ᠣᠩᠨᠢᠭᠤᠳ ᠬᠤᠰᠢᠭᠤᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠦᠰᠤᠪ ᠤᠨ ᠣᠷᠤᠯᠭ᠎ᠠ 2.5 ᠳ᠋ᠦᠩᠰᠢᠭᠤᠷ ᠲᠦᠭᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/12/8
     1-6 ᠰᠠᠷ᠎ᠠ ᠳᠤ᠂ ᠪᠦᠬᠦ ᠬᠤᠰᠢᠭᠤᠨ ᠤ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ ᠨᠡᠶᠢᠲᠡ 25203 ᠲᠦᠮᠡᠨ ᠲᠦᠭᠦᠷᠢᠭ ᠢ ᠪᠡᠶᠡᠯᠡᠭᠦᠯᠵᠦ᠂ ᠵᠢᠯ ᠤᠨ ᠲᠦᠰᠦᠪ ᠤᠨ 56℅ ᠢ ᠡᠵᠡᠯᠡᠨ᠎ᠡ᠃ ᠡᠭᠦᠨ  ᠳᠤ ᠤᠯᠤᠰ ᠤᠨ ᠭᠠᠶᠢᠯᠢ ᠶᠢᠨ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠤᠯᠲᠠ ᠶᠢᠨ ᠣᠷᠤᠯᠭ᠎ᠠ 2582 ᠲᠦᠮᠡᠨ ᠲᠦᠭᠦᠷᠢᠭ᠂ ᠵᠢᠯ ᠤᠨ ᠲᠦᠰᠦᠪ ᠤᠨ 64℅᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 407 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 19℅︔ ᠣᠷᠤᠨ  ᠨᠤᠲᠤᠭ ᠤᠨ ᠭᠠᠶᠢᠯᠢ ᠶᠢᠨ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠤᠯᠲᠠ ᠶᠢᠨ ᠣᠷᠤᠯᠭ᠎ᠠ 14572 ᠲᠦᠮᠡᠨ ᠲᠦᠭᠦᠷᠢᠭ᠂ ᠵᠢᠯ ᠤᠨ ᠲᠦᠰᠦᠪ ᠤᠨ 50℅᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 1113 ᠲᠦᠮᠡᠨ ᠲᠦᠭᠦᠷᠢᠭ ᠬᠠᠰᠤᠭᠳᠠᠵᠤ᠂ ᠬᠠᠰᠤᠭᠳᠠᠴᠠ ᠨᠢ 7℅  ︔  ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠤᠯᠲᠠ ᠶᠢᠨ ᠣᠷᠤᠯᠭ᠎ᠠ ᠨᠢ 8049 ᠲᠦᠮᠡᠨ ᠲᠦᠭᠦᠷᠢᠭ᠂ ᠵᠢᠯ ᠤᠨ ᠲᠦᠰᠦᠪ ᠤᠨ 69℅᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 579 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 8℅᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号