᠦᠨ ᠤᠳᠠᠭ᠎ᠠ ᠠᠰᠢᠭ ᠣᠯᠭᠤᠪᠠ᠃ | ᠡᠭᠦᠨ ᠤ ᠳᠤᠮᠳᠠ ᠲᠠᠷᠢᠶᠠᠯᠠᠩ ᠤᠨ ᠲᠦᠷᠤᠯ ᠤᠨ ᠨᠦᠬᠦᠪᠦᠷᠢ 6263.21 ᠲᠦᠮᠡᠨ ᠲᠦᠭᠦᠷᠢᠭ᠂ | ᠲᠠᠷᠬᠠᠭᠠᠭᠰᠠᠨ ᠶᠡᠷᠤᠩᠭᠡᠢ ᠲᠤᠭ᠎ᠠ ᠶᠢᠨ 44.73℅ ᠢ ᠡᠵᠡᠯᠡᠨ᠎ᠡ ︔ ᠣᠢ ᠰᠢᠭᠤᠢ ᠶᠢᠨ ᠲᠦᠷᠤᠯ ᠤᠨ ᠨᠦᠬᠦᠪᠦᠷᠢ | 1742.48 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ 12.45℅ ᠢ ᠡᠵᠡᠯᠡᠵᠦ᠂ ᠪᠦᠲᠤᠭᠡᠨ | ᠪᠠᠶᠢᠭᠤᠯᠤᠯᠲᠠ ᠶᠢᠨ ᠲᠦᠷᠤᠯ ᠤᠨ ᠨᠦᠬᠦᠪᠦᠷᠢ 2574 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ | ᠲᠤᠭ᠎ᠠ ᠶᠢᠨ18.39℅ ᠢ ᠡᠵᠡᠯᠡᠨ᠎ᠡ︔ ᠮᠠᠯ ᠠᠵᠤ ᠠᠬᠤᠢ ᠶᠢᠨ ᠲᠦᠷᠤᠯ ᠤᠨ ᠨᠦᠬᠦᠪᠦᠷᠢ 410.05 ᠲᠦᠮᠡᠨ | ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ 2.93℅ ᠢ ᠡᠵᠡᠯᠡᠨ᠎ᠡ︔ ᠴᠠᠯᠢᠩ ᠤᠨ ᠲᠦᠷᠤᠯ ᠤᠨ | ᠨᠦᠬᠦᠪᠦᠷᠢ 140.53 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ 1℅ ᠢ ᠡᠵᠡᠯᠡᠨ᠎ᠡ︔ | ᠪᠣᠰᠤᠳ ᠲᠦᠷᠤᠯ ᠤᠨ ᠨᠦᠬᠦᠪᠦᠷᠢ 2869.73 ᠲᠦᠮᠡᠨ ᠲᠦᠭᠦᠷᠢᠭ᠂ ᠲᠠᠷᠬᠠᠭᠠᠭᠰᠠᠨ ᠶᠡᠷᠤᠩᠭᠡᠢ ᠲᠤᠭ᠎ᠠ ᠶᠢᠨ | 20.5℅ ᠢ ᠡᠵᠡᠯᠡᠨ᠎ᠡ᠃ |