ᠣᠩᠨᠢᠭᠤᠳ ᠬᠤᠰᠢᠭᠤᠨ ᠤ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ 3 ᠳ᠋ᠦᠩᠰᠢᠭᠤᠷ ᠲᠦᠭᠦᠷᠢᠭ ᠲᠤ ᠣᠶᠢᠷᠠᠲᠤᠪᠠ
ᠨᠡᠶᠢᠲᠡᠯᠡᠭᠰᠡᠨ ᠴᠠᠭ᠄
2016/12/8
    2016 ᠣᠨ ᠳᠤ᠂ ᠣᠩᠨᠢᠭᠤᠳ ᠬᠤᠰᠢᠭᠤ ︽ᠨᠡᠮᠡᠭᠳᠡᠯ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ︾ ᠠᠵᠢᠯ ᠤᠨ ᠰᠡᠳᠬᠢᠮᠵᠢ ᠶᠢᠨ ᠶᠣᠰᠤᠭᠠᠷ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠡᠳ᠋ ᠤᠨ ᠢᠷᠡᠯᠲᠡ ᠶᠢᠨ ᠪᠦᠲᠤᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠩᠭᠠᠳᠬᠠᠵᠤ᠂ ᠣᠷᠤᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠪᠠᠭᠠᠰᠬᠠᠬᠤ ᠶᠢ ᠴᠢᠷᠮᠠᠶᠢᠨ ᠴᠩᠭᠠᠳᠬᠠᠵᠤ᠂ ᠡᠳ᠋ ᠤᠨ ᠵᠠᠰᠠᠭ ᠤᠨ ᠠᠵᠤ ᠠᠬᠤᠢ ᠶᠢᠨ ᠬᠦᠭᠵᠢᠯᠲᠡ ᠶᠢ ᠳᠡᠮᠵᠢᠬᠦ᠂ ᠠᠷᠠᠳ ᠤᠨ ᠠᠮᠢᠳᠤᠷᠠᠯ ᠳᠤ ᠤᠶᠢᠯᠡᠴᠢᠯᠡᠬᠦ ᠴᠢᠳᠠᠪᠤᠷᠢ ᠶᠢ ᠪᠠᠲᠤᠯᠠᠬᠤ ᠶᠢ ᠪᠦᠲᠤᠮᠵᠢᠲᠡᠢ ᠳᠡᠭᠡᠭᠰᠢᠯᠡᠭᠦᠯᠪᠡ᠃     7 ᠰᠠᠷ᠎ᠠ ᠶᠢᠨ ᠰᠡᠭᠦᠯᠴᠢ ᠪᠣᠯᠲᠠᠯ᠎ᠠ᠂ ᠣᠩᠨᠢᠭᠤᠳ ᠬᠤᠰᠢᠭᠤᠨ ᠤ ᠨᠡᠶᠢᠲᠡ ᠶᠢᠨ ᠡᠳ᠋ ᠤᠨ ᠵᠠᠰᠠᠭ ᠤᠨ ᠲᠦᠰᠤᠪ ᠤᠨ ᠣᠷᠤᠯᠭ᠎ᠠ 29144 ᠲᠦᠮᠡᠨ ᠲᠦᠭᠦᠷᠢᠭ ᠢ ᠪᠡᠶᠡᠯᠡᠭᠦᠯᠵᠦ᠂ ᠵᠢᠯ ᠤᠨ ᠲᠦᠰᠦᠪ ᠤᠨ 65℅ ᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 773 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 3℅᠃ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠨᠡᠶᠢᠲᠡ 200234 ᠲᠦᠮᠡᠨ ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 33374 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 20℅᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号