ᠣᠩᠨᠢᠭᠤᠳ ᠬᠤᠰᠢᠭᠤᠨ ᠤ 2016 ᠣᠨ ᠤ ᠭᠤᠣᠯᠳᠠᠯᠭ᠎ᠠ ᠲᠠᠢ ᠲᠦᠷᠤᠯ ᠵᠤᠶᠢᠯ ᠤᠨ ᠪᠡᠯᠡ ᠣᠷᠤᠭᠤᠯᠤᠯᠲᠠ ᠨᠢᠭᠡᠨᠲᠡ 10 ᠳ᠋ᠦᠩᠰᠢᠭᠤᠷ ᠲᠦᠭᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/12/7
    2016 ᠣᠨ ᠳᠤ᠂ ᠣᠩᠨᠢᠭᠤᠳ ᠬᠤᠰᠢᠭᠤᠨ ᠤ 5000 ᠲᠦᠮᠡᠨ ᠲᠦᠭᠦᠷᠢᠭ ᠠᠴᠠ ᠳᠡᠭᠡᠭᠡᠰᠡᠢ ︵ᠨᠡᠶᠢᠭᠡᠮ ᠤᠨ ᠠᠵᠢᠯ ᠤᠶᠢᠯᠡᠰ ᠤᠨ ᠪᠡᠯᠡ ᠣᠷᠤᠭᠤᠯᠤᠯᠲᠠ 1000 ᠲᠦᠮᠡᠨ ᠲᠦᠭᠦᠷᠢᠭ ᠠᠴᠠ ᠳᠡᠭᠡᠭᠰᠢ︶ ᠭᠤᠣᠯᠳᠠᠯᠭ᠎ᠠ ᠲᠠᠢ ᠲᠦᠷᠤᠯ ᠵᠤᠶᠢᠯ 41 ᠪᠠᠶᠢᠵᠤ᠂ ᠲᠦᠷᠤᠯ ᠵᠤᠶᠢᠯ ᠤᠨ ᠶᠡᠷᠤᠩᠭᠡᠢ ᠪᠡᠯᠡ ᠣᠷᠤᠭᠤᠯᠤᠯᠲᠠ ᠨᠢ 225.8 ᠲᠦᠮᠡᠨ ᠳ᠋ᠦᠩᠰᠢᠭᠤᠷ ᠲᠦᠭᠦᠷᠢᠭ᠂ 2016 ᠣᠨ ᠳᠤ ᠵᠢᠱᠢᠭᠰᠡᠨ ᠢᠶᠠᠷ 63.14 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃ ᠡᠭᠦᠨ ᠳᠤ ᠵᠠᠯᠭᠠᠵᠤ ᠪᠠᠶᠢᠭᠤᠯᠬᠤ ᠲᠦᠷᠤᠯ ᠵᠤᠶᠢᠯ 14 ᠵᠣᠷᠪᠤᠰ᠂ ᠶᠡᠷᠤᠩᠭᠡᠢ ᠪᠡᠯᠡ ᠣᠷᠤᠭᠤᠯᠤᠯᠲᠠ 112.3 ᠳ᠋ᠦᠩᠰᠢᠭᠤᠷ ᠲᠦᠭᠦᠷᠢᠭ᠂ 2016 ᠣᠨ ᠳᠤ 25.1 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠪᠡ︔ ᠰᠢᠨ᠎ᠡ ᠪᠠᠷ ᠡᠬᠢᠯᠡᠭᠰᠡᠨ ᠲᠦᠷᠤᠯ ᠵᠤᠶᠢᠯ 27 ᠵᠣᠷᠪᠤᠰ᠂ ᠶᠡᠷᠤᠩᠭᠡᠢ ᠪᠡᠯᠡ ᠣᠷᠤᠭᠤᠯᠤᠯᠲᠠ 113.5 ᠳ᠋ᠦᠩᠰᠢᠭᠤᠷ ᠲᠦᠭᠦᠷᠢᠭ᠂ 2016 ᠣᠨ ᠳᠤ 38.1 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠪᠡ᠃     4 ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 27 ᠲᠦᠷᠤᠯ ᠵᠤᠶᠢᠯ ᠪᠦᠲᠤᠭᠡᠨ ᠪᠠᠶᠢᠭᠤᠯᠤᠯᠲᠠ ᠪᠠᠨ ᠡᠬᠢᠯᠡᠨ ᠰᠡᠷᠭᠦᠭᠡᠵᠤ᠂ ᠡᠬᠢᠯᠡᠨ ᠰᠡᠷᠭᠦᠭᠡᠭᠰᠡᠨ ᠨᠤᠷᠮ᠎ᠠ ᠨᠢ 65.9℅︔ 10.05 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠵᠢᠯ ᠤᠨ ᠲᠦᠯᠦᠪᠯᠡᠭᠰᠡᠨ ᠶᠡᠷᠤᠩᠭᠡᠢ ᠪᠡᠯᠡ ᠣᠷᠤᠭᠤᠯᠤᠯᠲᠠ ᠶᠢᠨ 16℅ ᠶᠢ ᠡᠵᠡᠯᠡᠨ᠎ᠡ᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号