ᠣᠩᠨᠢᠭᠤᠳ ᠬᠤᠰᠢᠭᠤᠨ ᠤ 7 ᠰᠠᠷ᠎ᠠ ᠳᠤ ᠲᠠᠷᠬᠠᠭᠠᠭᠰᠠᠨ ︽ᠨᠢᠭᠡ ᠺᠠᠷᠲ ᠢᠶᠠᠷ ᠣᠯᠭᠤᠬᠤ︾ ᠠᠷᠠᠳ  ᠲᠤ ᠠᠰᠢᠭ ᠬᠦᠷᠲᠡᠭᠡᠬᠦ ᠪᠡᠯᠡ ᠮᠦᠩᠬᠦ 3607.98 ᠲᠦᠮᠡᠨ ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2016/12/7
    ᠡᠨᠡ ᠵᠢᠯ ᠠᠴᠠ ᠨᠠᠰᠢ᠂ ᠣᠩᠨᠢᠭᠤᠳ ᠬᠤᠰᠢᠭᠤ ︽ᠨᠢᠭᠡ ᠺᠠᠷᠲ ᠢᠶᠠᠷ ᠣᠯᠭᠤᠬᠤ︾ ᠠᠷᠠᠳ ᠲᠤ ᠠᠰᠢᠭ ᠬᠦᠷᠲᠡᠭᠡᠬᠦ ᠪᠡᠯᠡ ᠮᠦᠩᠬᠦ ᠶᠢᠨ ᠬᠠᠮᠢᠶᠠᠷᠤᠯᠲᠠ ᠶᠢᠨ ᠳᠦᠷᠢᠮ ᠪᠠ ᠦᠭᠬᠦ ᠠᠷᠭ᠎ᠠ ᠬᠡᠯᠪᠡᠷᠢ ᠪᠠᠨ ᠰᠢᠨ᠎ᠡ ᠶᠢ ᠡᠭᠦᠳᠴᠤ  ᠂ ︽ᠨᠢᠭᠡ ᠺᠠᠷᠲ ᠢᠶᠠᠷ ᠣᠯᠭᠤᠬᠤ︾ ᠪᠡᠯᠡ ᠮᠦᠩᠬᠦ ᠲᠠᠷᠬᠠᠭᠠᠬᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠭᠡᠨ᠂ ᠪᠡᠯᠡ ᠮᠦᠩᠬᠦ ᠲᠠᠷᠬᠠᠭᠠᠬᠤ ᠬᠦᠴᠤᠨ ᠢᠶᠠᠨ ᠴᠢᠩᠭᠠᠳᠬᠠᠵᠤ᠂ ᠡᠯ᠎ᠡ ᠲᠦᠷᠤᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠦᠬᠦᠪᠦᠷᠢ ᠶᠢᠨ ᠪᠡᠯᠡ ᠮᠦᠩᠬᠦ ᠶᠢ ᠴᠠᠭ ᠲᠣᠬᠠᠢ ᠳᠤᠨᠢ ᠭᠦᠢᠴᠡᠳ ᠲᠤᠭ᠎ᠠ ᠪᠠᠷ ᠲᠠᠷᠬᠠᠭᠠᠬᠤ ᠶᠢ ᠪᠠᠲᠤᠯᠠᠵᠤ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠦᠨᠡᠨᠬᠦ ᠪᠠᠲᠤᠯᠠᠪᠠ᠃     7 ᠰᠠᠷ᠎ᠠ ᠳᠤ  ᠂ ᠣᠩᠨᠢᠭᠤᠳ ᠬᠤᠰᠢᠭᠤ ︽ᠨᠢᠭᠡ ᠺᠠᠷᠲ ᠢᠶᠠᠷ ᠣᠯᠭᠤᠬᠤ︾ ᠪᠠᠷ ᠳᠠᠮᠵᠢᠨ ᠲᠠᠷᠬᠠᠭᠠᠭᠰᠠᠨ ᠡᠯ᠎ᠡ ᠲᠦᠷᠤᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠪᠡᠯᠡ ᠮᠦᠩᠬᠦ 3607.98 ᠲᠦᠮᠡᠨ ᠲᠦᠭᠦᠷᠢᠭ  ᠲᠤ ᠬᠦᠷᠴᠤ᠂ ᠲᠠᠷᠢᠶᠠᠯᠠᠩ᠂ ᠮᠠᠯ ᠠᠵᠤ ᠠᠬᠤᠢ᠂ ᠣᠢ ᠰᠢᠭᠤᠢ᠂ ᠨᠡᠶᠢᠭᠡᠮ ᠤᠨ ᠪᠠᠲᠤᠯᠠᠭ᠎ᠠ ᠵᠡᠷᠭᠡ ᠳᠦᠷᠪᠡᠨ ᠶᠡᠭᠡ ᠬᠡᠪᠴᠢᠶᠡᠨ ᠳᠤ ᠬᠤᠯᠪᠤᠭᠳᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠲᠤ 35.96 ᠲᠦᠮᠡᠨ ᠬᠦᠮᠦᠨ ᠤᠳᠠᠭ᠎ᠠ ᠠᠰᠢᠭ ᠬᠦᠷᠲᠡᠭᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 1307.98 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 56.87℅ ᠪᠣᠯᠤᠨ᠎ᠠ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号