ᠣᠩᠨᠢᠭᠤᠳ ᠬᠤᠰᠢᠭᠤᠨ ᠤ ᠣᠷᠤᠨ ᠨᠤᠲᠤᠭ ᠤᠨ ᠡᠳ᠋ ᠤᠨ ᠵᠠᠰᠠᠭ ᠤᠨ ᠶᠡᠷᠤᠩᠭᠡᠢ ᠣᠷᠤᠯᠭ᠎ᠠ 4.6 ᠳ᠋ᠦᠩᠰᠢᠭᠤᠷ ᠲᠦᠭᠦᠷᠢᠭ ᠣᠶᠢᠷᠠᠲᠤᠪᠠ
ᠨᠡᠶᠢᠲᠡᠯᠡᠭᠰᠡᠨ ᠴᠠᠭ᠄
2016/12/8
      8 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠰᠢᠭᠤᠨ ᠤ ᠣᠷᠤᠨ ᠨᠤᠲᠤᠭ ᠤᠨ ᠡᠳ᠋ ᠤᠨ ᠵᠠᠰᠠᠭ ᠤᠨ ᠶᠡᠷᠤᠩᠭᠡᠢ ᠣᠷᠤᠯᠭ᠎ᠠ ᠨᠡᠶᠢᠲᠡ 45952 ᠲᠦᠮᠡᠨ ᠲᠦᠭᠦᠷᠢᠭ ᠢ ᠪᠡᠶᠡᠯᠡᠭᠦᠯᠵᠦ᠂ ᠵᠢᠯ ᠤᠨ ᠲᠦᠰᠦᠪ ᠤᠨ 73℅᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 4501 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ  ᠨᠢ 11℅᠃ ᠡᠭᠦᠨ ᠤ ᠳᠣᠲᠤᠷ᠎ᠠ᠄ ᠤᠯᠤᠰ ᠤᠨ ᠭᠠᠶᠢᠯᠢ ᠶᠢᠨ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠤᠯᠲᠠ ᠶᠢᠨ ᠣᠷᠤᠯᠭ᠎ᠠ ᠨᠢ 12627 ᠲᠦᠮᠡᠨ ᠲᠦᠭᠦᠷᠢᠭ᠂ ᠵᠢᠯ ᠤᠨ ᠲᠦᠰᠦᠪ ᠤᠨ 80℅᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 2470 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 24℅︔ ᠣᠷᠤᠨ ᠨᠤᠲᠤᠭ ᠤᠨ ᠭᠠᠶᠢᠯᠢ ᠶᠢᠨ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠤᠯᠲᠠ ᠶᠢᠨ ᠣᠷᠤᠯᠭ᠎ᠠ ᠨᠢ22168 ᠲᠦᠮᠡᠨ ᠲᠦᠭᠦᠷᠢᠭ᠂ ᠵᠢᠯ ᠤᠨ ᠲᠦᠰᠦᠪ ᠤᠨ 63℅᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 1227 ᠲᠦᠮᠡᠨ ᠲᠦᠭᠦᠷᠢᠭ ᠬᠠᠰᠤᠭᠳᠠᠵᠤ᠂ ᠬᠠᠰᠤᠭᠳᠠᠴᠠ ᠨᠢ 5℅︔ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠵᠣᠬᠢᠶᠠᠨ ᠪᠠᠶᠢᠭᠤᠯᠤᠯᠲᠠ ᠶᠢᠨ ᠣᠷᠤᠯᠭ᠎ᠠ ᠨᠢ 11157 ᠲᠦᠮᠡᠨ ᠲᠦᠭᠦᠷᠢᠭ᠂ ᠵᠢᠯ ᠤᠨ ᠲᠦᠰᠦᠪ ᠤᠨ 96℅᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 3258 ᠲᠦᠮᠡᠨ ᠲᠦᠭᠦᠷᠢᠭ ᠨᠡᠮᠡᠭᠳᠡᠵᠦ᠂ ᠨᠡᠮᠡᠭᠳᠡᠴᠡ ᠨᠢ 41℅᠃
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号