︵1995 ᠣᠨ ᠤ 6 ᠰᠠᠷ᠎ᠠ ᠶᠢᠨ 18 ᠤ ᠡᠳᠣᠷ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ | ᠬᠤᠷᠠᠯᠳᠤᠭᠠᠨ ᠠᠴᠠ ᠪᠠᠲᠦᠯᠠᠪᠠ᠂ 2002 ᠣᠨ ᠤ 12 ᠰᠠᠷ᠎ᠠ ᠶᠢᠨ 28 ᠤ ᠡᠳᠦᠷ ᠶᠢᠰᠦᠳᠦᠭᠡᠷ ᠬᠤᠭᠤᠴᠠᠭᠠᠨ ᠤ | ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ | ᠨᠢᠭᠡᠳᠦᠭᠡᠷ ᠬᠤᠷᠠᠯᠳᠣᠭᠠᠨ ᠠᠴᠠ ᠵᠠᠰᠠᠪᠣᠷᠢ ᠣᠷᠣᠭᠤᠯᠪᠠ︶ | ᠭᠠᠷᠴᠠᠭ | ᠨᠢᠭᠡᠳᠦᠭᠡᠷ ᠪᠦᠯᠦᠭ ᠶᠡᠷᠥᠩᠭᠡᠢ ᠳᠦᠷᠢᠮ | ᠬᠤᠶᠠᠳᠤᠭᠠᠷ ᠪᠦᠯᠦᠭ ᠨᠣᠳᠤᠭ ᠪᠡᠯᠴᠢᠭᠡᠷ ᠤᠨ ᠡᠷᠬᠡ ᠶᠢᠨ ᠬᠠᠷᠢᠶᠠᠯᠠᠯ | ᠭᠤᠷᠪᠠᠳᠤᠭᠠᠷ ᠪᠦᠯᠦᠭ ᠲᠦᠯᠦᠪᠵᠢᠭᠦᠯᠬᠦ | ᠳᠦᠷᠪᠡᠳᠦᠭᠡᠷ ᠪᠦᠯᠦᠭ ᠪᠦᠳᠦᠭᠡᠨ ᠪᠠᠶᠢᠭᠤᠯᠬᠤ | ᠲᠠᠪᠥᠳᠥᠭᠠᠷ ᠪᠦᠯᠦᠭ ᠠᠰᠢᠭᠯᠠᠬᠤ | ᠵᠢᠷᠭᠤᠳᠤᠭᠠᠷ ᠪᠦᠯᠦᠭ ᠬᠠᠮᠠᠭᠠᠯᠠᠬᠤ | ᠳᠤᠯᠤᠳᠤᠭᠠᠷ ᠪᠦᠯᠦᠭ ᠬᠢᠨᠠᠵᠦ ᠪᠠᠶᠢᠴᠠᠭᠠᠬᠤ | ᠨᠠᠢᠮᠠᠳᠣᠭᠠᠷ ᠪᠦᠯᠦᠭ ᠬᠠᠣᠯᠢ ᠶᠢᠨ ᠬᠠᠷᠢᠭᠤᠴᠠᠯᠭ᠎ᠠ | ᠶᠢᠰᠦᠳᠦᠭᠡᠷ ᠪᠦᠯᠦᠭ ᠲᠠᠭᠠᠯᠳᠣᠭᠤᠯᠣᠭᠰᠠᠨ ᠲᠦᠷᠢᠮ | ᠨᠢᠭᠡᠳᠦᠭᠡᠷ ᠪᠦᠯᠦᠭ ᠶᠡᠷᠥᠩᠭᠡᠢ ᠳᠦᠷᠢᠮ | ᠨᠢᠭᠡᠳᠦᠭᠡᠷ ᠵᠦᠢᠯ ᠨᠣᠲᠤᠭ ᠪᠡᠯᠴᠢᠭᠡᠷ ᠢ ᠬᠠᠮᠠᠭᠠᠯᠠᠬᠤ᠂ ᠪᠦᠳᠦᠭᠡᠨ ᠪᠠᠶᠢᠭᠤᠯᠬᠤ ᠪᠠ ᠵᠦᠢ ᠵᠣᠬᠢᠰᠲᠠᠢ ᠪᠠᠷ | ᠠᠰᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠣᠨ᠎ᠠ᠂ ᠠᠮᠢᠳᠤ ᠪᠣᠳᠠᠰ ᠤᠨ ᠣᠯᠠᠨ | ᠶᠠᠩᠵᠢᠳᠣ ᠴᠢᠨᠠᠷ ᠢ ᠬᠠᠮᠠᠭᠠᠯᠠᠵᠣ᠂ ᠣᠳᠣᠬᠢᠴᠢᠯᠠᠭᠰᠠᠨ ᠮᠠᠯ ᠠᠵᠤ ᠠᠬᠤᠢ ᠶᠢ ᠬᠦᠭᠵᠢᠭᠦᠯᠦᠨ᠂ ᠠᠵᠤ ᠠᠬᠤᠢ ᠪᠠ | ᠨᠡᠶᠢᠭᠡᠮ ᠤᠨ ᠦᠷᠭᠦᠯᠵᠢᠯᠡᠬᠦ ᠬᠦᠭᠵᠢᠯᠳᠠ ᠶᠢ ᠠᠬᠢᠭᠤᠯᠬᠤ ᠶᠢᠨ ᠲᠦᠯᠤᠭᠡ ᠲᠣᠰ ᠬᠠᠣᠯᠢ ᠶᠢ ᠲᠣᠭᠳᠠᠭᠠᠪᠠ᠃ | | ᠬᠤᠶᠠᠳᠤᠭᠠᠷ ᠵᠦᠢᠯ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠣᠳᠤᠭ ᠲᠡᠪᠢᠰᠭᠡᠷ ᠲᠤ | ᠨᠣᠳᠤᠭ ᠪᠡᠯᠴᠢᠭᠡᠷ ᠤᠨ ᠲᠦᠯᠦᠪᠵᠢᠭᠦᠯᠭᠡ ᠬᠢᠭᠦ᠂ ᠬᠠᠮᠠᠭᠠᠯᠠᠬᠤ᠂ ᠪᠦᠲᠦᠭᠡᠨ ᠪᠠᠶᠢᠭᠤᠯᠬᠤ᠂ ᠠᠰᠢᠭᠯᠠᠬᠤ ᠪᠠ | ᠬᠠᠮᠢᠶᠠᠷᠬᠤ ᠠᠵᠢᠯᠯᠠᠭ᠎ᠠ ᠳᠤ ᠲᠣᠰ ᠬᠠᠥᠯᠢ ᠶᠢ ᠬᠡᠷᠡᠭᠯᠡᠨ᠎ᠡ᠃ ᠲᠣᠰ ᠬᠠᠥᠯᠢ ᠳᠤ ᠬᠡᠯᠡᠵᠦ ᠪᠠᠶᠢᠭ᠎ᠠ ᠨᠣᠳᠤᠭ | ᠪᠡᠯᠴᠢᠭᠡᠷ ᠭᠡᠳᠡᠭ ᠪᠤᠯ ᠪᠠᠶᠢᠭᠠᠯᠢ ᠶᠢᠨ ᠪᠡᠯᠴᠢᠭᠡᠷ ᠪᠠ ᠲᠠᠷᠢᠮᠠᠯ ᠪᠡᠯᠴᠢᠭᠡᠷ ᠢ ᠬᠡᠯᠡᠵᠦ ᠪᠠᠶᠢᠨ᠎ᠠ᠃ | ᠭᠤᠷᠪᠠᠳᠣᠭᠠᠷ ᠵᠦᠢᠯ ᠤᠯᠤᠰ ᠠᠴᠠ ᠨᠣᠳᠤᠭ ᠪᠡᠯᠴᠢᠭᠡᠷ ᠲᠤ ᠰᠢᠨᠵᠢᠯᠡᠬᠦ ᠣᠬᠠᠭᠠᠨᠴᠢ ᠲᠦᠯᠦᠪᠵᠢᠬᠦᠯᠭᠡ ᠬᠢᠬᠦ | ᠂ ᠪᠦᠬᠦ ᠲᠠᠯ᠎ᠠ ᠪᠠᠷ ᠬᠠᠮᠠᠭᠠᠯᠠᠬᠤ᠂ ᠭᠤᠦᠯᠳᠠᠯᠭᠠ ᠲᠠᠢ ᠪᠠᠷ ᠪᠦᠲᠦᠭᠡᠨ ᠪᠠᠶᠢᠭᠤᠯᠬᠤ᠂ ᠵᠦᠢ ᠵᠤᠬᠢᠰᠲᠠᠢ ᠪᠠᠷ | ᠠᠰᠢᠭᠯᠠᠬᠤ ᠴᠢᠭᠯᠡᠯᠳᠡ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠦᠷᠬᠦᠯᠵᠢᠯᠡᠬᠦ ᠠᠰᠢᠭᠯᠠᠯᠳᠠ ᠪᠠ ᠠᠮᠢ | ᠠᠬᠤᠢ᠂ ᠠᠵᠦ ᠠᠬᠤᠢ᠂ ᠨᠡᠶᠢᠭᠡᠮ ᠤᠨ ᠵᠣᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ | ᠲᠦᠷᠪᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠠᠴᠠ ᠨᠣᠳᠤᠭ ᠪᠡᠯᠴᠢᠭᠡᠷ ᠢ | ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠠᠰᠢᠭᠯᠠᠬᠤ ᠬᠠᠮᠢᠶᠠᠷᠤᠯᠳᠠ ᠪᠠᠨ ᠴᠢᠩᠭᠠᠳᠬᠠᠵᠤ᠂ ᠨᠤᠲᠤᠭ | ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠣᠯᠲᠠ ᠪᠠ ᠠᠰᠢᠭᠯᠠᠯᠳᠠ ᠶᠢ ᠣᠯᠣᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡᠨ ᠳᠤ ᠣᠷᠣᠭᠤᠯᠬᠤ ᠬᠡᠷᠡᠭᠲᠠᠢ᠃ | ᠲᠠᠪᠤᠳᠤᠭᠠᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠦᠮᠦᠨ ᠪᠦᠷᠢ ᠨᠤᠲᠤᠭ ᠪᠡᠯᠴᠢᠭᠡᠷ ᠤᠨ ᠬᠠᠣᠯᠢ | ᠴᠠᠭᠠᠵᠠ ᠬᠠᠥᠯᠢ ᠲᠣᠭᠲᠠᠭᠠᠯ ᠢ ᠵᠢᠷᠤᠮᠯᠠᠨ ᠰᠠᠬᠢᠬᠤ᠂ ᠨᠣᠳᠤᠭ ᠪᠡᠯᠴᠢᠭᠡᠷ ᠢ ᠬᠠᠮᠠᠭᠠᠯᠠᠬᠤ ᠡᠭᠦᠷᠭᠡ ᠲᠠᠢ᠂ | ᠡᠬᠦᠨ ᠤ ᠬᠠᠮᠲᠤ ᠨᠤᠲᠤᠭ ᠪᠡᠯᠴᠢᠭᠡᠷ ᠤᠨ ᠬᠠᠥᠯᠢ ᠴᠠᠭᠠᠵᠠ ᠬᠠᠥᠯᠢ ᠲᠤᠭᠲᠠᠭᠠᠯ ᠢ ᠵᠦᠷᠢᠴᠡᠭᠰᠡᠨ᠂ ᠨᠣᠲᠤᠭ | ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠬᠢᠨᠠᠬᠤ᠂ ᠢᠯᠡᠴᠢᠯᠡᠬᠦ ᠪᠠ ᠵᠠᠭᠠᠯᠳᠤᠬᠤ ᠡᠷᠬᠡ ᠶᠢ ᠡᠳ᠋ᠯᠡᠨ᠎ᠡ᠃ | | ᠵᠢᠷᠭᠤᠳᠣᠭᠠᠷ ᠵᠦᠢᠯ ᠣᠯᠣᠰ ᠠᠴᠠ ᠨᠤᠳᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠣᠯᠲᠠ᠂ | ᠠᠰᠢᠭᠯᠠᠯᠲᠠ ᠪᠠ ᠬᠢᠨᠠᠨ ᠬᠡᠮᠵᠢᠯᠲᠡ ᠶᠢᠨ ᠲᠠᠯ᠎ᠠ ᠵᠢᠨᠰᠢᠨᠵᠢᠯᠡᠬᠦ ᠣᠬᠠᠭᠠᠨ ᠤ ᠰᠤᠳᠤᠯᠭᠠᠨ ᠦᠷᠨᠢᠭᠦᠯᠭᠦ ᠶᠢ | ᠵᠣᠷᠢᠭᠵᠢᠭᠤᠯᠣᠨ ᠲᠡᠮᠵᠢᠵᠤ᠂ ᠲᠧᠭᠨᠢᠭ ᠮᠡᠷᠭᠡᠵᠢᠯ ᠪᠠ ᠲᠡᠷᠢᠭᠦᠨ ᠤ ᠦᠷ᠎ᠡ ᠪᠦᠲᠦᠭᠡᠯ ᠢ ᠲᠡᠯᠭᠡᠷᠡᠭᠦᠯᠵᠦ᠂ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠤᠨ ᠴᠢᠳᠠᠪᠦᠷᠢᠲᠠᠨ ᠢ ᠬᠦᠮᠦᠵᠢᠭᠦᠯᠦᠨ᠎ᠡ᠃ | ᠲᠤᠯᠤᠳᠣᠭᠠᠷ ᠵᠦᠢᠯ ᠤᠯᠤᠰ ᠠᠴᠠ ᠨᠤᠳᠤᠭ ᠪᠡᠯᠴᠢᠭᠡᠷ ᠤᠨ ᠬᠠᠮᠢᠶᠠᠷᠣᠯᠲᠠ᠂ ᠬᠠᠮᠠᠭᠠᠯᠠᠯᠲᠠ᠂ | ᠪᠦᠲᠦᠭᠡᠨ ᠪᠠᠶᠢᠭᠤᠯᠣᠯᠲᠠ᠂ ᠵᠦᠢ ᠶᠣᠰᠣᠲᠠᠢ ᠪᠠᠷ ᠠᠰᠢᠭᠯᠠᠬᠤ ᠪᠠ ᠰᠢᠨᠵᠢᠯᠡᠬᠦ ᠣᠬᠠᠭᠠᠨ ᠤ ᠰᠤᠳᠤᠯᠭᠠᠨ ᠬᠢᠬᠦ | ᠵᠡᠷᠭᠡ ᠠᠵᠢᠯ ᠤᠨ ᠳᠣᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠠ ᠬᠤᠪᠢ ᠬᠦᠮᠦᠨ ᠢ ᠬᠦᠬᠢᠭᠦᠯᠦᠨ | ᠱᠠᠩᠨᠠᠨ᠎ᠠ᠃ | ᠨᠠᠢᠮᠠᠳᠤᠭᠠᠷ ᠵᠦᠢᠯ ᠲᠦᠷᠦ ᠶᠢᠨ ᠶᠠᠪᠣᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠣᠯᠣᠰ ᠤᠨ ᠨᠤᠳᠤᠭ ᠪᠡᠯᠴᠢᠭᠡᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠲᠣᠳᠣᠷᠠᠬᠢ ᠨᠤᠳᠤᠭ | ᠪᠡᠯᠴᠢᠭᠡᠷ ᠢ ᠬᠢᠨᠠᠵᠦ ᠬᠠᠮᠢᠶᠠᠷᠬᠤ ᠠᠵᠢᠯ ᠢ ᠡᠷᠬᠢᠯᠡᠨ ᠬᠠᠮᠢᠶᠠᠷᠤᠨ᠎ᠠ᠃ ᠰᠣᠮᠣ ︵ᠪᠠᠯᠭᠠᠰᠤ︶ ᠶᠢᠨ ᠠᠷᠠᠳ ᠤᠨ | ᠵᠠᠰᠠᠭ ᠤᠨ ᠣᠷᠳᠣᠨ ᠠᠴᠠ ᠲᠣᠰ ᠵᠠᠰᠠᠭ ᠵᠠᠬᠢᠷᠭᠠᠨ ᠤ ᠣᠷᠣᠨ ᠤ ᠲᠣᠳᠣᠷᠠᠬᠢ ᠨᠤᠳᠤᠭ ᠪᠡᠯᠴᠢᠭᠡᠷ ᠤᠨ | ᠬᠠᠮᠠᠭᠠᠯᠠᠯᠳᠠ ᠂ ᠪᠦᠲᠦᠭᠡᠨ ᠪᠠᠶᠢᠭᠤᠯᠣᠯᠲᠠ ᠪᠠ ᠠᠰᠢᠭᠯᠠᠯᠲᠠ ᠶᠢᠨ ᠪᠠᠶᠢᠳᠠᠯ ᠢ ᠬᠢᠨᠠᠵᠦ ᠪᠠᠶᠢᠴᠠᠭᠠᠬᠤ ᠠᠵᠢᠯ ᠢ | ᠴᠢᠩᠭᠠᠳᠬᠠᠬᠤ ᠬᠡᠷᠡᠭᠲᠠᠢ᠂ ᠬᠡᠷᠡᠭᠴᠡᠭᠡ ᠪᠠᠨ ᠦᠨᠳᠦᠰᠦᠯᠡᠵᠦ ᠪᠠᠶᠢᠭᠠᠳ ᠲᠣᠰᠭᠠᠢ ᠲᠣᠰᠢᠶᠠᠯ ᠤᠨ ᠪᠣᠶᠣ ᠲᠣᠰᠢᠶᠠᠯ | ᠬᠠᠪᠰᠣᠷᠭᠠᠭᠰᠠᠨ ᠬᠦᠮᠦᠨ ᠭᠠᠷᠭᠠᠵᠦ ᠪᠣᠳᠠᠳᠠᠢ ᠪᠠᠷ ᠬᠢᠨᠠᠵᠦ ᠪᠠᠶᠢᠴᠠᠭᠠᠬᠤ ᠠᠵᠢᠯ ᠢ ᠬᠠᠷᠢᠭᠤᠴᠠᠭᠤᠯᠵᠦ ᠪᠣᠯᠣᠨ᠎ᠠ᠃ | | ᠬᠤᠶᠠᠳᠤᠭᠠᠷ ᠪᠦᠯᠦᠭ ᠨᠣᠳᠤᠭ ᠪᠡᠯᠴᠢᠭᠡᠷ ᠤᠨ ᠡᠷᠬᠡ ᠶᠢᠨ ᠬᠠᠷᠢᠶᠠᠯᠠᠯ | ᠶᠢᠰᠦᠳᠦᠭᠡᠷ ᠵᠦᠢᠯ ᠨᠤᠳᠤᠭ ᠪᠡᠯᠴᠢᠭᠡᠷ ᠪᠣᠯ ᠣᠯᠤᠰ ᠲᠤ ᠦᠮᠴᠢᠯᠡᠭᠳᠡᠨ᠎ᠡ᠂ ᠬᠠᠮᠳᠣ ᠳᠤ ᠦᠮᠴᠢᠯᠡᠭᠳᠡᠨ᠎ᠡ | ᠭᠡᠵᠦ ᠬᠠᠣᠯᠢ ᠪᠠᠷ ᠲᠣᠭᠲᠠᠭᠠᠨᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ ᠣᠯᠣᠰ ᠤᠨ ᠦᠮᠴᠢᠯᠡᠯ ᠤᠨ ᠨᠣᠳᠤᠭ | ᠪᠡᠯᠴᠢᠭᠡᠷ ᠲᠤ ᠲᠦᠷᠦ ᠶᠢᠨ ᠶᠠᠪᠣᠳᠠᠯ ᠤᠨ ᠬᠤᠷᠢᠶ᠎ᠠ ᠤᠯᠤᠰ ᠢ ᠲᠦᠯᠦᠭᠡᠯᠡᠨ ᠦᠮᠴᠢᠯᠡᠯ ᠤᠨ ᠡᠷᠬᠡ ᠶᠢ | ᠬᠡᠷᠡᠭᠵᠢᠭᠦᠯᠤᠨ᠎ᠡ᠃ | ᠠᠷᠪᠠᠳᠣᠭᠠᠷ ᠵᠦᠢᠯ ᠣᠯᠣᠰ ᠤᠨ ᠦᠮᠴᠢᠯᠡᠯ ᠤᠨ ᠨᠣᠳᠤᠭ ᠪᠡᠯᠴᠢᠭᠡᠷ ᠢ ᠬᠠᠣᠯᠢ ᠶᠣᠰᠣᠭᠠᠷ ᠠᠷᠠᠳ | ᠨᠡᠶᠢᠳᠡ ᠶᠢᠨ ᠦᠮᠴᠢᠯᠡᠯ ᠤᠨ ᠳᠦᠷᠢᠮᠲᠦ ᠨᠢᠭᠡᠴᠢ᠂ ᠬᠠᠮᠲᠦ ᠶᠢᠨ ᠠᠵᠦ ᠠᠬᠤᠢ ᠶᠢᠨ ᠵᠣᠬᠢᠶᠠᠨ ᠪᠠᠶᠢᠭᠤᠯᠣᠯᠲᠠ | ᠵᠡᠷᠭᠡ ᠳᠤ ᠬᠡᠷᠡᠭᠯᠡᠬᠦᠯᠬᠦ ᠪᠠᠷ ᠲᠣᠭᠳᠠᠭᠠᠵᠦ ᠪᠣᠯᠣᠨ᠎ᠠ᠃ ᠨᠤᠳᠤᠭ ᠪᠡᠯᠴᠢᠭᠡᠷ ᠬᠡᠷᠡᠭᠯᠡᠭᠰᠡᠨ ᠨᠢᠭᠡᠴᠢ ᠨᠢ ᠨᠣᠲᠤᠭ | ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠵᠦᠢ ᠵᠣᠬᠢᠰᠲᠠᠢ ᠪᠠᠷ ᠠᠰᠢᠭᠯᠠᠬᠤ ᠡᠭᠦᠷᠭᠡ ᠶᠢ | ᠭᠦᠢᠴᠡᠳᠭᠡᠬᠦ ᠬᠡᠷᠡᠭᠳᠠᠢ᠃ | ᠠᠷᠪᠠᠨ ᠨᠢᠭᠡᠳᠦᠭᠡᠷ ᠵᠦᠢᠯ ᠠᠷᠠᠳ ᠨᠡᠶᠢᠳᠡ ᠶᠢᠨ ᠦᠮᠴᠢᠯᠡᠯ ᠤᠨ ᠳᠦᠷᠢᠮᠲᠦ ᠨᠢᠭᠡᠴᠢ᠂ ᠬᠠᠮᠲᠦ ᠶᠢᠨ | ᠠᠵᠦ ᠠᠬᠤᠢ ᠶᠢᠨ ᠵᠣᠬᠢᠶᠠᠨ ᠪᠠᠶᠢᠭᠤᠯᠣᠯᠲᠠ ᠵᠡᠷᠭᠡ ᠳᠤ ᠬᠡᠷᠡᠭᠯᠡᠬᠦᠯᠬᠦ ᠪᠠᠷ ᠲᠣᠭᠲᠠᠭᠠᠭᠰᠨ ᠣᠯᠣᠰ ᠤᠨ | ᠦᠮᠴᠢᠯᠡᠯ ᠤᠨ ᠨᠣᠲᠤᠭ ᠪᠡᠯᠴᠢᠭᠡᠷ ᠢ ᠰᠢᠶᠠᠨ ᠤ ᠱᠠᠲᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ | ᠠᠴᠠ ᠲᠠᠩᠰᠠᠯᠠᠵᠦ᠂ ᠬᠡᠷᠡᠭᠯᠡᠬᠦ ᠡᠷᠬᠡ ᠶᠢᠨ ᠦᠨᠡᠮᠯᠡᠯ ᠢ ᠬᠢᠨᠠᠨ ᠣᠯᠭᠤᠵᠦ᠂ ᠨᠣᠲᠤᠭ ᠪᠡᠯᠴᠢᠭᠡᠷ ᠤᠨ ᠬᠡᠷᠡᠭᠯᠡᠬᠦ | ᠡᠷᠬᠡ ᠶᠢ ᠮᠠᠭᠠᠳᠯᠠᠨ᠎ᠠ᠃ ᠬᠡᠷᠡᠭᠯᠡᠬᠦ ᠡᠷᠬᠡ ᠶᠢ ᠨᠢ ᠲᠣᠭᠲᠠᠭᠠᠲᠦᠢ ᠣᠯᠣᠰ ᠤᠨ ᠦᠮᠴᠢᠯᠡᠯ ᠤᠨ ᠨᠣᠲᠤᠭ ᠪᠡᠯᠴᠢᠭᠡᠷ | ᠢ ᠰᠢᠶᠠᠨ ᠤ ᠱᠠᠲᠣᠨ ᠠᠴᠠ ᠲᠡᠭᠡᠭᠰᠢ ᠠᠷᠠᠳ ᠤᠨ ᠵᠠᠰᠠᠭ ᠤᠨ ᠣᠷᠳᠣᠨ ᠠᠴᠠ ᠪᠦᠷᠢᠳᠭᠡᠨ ᠲᠠᠩᠰᠠᠯᠠᠬᠤ ᠶᠢᠨ | ᠬᠠᠮᠳᠣ ᠬᠠᠮᠠᠭᠠᠯᠠᠵᠦ ᠬᠠᠮᠢᠶᠠᠷᠠᠬᠤ ᠶᠢ ᠬᠠᠷᠢᠭᠤᠴᠠᠨ᠎ᠠ᠃ ᠬᠠᠮᠳᠣ ᠶᠢᠨ ᠦᠮᠴᠢᠯᠡᠯ ᠤᠨ ᠨᠤᠲᠤᠭ ᠪᠡᠯᠴᠢᠭᠡᠷ ᠢ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠠᠴᠠ ᠲᠠᠩᠰᠠᠯᠠᠵᠦ᠂ ᠦᠮᠴᠢᠯᠡᠯ ᠤᠨ ᠡᠷᠬᠡ ᠶᠢᠨ | ᠦᠨᠡᠮᠯᠡᠯ ᠢ ᠬᠢᠨᠠᠨ ᠣᠯᠭᠤᠵᠦ᠂ ᠨᠣᠲᠤᠭ ᠪᠡᠯᠴᠢᠭᠡᠷ ᠤᠨ ᠦᠮᠴᠢᠯᠡᠯ ᠤᠨ ᠡᠷᠬᠡ ᠶᠢ ᠮᠠᠭᠠᠳᠯᠠᠨ᠎ᠠ᠃ ᠨᠣᠲᠤᠭ | ᠪᠡᠯᠴᠢᠭᠡᠷ ᠤᠨ ᠡᠷᠬᠡ ᠶᠢᠨ ᠬᠠᠷᠢᠶᠠᠯᠠᠯ ᠢ ᠬᠠᠥᠯᠢ ᠶᠣᠰᠣᠭᠠᠷ ᠬᠤᠪᠢᠷᠠᠭᠤᠯᠬᠤ ᠭᠡᠪᠡᠯ ᠨᠤᠲᠤᠭ ᠪᠡᠯᠴᠢᠭᠡᠷ ᠤᠨ ᠡᠷᠬᠡ | ᠶᠢᠨ ᠬᠠᠷᠢᠶᠠᠯᠠᠯ ᠢ ᠬᠤᠪᠢᠷᠠᠭᠤᠯᠬᠤ ᠪᠠᠷ ᠲᠠᠩᠰᠠᠯᠠᠭᠤᠯᠬᠤ ᠭᠠᠷ ᠭᠦᠢᠴᠡᠳᠭᠡᠯ ᠬᠢᠬᠦ ᠬᠡᠷᠡᠭᠲᠠᠢ᠃ | ᠠᠷᠪᠠᠨ ᠬᠤᠶᠠᠳᠣᠭᠠᠷ ᠵᠦᠢᠯ ᠬᠠᠥᠯᠢ ᠶᠣᠰᠣᠭᠠᠷ ᠲᠠᠩᠰᠠᠯᠠᠭᠤᠯᠣᠭᠰᠠᠨ ᠨᠣᠲᠤᠭ ᠪᠡᠯᠴᠢᠭᠡᠷ ᠤᠨ ᠦᠮᠴᠢᠯᠡᠬᠦ | ᠡᠷᠬᠡ ᠪᠠ ᠬᠡᠷᠡᠭᠯᠡᠬᠦ ᠡᠷᠬᠡ ᠨᠢ ᠬᠠᠥᠯᠢ ᠪᠠᠷ ᠬᠠᠮᠠᠭᠠᠯᠠᠭᠳᠠᠨ᠎ᠠ᠂ ᠶᠠᠮᠠᠷᠪᠠ ᠨᠢᠭᠡᠴᠢ ᠪᠣᠶᠣ ᠬᠤᠪᠢ ᠬᠦᠮᠦᠨ | ᠬᠠᠯᠳᠠᠵᠦ ᠪᠣᠯᠬᠤ ᠦᠭᠡᠢ᠃ | ᠠᠷᠪᠠᠨ ᠭᠤᠷᠪᠠᠳᠣᠭᠠᠷ ᠵᠦᠢᠯ ᠬᠠᠮᠳᠣ ᠶᠢᠨ ᠦᠮᠴᠢᠯᠡᠯ ᠤᠨ ᠨᠤᠲᠤᠭ ᠪᠡᠯᠴᠢᠭᠡᠷ ᠪᠣᠶᠣ ᠬᠠᠤᠯᠢ ᠶᠤᠰᠤᠭᠠᠷ | ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠳᠤ ᠬᠡᠷᠡᠭᠯᠡᠬᠦᠯᠬᠦ ᠪᠠᠷ ᠳᠤᠭᠳᠠᠭᠠᠭᠰᠠᠨ ᠤᠯᠤᠰ ᠤᠨ | ᠦᠮᠴᠢᠯᠠᠯ ᠤᠨ ᠨᠤᠳᠤᠭ ᠪᠡᠯᠴᠢᠬᠡᠷ ᠢ ᠳᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ | ᠳᠤᠳᠤᠭᠠᠳᠤ ᠳᠠᠬᠢ ᠬᠡᠷ ᠪᠦᠯᠢ ᠪᠤᠶᠤ ᠬᠤᠯᠪᠤᠭ᠎ᠠ ᠡᠷᠦᠬᠡ ᠪᠠᠷ ᠳᠠᠭᠠᠭᠠᠴᠢᠯᠠᠭᠤᠯᠤᠨ ᠡᠵᠡᠩᠨᠡᠬᠦᠯᠵᠤ ᠪᠤᠯᠤᠨ᠎ᠠ᠃ | ᠨᠣᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠵᠦ ᠪᠠᠶᠢᠬᠤ ᠬᠤᠭᠤᠴᠠᠭᠠᠨ ᠳᠤ᠂ ᠲᠠᠭᠠᠴᠢᠯᠠᠨ ᠡᠵᠡᠩᠨᠡᠭᠴᠢ ᠶᠢᠨ | ᠬᠡᠷᠡᠭᠯᠡᠵᠦ ᠪᠠᠶᠢᠭ᠎ᠠ ᠨᠣᠲᠤᠭ ᠪᠡᠯᠴᠢᠭᠡᠷ ᠲᠤ ᠲᠣᠬᠢᠷᠠᠭᠤᠯᠣᠯᠲᠠ ᠬᠢᠵᠦ ᠪᠣᠯᠬᠤ ᠦᠭᠡᠢ︔ ᠣᠨᠴᠠᠭᠠᠢ ᠵᠠᠷᠢᠮ | ᠲᠤᠬᠢᠷᠠᠭᠤᠯᠤᠯᠲᠠ ᠬᠢᠬᠦ ᠴᠢᠬᠤᠯᠠᠳᠠᠢ ᠶᠢ ᠨᠢ ᠡᠷᠬᠡᠪᠰᠢ ᠲᠣᠰ ᠬᠠᠮᠲᠣ ᠶᠢᠨ ᠠᠵᠦ ᠠᠬᠤᠢ ᠶᠢᠨ ᠵᠣᠬᠢᠶᠠᠨ | ᠪᠠᠶᠢᠭᠤᠯᠣᠯᠲᠠ ᠶᠢᠨ ᠪᠦᠷᠢᠯᠳᠦᠭᠦᠨ ᠪᠣᠯᠬᠤ ᠭᠠᠴᠠᠭᠠᠨ ᠤ ᠠᠷᠠᠳ ᠤᠨ ︵ ᠮᠠᠯᠴᠢᠨ︶ ᠬᠤᠷᠠᠯᠳᠣᠭᠠᠨ ᠤ ᠭᠤᠷᠪᠠᠨ | ᠤ ᠬᠤᠶᠠᠷ ᠬᠤᠪᠢ ᠠᠴᠠ ᠲᠡᠭᠡᠭᠰᠢᠬᠢ ᠪᠦᠷᠢᠯᠳᠦᠭᠦᠨ ᠪᠣᠶᠣ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ | ᠭᠠᠴᠠᠭᠠᠨ ᠤ ᠠᠷᠠᠳ ᠤᠨ ︵ᠮᠠᠯᠴᠢᠨ︶ ᠲᠦᠯᠦᠭᠡᠯᠡᠭᠴᠢᠳ ᠤᠨ ᠵᠦᠪᠰᠢᠶᠡᠷᠡᠯ ᠢ ᠣᠯᠬᠤ ᠶᠢᠨ ᠬᠠᠮᠲᠣ᠂ ᠰᠤᠮᠤ | ︵ᠪᠠᠯᠭᠠᠰᠤ︶ ᠶᠢᠨ ᠠᠷᠠᠳ ᠤᠨ ᠵᠠᠰᠠᠭ ᠶᠢᠨ ᠤᠷᠳᠤᠨ ᠪᠣᠯᠥᠨ ᠰᠢᠶᠠᠨ ᠤ ᠱᠠᠳᠣᠨ ᠤ ᠠᠷᠠᠳ ᠤᠨ ᠵᠠᠰᠠᠭ ᠶᠢᠨ | ᠣᠷᠳᠣᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ | ᠮᠡᠳᠡᠭᠦᠯᠦᠨ ᠵᠦᠪᠰᠢᠶᠡᠷᠡᠭᠦᠯᠬᠦ ᠬᠡᠷᠡᠭᠲᠡᠢ᠃ ᠬᠠᠮᠲᠤ ᠶᠢᠨ ᠦᠮᠴᠢᠯᠡᠯ ᠤᠨ ᠨᠤᠲᠤᠭ ᠪᠡᠯᠴᠢᠭᠡᠷ ᠪᠤᠶᠤ ᠬᠠᠥᠯᠢ | ᠶᠤᠰᠣᠭᠠᠷ ᠬᠠᠮᠲᠣ ᠶᠢᠨ ᠠᠵᠦ ᠠᠬᠤᠢ ᠶᠢᠨ ᠵᠤᠬᠢᠶᠠᠨ ᠪᠠᠶᠢᠭᠤᠯᠣᠯᠲᠠ ᠳᠤ ᠬᠡᠷᠡᠭᠯᠡᠬᠦᠯᠬᠦ ᠪᠠᠷ ᠲᠤᠭᠲᠠᠭᠠᠭᠰᠠᠨ | ᠣᠯᠣᠰ ᠤᠨ ᠦᠮᠴᠢᠯᠡᠯ ᠤᠨ ᠨᠤᠲᠤᠭ ᠪᠡᠯᠴᠢᠭᠡᠷ ᠢ ᠲᠤᠰ ᠬᠠᠮᠲᠣ ᠶᠢᠨ ᠠᠵᠦ ᠠᠬᠤᠢ ᠶᠢᠨ ᠵᠤᠬᠢᠶᠠᠨ | ᠪᠠᠶᠢᠭᠤᠯᠤᠯᠲᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭᠠᠴᠢᠯᠠᠨ ᠡᠵᠡᠩᠨᠡᠬᠦ ᠳᠤ ᠬᠦᠷᠪᠡᠯ᠂ ᠡᠷᠬᠡᠪᠰᠢ | ᠲᠤᠰ ᠬᠠᠮᠲᠤ ᠶᠢᠨ ᠠᠵᠦ ᠠᠬᠤᠢ ᠶᠢᠨ ᠵᠤᠬᠢᠶᠠᠨ ᠪᠠᠶᠢᠭᠤᠯᠣᠯᠲᠠ ᠶᠢᠨ ᠪᠦᠷᠢᠯᠳᠦᠭᠦᠨ ᠪᠤᠯᠬᠤ ᠭᠠᠴᠠᠭᠠᠨ ᠤ | ᠠᠷᠠᠳ ᠤᠨ ︵ᠮᠠᠯᠴᠢᠨ︶ ᠬᠤᠷᠠᠯᠳᠤᠭᠠᠨ ᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠪᠦᠷᠢᠯᠳᠦᠭᠦᠨ | ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ︵ᠮᠠᠯᠴᠢᠨ︶ ᠲᠦᠯᠦᠭᠡᠯᠡᠭᠴᠢᠳ | ᠤᠨ ᠵᠦᠪᠰᠢᠶᠡᠷᠡᠯ ᠢ ᠣᠯᠬᠤ ᠶᠢᠨ ᠬᠠᠮᠲᠣ᠂ ᠰᠣᠮᠣ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠦᠪᠰᠢᠶᠡᠷᠡᠭᠦᠯᠬᠦ ᠬᠡᠷᠡᠭᠲᠠᠢ᠃ | ᠠᠷᠪᠠᠨ ᠳᠦᠷᠪᠡᠳᠦᠭᠡᠷ ᠵᠦᠢᠯ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠳᠤ᠂ | ᠲᠠᠭᠠᠭᠠᠴᠢᠯᠠᠭᠤᠯᠤᠭᠴᠢ ᠪᠠ ᠲᠠᠭᠠᠭᠠᠴᠢᠯᠠᠭᠴᠢ ᠨᠢ ᠪᠢᠴᠢᠭ ᠤᠨ ᠭᠡᠷ᠎ᠡ ᠲᠣᠭᠲᠠᠭᠠᠬᠤ ᠬᠡᠷᠡᠭᠲᠠᠢ᠃ ᠨᠤᠲᠤᠭ | ᠪᠡᠯᠴᠢᠭᠡᠷ ᠤᠨ ᠲᠠᠭᠠᠭᠠᠴᠢᠯᠠᠯᠲᠠ ᠶᠢᠨ ᠭᠡᠷ᠎ᠡ ᠳᠤ ᠬᠤᠶᠠᠷ ᠲᠠᠯ᠎ᠠ ᠶᠢᠨ ᠡᠷᠬᠡ ᠪᠣᠯᠣᠨ ᠡᠭᠦᠷᠭᠡ᠂ ᠲᠠᠭᠠᠭᠠᠴᠢᠯᠠᠬᠤ | ᠨᠤᠲᠤᠭ ᠪᠡᠯᠴᠢᠭᠡᠷ ᠤᠨ ᠲᠦᠷᠪᠡᠨ ᠲᠠᠯ᠎ᠠ ᠶᠢᠨ ᠬᠦᠪᠡᠭᠡ ᠬᠢᠵᠠᠭᠠᠷ᠂ ᠲᠠᠯᠠᠪᠠᠢ ᠪᠤᠯᠤᠨ ᠵᠡᠷᠭᠡ ᠲᠠᠰ᠂ | ᠲᠠᠭᠠᠭᠠᠴᠢᠯᠠᠯᠲᠠ ᠶᠢᠨ ᠬᠤᠭᠤᠴᠠᠭ᠎ᠠ ᠪᠠ ᠡᠬᠢᠯᠡᠵᠦ ᠲᠠᠭᠤᠰᠬᠤ ᠡᠳᠦᠷ ᠬᠤᠭᠤᠴᠠᠭ᠎ᠠ᠂ ᠨᠤᠲᠤᠭ ᠪᠡᠯᠴᠢᠭᠡᠷ | ᠲᠠᠭᠠᠭᠠᠴᠢᠯᠠᠬᠤ ᠬᠡᠷᠡᠭᠯᠡᠯᠲᠡ ᠪᠠ ᠭᠡᠷ᠎ᠡ ᠠᠴᠠ ᠵᠦᠷᠢᠴᠡᠭᠰᠠᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠪᠠᠭᠳᠠᠭᠠᠭᠰᠠᠨ | ᠪᠠᠶᠢᠬᠤ ᠭᠡᠷᠡᠭᠲᠡᠢ︔ ᠲᠠᠭᠠᠭᠠᠴᠢᠯᠠᠯᠲᠠ ᠶᠢᠨ ᠬᠤᠭᠤᠴᠠᠭ᠎ᠠ ᠲᠠᠭᠤᠰᠬᠤ ᠳᠤ᠂ ᠣᠣᠯ ᠤᠨ ᠲᠠᠭᠠᠭᠠᠴᠢᠯᠠᠨ | ᠡᠵᠡᠩᠨᠡᠭᠴᠢ ᠨᠢ ᠠᠳᠠᠯᠢ ᠨᠦᠭᠦᠴᠡᠯ ᠤᠨ ᠲᠣᠥᠷ᠎ᠠ ᠣᠷᠢᠳ ᠢᠶᠠᠷ ᠲᠠᠭᠠᠭᠠᠴᠢᠯᠠᠬᠤ ᠡᠷᠭᠡ ᠶᠢ ᠡᠳ᠋ᠯᠡᠨ᠎ᠡ᠃ ᠨᠤᠲᠤᠭ | ᠪᠡᠯᠴᠢᠭᠡᠷ ᠢ ᠲᠠᠭᠠᠭᠠᠴᠢᠯᠠᠨ ᠡᠵᠡᠩᠨᠡᠬᠦ ᠨᠢᠭᠡᠴᠢ ᠪᠠ ᠬᠤᠪᠢ ᠬᠦᠮᠦᠨ ᠨᠢ ᠨᠤᠲᠤᠭ ᠪᠡᠯᠴᠢᠭᠡᠷ ᠢ ᠬᠠᠮᠠᠭᠠᠯᠠᠬᠤ᠂ | ᠪᠦᠲᠦᠭᠡᠨ ᠪᠠᠶᠢᠭᠤᠯᠬᠤ ᠪᠠ ᠲᠠᠭᠠᠭᠠᠴᠢᠯᠠᠯᠳᠠ ᠶᠢᠨ ᠭᠡᠷ᠎ᠡ ᠳᠤ ᠪᠤᠯᠵᠤᠨ ᠲᠣᠭᠲᠠᠭᠰᠠᠨ ᠭᠡᠷᠡᠯᠡᠯᠲᠡ ᠶᠢᠨ ᠶᠣᠰᠤᠭᠠᠷ | ᠨᠤᠲᠤᠭ ᠪᠡᠯᠴᠢᠭᠡᠷ ᠢ ᠵᠦᠢ ᠵᠤᠬᠢᠰᠲᠠᠢ ᠪᠠᠷ ᠠᠰᠢᠭᠯᠠᠬᠤ ᠡᠭᠦᠷᠭᠡ ᠶᠢ ᠭᠦᠢᠴᠡᠳᠭᠡᠬᠦ ᠭᠡᠷᠡᠭᠲᠡᠢ᠃ | ᠠᠷᠪᠠᠨ ᠲᠠᠪᠦᠳᠤᠭᠠᠷ ᠵᠦᠢᠯ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠭᠦ ᠡᠷᠬᠡ ᠶᠢ ᠬᠠᠥᠯᠢ ᠪᠠᠷ | ᠬᠠᠮᠠᠭᠠᠯᠠᠵᠤ᠂ ᠰᠠᠶᠢᠨ ᠲᠤᠷ᠎ᠠ ᠶᠢᠨ ᠦᠨ᠎ᠡ ᠲᠦᠯᠦᠪᠦᠷᠢ ᠲᠠᠢ ᠪᠠᠶᠢᠬᠤ ᠵᠠᠷᠴᠢᠮ ᠢᠶᠠᠷ ᠬᠠᠤᠯᠢ ᠶᠤᠰᠤᠭᠠᠷ | ᠰᠢᠯᠵᠢᠬᠦᠯᠦᠨ ᠦᠭᠴᠦ ᠪᠤᠯᠤᠨ᠎ᠠ᠃ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠬᠦᠯᠦᠨ | ᠦᠭᠬᠦ ᠳᠤ ᠬᠦᠯᠢᠶᠡᠨ ᠠᠪᠤᠭᠴᠢ ᠨᠢ ᠡᠷᠬᠡᠪᠰᠢ ᠮᠠᠯ ᠠᠵᠦ ᠠᠬᠤᠢ ᠶᠢᠨ ᠦᠢᠯᠡᠳᠪᠦᠷᠢᠯᠡᠯ ᠡᠷᠬᠢᠯᠡᠬᠦ ᠴᠢᠳᠠᠪᠦᠷᠢ ᠲᠠᠢ | ᠪᠠᠶᠢᠬᠤ ᠬᠡᠷᠡᠭᠲᠡᠢ ᠪᠦᠭᠡᠳ ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠲᠠᠭᠠᠭᠠᠴᠢᠯᠠᠯᠳᠠ | ᠶᠢᠨ ᠭᠡᠷ᠎ᠡ ᠳᠤ ᠪᠤᠯᠵᠤᠨ ᠲᠤᠭᠳᠠᠭᠰᠠᠨ ᠬᠡᠷᠡᠭᠯᠡᠯᠲᠡ ᠶᠢᠨ ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠳᠠᠢ ᠪᠠᠷ | ᠠᠰᠢᠭᠯᠠᠬᠤ ᠡᠭᠦᠷᠭᠡ ᠶᠢ ᠭᠦᠢᠴᠡᠳᠭᠡᠬᠦ ᠬᠡᠷᠡᠭᠲᠡᠢ᠃ ᠨᠤᠲᠤᠭ ᠪᠡᠯᠴᠢᠭᠡᠷ ᠤᠨ ᠲᠠᠭᠠᠭᠠᠴᠢᠯᠠᠠ ᠡᠵᠡᠩᠨᠡᠬᠦ ᠡᠷᠬᠡ ᠶᠢ | ᠰᠢᠯᠵᠢᠭᠦᠯᠦᠨ ᠦᠭᠬᠦ ᠳᠡᠭᠡᠨ ᠲᠠᠭᠠᠭᠠᠴᠢᠯᠠᠭᠤᠯᠤᠭᠴᠢ ᠪᠠᠷ ᠵᠦᠪᠰᠢᠶᠡᠷᠡᠬᠦᠯᠬᠦ ᠬᠡᠷᠡᠭᠲᠡᠢ᠃ ᠲᠠᠭᠠᠭᠠᠴᠢᠯᠠᠭᠴᠢ | ᠬᠢᠭᠡᠳ ᠬᠦᠯᠢᠶᠡᠨ ᠠᠪᠤᠭᠴᠢ ᠨᠢ ᠰᠢᠯᠵᠢᠬᠦᠯᠦᠨ ᠦᠭᠬᠦ ᠭᠡᠷ᠎ᠡ ᠳᠤ ᠪᠤᠯᠵᠤᠨ ᠲᠤᠭᠲᠠᠭᠰᠠᠨ ᠰᠢᠯᠵᠢᠭᠦᠯᠦᠨ ᠦᠭᠬᠦ | ᠬᠤᠭᠤᠴᠠᠭ᠎ᠠ ᠪᠠᠨ ᠤᠥᠯ ᠲᠠᠭᠠᠭᠠᠴᠢᠯᠠᠯᠲᠠ ᠶᠢᠨ ᠭᠡᠷ᠎ᠡ ᠶᠢᠨ ᠦᠯᠡᠳᠡᠭᠰᠡᠨ ᠬᠤᠭᠤᠴᠠᠭ᠎ᠠ ᠠᠴᠠ ᠬᠡᠲᠤᠷᠡᠭᠦᠯᠵᠦ | ᠪᠤᠯᠬᠤ ᠦᠭᠡᠢ᠃ | ᠠᠷᠪᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠦᠮᠴᠢᠯᠡᠬᠦ ᠡᠷᠭᠡ᠂ ᠬᠡᠷᠡᠭᠯᠡᠬᠦ ᠡᠷᠭᠡ ᠶᠢᠨ ᠲᠠᠯ᠎ᠠ | ᠶᠢᠨ ᠮᠠᠷᠭᠤᠭᠠᠨ ᠢ ᠪᠣᠯ ᠲᠤᠬᠠᠢ ᠶᠢᠨ ᠬᠦᠮᠦᠨ ᠨᠢ ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ︔ ᠵᠦᠪᠳᠡᠯᠴᠡᠭᠡᠳ | ᠰᠢᠢᠳᠪᠦᠷᠢᠯᠡᠵᠦ ᠲᠡᠶᠢᠯᠬᠦ ᠦᠭᠡᠢ ᠪᠣᠯ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠠᠴᠠ | ᠰᠢᠢᠳᠪᠦᠷᠢᠯᠡᠨ᠎ᠡ᠃ ᠨᠢᠭᠡᠴᠢ ᠶᠢᠨ ᠬᠤᠭᠤᠷᠤᠨᠳᠤᠬᠢ ᠮᠠᠷᠭᠤᠭᠠᠨ ᠢ ᠰᠢᠶᠠᠨ ᠤ ᠱᠠᠳᠣᠨ ᠠᠴᠠ ᠲᠡᠭᠡᠭᠰᠢᠬᠢ ᠠᠷᠠᠳ | ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ᠃ ᠬᠤᠪᠢ ᠬᠦᠮᠦᠨ ᠤ ᠬᠤᠭᠤᠷᠤᠨᠳᠤᠬᠢ᠂ ᠬᠤᠪᠢ ᠬᠦᠮᠦᠨ | ᠬᠢᠬᠡᠳ ᠨᠢᠬᠡᠴᠢ ᠶᠢᠨ ᠬᠤᠭᠤᠷᠤᠨᠳᠡᠬᠢ ᠮᠠᠷᠭᠤᠭᠠᠨ ᠢ ᠰᠣᠮᠣ ︵ᠪᠠᠯᠭᠠᠰᠣ︶ ᠶᠢᠨ ᠠᠷᠠᠳ ᠤᠨ ᠵᠠᠰᠠᠭ ᠤᠨ | ᠣᠷᠳᠣᠨ ᠪᠤᠶᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠰᠢᠢᠳᠪᠦᠷᠢᠯᠡᠨ᠎ᠡ᠃ | ᠲᠤᠬᠠᠢ ᠶᠢᠨ ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ | ᠲᠤᠭᠳᠠᠭᠠᠯ ᠢ ᠬᠦᠯᠢᠶᠡᠬᠦ ᠦᠬᠡᠢ ᠪᠠᠶᠢᠪᠠᠯ ᠬᠠᠤᠯᠢ ᠶᠣᠰᠣᠭᠠᠷ ᠠᠷᠠᠳ ᠤᠨ ᠰᠢᠬᠦᠬᠦ ᠬᠤᠷᠢᠶᠠᠨ ᠳᠤ ᠵᠠᠭᠠᠯᠳᠣᠯᠭ᠎ᠠ | ᠭᠠᠷᠭᠠᠵᠦ ᠪᠤᠯᠤᠨ᠎ᠠ᠃ ᠨᠤᠳᠤᠭ ᠪᠡᠯᠴᠢᠬᠡᠷ ᠤᠨ ᠡᠷᠭᠡ ᠶᠢᠨ ᠬᠠᠷᠢᠶᠠᠯᠠᠯ ᠤᠨ ᠲᠤᠬᠠᠢ ᠮᠠᠷᠭᠤᠭᠠᠨ ᠢ | ᠰᠢᠢᠳᠪᠦᠷᠢᠯᠡᠬᠦ ᠠᠴᠠ ᠡᠮᠦᠨ᠎ᠡ᠂ ᠠᠯᠢ ᠨᠢᠬᠡ ᠲᠠᠯ᠎ᠠ ᠨᠢ ᠴᠣ᠋ ᠭᠡᠳ ᠨᠤᠳᠤᠭ ᠪᠡᠯᠴᠢᠬᠡᠷ ᠤᠨ ᠠᠰᠢᠭᠯᠠᠯᠳᠠ ᠤᠨ | ᠣᠳᠣᠬᠢ ᠪᠠᠶᠢᠳᠠᠯ ᠢ ᠬᠤᠪᠢᠷᠠᠭᠤᠯᠵᠦ ᠪᠤᠯᠬᠤ ᠦᠬᠡᠢ᠂ ᠨᠣᠳᠤᠭ ᠪᠡᠯᠴᠢᠬᠡᠷ ᠪᠠ ᠨᠣᠳᠤᠭ ᠪᠡᠯᠴᠢᠬᠡᠷ ᠲᠡᠭᠡᠷᠡᠬᠢ | ᠲᠦᠬᠦᠬᠡᠷᠦᠮᠵᠢ ᠶᠢ ᠡᠪᠳᠡᠨ ᠰᠦᠢᠳᠬᠡᠵᠦ ᠪᠤᠯᠬᠤ ᠦᠬᠡᠢ᠃ | ᠭᠤᠷᠪᠠᠳᠣᠭᠠᠷ ᠪᠦᠯᠦᠭ ᠲᠦᠯᠦᠪᠵᠢᠬᠦᠯᠬᠦ | ᠠᠷᠪᠠᠨ ᠲᠤᠯᠤᠳᠣᠭᠠᠷ ᠵᠦᠢᠯ ᠣᠯᠣᠰ ᠠᠴᠠ ᠨᠣᠳᠤᠭ ᠪᠡᠯᠴᠢᠭᠡᠷ ᠤᠨ ᠬᠠᠮᠠᠭᠠᠯᠠᠯᠳᠠ᠂ ᠪᠦᠳᠦᠬᠡᠨ | ᠪᠠᠶᠢᠭᠤᠯᠤᠯᠳᠠ᠂ ᠠᠰᠢᠭᠯᠠᠯᠳᠠ ᠳᠤ ᠨᠢᠬᠡᠳᠣᠯᠳᠡᠢ ᠲᠦᠯᠦᠪᠵᠢᠬᠦᠯᠬᠡ ᠬᠢᠬᠦ ᠲᠦᠷᠢᠮ ᠢ ᠬᠡᠷᠡᠭᠵᠢᠬᠦᠯᠦᠨ᠎ᠡ᠃ ᠲᠦᠷᠦ | ᠶᠢᠨ ᠶᠠᠪᠤᠳᠠᠯ ᠤᠨ ᠬᠤᠷᠢᠶᠠᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠨᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ | ᠪᠠᠶᠢᠭᠠᠳ ᠪᠦᠬᠦ ᠣᠯᠣᠰ ᠤᠨ ᠨᠣᠳᠤᠭ ᠪᠡᠯᠴᠢᠭᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ | ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠦ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ | ᠵᠦᠪᠰᠢᠶᠠᠷᠡᠬᠦᠯᠦᠭᠰᠡᠨ ᠤ ᠲᠠᠷᠠᠭ᠎ᠠ ᠭᠡᠷᠡᠭᠵᠢᠬᠦᠯᠦᠨ᠎ᠡ᠃ ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠣᠳᠤᠭ | ᠤᠨ ᠠᠷᠠᠳ ᠤᠨ ᠵᠠᠰᠠᠭ ᠤᠨ ᠣᠷᠳᠣᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠦᠴᠢᠷ ᠨᠢ ᠠᠳᠠᠯᠢ ᠱᠠᠳᠣᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ ᠪᠠᠶᠢᠭᠠᠳ | ᠲᠡᠭᠡᠷ᠎ᠡ ᠨᠢᠬᠡ ᠱᠠᠳᠣᠨ ᠤ ᠨᠣᠳᠤᠭ ᠪᠡᠯᠴᠢᠭᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ | ᠶᠢᠨ ᠲᠦᠯᠦᠪᠵᠢᠬᠦᠯᠬᠡ ᠶᠢ ᠦᠨᠳᠦᠰᠦᠯᠡᠨ ᠲᠤᠰ ᠵᠠᠰᠠᠭ ᠵᠠᠬᠢᠷᠭᠠᠨ ᠤ ᠣᠷᠣᠨ ᠤ ᠨᠣᠳᠤᠭ ᠪᠡᠯᠴᠢᠬᠡᠷ ᠤᠨ | ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠦ᠂ | ᠲᠣᠰ ᠱᠠᠳᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ | ᠬᠡᠷᠡᠭᠵᠢᠬᠦᠯᠦᠨ᠎ᠡ᠃ ᠨᠢᠬᠡᠨᠳᠡ ᠵᠦᠪᠰᠢᠶᠡᠷᠡᠬᠦᠯᠦᠭᠰᠡᠨ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ | ᠪᠠᠶᠢᠭᠤᠯᠤᠯᠳᠠ᠂ ᠠᠰᠢᠭᠯᠠᠯᠳᠠ ᠶᠢᠨ ᠲᠦᠯᠦᠪᠵᠢᠬᠦᠯᠬᠡ ᠶᠢ ᠦᠨᠡᠬᠡᠷ ᠲᠤᠬᠢᠷᠠᠭᠤᠯᠬᠤ ᠪᠤᠶᠤ ᠵᠠᠰᠠᠪᠤᠷᠢ | ᠣᠷᠣᠭᠤᠯᠬᠤ ᠴᠢᠬᠤᠯᠠᠳᠠᠢ ᠦᠶ᠎ᠡ ᠳᠤ᠂ ᠡᠷᠬᠡᠪᠰᠢ ᠣᠣᠯ ᠵᠦᠪᠰᠢᠶᠡᠷᠡᠭᠦᠯᠦᠭᠰᠡᠨ ᠪᠠᠶᠢᠭᠤᠯᠭ᠎ᠠ ᠪᠠᠷ | ᠵᠦᠪᠰᠢᠶᠡᠷᠡᠬᠦᠯᠬᠦ ᠬᠡᠷᠡᠭᠳᠡᠢ᠃ | ᠠᠷᠪᠠᠨ ᠨᠠᠢᠮᠠᠳᠣᠭᠠᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ | ᠠᠰᠢᠭᠯᠠᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠳᠠᠭᠠᠨ ᠣᠯᠣᠰ ᠠᠷᠠᠳ ᠤᠨ ᠠᠵᠦ ᠠᠬᠤᠢ | ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠬᠡ ᠶᠢ ᠦᠨᠳᠦᠰᠦᠯᠡᠬᠦ ᠶᠢᠨ ᠬᠠᠮᠳᠣ ᠲᠤᠤᠷ᠎ᠠ | ᠵᠢᠬᠰᠠᠭᠠᠭᠰᠠᠨ ᠵᠠᠷᠴᠢᠮ ᠤᠳ ᠢ ᠵᠢᠷᠣᠮᠯᠠᠬᠤ ᠬᠡᠷᠡᠭᠳᠡᠢ᠄ ︵ᠨᠢᠬᠡ︶ ᠠᠮᠢ ᠠᠬᠤᠢ ᠶᠢᠨ ᠣᠷᠴᠢᠨ ᠲᠤᠭᠤᠷᠢᠨ ᠢ | ᠰᠠᠶᠢᠵᠢᠷᠠᠭᠤᠯᠤᠨ᠂ ᠠᠮᠢᠳᠣ ᠪᠣᠳᠠᠰ ᠤᠨ ᠣᠯᠠᠨ ᠶᠠᠩᠵᠣᠳᠣ ᠴᠢᠨᠠᠷ ᠢ ᠬᠠᠮᠠᠭᠠᠯᠠᠵᠦ᠂ ᠨᠣᠳᠤᠭ ᠪᠡᠯᠴᠢᠬᠡᠷ ᠤᠨ | ᠦᠷᠬᠦᠯᠵᠢᠯᠡᠨ ᠠᠰᠢᠭᠯᠠᠬᠤ ᠶᠢ ᠠᠬᠢᠭᠤᠯᠬᠤ︔ ︵ᠬᠤᠶᠠᠷ︶ ᠣᠳᠣ ᠪᠠᠶᠢᠭ᠎ᠠ ᠨᠣᠳᠤᠭ ᠪᠡᠯᠴᠢᠬᠡᠷ ᠢᠶᠠᠷ ᠰᠠᠭᠤᠷᠢ | ᠪᠤᠯᠭᠠᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠨᠢᠬᠡᠳᠦᠯᠳᠡᠢ ᠲᠦᠯᠦᠪᠵᠢᠬᠦᠯᠵᠦ᠂ ᠲᠦᠷᠦᠯ | ᠬᠤᠪᠢᠶᠠᠨ ᠵᠢᠯᠤᠭᠤᠳᠬᠤ︔ ︵ᠭᠤᠷᠪᠠ︶ ᠬᠠᠮᠠᠭᠠᠯᠠᠬᠤ ᠪᠠᠷ ᠭᠤᠤᠯ ᠪᠤᠯᠭᠠᠵᠦ᠂ ᠪᠦᠳᠦᠬᠡᠨ ᠪᠠᠶᠢᠭᠤᠯᠤᠯᠳᠠ ᠶᠢ | ᠴᠢᠩᠭᠠᠳᠬᠠᠵᠦ᠂ ᠬᠡᠰᠡᠭ ᠬᠤᠪᠢᠶᠠᠨ ᠰᠠᠶᠢᠵᠢᠷᠠᠭᠤᠯᠤᠨ᠂ ᠵᠦᠢ ᠵᠤᠬᠢᠰᠳᠠᠢ ᠠᠰᠢᠭᠯᠠᠬᠤ︔ ︵ᠲᠦᠷᠪᠡ︶ ᠠᠮᠢ | ᠠᠬᠤᠢ ᠶᠢᠨ ᠦᠷ᠎ᠡ ᠠᠰᠢᠭ᠂ ᠠᠵᠦ ᠠᠬᠤᠢ ᠶᠢᠨ ᠦᠷ᠎ᠡ ᠠᠰᠢᠭ᠂ ᠨᠡᠶᠢᠬᠡᠮ ᠤᠨ ᠦᠷ᠎ᠡ ᠠᠰᠢᠭ ᠢ | ᠣᠶᠠᠯᠳᠣᠭᠤᠯᠬᠤ᠃ | ᠠᠷᠪᠠ ᠶᠢᠰᠦᠳᠦᠬᠡᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ | ᠠᠰᠢᠭᠯᠠᠯᠳᠠ ᠶᠢᠨ ᠲᠦᠯᠦᠪᠵᠢᠬᠦᠯᠬᠡ ᠳᠤ᠄ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ | ᠠᠰᠢᠭᠯᠠᠯᠳᠠ ᠶᠢᠨ ᠬᠠᠷᠠᠯᠳᠠ ᠪᠠ ᠠᠷᠭ᠎ᠠ ᠬᠡᠮᠵᠢᠶ᠎ᠠ᠂ ᠨᠣᠳᠤᠭ ᠪᠡᠯᠴᠢᠬᠡᠷ ᠤᠨ ᠣᠶᠠᠯᠳᠣᠯ ᠴᠢᠳᠠᠪᠤᠷᠢ ᠶᠢᠨ | ᠠᠩᠬᠢᠯᠠᠯ ᠪᠠ ᠡᠯ᠎ᠡ ᠲᠦᠷᠦᠯ ᠤᠨ ᠪᠦᠳᠦᠬᠡᠨ ᠪᠠᠶᠢᠭᠤᠯᠤᠯᠳᠠ ᠶᠢᠨ ᠶᠡᠷᠦᠩᠬᠡᠢ ᠪᠠᠶᠢᠷᠢᠯᠠᠭᠤᠯᠤᠯᠳᠠ᠂ ᠡᠯ᠎ᠡ ᠲᠦᠷᠦᠯ | ᠤᠨ ᠲᠣᠰᠬᠠᠢ ᠲᠦᠯᠦᠪᠵᠢᠬᠦᠯᠬᠡ ᠵᠡᠷᠭᠡ ᠶᠢ ᠪᠠᠭᠳᠠᠭᠠᠬᠤ ᠭᠡᠷᠡᠭᠳᠡᠢ᠃ | ᠬᠤᠷᠢᠳᠣᠭᠠᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ | ᠶᠢᠨ ᠲᠦᠯᠦᠪᠵᠢᠬᠦᠯᠬᠡ ᠶᠢ ᠭᠠᠵᠠᠷ ᠰᠢᠷᠣᠢ ᠶᠢᠨ ᠠᠰᠢᠭᠯᠠᠯᠳᠠ ᠶᠢᠨ ᠶᠡᠷᠦᠩᠬᠡᠢ ᠲᠦᠯᠦᠪᠵᠢᠬᠦᠯᠬᠡ ᠲᠠᠢ | ᠬᠤᠯᠪᠤᠭᠳᠠᠭᠤᠯᠵᠦ᠂ ᠣᠷᠴᠢᠨ ᠠᠬᠤᠢ ᠶᠢᠨ ᠬᠠᠮᠠᠭᠠᠯᠠᠯᠳᠠ ᠶᠢᠨ ᠲᠦᠯᠦᠪᠵᠢᠬᠦᠯᠬᠡ᠂ ᠬᠤᠳᠠ ᠶᠢᠨ ᠶᠡᠷᠦᠩᠬᠡᠢ | ᠲᠦᠯᠦᠪᠵᠢᠬᠦᠯᠬᠡ᠂ ᠠᠶᠢᠯ ᠲᠣᠰᠬᠤᠨ ᠪᠠ ᠴᠣᠭᠯᠠᠭ᠎ᠠ ᠪᠠᠯᠭᠠᠰᠣ ᠶᠢᠨ ᠲᠦᠯᠦᠪᠵᠢᠬᠦᠯᠬᠡ ᠬᠢᠬᠡᠳ ᠪᠣᠰᠣᠳ | ᠲᠦᠯᠦᠪᠵᠢᠬᠦᠯᠬᠡ ᠲᠠᠢ ᠵᠤᠬᠢᠴᠠᠭᠤᠯᠬᠤ ᠬᠡᠷᠡᠭᠳᠡᠢ᠃ | ᠬᠤᠷᠢᠨ ᠨᠢᠬᠡᠳᠣᠭᠡᠷ ᠵᠦᠢᠯ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ | ᠠᠰᠢᠭᠯᠠᠯᠳᠠ ᠶᠢᠨ ᠲᠦᠯᠦᠪᠵᠢᠬᠦᠯᠬᠡ ᠵᠦᠪᠰᠢᠶᠡᠷᠡᠭᠳᠡᠪᠡᠯ ᠡᠷᠭᠡᠪᠰᠢ ᠡᠷᠡᠰ ᠴᠢᠩᠭ᠎ᠠ ᠪᠠᠷ ᠬᠡᠷᠡᠭᠵᠢᠬᠦᠯᠬᠦ ᠭᠡᠷᠡᠭᠳᠡᠢ᠃ | | ᠬᠤᠷᠢᠨ ᠬᠤᠶᠠᠳᠣᠭᠠᠷ ᠵᠦᠢᠯ ᠣᠯᠣᠰ ᠠᠴᠠ ᠨᠣᠳᠤᠭ ᠪᠡᠯᠴᠢᠬᠡᠷ ᠢ ᠪᠠᠶᠢᠴᠠᠭᠠᠬᠤ ᠲᠦᠷᠢᠮ ᠢ | ᠪᠠᠶᠢᠭᠤᠯᠤᠨ᠎ᠠ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤᠨ ᠨᠣᠳᠤᠭ ᠪᠡᠯᠴᠢᠬᠡᠷ | ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠨᠣᠳᠤᠭ ᠪᠡᠯᠴᠢᠬᠡᠷ ᠤᠨ ᠪᠠᠶᠢᠴᠠᠭᠠᠯᠳᠠ ᠶᠢᠨ | ᠦᠷ᠎ᠡ ᠳ᠋ᠦᠩ᠂ ᠨᠣᠳᠤᠭ ᠪᠡᠯᠴᠢᠬᠡᠷ ᠤᠨ ᠶᠠᠰᠣ ᠴᠢᠨᠠᠷ ᠢ ᠦᠨᠳᠦᠰᠦᠯᠡᠵᠦ᠂ ᠨᠣᠳᠤᠭ ᠪᠡᠯᠴᠢᠬᠡᠷ ᠢ ᠦᠨᠡᠯᠡᠨ | ᠲᠤᠭᠳᠠᠭᠠᠬᠤ ᠪᠠᠷᠢᠮᠵᠢᠶ᠎ᠠ ᠶᠣᠰᠣᠭᠠᠷ ᠨᠣᠳᠤᠭ ᠪᠡᠯᠴᠢᠭᠡᠷ ᠤᠨ ᠵᠡᠷᠬᠡ ᠲᠡᠰ ᠢ ᠦᠨᠡᠯᠡᠨ᠎ᠡ᠃ | ᠬᠤᠷᠢᠨ ᠭᠤᠷᠪᠠᠳᠣᠭᠠᠷ ᠵᠦᠢᠯ ᠲᠦᠷᠦ ᠶᠢᠨ ᠶᠠᠪᠣᠳᠠᠯ ᠤᠨ ᠬᠤᠷᠢᠶᠠᠨ ᠤ ᠨᠣᠳᠤᠭ ᠪᠡᠯᠴᠢᠬᠡᠷ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠲᠦᠷᠦ ᠶᠢᠨ ᠶᠠᠪᠣᠳᠠᠯ ᠤᠨ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠳᠣᠷᠠᠵᠦ ᠪᠠᠶᠢᠭᠠᠳ ᠪᠦᠬᠦ ᠣᠯᠣᠰ ᠤᠨ ᠨᠣᠳᠤᠭ ᠪᠡᠯᠴᠢᠬᠡᠷ ᠤᠨ ᠵᠡᠷᠭᠡ ᠲᠡᠰ ᠢ | ᠦᠨᠡᠯᠡᠨ ᠲᠤᠭᠳᠠᠭᠠᠬᠤ ᠪᠠᠷᠢᠮᠵᠢᠶ᠎ᠠ ᠶᠢ ᠲᠣᠭᠳᠠᠭᠠᠨ᠎ᠠ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠨᠣᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ | ᠨᠣᠳᠤᠭ ᠪᠡᠯᠴᠢᠬᠡᠷ ᠤᠨ ᠪᠠᠶᠢᠴᠠᠭᠠᠯᠳᠠ ᠶᠢᠨ ᠦᠷ᠎ᠡ ᠳ᠋ᠦᠩ᠂ ᠨᠣᠳᠤᠭ ᠪᠡᠯᠴᠢᠬᠡᠷ ᠤᠨ ᠶᠠᠰᠣ ᠴᠢᠨᠠᠷ ᠢ | ᠦᠨᠳᠦᠰᠦᠯᠡᠵᠦ᠂ ᠨᠣᠳᠤᠭ ᠪᠡᠯᠴᠢᠭᠡᠷ ᠢ ᠦᠨᠡᠯᠡᠨ ᠲᠤᠭᠳᠠᠭᠠᠬᠤ ᠪᠠᠷᠢᠮᠵᠢᠶ᠎ᠠ ᠶᠣᠰᠣᠭᠠᠷ ᠨᠣᠳᠤᠭ ᠪᠡᠯᠴᠢᠬᠡᠷ ᠤᠨ | ᠵᠠᠷᠭᠡ ᠲᠡᠰ ᠢ ᠦᠨᠡᠯᠡᠨ᠎ᠡ᠃ | ᠬᠤᠷᠢᠨ ᠲᠦᠷᠪᠡᠳᠦᠬᠡᠷ ᠵᠦᠢᠯ ᠣᠯᠣᠰ ᠠᠴᠠ ᠨᠣᠳᠤᠭ ᠪᠡᠯᠴᠢᠬᠡᠷ ᠢ ᠪᠦᠷᠢᠳᠬᠡᠬᠦ ᠲᠦᠷᠢᠮ ᠢ | ᠪᠠᠶᠢᠭᠤᠯᠤᠨ᠎ᠠ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠣᠳᠤᠭ ᠪᠡᠯᠴᠢᠬᠡᠷ | ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠠᠳᠠᠯᠢ ᠱᠠᠳᠣᠨ ᠤ ᠪᠦᠷᠢᠳᠬᠡᠯ ᠤᠨ | ᠰᠠᠯᠠᠭ᠎ᠠ ᠮᠦᠴᠢᠷ ᠬᠠᠮᠳᠣᠷᠠᠵᠦ ᠪᠠᠶᠢᠭᠠᠳ ᠨᠣᠳᠤᠭ ᠪᠡᠯᠴᠢᠬᠡᠷ ᠢ ᠪᠦᠷᠢᠳᠬᠡᠨ ᠪᠠᠶᠢᠴᠠᠭᠠᠬᠤ ᠠᠷᠭ᠎ᠠ ᠶᠢ | ᠲᠤᠭᠳᠠᠭᠠᠵᠦ᠂ ᠨᠣᠳᠤᠭ ᠪᠡᠯᠴᠢᠬᠡᠷ ᠤᠨ ᠲᠠᠯᠠᠪᠠᠢ᠂ ᠵᠡᠷᠭᠡ ᠲᠡᠰ᠂ ᠡᠪᠡᠰᠦᠨ ᠤ ᠣᠨᠠᠯᠳᠠ᠂ ᠪᠡᠯᠴᠢᠬᠡᠷ ᠤᠨ | ᠲᠠᠭᠠᠭᠠᠴᠠ ᠵᠠᠷᠭᠡ ᠶᠢ ᠬᠠᠣᠯᠢ ᠶᠣᠰᠣᠭᠠᠷ ᠪᠦᠷᠢᠳᠬᠡᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠨᠣᠳᠤᠭ | ᠪᠡᠯᠴᠢᠬᠡᠷ ᠤᠨ ᠪᠦᠷᠢᠳᠬᠡᠯ ᠤᠨ ᠮᠠᠲ᠋ᠧᠷᠢᠶᠠᠯ ᠢ ᠨᠡᠶᠢᠳᠡᠯᠡᠨ᠎ᠡ᠃ ᠨᠣᠳᠤᠭ ᠪᠡᠯᠴᠢᠬᠡᠷ ᠤᠨ ᠪᠦᠷᠢᠳᠬᠡᠯ ᠤᠨ | ᠮᠠᠲ᠋ᠧᠷᠢᠶᠠᠯ ᠪᠤᠯ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠤ ᠨᠣᠳᠤᠭ ᠪᠡᠯᠴᠢᠬᠡᠷ ᠤᠨ ᠬᠠᠮᠠᠭᠠᠯᠠᠯᠠᠳᠠ᠂ | ᠪᠦᠳᠦᠬᠡᠨ ᠪᠠᠶᠢᠭᠤᠯᠤᠯᠳᠠ᠂ ᠠᠰᠢᠭᠯᠠᠯᠳᠠ ᠶᠢᠨ ᠲᠦᠯᠦᠪᠵᠢᠬᠦᠯᠬᠡ ᠶᠢ ᠨᠡᠶᠢᠷᠠᠭᠤᠯᠤᠨ ᠵᠤᠬᠢᠶᠠᠬᠤ ᠶᠢᠨ ᠦᠨᠳᠦᠰᠦ | ᠪᠠᠷᠢᠮᠳᠠ ᠮᠦᠨ᠃ | ᠬᠤᠷᠢᠨ ᠲᠠᠪᠤᠳᠣᠭᠠᠷ ᠵᠦᠢᠯ ᠣᠯᠣᠰ ᠠᠴᠠ ᠨᠣᠳᠤᠭ ᠪᠡᠯᠴᠢᠬᠡᠷ ᠤᠨ ᠦᠢᠯᠡᠳᠪᠦᠷᠢᠯᠡᠯ᠂ ᠠᠮᠢ ᠠᠬᠤᠢ | ᠶᠢᠨ ᠬᠢᠨᠡᠨ ᠬᠡᠮᠵᠢᠯᠳᠡ ᠶᠢ ᠣᠷᠢᠳᠴᠢᠯᠠᠨ ᠰᠡᠷᠡᠮᠵᠢᠬᠦᠯᠬᠦ ᠰᠢᠰᠲ᠋ᠧᠮ ᠢ ᠪᠠᠶᠢᠭᠤᠯᠤᠨ᠎ᠠ᠃ ᠰᠢᠶᠠᠨ ᠤ ᠱᠠᠳᠣᠨ | ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠣᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠨᠣᠳᠤᠭ ᠪᠡᠯᠴᠢᠭᠡᠷ ᠤᠨ ᠲᠠᠯᠠᠪᠠᠢ᠂ ᠵᠡᠷᠭᠡ ᠲᠡᠰ᠂ ᠣᠷᠭᠤᠮᠠᠯ ᠤᠨ ᠨᠦᠮᠦᠷᠬᠡ | ᠶᠢᠨ ᠪᠦᠳᠦᠴᠠ᠂ ᠦᠢᠯᠡᠳᠪᠦᠷᠢᠯᠠᠯ ᠤᠨ ᠴᠢᠳᠠᠪᠦᠷᠢ᠂ ᠪᠠᠶᠢᠭᠠᠯᠢ ᠶᠢᠨ ᠭᠠᠮᠰᠢᠭ᠂ ᠠᠮᠢᠳᠣ ᠪᠣᠳᠠᠰ ᠤᠨ ᠭᠠᠮᠰᠢᠭ | ᠵᠡᠷᠭᠡ ᠨᠣᠳᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠦᠳᠡᠯᠦᠩᠬᠦᠢ ᠪᠠᠶᠢᠳᠠᠯ ᠤᠨ ᠬᠢᠨᠠᠨ ᠬᠡᠮᠵᠢᠯᠳᠡ ᠶᠢᠨ ᠪᠠ | ᠣᠷᠢᠳᠴᠢᠯᠠᠨ ᠰᠡᠷᠡᠮᠵᠢᠬᠦᠯᠬᠦ ᠮᠡᠳᠡᠭᠡ ᠵᠠᠩᠬᠢ ᠶᠢᠨ ᠦᠢᠯᠡᠴᠢᠯᠡᠭᠡ ᠶᠢ ᠬᠠᠩᠭᠠᠨ᠎ᠠ᠃ | ᠲᠦᠷᠪᠡᠳᠦᠬᠡᠷ ᠪᠦᠯᠦᠭ ᠪᠦᠳᠦᠬᠡᠨ ᠪᠠᠶᠢᠭᠤᠯᠬᠤ | ᠬᠤᠷᠢᠨ ᠵᠢᠷᠭᠤᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠢ ᠨᠣᠳᠤᠭ ᠪᠡᠯᠴᠢᠬᠡᠷ ᠤᠨ ᠪᠦᠳᠦᠬᠡᠨ ᠪᠠᠶᠢᠭᠤᠯᠤᠯᠳᠠ ᠶᠢᠨ ᠣᠷᠣᠭᠤᠯᠣᠯᠳᠠ ᠶᠢ ᠨᠡᠮᠡᠭᠳᠡᠬᠦᠯᠵᠦ᠂ ᠨᠣᠳᠤᠭ | ᠪᠡᠯᠴᠢᠬᠡᠷ ᠤᠨ ᠪᠦᠳᠦᠬᠡᠨ ᠪᠠᠶᠢᠭᠤᠯᠤᠯᠳᠠ ᠶᠢ ᠲᠡᠮᠵᠢᠬᠦ ᠭᠡᠷᠡᠭᠳᠡᠢ᠃ ᠣᠯᠣᠰ ᠠᠴᠠ ᠨᠢᠬᠡᠴᠢ ᠪᠠ ᠬᠤᠪᠢ ᠬᠦᠮᠦᠨ | ᠨᠣᠳᠤᠭ ᠪᠡᠯᠴᠢᠬᠡᠷ ᠤᠨ ᠪᠦᠳᠦᠬᠡᠨ ᠪᠠᠶᠢᠭᠤᠯᠤᠯᠳᠠ ᠳᠤ ᠪᠡᠯᠡ ᠣᠷᠣᠭᠤᠯᠬᠤ ᠶᠢ ᠵᠣᠷᠢᠭᠵᠢᠭᠤᠯᠵᠦ᠂ ᠬᠡᠨ ᠪᠡᠯᠡ | ᠣᠷᠣᠭᠤᠯᠣᠭᠰᠠᠨ ᠪᠤᠯ ᠬᠡᠨ ᠠᠰᠢᠭ ᠬᠦᠷᠳᠡᠬᠦ ᠵᠠᠷᠴᠢᠮ ᠢᠶᠠᠷ ᠨᠣᠳᠤᠭ ᠪᠡᠯᠴᠢᠬᠡᠷ ᠲᠤ ᠪᠡᠯᠡ ᠣᠷᠣᠭᠤᠯᠣᠭᠰᠠᠨ | ᠪᠦᠳᠦᠬᠡᠨ ᠪᠠᠶᠢᠭᠤᠯᠤᠭᠴᠢᠳ ᠤᠨ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ | ᠬᠤᠷᠢᠨ ᠲᠤᠯᠤᠳᠣᠭᠠᠷ ᠵᠦᠢᠯ ᠣᠯᠣᠰ ᠠᠴᠠ ᠲᠠᠷᠢᠮᠠᠯ ᠪᠡᠯᠴᠢᠬᠡᠷ ᠢ ᠪᠦᠳᠦᠬᠡᠨ ᠪᠠᠶᠢᠭᠤᠯᠬᠤ᠂ ᠪᠠᠶᠢᠭᠠᠯᠢ | ᠶᠢᠨ ᠨᠣᠳᠤᠭ ᠪᠡᠯᠴᠢᠭᠡᠷ ᠢ ᠰᠠᠶᠢᠵᠢᠷᠠᠭᠤᠯᠬᠤ ᠪᠠ ᠡᠪᠡᠰᠦ ᠪᠤᠷᠳᠤᠭ᠎ᠠ ᠶᠢᠨ ᠰᠠᠭᠤᠷᠢᠨ ᠭᠠᠵᠠᠷ ᠢ ᠪᠦᠳᠦᠬᠡᠨ | ᠪᠠᠶᠢᠭᠤᠯᠬᠤ ᠠᠵᠢᠯ ᠢ ᠵᠤᠷᠢᠭᠵᠢᠭᠤᠯᠤᠨ ᠲᠡᠮᠵᠢᠵᠦ᠂ ᠨᠣᠳᠤᠭ ᠪᠡᠯᠴᠢᠬᠡᠷ ᠤᠨ ᠦᠢᠯᠡᠳᠪᠦᠷᠢᠯᠡᠯ ᠤᠨ ᠴᠢᠳᠠᠪᠤᠷᠢ ᠶᠢ | ᠲᠤᠭᠳᠠᠪᠤᠷᠢᠵᠢᠭᠤᠯᠤᠨ ᠲᠡᠭᠡᠭᠰᠢᠯᠡᠬᠦᠯᠦᠨ᠎ᠡ᠃ | ᠬᠤᠷᠢᠨ ᠨᠠᠢᠮᠠᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ | ᠠᠴᠠ ᠲᠠᠷᠢᠶᠠᠴᠢᠨ ᠮᠠᠯᠴᠢᠳ ᠤᠨ ᠨᠣᠳᠤᠭ ᠪᠡᠯᠴᠢᠭᠡᠷ ᠤᠨ ᠲᠤᠤᠷ ᠬᠦᠷᠢᠶ᠎ᠠ ᠲᠠᠳᠠᠬᠤ᠂ ᠲᠡᠵᠢᠬᠡᠯ ᠡᠪᠡᠰᠦ᠂ | ᠲᠡᠵᠢᠬᠡᠯ ᠪᠣᠷᠳᠤᠭ᠎ᠠ ᠨᠦᠬᠡᠴᠡᠯᠡᠬᠦ᠂ ᠮᠠᠯ ᠤᠨ ᠬᠠᠰᠢᠶ᠎ᠠ ᠰᠠᠷᠠᠪᠴᠢ ᠪᠠᠷᠢᠬᠤ᠂ ᠮᠠᠯᠴᠢᠳ ᠤᠨ ᠰᠠᠭᠤᠷᠢᠰᠢᠭᠰᠠᠨ | ᠣᠷᠣᠨ ᠢ ᠪᠠᠶᠢᠭᠤᠯᠬᠤ ᠵᠡᠷᠭᠡ ᠦᠢᠯᠡᠳᠪᠦᠷᠢᠯᠡᠯ ᠠᠮᠢᠳᠣᠷᠠᠯ ᠤᠨ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ | ᠶᠢ ᠲᠠᠮᠵᠢᠨ ᠵᠣᠷᠢᠭᠵᠢᠭᠤᠯᠵᠦ᠂ ᠬᠦᠳᠦᠯᠦᠨ ᠵᠢᠯᠤᠭᠤᠳᠣᠨ᠎ᠠ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ | ᠤᠨ ᠵᠠᠰᠠᠭ ᠤᠨ ᠣᠷᠳᠣᠨ ᠠᠴᠠ ᠨᠣᠳᠤᠭ ᠪᠡᠯᠴᠢᠭᠡᠷ ᠤᠨ ᠣᠰᠣᠨ ᠠᠰᠢᠭᠯᠠᠯᠳᠠ ᠶᠢᠨ ᠲᠦᠬᠦᠬᠡᠷᠦᠮᠵᠢ ᠶᠢᠨ | ᠪᠦᠳᠦᠬᠡᠨ ᠪᠠᠶᠢᠭᠤᠯᠤᠯᠳᠠ ᠶᠢ ᠲᠠᠮᠵᠢᠵᠦ᠂ ᠨᠣᠳᠤᠭ ᠤᠨ ᠪᠡᠯᠴᠢᠬᠡᠷ ᠤᠨ ᠣᠰᠣᠨ ᠳᠤ ᠭᠠᠮᠳᠠᠢ ᠣᠰᠣᠯᠠᠯᠳᠠ ᠶᠢ | ᠬᠦᠭᠵᠢᠬᠦᠯᠵᠦ᠂ ᠬᠦᠮᠦᠨ ᠮᠠᠯ ᠤᠨ ᠣᠰᠣ ᠣᠮᠳᠠ ᠶᠢᠨ ᠨᠦᠬᠦᠴᠠᠯ ᠢ ᠰᠠᠶᠢᠵᠢᠷᠠᠭᠤᠯᠬᠤ ᠭᠡᠷᠡᠭᠳᠡᠢ᠃ | ᠬᠤᠷᠢ ᠶᠢᠰᠦᠳᠦᠭᠡᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ | ᠠᠴᠠ ᠨᠣᠳᠤᠭ ᠪᠡᠯᠴᠢᠭᠡᠷ ᠤᠨ ᠬᠠᠮᠠᠭᠠᠯᠡᠯᠳᠠ᠂ ᠪᠦᠳᠦᠭᠡᠨ ᠪᠠᠶᠢᠭᠤᠯᠤᠯᠳᠠ᠂ ᠠᠰᠢᠭᠯᠠᠯᠳᠠ ᠶᠢᠨ | ᠲᠦᠯᠦᠪᠵᠢᠭᠦᠯᠭᠡ ᠶᠢᠨ ᠶᠣᠰᠣᠭᠠᠷ ᠡᠪᠡᠰᠦᠨ ᠤ ᠡᠭᠦᠯᠳᠡᠷ ᠤᠨ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠰᠢᠯᠢᠳᠡᠭ ᠰᠠᠶᠢᠨ ᠡᠪᠡᠰᠦᠨ ᠡᠭᠦᠯᠳᠡᠷ ᠢ ᠰᠤᠩᠭᠤᠨ ᠪᠤᠶᠢᠵᠢᠭᠤᠯᠬᠤ᠂ | ᠤᠷᠣᠭᠤᠯᠬᠤ᠂ ᠲᠡᠯᠭᠡᠷᠡᠭᠦᠯᠬᠦ ᠶᠢ ᠵᠤᠷᠢᠭᠵᠢᠭᠤᠯᠬᠤ ᠬᠡᠷᠡᠭᠲᠡᠢ᠃ ᠰᠢᠨ᠎ᠡ ᠡᠪᠡᠰᠦᠨ ᠡᠭᠦᠯᠳᠡᠷ ᠢ ᠡᠷᠬᠡᠪᠰᠢ ᠪᠦᠬᠦ | ᠣᠯᠣᠰ ᠤᠨ ᠡᠪᠡᠰᠦᠨ ᠡᠭᠦᠯᠳᠡᠷ ᠤᠨ ᠬᠢᠨᠠᠨ ᠲᠣᠭᠳᠠᠭᠠᠬᠤ ᠺᠤᠮᠢᠰ ᠢᠶᠠᠷ ᠬᠢᠨᠠᠨ ᠲᠣᠭᠳᠠᠭᠠᠯᠭᠠᠵᠤ᠂ ᠲᠦᠷᠦ ᠶᠢᠨ | ᠶᠠᠪᠣᠳᠠᠯ ᠤᠨ ᠬᠤᠷᠢᠶᠠᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠠᠴᠠ ᠵᠠᠷᠯᠠᠭᠰᠠᠨ ᠤ ᠲᠠᠷᠠᠭ᠎ᠠ ᠰᠠᠶ᠋ᠢ ᠲᠡᠯᠭᠡᠷᠡᠭᠦᠯᠵᠤ ᠪᠤᠯᠤᠨ᠎ᠠ᠃ ᠬᠢᠯᠢ ᠶᠢᠨ ᠭᠠᠳᠠᠨ᠎ᠠ ᠠᠴᠠ ᠡᠪᠡᠰᠦᠨ | ᠡᠭᠦᠯᠳᠡᠷ ᠢ ᠤᠷᠤᠭᠤᠯᠬᠤ ᠳᠤ ᠡᠷᠬᠡᠪᠰᠢ ᠬᠠᠤᠯᠢ ᠶᠣᠰᠣᠭᠠᠷ ᠬᠢᠨᠠᠨ ᠵᠦᠪᠰᠢᠶᠡᠷᠡᠭᠦᠯᠬᠦ ᠬᠡᠷᠡᠭᠲᠡᠢ᠃ ᠰᠢᠶᠠᠨ ᠤ | ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠡᠪᠡᠰᠦᠨ ᠡᠬᠦᠯᠳᠡᠷ ᠢ ᠦᠢᠯᠡᠳᠪᠦᠷᠢᠯᠡᠬᠦ᠂ ᠪᠤᠯᠪᠠᠰᠣᠷᠠᠭᠤᠯᠬᠤ᠂ ᠬᠢᠵᠢᠭ ᠢ | ᠪᠠᠶᠢᠴᠠᠭᠠᠬᠤ᠂ ᠰᠢᠯᠭᠠᠨ ᠪᠠᠶᠢᠴᠠᠭᠠᠬᠤ ᠶᠢᠨ ᠬᠢᠨᠡᠯᠳᠡ ᠬᠠᠮᠢᠶᠠᠷᠣᠯᠳᠠ ᠶᠢ ᠬᠠᠣᠯᠢ ᠶᠣᠰᠣᠭᠠᠷ ᠴᠢᠩᠭᠠᠳᠬᠠᠵᠦ᠂ | ᠡᠪᠡᠰᠦᠨ ᠡᠬᠦᠯᠳᠡᠷ ᠤᠨ ᠴᠢᠨᠠᠷ ᠢ ᠪᠠᠳᠣᠯᠠᠬᠤ ᠭᠡᠷᠡᠭᠳᠡᠢ᠃ | ᠭᠤᠴᠢᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠭᠠᠯ ᠤᠨ ᠠᠶᠣᠯ ᠢ ᠬᠢᠨᠡᠨ ᠬᠡᠮᠵᠢᠬᠦ᠂ ᠭᠠᠯ ᠰᠡᠷᠬᠡᠶᠢᠯᠡᠬᠦ ᠡᠳ᠋ ᠪᠤᠳᠠᠰ ᠢ ᠨᠦᠬᠡᠴᠡᠯᠡᠬᠦ᠂ ᠲᠦᠢᠮᠡᠷ ᠰᠡᠷᠬᠡᠶᠢᠯᠡᠬᠦ | ᠪᠦᠰᠡ ᠵᠡᠷᠭᠡ ᠨᠣᠳᠤᠭ ᠪᠡᠯᠴᠢᠬᠡᠷ ᠤᠨ ᠭᠠᠯ ᠠᠴᠠ ᠰᠡᠷᠬᠡᠶᠢᠯᠡᠬᠦ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ | ᠶᠢ ᠲᠦᠯᠦᠪᠯᠡᠭᠡ ᠲᠠᠢ ᠪᠠᠷ ᠬᠢᠵᠦ᠂ ᠭᠠᠯ ᠰᠡᠷᠬᠡᠶᠢᠯᠡᠬᠦ ᠭᠡᠷᠡᠭᠴᠡᠭᠡ ᠶᠢ ᠦᠨᠡᠨ ᠬᠦ ᠪᠠᠳᠣᠯᠠᠬᠤ ᠭᠡᠷᠡᠭᠳᠡᠢ᠃ | | ᠭᠤᠴᠢᠨ ᠨᠢᠬᠡᠳᠦᠬᠡᠷ ᠵᠦᠢᠯ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠰᠢᠵᠦ | ᠴᠢᠯᠠᠭᠤᠵᠢᠭᠰᠠᠨ ᠪᠠ ᠬᠦᠷᠦᠰᠦ ᠰᠢᠷᠤᠢ ᠢᠳᠡᠭᠳᠡᠭᠰᠡᠨ ᠨᠣᠳᠤᠭ ᠪᠡᠯᠴᠢᠬᠡᠷ ᠢ ᠣᠷᠣᠨ ᠨᠣᠳᠤᠭ ᠤᠨ ᠡᠯ᠎ᠡ ᠱᠠᠳᠣᠨ ᠤ | ᠠᠷᠠᠳ ᠤᠨ ᠵᠠᠰᠠᠭ ᠤᠨ ᠣᠷᠳᠣᠨ ᠠᠴᠠ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ | ᠠᠰᠢᠭᠯᠠᠯᠳᠠ ᠶᠢᠨ ᠲᠦᠯᠦᠪᠵᠢᠬᠦᠯᠬᠡ ᠶᠣᠰᠣᠭᠠᠷ ᠵᠠᠰᠠᠬᠤ ᠣᠷᠣᠨ ᠲᠤᠭᠤᠷᠢᠭ ᠢ ᠵᠠᠭᠠᠭᠯᠠᠨ ᠲᠤᠭᠳᠠᠭᠠᠵᠦ ᠪᠠᠶᠢᠭᠠᠳ | ᠲᠤᠰᠬᠠᠶᠢᠯᠠᠨ ᠵᠠᠰᠠᠬᠤ ᠠᠵᠢᠯ ᠢ ᠵᠤᠬᠢᠶᠠᠨ ᠪᠠᠶᠢᠭᠤᠯᠬᠤ ᠭᠡᠷᠡᠭᠳᠡᠢ᠃ ᠨᠣᠳᠤᠭ ᠪᠡᠯᠴᠢᠬᠡᠷ ᠢ ᠶᠡᠭᠡ ᠬᠡᠪᠴᠢᠶ᠎ᠠ ᠪᠠᠷ | ᠶᠡᠷᠦᠩᠬᠡᠶᠢᠯᠡᠨ ᠵᠠᠰᠠᠬᠤ ᠶᠠᠪᠣᠳᠠᠯ ᠢ ᠣᠯᠣᠰ ᠤᠨ ᠨᠣᠳᠤᠭ ᠲᠡᠪᠢᠰᠬᠡᠷ ᠢ ᠡᠮᠬᠢᠯᠡᠨ ᠵᠠᠰᠠᠬᠤ ᠲᠦᠯᠦᠪᠯᠡᠭᠡ ᠳᠤ | ᠵᠢᠬᠰᠠᠭᠠᠨ ᠤᠷᠤᠭᠤᠯᠤᠨ᠎ᠠ᠃ | ᠭᠤᠴᠢᠨ ᠬᠤᠶᠠᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ | ᠠᠴᠠ ᠨᠣᠳᠤᠭ ᠪᠡᠯᠴᠢᠬᠡᠷ ᠤᠨ ᠬᠠᠮᠠᠭᠠᠯᠠᠯᠳᠠ᠂ ᠪᠦᠳᠦᠬᠡᠨ ᠪᠠᠶᠢᠭᠤᠯᠤᠯᠳᠠ᠂ ᠠᠰᠢᠭᠯᠠᠯᠳᠠ ᠶᠢᠨ ᠲᠦᠯᠦᠪᠵᠢᠬᠦᠯᠬᠡ | ᠶᠢ ᠦᠨᠳᠦᠰᠦᠯᠡᠨ᠂ ᠲᠣᠰ ᠱᠠᠳᠣᠨ ᠤ ᠣᠯᠣᠰ ᠠᠷᠠᠳ ᠤᠨ ᠠᠵᠦ ᠠᠬᠤᠢ ᠪᠤᠯᠤᠨ ᠨᠡᠶᠢᠬᠡᠮ ᠬᠦᠭᠵᠢᠯᠳᠡ ᠶᠢᠨ | ᠲᠦᠯᠦᠪᠯᠡᠬᠡᠨ ᠳᠤ ᠨᠣᠳᠤᠭ ᠪᠡᠯᠴᠢᠬᠡᠷ ᠢ ᠰᠠᠶᠢᠵᠢᠷᠠᠭᠤᠯᠬᠤ᠂ ᠬᠦᠮᠦᠨ ᠤ ᠬᠦᠴᠦ ᠪᠠᠷ ᠡᠪᠡᠰᠦ ᠲᠠᠷᠢᠬᠤ ᠪᠠ | ᠡᠪᠡᠰᠦᠨ ᠤ ᠦᠷ᠎ᠡ ᠦᠢᠯᠡᠳᠪᠦᠷᠢᠯᠡᠬᠦ ᠳᠤ ᠬᠡᠷᠡᠭᠯᠡᠬᠦ ᠪᠡᠯᠡ ᠮᠦᠩᠬᠦ ᠲᠤᠬᠢᠷᠠᠭᠤᠯᠬᠤ ᠭᠡᠷᠡᠭᠳᠡᠢ᠂ ᠶᠠᠮᠠᠷᠪᠠ ᠨᠢᠬᠡᠴᠢ | ᠪᠤᠶᠤ ᠬᠤᠪᠢ ᠬᠦᠮᠦᠨ ᠲᠤᠮᠳᠠ ᠠᠴᠠ ᠨᠢ ᠦᠯᠡᠳᠡᠬᠡᠵᠦ᠂ ᠰᠢᠯᠵᠢᠬᠦᠯᠦᠨ ᠭᠡᠷᠡᠭᠯᠡᠵᠦ ᠪᠤᠯᠬᠤ ᠦᠬᠡᠢ︔ ᠰᠢᠶᠠᠨ ᠤ | ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠪᠤᠯᠤᠨ | ᠬᠢᠨᠡᠨ ᠪᠣᠳᠣᠬᠤ ᠰᠠᠯᠠᠭ᠎ᠠ ᠮᠦᠴᠢᠷ ᠨᠢ ᠬᠢᠨᠡᠯᠳᠡ ᠬᠠᠮᠢᠶᠠᠷᠣᠯᠳᠠ ᠪᠠᠨ ᠴᠢᠩᠭᠠᠳᠬᠠᠬᠤ ᠭᠡᠷᠡᠭᠳᠡᠢ᠃ | | ᠲᠠᠪᠤᠳᠣᠭᠠᠷ ᠪᠦᠯᠦᠭ ᠠᠰᠢᠭᠯᠠᠬᠤ | ᠭᠤᠴᠢᠨ ᠭᠤᠷᠪᠠᠳᠣᠭᠠᠷ ᠵᠦᠢᠯ ᠨᠣᠳᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠭᠴᠢ ᠨᠢ ᠨᠣᠳᠤᠭ | ᠪᠡᠯᠴᠢᠬᠡᠷ ᠢ ᠵᠦᠢ ᠵᠤᠬᠢᠰᠳᠠᠢ ᠠᠰᠢᠭᠯᠠᠬᠤ ᠭᠡᠷᠡᠭᠳᠡᠢ᠂ ᠨᠣᠳᠤᠭ ᠪᠡᠯᠴᠢᠬᠡᠷ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠲᠤᠭᠳᠠᠭᠠᠭᠰᠠᠨ ᠪᠡᠯᠴᠢᠬᠡᠷ ᠤᠨ ᠲᠠᠭᠠᠭᠠᠴᠠ ᠠᠴᠠ ᠭᠡᠳᠦᠷᠡᠬᠦᠯᠵᠦ | ᠪᠤᠯᠬᠤ ᠦᠬᠡᠢ︔ ᠨᠣᠳᠤᠭ ᠪᠡᠯᠴᠢᠭᠡᠷ ᠲᠠᠭᠠᠭᠠᠴᠢᠯᠠᠨ ᠡᠵᠡᠩᠨᠡᠭᠴᠢ ᠨᠢ ᠲᠡᠵᠢᠬᠡᠯ ᠡᠪᠡᠰᠦ ᠲᠡᠵᠢᠬᠡᠯ ᠪᠤᠷᠳᠤᠭ᠎ᠠ | ᠲᠠᠷᠢᠵᠦ ᠨᠦᠬᠡᠴᠡᠯᠡᠬᠦ᠂ ᠲᠡᠵᠢᠬᠡᠯ ᠡᠪᠡᠰᠦ ᠲᠡᠵᠢᠬᠡᠯ ᠪᠤᠷᠳᠤᠭ᠎ᠠ ᠶᠢᠨ ᠬᠠᠩᠭᠠᠯᠳᠠ ᠶᠢᠨ ᠬᠡᠮᠵᠢᠶ᠎ᠠ ᠶᠢ ᠨᠡᠮᠡᠭᠳᠡᠭᠦᠯᠬᠦ᠂ | ᠠᠳᠣᠭᠤ ᠮᠠᠯ ᠢ ᠲᠤᠬᠢᠷᠠᠭᠤᠯᠤᠨ ᠰᠢᠢᠳᠪᠦᠷᠢᠯᠡᠬᠦ᠂ ᠮᠠᠯ ᠤᠨ ᠰᠦᠷᠦᠭ ᠪᠦᠳᠦᠴᠠ ᠶᠢ ᠰᠢᠯᠢᠳᠡᠭᠵᠢᠬᠦᠯᠬᠦ᠂ | ᠪᠤᠷᠤᠯᠠᠭᠤᠯᠬᠤ ᠨᠤᠷᠮ᠎ᠠ ᠶᠢ ᠲᠡᠭᠡᠭᠰᠢᠯᠡᠬᠦᠯᠬᠦ ᠵᠡᠷᠭᠡ ᠠᠷᠭ᠎ᠠ ᠬᠡᠮᠵᠢᠶ᠎ᠡ ᠠᠪᠴᠦ ᠪᠠᠶᠢᠭᠠᠳ ᠪᠡᠯᠴᠢᠬᠡᠷ ᠪᠠ ᠮᠠᠯ ᠢ | ᠲᠡᠩᠴᠡᠬᠦᠷᠢ ᠲᠠᠢ ᠪᠠᠶᠢᠬᠤ ᠶᠢ ᠪᠠᠳᠣᠯᠠᠬᠤ ᠬᠡᠷᠡᠭᠳᠡᠢ᠃ ᠨᠣᠳᠤᠭ ᠪᠡᠯᠴᠢᠭᠡᠷ ᠤᠨ ᠲᠠᠭᠠᠭᠠᠴᠠ ᠶᠢᠨ ᠪᠠᠷᠢᠮᠵᠢᠶ᠎ᠠ ᠪᠠ | ᠪᠡᠯᠴᠢᠬᠡᠷ ᠮᠠᠯ ᠢ ᠲᠡᠩᠴᠡᠬᠦᠷᠢ ᠲᠠᠢ ᠪᠠᠶᠢᠯᠭᠠᠬᠤ ᠶᠢ ᠬᠠᠮᠢᠶᠠᠷᠬᠤ ᠠᠷᠭ᠎ᠠ ᠶᠢ ᠲᠦᠷᠦ ᠶᠢᠨ ᠶᠠᠪᠣᠳᠠᠯ ᠤᠨ | ᠬᠤᠷᠢᠶᠠᠨ ᠤ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠲᠤᠭᠳᠠᠭᠠᠨ᠎ᠠ᠃ | ᠭᠤᠴᠢᠨ ᠳᠦᠷᠪᠡᠳᠦᠭᠡᠷ ᠵᠦᠢᠯ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠴᠢ | ᠨᠢ ᠣᠷᠣᠨ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ ᠠᠷᠭ᠎ᠠ ᠶᠢ ᠬᠡᠷᠡᠭᠵᠢᠭᠦᠯᠵᠦ᠂ ᠮᠠᠯ ᠰᠦᠷᠦᠭ ᠢᠶᠠᠨ ᠵᠦᠢ | ᠵᠤᠬᠢᠰᠲᠠᠢ ᠪᠠᠷ ᠪᠠᠶᠢᠷᠢᠯᠠᠭᠤᠯᠤᠨ᠂ ᠨᠤᠲᠤᠭ ᠪᠡᠯᠴᠢᠭᠡᠷ ᠢ ᠲᠡᠩᠴᠡᠬᠦᠷᠢ ᠲᠠᠢ ᠠᠰᠢᠭᠯᠠᠬᠤ ᠭᠡᠷᠡᠭᠲᠠᠢ᠃ | ᠭᠤᠴᠢᠨ ᠲᠠᠪᠤᠳᠤᠭᠠᠷ ᠵᠦᠢᠯ ᠣᠯᠣᠰ ᠠᠴᠠ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ | ᠮᠠᠯᠵᠢᠬᠤ ᠤᠷᠤᠨ ᠪᠤᠯᠤᠨ ᠨᠦᠭᠦᠴᠡᠯ ᠲᠠᠢ ᠮᠠᠯᠵᠢᠬᠤ ᠣᠷᠣᠨ ᠳᠤ ᠮᠠᠯ ᠢ ᠬᠠᠰᠢᠶᠠᠯᠠᠨ ᠲᠡᠵᠢᠭᠡᠬᠦ ᠶᠢ | ᠰᠠᠨᠠᠭᠠᠴᠢᠯᠠᠨ᠎ᠠ᠃ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠭᠴᠢ ᠨᠢ ᠮᠠᠯ ᠲᠡᠵᠢᠭᠡᠪᠦᠷᠢ ᠶᠢᠨ ᠲᠦᠷᠦᠯ ᠵᠦᠢᠯ | ᠪᠤᠯᠤᠨ ᠲᠤᠭ᠎ᠠ ᠬᠡᠮᠵᠢᠶ᠎ᠡ ᠶᠢ ᠦᠨᠳᠦᠰᠦᠯᠡᠵᠦ ᠪᠠᠶᠢᠭᠠᠳ ᠲᠡᠵᠢᠭᠡᠯ ᠡᠪᠡᠰᠦ ᠲᠡᠵᠢᠭᠡᠯ ᠪᠤᠷᠳᠤᠭ᠎ᠠ ᠪᠠᠨ | ᠲᠣᠬᠢᠷᠠᠭᠤᠯᠤᠨ ᠨᠦᠭᠡᠴᠡᠯᠡᠵᠦ᠂ ᠪᠤᠷᠳᠤᠭ᠎ᠠ ᠶᠢ ᠨᠤᠭᠤᠭᠠᠨ ᠢᠶᠠᠷ ᠬᠠᠳᠠᠭᠠᠯᠠᠬᠤ ᠪᠠ ᠡᠪᠡᠰᠦ ᠪᠤᠷᠳᠤᠭ᠎ᠠ ᠶᠢ | ᠪᠤᠯᠪᠠᠰᠤᠷᠠᠭᠤᠯᠬᠤ ᠵᠡᠷᠭᠡ ᠰᠢᠨ᠎ᠡ ᠮᠡᠷᠭᠡᠵᠢᠯ ᠢ ᠬᠡᠷᠡᠭᠯᠡᠵᠦ᠂ ᠪᠠᠶᠢᠭᠠᠯᠢ ᠶᠢᠨ ᠡᠪᠡᠰᠦ ᠪᠡᠯᠴᠢᠭᠡᠷ ᠲᠤ ᠲᠦᠰᠢᠭᠯᠡᠨ | ᠮᠠᠯ ᠮᠠᠯᠵᠢᠬᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠤᠪᠢᠷᠠᠭᠤᠯᠬᠤ ᠬᠡᠷᠡᠭᠳᠡᠢ᠃ | | ᠭᠤᠴᠢᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠣᠲᠤᠭ ᠤᠨ ᠠᠷᠠᠳ ᠤᠨ | ᠵᠠᠰᠠᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠠᠬᠤ ᠰᠠᠯᠠᠭ᠎ᠠ ᠮᠦᠴᠢᠷ | ᠠᠴᠠ ᠬᠠᠳᠤᠯᠠᠩ ᠪᠠ ᠵᠡᠷᠯᠢᠭ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠲᠤ ᠵᠦᠢ ᠵᠣᠬᠢᠰᠲᠠᠢ ᠬᠠᠳᠤᠯᠠᠩ ᠤᠨ | ᠬᠤᠭᠤᠴᠠᠭ᠎ᠠ᠂ ᠦᠷ᠎ᠡ ᠲᠡᠭᠦᠭᠦ ᠬᠤᠭᠤᠴᠠᠭ᠎ᠠ ᠬᠢᠭᠡᠳ ᠭᠤᠤᠷᠰᠣ ᠦᠯᠡᠳᠡᠭᠡᠬᠦ ᠦᠨᠳᠦᠷ ᠤᠨ ᠬᠡᠮᠵᠢᠶ᠎ᠡ ᠪᠤᠯᠤᠨ | ᠬᠠᠳᠣᠵᠤ ᠲᠡᠭᠦᠭᠦ ᠬᠦᠴᠦᠯᠡᠴᠡ ᠶᠢ ᠲᠣᠭᠳᠠᠭᠠᠵᠤ᠂ ᠡᠭᠡᠯᠵᠢᠯᠡᠨ ᠬᠠᠳᠣᠵᠣ ᠡᠭᠡᠯᠵᠢᠯᠡᠨ ᠲᠡᠭᠦᠭᠦ ᠠᠷᠭ᠎ᠠ ᠶᠢ | ᠬᠡᠷᠡᠭᠵᠢᠭᠦᠯᠭᠦ ᠬᠡᠷᠡᠭᠲᠡᠢ᠃ | ᠭᠤᠴᠢᠨ ᠲᠣᠯᠣᠳᠣᠭᠠᠷ ᠵᠦᠢᠯ ᠪᠠᠶᠢᠭᠠᠯᠢ ᠶᠢᠨ ᠭᠠᠮᠰᠢᠭ ᠵᠡᠷᠭᠡ ᠣᠨᠴᠠᠭᠠᠢ ᠪᠠᠶᠢᠳᠠᠯ ᠲᠣᠬᠢᠶᠠᠯᠳᠤᠬᠤ ᠦᠶ᠎ᠡ | ᠳᠤ ᠲᠦᠷ ᠴᠠᠭ ᠨᠤᠲᠤᠭ ᠪᠡᠯᠴᠢᠭᠡᠷ ᠢ ᠲᠣᠬᠢᠷᠠᠭᠤᠯᠣᠨ ᠬᠡᠷᠡᠭᠯᠡᠬᠦ ᠴᠢᠬᠤᠯᠠ ᠲᠠᠢ ᠪᠣᠯ᠂ ᠰᠠᠶᠢᠨ ᠲᠤᠷ᠎ᠠ ᠶᠢᠨ | ᠪᠦᠭᠡᠳ ᠬᠠᠷᠢᠯᠴᠠᠨ ᠠᠰᠢᠭᠲᠠᠢ ᠪᠠᠶᠢᠬᠤ ᠵᠠᠷᠴᠢᠮ ᠢᠶᠠᠷ ᠬᠤᠶᠠᠷ ᠡᠲᠡᠭᠡᠳ ᠢᠶᠠᠷ ᠢᠶᠠᠨ ᠵᠦᠪᠳᠡᠯᠴᠡᠵᠦ ᠪᠠᠶᠢᠭᠠᠳ | ᠰᠢᠢᠳᠪᠦᠷᠢᠯᠡᠨ᠎ᠡ᠃ ᠰᠢᠶᠠᠨ ᠰᠣᠨᠳᠠᠯᠠᠵᠦ ᠲᠦᠷ ᠴᠠᠭ ᠨᠤᠲᠤᠭ ᠪᠡᠯᠴᠢᠭᠡᠷ ᠲᠤᠬᠢᠷᠠᠭᠤᠯᠤᠨ ᠬᠡᠷᠡᠭᠯᠡᠬᠦ ᠴᠢᠬᠤᠯᠠ | ᠲᠠᠢ ᠪᠣᠯ ᠬᠤᠯᠪᠣᠭᠳᠠᠯ ᠪᠦᠬᠦᠢ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠮᠲᠤ ᠶᠢᠨ | ᠲᠡᠭᠡᠳᠦ ᠱᠠᠲᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠵᠦᠪᠳᠡᠯᠴᠡᠵᠦ ᠪᠠᠶᠢᠭᠠᠳ | ᠰᠢᠢᠳᠪᠦᠷᠢᠯᠡᠨ᠎ᠡ᠃ | ᠭᠤᠴᠢᠨ ᠨᠠᠢᠮᠠᠳᠣᠭᠠᠷ ᠵᠦᠢᠯ ᠠᠭᠤᠷᠬᠠᠢ ᠶᠢᠨ ᠪᠤᠯᠠᠭᠳᠠᠴᠠ ᠶᠢ ᠨᠡᠬᠡᠭᠡᠨ ᠮᠠᠯᠳᠠᠬᠤ ᠪᠠ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠬᠢᠬᠦ ᠳᠤ ᠨᠣᠲᠤᠭ ᠪᠡᠯᠴᠢᠭᠡᠷ ᠢ ᠡᠵᠡᠯᠡᠬᠦ ᠦᠭᠡᠢ ᠪᠤᠶᠤ ᠪᠠᠭ᠎ᠠ ᠡᠵᠡᠯᠡᠬᠦ ᠬᠡᠷᠡᠭᠲᠡᠢ︔ | ᠦᠨᠡᠬᠡᠷ ᠨᠤᠲᠤᠭ ᠪᠡᠯᠴᠢᠭᠡᠷ ᠢ ᠲᠠᠳᠠᠪᠣᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠ ᠲᠠᠢ ᠪᠣᠯ ᠡᠷᠬᠡᠪᠰᠢ ᠮᠤᠵᠢ ᠶᠢᠨ | ᠱᠠᠳᠤᠨ ᠠᠴᠠ ᠲᠡᠭᠡᠭᠰᠢᠬᠢ ᠠᠷᠠᠳ ᠤᠨ ᠵᠠᠰᠭ ᠤᠨ ᠤᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠦᠭᠡᠳ ᠭᠠᠵᠠᠷ ᠰᠢᠷᠤᠢ ᠶᠢᠨ ᠬᠠᠮᠢᠶᠠᠷᠤᠯᠲᠠ | ᠶᠢᠨ ᠬᠤᠯᠪᠤᠭᠳᠠᠯ ᠪᠦᠬᠦᠢ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠣᠭᠲᠠᠭᠠᠯ ᠶᠤᠰᠥᠭᠠᠷ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠬᠢᠬᠦ ᠬᠡᠷᠡᠭᠲᠡᠢ᠃ | ᠭᠤᠴᠢᠨ ᠶᠢᠰᠦᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠬᠠᠮᠲᠤ ᠶᠢᠨ ᠦᠮᠴᠢᠯᠡᠯ ᠤᠨ ᠨᠤᠲᠤᠭ | ᠪᠡᠯᠴᠢᠭᠡᠷ ᠢ ᠲᠠᠳᠠᠪᠤᠷᠢᠯᠠᠨ ᠬᠡᠷᠡᠭᠯᠡᠬᠦ ᠳᠤ ᠬᠦᠷᠪᠡᠯ᠂《 ᠪᠦᠭᠦᠳᠡ ᠨᠠᠶᠢᠷᠠᠮᠳᠠᠬᠤ ᠲᠣᠮᠳᠠᠳᠣ ᠠᠷᠠᠳ ᠤᠯᠤᠰ ᠤᠨ | ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠥᠯᠢ 》 ᠶᠢᠨ ᠲᠤᠭᠲᠠᠭᠠᠯ ᠶᠣᠰᠤᠭᠠᠷ ᠨᠦᠬᠦᠪᠦᠷᠢ ᠦᠭᠬᠦ ᠬᠡᠷᠡᠭᠲᠠᠢ᠃ | ᠪᠦᠲᠦᠭᠡᠨ ᠪᠠᠶᠢᠭᠤᠯᠤᠯᠲᠠ ᠳᠤ ᠨᠤᠲᠤᠭ ᠪᠡᠯᠴᠢᠭᠡᠷ ᠢ ᠲᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠤ ᠬᠦᠷᠪᠡᠯ᠂ | ᠨᠤᠲᠤᠭ ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠰᠦᠢᠳᠭᠡᠯ ᠲᠤᠰᠢᠶᠠᠬᠤ ᠬᠡᠷᠡᠭᠲᠠᠢ᠃ ᠨᠤᠲᠤᠭ | ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠰᠦᠢᠳᠭᠡᠯ ᠤᠨ ᠲᠤᠰᠬᠠᠢ ᠵᠤᠭᠤᠰ ᠢ ᠲᠣᠰᠬᠠᠢ | ᠬᠡᠷᠡᠭᠯᠡᠵᠦ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠲᠤᠭᠳᠠᠭᠠᠯ ᠶᠤᠰᠤᠭᠠᠷ ᠨᠤᠲᠤᠭ ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠳᠤ ᠬᠡᠷᠡᠭᠯᠡᠬᠦ ᠬᠡᠷᠡᠭᠲᠠᠢ᠂ | ᠶᠠᠮᠠᠷᠪᠠ ᠨᠢᠭᠡᠴᠢ ᠪᠠ ᠬᠤᠪᠢ ᠬᠦᠮᠦᠨ ᠲᠤᠮᠳᠠ ᠠᠴᠠ ᠨᠢ ᠦᠯᠡᠳᠡᠭᠡᠵᠦ᠂ ᠰᠢᠯᠵᠢᠬᠦᠯᠤᠨ ᠬᠡᠷᠡᠭᠯᠡᠵᠦ ᠪᠤᠯᠬᠤ | ᠦᠭᠡᠢ᠃ ᠨᠤᠲᠤᠭ ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ ᠰᠡᠷᠭᠦᠭᠡᠬᠦ ᠰᠦᠢᠳᠭᠡᠯ ᠢ ᠲᠠᠳᠠᠪᠤᠷᠢᠯᠠᠨ | ᠬᠤᠷᠢᠶᠠᠬᠤ᠂ ᠬᠡᠷᠡᠭᠯᠡᠬᠦ ᠪᠠ ᠬᠠᠮᠢᠶᠠᠷᠬᠤ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶᠠᠨ ᠤ ᠦᠨ᠎ᠡ ᠬᠠᠩᠰᠢ ᠶᠢ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ | ᠰᠠᠯᠠᠭ᠎ᠠ ᠮᠦᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠲᠣᠷᠠᠵᠦ ᠪᠠᠶᠢᠭᠠᠳ ᠲᠤᠭᠳᠠᠭᠠᠨ᠎ᠠ᠃ | ᠲᠦᠴᠢᠳᠤᠭᠡᠷ ᠵᠦᠢᠯ ᠨᠣᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠴᠢᠬᠤᠯᠠᠳᠠᠢ ᠪᠣᠯ ᠰᠢᠶᠠᠨ | ᠤ ᠱᠠᠲᠣᠨ ᠠᠴᠠ ᠲᠡᠭᠡᠭᠰᠢᠬᠢ ᠤᠷᠥᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ | ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠰᠢᠯᠭᠠᠭᠤᠯᠵᠦ ᠵᠦᠪᠰᠢᠶᠡᠷᠡᠬᠦᠯᠬᠦ | ᠬᠡᠷᠡᠭᠲᠡᠢ᠃ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠶᠢ ᠬᠤᠶᠠᠷ ᠵᠢᠯ ᠠᠴᠠ | ᠬᠡᠲᠤᠷᠡᠭᠦᠯᠵᠦ ᠪᠤᠯᠬᠤ ᠦᠭᠡᠢ ᠪᠦᠭᠡᠳ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠡᠭᠦᠷᠢᠳᠡ | ᠶᠢᠨ ᠴᠢᠨᠠᠷ ᠲᠠᠢ ᠪᠠᠷᠢᠯᠭ᠎ᠠ ᠶᠢᠨ ᠵᠦᠢᠯᠡᠰ᠂ ᠪᠠᠷᠢᠯᠭ᠎ᠠ ᠪᠠᠷᠢᠵᠦ ᠪᠤᠯᠬᠤ ᠦᠭᠡᠢ︔ ᠡᠵᠡᠯᠡᠨ ᠬᠡᠷᠡᠭᠯᠡᠭᠰᠡᠨ | ᠬᠤᠭᠤᠴᠠᠭ᠎ᠠ ᠲᠠᠭᠤᠰᠪᠠᠯ᠂ ᠭᠠᠵᠠᠷ ᠬᠡᠷᠡᠭᠯᠡᠭᠰᠡᠨ ᠨᠢᠭᠡᠴᠢ ᠨᠢ ᠡᠷᠬᠡᠪᠰᠢ ᠨᠤᠲᠤᠭ ᠪᠡᠯᠴᠢᠭᠡᠷ ᠤᠨ ᠤᠷᠭᠤᠮᠠᠯ ᠤᠨ | ᠨᠦᠮᠦᠷᠭᠡ ᠶᠢ ᠰᠡᠷᠭᠦᠭᠡᠭᠦ ᠶᠢᠨ ᠬᠠᠮᠲᠤ ᠬᠠᠮᠲᠤ ᠴᠠᠭ ᠲᠤᠬᠠᠢ ᠳᠤᠨᠢ ᠪᠤᠴᠠᠭᠠᠬᠤ ᠬᠡᠷᠡᠭᠲᠠᠢ᠃ | ᠳᠦᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠠᠵᠦ ᠠᠬᠤᠢ ᠶᠢᠨ | ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠲᠦᠬᠦᠭᠡᠷᠤᠮᠵᠢ ᠶᠢ ᠨᠤᠲᠤᠭ ᠪᠡᠯᠴᠢᠭᠡᠷ ᠲᠡᠭᠡᠷ᠎ᠡ | ᠪᠠᠶᠢᠭᠤᠯᠬᠤ ᠳᠤ ᠨᠤᠲᠤᠭ ᠪᠡᠯᠴᠢᠭᠡᠷ ᠢ ᠬᠡᠷᠡᠭᠯᠡᠬᠦ ᠴᠢᠬᠤᠯᠠᠲᠠᠢ ᠪᠣᠯ᠂ ᠰᠢᠶᠠᠨ ᠤ ᠱᠠᠲᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠢᠶᠠᠷ ᠵᠦᠪᠰᠢᠶᠡᠷᠡᠭᠦᠯᠬᠦ ᠬᠡᠷᠡᠭᠲᠡᠢ︔ ᠪᠤᠰᠥᠳ ᠪᠠᠷᠢᠯᠭ᠎ᠠ ᠪᠠᠶᠢᠭᠤᠯᠬᠤ ᠳᠤ ᠨᠤᠲᠤᠭ ᠪᠡᠯᠴᠢᠭᠡᠷ ᠢ ᠮᠠᠯ ᠠᠵᠤ | ᠠᠬᠤᠢ ᠶᠢᠨ ᠦᠢᠯᠡᠳᠪᠦᠷᠢᠯᠡᠯ ᠳᠤ ᠦᠯᠦ ᠬᠡᠷᠡᠭᠯᠡᠬᠦ ᠭᠠᠵᠠᠷ ᠪᠤᠯᠭᠠᠨ ᠬᠤᠪᠢᠷᠠᠭᠤᠯᠬᠤ ᠭᠡᠪᠡᠯ ᠡᠷᠬᠡᠪᠰᠢ ᠬᠠᠤᠯᠢ | ᠶᠤᠰᠤᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠬᠢᠬᠦ | ᠬᠡᠷᠡᠭᠲᠠᠢ᠃ ᠡᠮᠤᠨᠡᠬᠢ ᠪᠠᠳᠠᠭ ᠲᠤ ᠬᠡᠯᠡᠵᠦ ᠪᠠᠶᠢᠭ᠎ᠠ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠠᠵᠤ ᠠᠬᠤᠢ | ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠲᠦᠬᠦᠭᠡᠷᠤᠮᠵᠢ ᠭᠡᠳᠡᠭ ᠪᠣᠯ᠄ ︵ᠨᠢᠭᠡ︶ | ᠡᠪᠡᠰᠤᠨ ᠦᠷ᠎ᠡ ᠪᠠ ᠲᠡᠵᠢᠭᠡᠯ ᠡᠪᠡᠰᠦ ᠲᠡᠵᠢᠭᠡᠯ ᠪᠤᠷᠳᠤᠭ᠎ᠠ ᠶᠢ ᠦᠢᠯᠡᠳᠪᠦᠷᠢᠯᠡᠬᠦ᠂ ᠬᠠᠳᠠᠭᠠᠯᠠᠬᠤ ᠲᠦᠬᠦᠭᠡᠷᠦᠮᠵᠢ | ︔ ︵ᠬᠤᠶᠠᠷ︶ ᠮᠠᠯ ᠤᠨ ᠬᠠᠰᠢᠶ᠎ᠠ ᠰᠠᠷᠠᠪᠴᠢ᠂ ᠬᠡᠬᠡᠯᠲᠤᠭᠦᠯᠬᠦ ᠭᠠᠵᠠᠷ᠂ ᠨᠤᠤᠰᠤ ᠬᠠᠶᠢᠴᠢᠯᠠᠬᠤ ᠭᠠᠵᠠᠷ᠂ ᠡᠮᠲᠦ | ᠤᠬᠢᠶᠠᠯᠭ᠎ᠠ ᠶᠢᠨ ᠤᠩᠭᠤᠴᠠ᠂ ᠬᠦᠮᠦᠨ ᠮᠠᠯ ᠤᠨ ᠣᠰᠤ ᠤᠮᠳᠠ ᠶᠢᠨ ᠲᠦᠬᠦᠭᠡᠷᠦᠮᠵᠢ︔ ︵ᠭᠤᠷᠪᠠ︶ | ᠰᠢᠨᠵᠢᠯᠡᠬᠦ ᠣᠬᠠᠭᠠᠨ ᠤ ᠰᠤᠳᠤᠯᠤᠯ᠂ ᠲᠤᠷᠰᠢᠯᠲᠠ᠂ ᠦᠯᠢᠭᠡᠷ ᠵᠢᠱᠶ᠎ᠡ ᠦᠵᠡᠭᠦᠯᠭᠦ ᠭᠠᠵᠠᠷ ︔ ︵ᠲᠦᠷᠪᠡ︶ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠣᠰᠤᠯᠠᠯᠲᠠ ᠶᠢᠨ ᠲᠦᠬᠦᠭᠡᠷᠤᠮᠵᠢ ᠶᠢ ᠵᠢᠭᠠᠵᠦ ᠪᠠᠶᠢᠨ᠎ᠠ᠃ | | ᠵᠢᠷᠭᠤᠳᠣᠭᠠᠷ ᠪᠦᠯᠦᠭ ᠬᠠᠮᠠᠭᠠᠯᠠᠬᠤ | ᠲᠦᠴᠢᠨ ᠬᠤᠶᠠᠳᠤᠭᠠᠷ ᠵᠦᠢᠯ ᠣᠯᠣᠰ ᠠᠴᠠ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠲᠦᠷᠢᠮ ᠢ ᠬᠡᠷᠡᠭᠵᠢᠬᠦᠯᠦᠨ᠎ᠡ᠃ ᠲᠤᠤᠷ᠎ᠠ ᠵᠢᠭᠰᠠᠭᠠᠭᠰᠠᠨ ᠨᠤᠲᠤᠭ ᠪᠡᠯᠴᠢᠭᠡᠷ ᠤᠳ ᠢ ᠦᠨᠳᠦᠰᠦᠨ ᠨᠤᠲᠤᠭ | ᠪᠡᠯᠴᠢᠭᠡᠷ ᠢᠶᠠᠷ ᠠᠩᠭᠢᠯᠠᠵᠦ ᠴᠢᠩᠭ᠎ᠠ ᠬᠠᠮᠢᠶᠠᠷᠤᠯᠲᠠ ᠶᠠᠪᠦᠭᠤᠯᠦᠨᠠ᠄ ︵ᠨᠢᠭᠡ︶ ᠮᠠᠯ ᠮᠠᠯᠵᠢᠬᠤ ᠴᠢᠬᠤᠯᠠ | ᠪᠡᠯᠴᠢᠭᠡᠷ︔ ︵ᠬᠤᠶᠠᠷ︶ ᠬᠠᠳᠤᠯᠠᠩ︔ ︵ᠭᠤᠷᠪᠠ︶ ᠮᠠᠯ ᠠᠵᠦ ᠠᠬᠤᠢ ᠶᠢᠨ ᠦᠢᠯᠡᠳᠪᠦᠷᠢᠯᠡᠯ ᠳᠤ | ᠬᠡᠷᠡᠭᠯᠡᠬᠦ ᠲᠠᠷᠢᠮᠠᠯ ᠡᠪᠡᠰᠤᠨ ᠭᠠᠵᠠᠷ ᠂ ᠲᠠᠷᠢᠶᠠᠯᠠᠬᠤ ᠶᠢ ᠵᠤᠭᠰᠤᠭᠠᠵᠤ ᠡᠪᠡᠰᠦ ᠪᠡᠯᠴᠢᠭᠡᠷ ᠢ ᠰᠡᠷᠭᠦᠭᠡᠭᠰᠡᠨ ᠭᠠᠵᠠᠷ᠂ | ᠡᠪᠡᠰᠤᠨ ᠦᠷ᠎ᠡ ᠶᠢᠨ ᠰᠠᠭᠤᠷᠢᠨ ᠭᠠᠵᠠᠷ︔ ︵ᠲᠦᠷᠪᠡ︶ ᠠᠭᠤᠷ ᠠᠮᠢᠰᠭᠤᠯ ᠢ ᠲᠣᠬᠢᠷᠠᠭᠤᠯᠬᠤ᠂ ᠣᠰᠣᠨ | ᠰᠤᠷᠪᠤᠯᠵᠢ ᠶᠢ ᠬᠠᠳᠠᠭᠠᠯᠠᠬᠤ᠂ ᠬᠦᠷᠦᠰᠦ ᠰᠢᠷᠤᠢ ᠶᠢ ᠬᠠᠮᠠᠭᠠᠯᠠᠬᠤ᠂ ᠰᠠᠯᠬᠢ ᠶᠢ ᠬᠠᠯᠬᠠᠯᠠᠵᠤ ᠡᠯᠡᠰᠦ ᠶᠢ | ᠲᠤᠭᠲᠠᠭᠠᠬᠤ ᠳᠤ ᠣᠨᠴᠠᠭᠠᠢ ᠦᠢᠯᠡᠳᠦᠯ ᠲᠠᠢ ᠨᠤᠲᠤᠭ ᠪᠡᠯᠴᠢᠭᠡᠷ︔ ︵ᠲᠠᠪᠦ︶ ᠣᠯᠣᠰ ᠤᠨ ᠭᠤᠤᠯᠳᠠᠯᠭ᠎ᠠ ᠲᠠᠢ | ᠬᠠᠮᠠᠭᠠᠯᠠᠯᠲᠠ ᠶᠢᠨ ᠭᠡᠭᠡᠷ᠎ᠡ ᠶᠢᠨ ᠠᠮᠢᠲᠠᠨ ᠣᠷᠭᠤᠮᠡᠯ ᠤᠨ ᠣᠷᠤᠰᠢᠬᠤ ᠣᠷᠴᠢᠨ ᠲᠤᠭᠤᠷᠢᠨ ᠪᠤᠯᠬᠤ ᠨᠤᠲᠤᠭ | ᠪᠡᠯᠴᠢᠭᠡᠷ︔ ︵ᠵᠢᠷᠭᠤᠭ᠎ᠠ︶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ | ᠰᠤᠷᠭᠠᠯᠲᠠ ᠶᠢᠨ ᠲᠣᠷᠰᠢᠯᠲᠠ ᠬᠢᠬᠦ ᠰᠠᠭᠤᠷᠢᠨ ᠭᠠᠵᠠᠷ︔ ︵ᠳᠤᠯᠤᠭ᠎ᠠ︶ ᠲᠦᠷᠦ ᠶᠢᠨ ᠶᠠᠪᠤᠳᠠᠯ ᠤᠨ | ᠬᠤᠷᠢᠶᠠᠨ ᠠᠴᠠ ᠲᠣᠭᠲᠠᠭᠠᠭᠰᠠᠨ ᠦᠨᠳᠦᠰᠦᠨ ᠨᠤᠲᠤᠭ ᠪᠡᠯᠴᠢᠭᠡᠷ ᠲᠤ ᠠᠩᠬᠢᠯᠠᠵᠦ ᠣᠷᠣᠭᠤᠯᠬᠤ ᠶᠣᠰᠤᠲᠠᠢ | ᠪᠤᠰᠤᠳ ᠨᠤᠲᠤᠭ ᠪᠡᠯᠴᠢᠭᠡᠷ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠪᠤᠯᠤᠨ ᠬᠠᠮᠢᠶᠠᠷᠤᠯᠲᠠ ᠶᠢᠨ | ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠳᠠᠭᠠᠨ᠎ᠠ᠃ | ᠲᠦᠴᠢᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ᠂ ᠦᠪᠡᠷᠲᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ ᠬᠠᠮᠠᠭᠠᠯᠠᠯᠳᠠ ᠶᠢᠨ | ᠤᠷᠤᠨ ᠤ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠲᠣᠣᠷ᠎ᠠ ᠵᠢᠭᠰᠠᠭᠠᠭᠰᠠᠨ ᠭᠠᠵᠠᠷ | ᠤᠷᠤᠨ ᠳᠤ ᠨᠤᠲᠤᠭ ᠪᠡᠯᠴᠢᠭᠡᠷ ᠤᠨ ᠪᠠᠶᠢᠭᠠᠯᠢ ᠶᠢᠨ ᠤᠷᠤᠨ ᠪᠠᠶᠢᠭᠤᠯᠵᠤ ᠪᠤᠯᠤᠨ᠎ᠠ᠄ ︵ᠨᠢᠭᠡ︶ ᠲᠦᠯᠦᠭᠡᠯᠡᠬᠦ | ᠴᠢᠨᠠᠷ ᠲᠠᠢ ᠲᠦᠷᠦᠯ ᠬᠡᠯᠪᠡᠷᠢ ᠪᠦᠬᠦᠢ ᠨᠤᠲᠤᠭ ᠪᠡᠯᠴᠢᠭᠡᠷ︔ ︵ᠬᠤᠶᠠᠷ︶ ᠬᠤᠪᠤᠷ ᠨᠠᠨᠳᠢᠨ ᠣᠭ ᠨᠢ ᠲᠠᠰᠤᠷᠬᠤ | ᠰᠢᠬᠠᠭᠰᠠᠨ ᠬᠡᠬᠡᠷ᠎ᠡ ᠶᠢᠨ ᠠᠮᠢᠳᠠᠨ ᠤᠷᠭᠤᠮᠡᠯ ᠤᠨ ᠲᠠᠷᠬᠠᠯᠲᠠ ᠶᠢᠨ ᠣᠷᠣᠨ︔ ︵ᠭᠤᠷᠪᠠ︶ ᠴᠢᠬᠤᠯᠠ ᠠᠮᠢ | ᠠᠬᠤᠢ ᠰᠢᠨᠵᠢᠯᠡᠬᠦ ᠤᠬᠠᠭᠠᠨ ᠤ ᠰᠣᠳᠣᠯᠤᠯ ᠤᠨ ᠦᠨ᠎ᠡ ᠦᠷᠲᠡᠭ ᠲᠠᠢ ᠨᠤᠲᠤᠭ ᠪᠡᠯᠴᠢᠭᠡᠷ᠃ | ᠲᠦᠴᠢᠨ ᠲᠦᠷᠪᠡᠳᠦᠭᠡᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠴᠠ ᠨᠤᠲᠤᠭ ᠪᠡᠯᠴᠢᠭᠡᠷ ᠲᠡᠭᠡᠷᠡᠬᠢ ᠬᠤᠪᠤᠷ ᠨᠠᠨᠳᠢᠨ ᠣᠭ ᠨᠢ ᠲᠠᠰᠤᠷᠠᠬᠤ ᠰᠢᠬᠠᠭᠰᠠᠨ ᠭᠡᠭᠡᠷ᠎ᠡ ᠶᠢᠨ | ᠠᠮᠢᠲᠠᠨ ᠣᠷᠭᠤᠮᠡᠯ ᠪᠠ ᠦᠷ᠎ᠡ ᠶᠢᠨ ᠴᠢᠨᠠᠷ ᠲᠠᠢ ᠡᠭᠢ ᠪᠠᠶᠠᠯᠢᠭ ᠢ ᠬᠠᠮᠠᠭᠠᠯᠠᠵᠤ ᠬᠠᠮᠢᠶᠠᠷᠬᠤ ᠠᠵᠢᠯ ᠢ ᠬᠠᠤᠯᠢ | ᠶᠣᠰᠣᠭᠠᠷ ᠴᠢᠩᠭᠠᠳᠬᠠᠬᠤ ᠭᠡᠷᠡᠭᠲᠡᠢ᠃ | ᠲᠦᠴᠢᠨ ᠲᠠᠪᠤᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠲᠤ ᠡᠪᠡᠰᠦ ᠪᠡᠯᠴᠢᠭᠡᠷ ᠤᠨ ᠬᠡᠮᠵᠢᠶ᠎ᠡ | ᠪᠠᠷ ᠮᠠᠯ ᠤᠨ ᠲᠤᠭ᠎ᠠ ᠶᠢ ᠲᠤᠭᠲᠠᠭᠠᠵᠤ᠂ ᠪᠡᠯᠴᠢᠭᠡᠷ ᠮᠠᠯ ᠢ ᠲᠡᠩᠴᠡᠭᠦᠯᠭᠦ ᠲᠦᠷᠢᠮ ᠢ ᠬᠡᠷᠡᠭᠵᠢᠭᠦᠯᠤᠨ᠎ᠡ᠃ | ᠰᠢᠶᠠᠨ ᠤ ᠱᠠᠳᠤᠨ ᠠᠴᠠ ᠲᠡᠭᠡᠭᠰᠢᠬᠢ ᠣᠷᠤᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠦᠷᠦ ᠶᠢᠨ ᠶᠡᠪᠤᠳᠠᠯ ᠤᠨ | ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ | ᠲᠤᠭᠲᠠᠭᠠᠭᠰᠠᠨ ᠨᠤᠲᠤᠭ ᠪᠡᠯᠴᠢᠭᠡᠷ ᠤᠨ ᠲᠠᠭᠠᠭᠠᠴᠠ ᠶᠢᠨ ᠬᠡᠮᠵᠢᠶ᠎ᠠ ᠶᠢᠨ ᠪᠠᠷᠢᠮᠵᠢᠶ᠎ᠠ ᠶᠢ ᠦᠳᠦᠰᠦᠯᠡᠨ᠂ | ᠲᠤᠬᠠᠢ ᠶᠢᠨ ᠭᠠᠵᠠᠷ ᠤᠨ ᠪᠤᠲᠠᠲᠠᠢ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠲᠤᠭᠳᠠᠭᠰᠠᠨ ᠬᠤᠭᠤᠴᠠᠭ᠎ᠠ | ᠲᠠᠢ ᠪᠠᠷ ᠨᠤᠲᠤᠭ ᠪᠡᠯᠴᠢᠭᠡᠷ ᠤᠨ ᠲᠠᠭᠠᠭᠠᠴᠠ ᠶᠢᠨ ᠬᠡᠮᠵᠢᠶ᠎ᠡ ᠶᠢ ᠬᠢᠨᠠᠨ ᠲᠤᠭᠲᠠᠭᠠᠬᠤ ᠬᠡᠷᠡᠭᠲᠡᠢ᠃ ᠡᠯ᠎ᠡ | ᠱᠠᠳᠤᠨ ᠤ ᠠᠷᠠᠳ ᠤᠨ ᠵᠠᠰᠠᠭ ᠤᠨ ᠣᠷᠳᠣᠨ ᠠᠴᠠ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠲᠠᠭᠠᠭᠠᠴᠠ ᠠᠴᠠ ᠬᠡᠲᠤᠷᠡᠭᠦᠯᠦᠨ ᠮᠠᠯᠵᠢᠬᠤ ᠶᠢ ᠰᠡᠷᠭᠡᠶᠢᠯᠡᠬᠦ ᠬᠡᠷᠡᠭᠲᠡᠢ᠃ | ᠲᠦᠴᠢᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠠᠭᠠᠵᠠᠯᠠᠨ᠎ᠠ᠃ ᠬᠦᠷᠦᠰᠦ | ᠰᠢᠷᠦᠢ ᠭᠦᠨᠳᠦ ᠰᠦᠷᠡᠬᠡᠢ ᠢᠳᠡᠭᠳᠡᠭᠰᠡᠨ᠂ ᠡᠯᠡᠰᠤᠵᠢᠬᠦ ᠬᠠᠨᠳᠣᠰᠢ ᠲᠠᠢ ᠪᠤᠯᠤᠭᠰᠠᠨ᠂ ᠠᠮᠢ ᠠᠬᠤᠢ ᠶᠢᠨ ᠤᠷᠴᠢᠨ | ᠲᠤᠭᠤᠷᠢᠨ ᠢ ᠰᠠᠶᠢᠵᠢᠷᠠᠭᠤᠯᠬᠤ ᠴᠢᠬᠤᠯᠲᠠᠢ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ ᠲᠦᠯᠤᠪᠯᠡᠭᠡᠲᠡᠢ | ᠂ ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠵᠤᠭᠰᠤᠭᠠᠵᠦ ᠡᠪᠡᠰᠦ ᠪᠡᠯᠴᠢᠭᠡᠷ ᠢ ᠰᠡᠷᠭᠦᠭᠡᠬᠦ ᠬᠡᠷᠡᠭᠲᠡᠢ︔ | ᠨᠢᠭᠡᠨᠲᠡ ᠡᠯᠡᠰᠤᠷᠬᠡᠭᠵᠢᠭᠰᠡᠨ᠂ ᠬᠤᠵᠢᠷᠰᠢᠭᠰᠡᠨ᠂ ᠬᠠᠶᠢᠷᠰᠢᠵᠤ ᠴᠢᠯᠠᠭᠤᠵᠢᠭᠰᠠᠨ ᠪᠠᠶᠢᠪᠡᠯ ᠬᠤᠭᠤᠴᠠᠭ᠎ᠠ | ᠲᠤᠭᠳᠠᠭᠠᠨ ᠵᠠᠰᠠᠬᠤ ᠬᠡᠷᠡᠭᠲᠡᠢ᠃ | ᠲᠦᠴᠢᠨ ᠲᠤᠯᠤᠳᠤᠭᠠᠷ ᠵᠦᠢᠯ ᠬᠦᠨᠳᠦ ᠰᠦᠷᠡᠭᠡᠢ ᠲᠠᠴᠢᠷᠳᠡᠭ᠌ᠰᠡᠨ᠂ ᠡᠯᠡᠰᠤᠷᠬᠡᠭᠵᠢᠭᠰᠡᠨ᠂ | ᠬᠤᠵᠢᠷᠰᠢᠭᠰᠡᠨ᠂ ᠬᠠᠶᠢᠷᠰᠢᠵᠤ ᠴᠢᠯᠠᠭᠤᠵᠢᠭᠰᠠᠨ ᠨᠤᠲᠤᠭ ᠪᠡᠯᠴᠢᠭᠡᠷ ᠪᠠ ᠠᠮᠢ ᠠᠬᠤᠢ ᠪᠠᠷ ᠬᠡᠪᠡᠷᠡᠭ ᠣᠷᠣᠨ | ᠳᠠᠬᠢ ᠨᠤᠲᠤᠭ ᠪᠡᠯᠴᠢᠭᠡᠷ ᠲᠤ ᠮᠠᠯᠵᠢᠬᠤ ᠶᠢ ᠴᠠᠭᠠᠵᠠᠯᠠᠬᠤ᠂ ᠦᠷᠡᠵᠢᠭᠦᠯᠦᠨ ᠮᠠᠯᠵᠢᠬᠤ ᠲᠦᠷᠢᠮ ᠢ | ᠬᠡᠷᠡᠭᠵᠢᠭᠦᠯᠦᠨ᠎ᠡ᠃ | ᠲᠦᠴᠢᠨ ᠨᠠᠢᠮᠠᠳᠣᠭᠠᠷ ᠵᠦᠢᠯ ᠤᠯᠤᠰ ᠠᠴᠠ ᠲᠠᠷᠢᠶᠠᠯᠠᠬᠤ ᠶᠢ ᠵᠤᠭᠰᠦᠭᠠᠵᠤ ᠡᠪᠡᠰᠦ ᠪᠡᠯᠴᠢᠭᠡᠷ ᠢ | ᠰᠡᠷᠭᠦᠭᠡᠭᠦ ᠪᠠ ᠮᠠᠯᠵᠢᠬᠤ ᠶᠢ ᠴᠠᠭᠠᠵᠠᠯᠠᠬᠤ᠂ ᠦᠷᠡᠵᠢᠭᠦᠯᠤᠨ ᠮᠠᠯᠵᠢᠬᠤ ᠶᠢ ᠬᠠᠤᠯᠢ ᠶᠣᠰᠤᠭᠠᠷ ᠬᠡᠷᠡᠭᠵᠢᠭᠦᠯᠭᠦ ᠶᠢ | ᠲᠡᠮᠵᠢᠨ᠎ᠡ᠃ ᠪᠤᠲᠠᠲᠠᠢ ᠠᠷᠭ᠎ᠠ ᠶᠢ ᠲᠦᠷᠦ ᠶᠢᠨ ᠶᠠᠪᠤᠳᠠᠯ ᠶᠢᠨ ᠬᠤᠷᠢᠶ᠎ᠠ ᠪᠤᠶᠤ ᠮᠤᠵᠢ᠂ ᠦᠪᠡᠷᠲᠡᠭᠡᠨ ᠵᠠᠰᠠᠬᠤ | ᠣᠷᠤᠨ᠂ ᠰᠢᠭᠤᠳ ᠬᠠᠷᠢᠶ᠎ᠠ ᠬᠤᠲᠡ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠳᠠᠭᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠲᠦᠯᠦᠪᠵᠢᠭᠦᠯᠭᠡ ᠶᠢᠨ ᠬᠡᠪᠴᠢᠶᠡᠨ ᠳᠤ ᠲᠠᠷᠢᠶᠠᠯᠠᠬᠤ ᠶᠢ | ᠵᠤᠭᠰᠤᠭᠠᠵᠤ ᠡᠪᠡᠰᠦ ᠪᠡᠯᠴᠢᠭᠡᠷ ᠢ ᠰᠡᠷᠭᠦᠭᠡᠭᠰᠡᠨ ᠲᠠᠷᠢᠶᠠᠴᠢᠨ ᠮᠠᠯᠴᠢᠳ ᠲᠤ ᠣᠯᠣᠰ ᠤᠨ ᠲᠣᠭᠳᠠᠭᠠᠯ ᠶᠣᠰᠤᠭᠠᠷ | ᠠᠮᠤ ᠪᠤᠳᠠᠭ᠎ᠠ᠂ ᠪᠡᠯᠨ ᠮᠦᠩᠭᠡ᠂ ᠡᠪᠡᠰᠦᠨ ᠦᠷ᠎ᠡ ᠶᠢᠨ ᠰᠦᠢᠳᠭᠡᠯ ᠤᠨ ᠨᠦᠭᠦᠪᠦᠷᠢ ᠦᠭᠭᠦᠨ᠎ᠡ᠃ | ᠲᠠᠷᠢᠶᠠᠯᠠᠬᠤ ᠶᠢ ᠵᠤᠭᠰᠤᠭᠠᠵᠦ ᠡᠪᠡᠰᠦ ᠪᠡᠯᠴᠢᠭᠡᠷ ᠢ ᠰᠡᠷᠭᠦᠭᠡᠭᠰᠡᠨ ᠤ ᠲᠠᠷᠠᠭ᠎ᠠ᠂ ᠰᠢᠶᠡᠨ ᠤ ᠱᠠᠲᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠰᠢᠯᠭᠠᠵᠤ ᠲᠠᠩᠰᠠᠯᠠᠭᠠᠳ ᠭᠠᠵᠠᠷ ᠰᠢᠷᠦᠢ ᠶᠢᠨ ᠬᠡᠷᠡᠭᠴᠡᠭᠡ ᠶᠢ | ᠬᠤᠪᠢᠷᠠᠭᠤᠯᠬᠤ ᠭᠠᠷ ᠬᠦᠢᠴᠡᠳᠭᠡᠯ ᠢ ᠬᠠᠤᠯᠢ ᠶᠣᠰᠤᠭᠠᠷ ᠬᠢᠵᠦ᠂ ᠨᠤᠲᠤᠭ ᠪᠡᠯᠴᠢᠭᠡᠷ ᠤᠨ ᠡᠷᠬᠡ ᠶᠢᠨ | ᠬᠠᠷᠢᠶᠠᠯᠠᠯ ᠤᠨ ᠦᠨᠡᠮᠯᠡᠯ ᠤᠯᠭᠤᠨ᠎ᠠ᠃ | ᠲᠦᠴᠢ ᠶᠢᠰᠦᠳᠦᠭᠡᠷ ᠵᠦᠢᠯ ᠴᠦᠯᠵᠢᠭᠰᠡᠨ᠂ ᠬᠠᠭᠠᠰ ᠴᠦᠯᠵᠢᠭᠰᠡᠨ ᠪᠠ ᠬᠦᠨᠳᠦ ᠰᠦᠷᠡᠬᠡᠢ | ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠡᠨ᠂ ᠬᠠᠶᠢᠷᠰᠢᠵᠤ ᠴᠢᠯᠠᠭᠤᠵᠢᠭᠰᠡᠨ᠂ ᠭᠦᠷᠦᠰᠦ ᠰᠢᠷᠦᠢ | ᠢᠳᠡᠭᠳᠡᠭᠰᠡᠨ ᠨᠤᠲᠤᠭ ᠪᠡᠯᠴᠢᠭᠡᠷ ᠬᠢᠭᠡᠳ ᠠᠮᠢ ᠠᠬᠤᠢ ᠬᠡᠪᠡᠷᠡᠭ ᠤᠷᠣᠨ ᠤ ᠨᠤᠲᠤᠭ ᠪᠡᠯᠴᠢᠭᠡᠷ ᠲᠡᠭᠡᠷ᠎ᠡ | ᠤᠷᠭᠤᠮᠠᠯ ᠲᠡᠭᠦᠵᠦ ᠮᠠᠯᠳᠠᠬᠤ ᠪᠠ ᠨᠤᠲᠤᠭ ᠪᠡᠯᠴᠢᠭᠡᠷ ᠤᠨ ᠤᠷᠭᠤᠮᠠᠯ ᠤᠨ ᠨᠦᠮᠦᠷᠭᠡ ᠶᠢ ᠡᠪᠳᠡᠬᠦ ᠪᠤᠰᠤᠳ | ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠲᠠᠪᠢᠳᠣᠭᠠᠷ ᠵᠦᠢᠯ ᠨᠤᠲᠤᠭ ᠪᠡᠯᠴᠢᠭᠡᠷ ᠲᠡᠭᠡᠷ᠎ᠡ ᠰᠢᠷᠤᠢ ᠮᠠᠯᠳᠠᠬᠤ᠂ ᠡᠯᠡᠰᠦ ᠮᠠᠯᠲᠠᠬᠤ᠂ ᠴᠢᠯᠠᠭᠤ | ᠮᠠᠯᠲᠠᠬᠤ ᠵᠡᠷᠭᠡ ᠠᠵᠢᠯᠯᠠᠭ᠎ᠠ ᠬᠢᠬᠦ ᠶᠢ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠤᠨ ᠵᠦᠪᠰᠢᠶᠡᠷᠡᠭᠦᠯᠭᠦ | ᠬᠡᠷᠡᠭᠲᠡᠢ︔ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠳᠠᠪᠠᠯ᠂ ᠬᠠᠤᠯᠢ ᠶᠤᠰᠤᠭᠠᠷ ᠬᠤᠯᠪᠤᠭᠳᠡᠯ ᠪᠦᠬᠦᠢ ᠭᠠᠷ | ᠬᠦᠢᠴᠡᠳᠭᠡᠯ ᠢ ᠬᠠᠮᠲᠣ ᠳᠤᠨᠢ ᠬᠢᠬᠦ ᠭᠡᠷᠡᠭᠲᠡᠢ᠃ ᠵᠦᠪᠰᠢᠶᠡᠷᠡᠯ ᠤᠯᠤᠭᠠᠳ ᠨᠤᠲᠤᠭ ᠪᠡᠯᠴᠢᠭᠡᠷ ᠲᠡᠭᠡᠷ᠎ᠠ ᠲᠤᠰ | ᠵᠦᠢᠯ ᠤᠨ ᠨᠢᠭᠡᠳᠦᠭᠡᠷ ᠪᠠᠳᠠᠭ ᠲᠤ ᠵᠢᠭᠰᠠᠭᠠᠭᠰᠠᠨ ᠠᠵᠢᠯᠯᠠᠭ᠎ᠠ ᠬᠢᠬᠦ ᠳᠤ ᠬᠦᠷᠪᠡᠯ᠂ ᠲᠤᠭᠳᠠᠭᠰᠠᠨ | ᠬᠤᠭᠤᠴᠠᠭᠠᠨ ᠳᠤ᠂ ᠲᠤᠭᠳᠠᠭᠰᠠᠨ ᠣᠷᠤᠨ ᠲᠤᠭᠤᠷᠢᠭ ᠤᠨ ᠲᠣᠳᠣᠷ᠎ᠠ ᠵᠦᠪᠰᠢᠶᠡᠷᠡᠯ ᠤᠯᠤᠭᠰᠡᠨ ᠮᠠᠯᠳᠠᠬᠤ | ᠠᠷᠭ᠎ᠠ ᠶᠣᠰᠤᠭᠠᠷ ᠠᠵᠢᠯᠯᠠᠬᠤ ᠬᠡᠷᠡᠭᠲᠡᠢ ᠪᠦᠭᠡᠳ ᠨᠤᠲᠤᠭ ᠪᠡᠯᠴᠢᠭᠡᠷ ᠤᠨ ᠤᠷᠭᠤᠮᠡᠯ ᠤᠨ ᠨᠦᠮᠦᠷᠭᠡ ᠶᠢ | ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠪᠤᠰᠤᠳ ᠬᠦᠮᠦᠨ ᠤ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ | ᠲᠡᠭᠡᠷ᠎ᠠ ᠲᠤᠰ ᠵᠦᠢᠯ ᠤᠨ ᠨᠢᠭᠡᠳᠦᠭᠡᠷ ᠪᠠᠳᠠᠭ ᠲᠤ ᠵᠢᠭᠰᠠᠭᠠᠭᠰᠠᠨ ᠠᠵᠢᠯᠯᠠᠭ᠎ᠠ ᠬᠢᠬᠦ ᠳᠤ ᠬᠦᠷᠪᠡᠯ ᠪᠠᠰᠠ | ᠤᠷᠢᠳ ᠢᠶᠠᠷ ᠨᠤᠲᠤᠭ ᠪᠡᠯᠴᠢᠭᠡᠷ ᠬᠡᠷᠡᠭᠯᠡᠭᠴᠢ ᠶᠢᠨ ᠵᠦᠪᠰᠢᠶᠡᠷᠡᠯ ᠢ ᠤᠯᠬᠤ ᠭᠡᠷᠡᠭᠲᠡᠢ᠃ | ᠲᠠᠪᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠲᠡᠭᠡᠷ᠎ᠠ ᠪᠡᠯᠴᠢᠭᠡᠷ ᠡᠪᠡᠰᠦ ᠪᠤᠶᠤ ᠲᠡᠵᠢᠭᠡᠯ ᠤᠨ ᠲᠠᠷᠢᠮᠠᠯ | ᠲᠠᠷᠢᠬᠤ ᠳᠤ ᠬᠦᠷᠪᠡᠯ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠦᠯᠦᠪᠵᠢᠭᠦᠯᠭᠡ ᠳᠤ ᠨᠡᠶᠢᠴᠡᠭᠦᠯᠬᠦ ᠬᠡᠷᠡᠭᠲᠠᠢ︔ ᠰᠢᠶᠠᠨ ᠤ ᠱᠠᠲᠤᠨ ᠠᠴᠠ ᠲᠡᠭᠡᠭᠰᠢ ᠣᠷᠤᠨ ᠨᠤᠲᠤᠭ ᠤᠨ | ᠠᠷᠠᠳ ᠤᠨ ᠵᠠᠰᠠᠭ ᠤᠨ ᠣᠷᠳᠤᠨ ᠤ ᠨᠣᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠨᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠡᠯᠡᠰᠦᠷᠬᠡᠭᠵᠢᠬᠦ ᠪᠠ | ᠬᠦᠷᠦᠰᠦ ᠰᠢᠷᠤᠢ ᠤᠨ ᠢᠳᠡᠭᠳᠡᠬᠦ ᠶᠢ ᠰᠡᠷᠭᠡᠶᠢᠯᠡᠬᠦ ᠬᠡᠷᠡᠭᠲᠠᠢ᠃ | ᠲᠠᠪᠢᠨ ᠬᠤᠶᠠᠳᠤᠭᠠᠷ ᠵᠦᠢᠯ ᠨᠤᠲᠤᠭ ᠪᠡᠯᠴᠢᠭᠡᠷ ᠲᠡᠭᠡᠷ᠎ᠡ ᠡᠵᠡᠩᠨᠡᠯᠲᠡ ᠶᠢᠨ ᠴᠢᠨᠠᠷ ᠲᠠᠢ | ᠵᠢᠭᠤᠯᠴᠢᠯᠠᠯ ᠤᠨ ᠠᠵᠢᠯᠯᠠᠭ᠎ᠠ ᠦᠷᠨᠢᠭᠦᠯᠬᠦ ᠳᠤ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ | ᠪᠠᠶᠢᠭᠤᠯᠤᠯᠲᠠ᠂ ᠠᠰᠢᠭᠯᠠᠯᠲᠠ ᠶᠢᠨ ᠲᠦᠯᠦᠪᠵᠢᠭᠦᠯᠦᠯᠭᠡ ᠳᠤ ᠨᠡᠶᠢᠴᠡᠭᠦᠯᠬᠦ ᠶᠢᠨ ᠬᠠᠮᠲᠤ ᠤᠷᠢᠳ ᠢᠶᠠᠷ ᠰᠢᠶᠠᠨ ᠤ | ᠱᠠᠲᠤᠨ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠤᠭᠰᠠᠨ ᠤ ᠲᠠᠷᠠᠭ᠎ᠠ ᠰᠠᠶ᠋ᠢ | ᠬᠤᠯᠪᠤᠭᠳᠠᠯ ᠪᠦᠬᠦᠢ ᠭᠠᠷ ᠭᠦᠢᠴᠡᠳᠭᠡᠯ ᠬᠢᠵᠤ ᠪᠤᠯᠤᠨ᠎ᠠ᠃ ᠨᠤᠲᠤᠭ ᠪᠡᠯᠴᠢᠭᠡᠷ ᠲᠡᠭᠡᠷ᠎ᠡ ᠡᠵᠡᠩᠨᠡᠯᠲᠡ ᠶᠢᠨ | ᠴᠢᠨᠠᠷ ᠲᠠᠢ ᠵᠢᠭᠤᠯᠴᠢᠯᠠᠯ ᠤᠨ ᠠᠵᠢᠯᠯᠠᠭ᠎ᠠ ᠦᠷᠨᠢᠭᠦᠯᠬᠦ ᠲᠡᠭᠡᠨ ᠨᠤᠲᠤᠭ ᠪᠡᠯᠴᠢᠭᠡᠷ ᠤᠨ ᠦᠮᠴᠢᠯᠡᠭᠴᠢ᠂ | ᠬᠡᠷᠡᠭᠯᠡᠭᠴᠢ ᠪᠠ ᠲᠠᠭᠠᠭᠠᠴᠢᠯᠠᠨ ᠡᠵᠡᠩᠨᠡᠭᠴᠢ ᠶᠢᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠵᠤ ᠪᠤᠯᠬᠤ ᠦᠭᠡᠢ | ᠂ ᠨᠤᠲᠤᠭ ᠪᠡᠯᠴᠢᠭᠡᠷ ᠤᠨ ᠤᠷᠭᠤᠮᠠᠯ ᠤᠨ ᠨᠦᠮᠦᠷᠭᠡ ᠶᠢ ᠡᠪᠳᠡᠵᠤ ᠪᠤᠯᠬᠤ ᠦᠭᠡᠢ᠃ | ᠲᠠᠪᠢᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠤᠨ ᠭᠠᠯ ᠠᠴᠠ ᠰᠡᠷᠭᠡᠶᠢᠯᠡᠬᠦ ᠠᠵᠢᠯ ᠳᠤ | ᠤᠷᠢᠳᠴᠢᠯᠠᠨ ᠰᠡᠷᠭᠡᠶᠢᠯᠡᠬᠦ ᠪᠠᠷ ᠭᠤᠤᠯ ᠪᠤᠯᠭᠠᠵᠤ᠂ ᠰᠡᠷᠭᠡᠶᠢᠯᠡᠬᠦ ᠤᠨᠲᠠᠷᠭᠠᠬᠤ ᠶᠢ ᠤᠶᠠᠯᠳᠤᠭᠤᠯᠬᠤ | ᠴᠢᠭᠯᠡᠯᠲᠡ ᠶᠢ ᠲᠣᠣᠱᠯᠠᠭᠤᠯᠤᠨᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠨᠢ ᠨᠤᠲᠤᠭ | ᠪᠡᠯᠴᠢᠭᠡᠷ ᠤᠨ ᠭᠠᠯ ᠠᠴᠠ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠬᠤᠭᠤᠴᠠᠭ᠎ᠠ ᠶᠢ ᠲᠤᠭᠲᠠᠭᠠᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ | ᠤᠨᠲᠠᠷᠭᠠᠬᠤ ᠤᠷᠢᠳᠴᠢᠯᠠᠭᠰᠠᠨ ᠲᠦᠰᠦᠯ ᠢ ᠲᠤᠭᠲᠠᠭᠠᠵᠤ᠂ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ | ᠤᠷᠢᠳᠴᠢᠯᠠᠨ ᠰᠡᠷᠭᠡᠶᠢᠯᠡᠬᠦ ᠪᠠ ᠲᠦᠢᠮᠡᠷ ᠤᠨᠲᠠᠷᠭᠠᠨ ᠠᠪᠤᠷᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠠᠢ᠃ | | ᠲᠠᠪᠢᠨ ᠲᠦᠷᠪᠡᠳᠦᠭᠡᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ | ᠵᠠᠰᠠᠭ ᠤᠨ ᠣᠷᠳᠤᠨ ᠠᠴᠠ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ᠂ ᠡᠪᠡᠳᠴᠢᠨ ᠬᠤᠷᠤᠬᠠᠶᠢᠲᠤᠯ ᠤᠨ | ᠭᠠᠮᠰᠢᠭ ᠪᠠ ᠬᠤᠣᠷᠲᠤ ᠡᠪᠡᠰᠤ ᠶᠢ ᠰᠡᠷᠭᠡᠶᠢᠯᠡᠨ ᠵᠠᠰᠠᠬᠤ ᠶᠢ ᠵᠤᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ | ᠬᠡᠷᠡᠭᠲᠠᠢ᠃ ᠰᠢᠶᠠᠨ ᠤ ᠱᠠᠲᠤᠨ ᠠᠴᠠ ᠲᠡᠭᠡᠭᠰᠢᠬᠢ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠠᠷᠭ᠎ᠠ ᠬᠡᠮᠵᠢᠶ᠎ᠡ | ᠠᠪᠴᠤ ᠪᠠᠶᠢᠭᠠᠳ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ᠂ ᠡᠪᠡᠳᠴᠢᠨ ᠬᠤᠷᠤᠬᠠᠶᠢᠲᠤᠯ ᠤᠨ | ᠭᠠᠮᠰᠢᠭ ᠪᠠ ᠬᠤᠤᠷᠲᠤ ᠡᠪᠡᠰᠤᠨ ᠤ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠪᠠᠶᠢᠴᠠᠭᠠᠬᠤ | ᠵᠢᠴᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠦᠬᠦ ᠲᠠᠯ᠎ᠠ ᠪᠠᠷ ᠰᠡᠷᠭᠡᠶᠢᠯᠡᠨ ᠵᠠᠰᠠᠬᠤ ᠠᠷᠭ᠎ᠠ ᠶᠢ | ᠰᠣᠳᠤᠯᠵᠤ ᠲᠡᠯᠭᠡᠷᠡᠭᠦᠯᠬᠦ ᠶᠢ ᠵᠤᠬᠢᠶᠠᠨ ᠪᠠᠶᠢᠭᠤᠯᠬᠤ ᠬᠡᠷᠡᠭᠲᠠᠢ᠃ ᠨᠤᠲᠤᠭ ᠪᠡᠯᠴᠢᠭᠡᠷ ᠲᠡᠭᠡᠷ᠎ᠡ ᠰᠢᠷᠦᠭᠦᠨ | ᠬᠤᠤᠷᠲᠠᠢ᠂ ᠦᠯᠡᠳᠡᠭᠳᠡᠯ ᠶᠡᠬᠡᠲᠠᠢ ᠵᠢᠴᠢ ᠬᠤᠶᠠᠳᠡᠬᠢ ᠤᠳᠠᠭ᠎ᠠ ᠬᠤᠤᠷᠳᠠᠭᠤᠯᠬᠤ ᠪᠤᠯᠤᠮᠵᠢᠲᠠᠢ ᠲᠠᠷᠢᠶᠠᠨ ᠡᠮ | ᠬᠡᠷᠡᠭᠯᠡᠬᠦ ᠶᠢ ᠴᠠᠭᠠᠵᠠᠯᠠᠨ᠎ᠠ᠃ | ᠲᠠᠪᠢᠨ ᠲᠠᠪᠤᠳᠤᠭᠠᠷ ᠵᠦᠢᠯ ᠠᠶᠤᠯ ᠭᠠᠮᠰᠢᠭ ᠠᠴᠠ ᠠᠪᠤᠷᠠᠬᠤ ᠪᠠ ᠮᠠᠯᠴᠢᠳ ᠤᠨ ᠨᠡᠭᠦᠳᠡᠯᠯᠡᠬᠦ | ᠮᠠᠰᠢᠨ ᠲᠡᠷᠭᠡ ᠶᠢ ᠭᠠᠷᠭᠠᠪᠠᠯ᠂ ᠮᠠᠰᠢᠨ ᠲᠡᠷᠭᠡ ᠵᠠᠮ ᠠᠴᠠ ᠰᠠᠯᠤᠨ ᠨᠤᠲᠤᠭ ᠪᠡᠯᠴᠢᠭᠡᠷ ᠲᠡᠭᠡᠷ᠎ᠡ ᠶᠠᠪᠤᠵᠤ ᠨᠤᠲᠤᠭ | ᠪᠡᠯᠴᠢᠭᠡᠷ ᠤᠨ ᠤᠷᠭᠤᠮᠠᠯ ᠤᠨ ᠨᠦᠮᠦᠷᠭᠡ ᠶᠢ ᠡᠪᠳᠡᠬᠦ ᠶᠢ ᠴᠠᠭᠠᠵᠠᠯᠠᠨ᠎ᠠ︔ ᠭᠠᠵᠠᠷ ᠰᠢᠨᠵᠢᠯᠡᠭᠡᠨ ᠤ ᠬᠠᠶᠢᠨ | ᠰᠢᠨᠵᠢᠯᠡᠭᠡ᠂ ᠰᠢᠨᠵᠢᠯᠡᠬᠦ ᠤᠬᠠᠭᠠᠨ ᠤ ᠰᠢᠨᠵᠢᠯᠡᠯᠲᠡ ᠵᠡᠷᠭᠡ ᠠᠵᠢᠯᠯᠠᠭ᠎ᠠ ᠬᠢᠬᠦ ᠳᠤ ᠵᠠᠮ ᠠᠴᠠ ᠰᠠᠯᠵᠤ ᠨᠤᠲᠤᠭ | ᠪᠡᠯᠴᠢᠭᠡᠷ ᠲᠡᠭᠡᠷ᠎ᠡ ᠶᠠᠪᠤᠬᠤ ᠦᠨᠡᠬᠡᠷ ᠴᠢᠬᠤᠯᠠᠲᠠᠢ ᠪᠤᠯ ᠠᠷᠠᠳ ᠤᠨ ᠵᠠᠰᠠᠭ ᠤᠨ ᠤᠷᠳᠤᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠶᠠᠪᠤᠬᠤ ᠤᠷᠤᠨ ᠲᠤᠭᠤᠷᠢᠭ ᠪᠠ | ᠶᠠᠪᠤᠬᠤ ᠵᠠᠮ ᠱᠤᠭᠤᠮ ᠤᠨ ᠲᠦᠰᠦᠯ ᠢᠶᠠᠨ ᠳᠡᠪᠰᠢᠭᠦᠯᠦᠨ ᠲᠤᠰᠢᠶᠠᠵᠤ ᠮᠠᠭᠠᠳᠯᠠᠭᠤᠯᠤᠭᠰᠠᠨ ᠤ ᠳᠠᠷᠠᠭ᠎ᠠ ᠰᠠᠶ᠋ᠢ | ᠬᠡᠷᠡᠭᠵᠢᠭᠦᠯᠵᠦ ᠪᠤᠯᠤᠨ᠎ᠠ᠃ | ᠳᠤᠯᠤᠳᠤᠭᠠᠷ ᠪᠦᠯᠦᠭ ᠬᠢᠨᠠᠵᠤ ᠪᠠᠶᠢᠴᠠᠭᠠᠬᠤ | ᠲᠠᠪᠢᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠨᠤᠲᠤᠭ ᠪᠡᠯᠴᠢᠭᠡᠷ ᠤᠨ ᠲᠠᠯᠠᠪᠠᠢ ᠪᠠᠷ ᠨᠡᠯᠢᠶᠡᠳ | ᠶᠡᠭᠡ ᠪᠠᠶᠢᠳᠠᠭ ᠮᠣᠵᠢ᠂ ᠦᠪᠡᠷᠲᠡᠭᠡᠨ ᠵᠠᠰᠠᠬᠤ ᠤᠷᠤᠨ ᠤ ᠰᠢᠶᠠᠨ ᠤ ᠱᠠᠲᠤᠨ ᠠᠴᠠ ᠲᠡᠭᠡᠭᠰᠢᠬᠢ ᠤᠷᠤᠨ | ᠨᠤᠲᠤᠭ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠨᠤᠲᠤᠭ ᠪᠡᠯᠴᠢᠭᠡᠷ ᠤᠨ ᠬᠢᠨᠠᠨ | ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠬᠠᠤᠯᠢ ᠴᠠᠭᠠᠵᠠ᠂ ᠬᠠᠤᠯᠢ | ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠬᠤ᠂ ᠨᠤᠲᠤᠭ ᠪᠡᠯᠴᠢᠭᠡᠷ ᠤᠨ ᠬᠠᠤᠯᠢ | ᠴᠠᠭᠠᠵᠠ᠂ ᠬᠠᠤᠯᠢ ᠲᠤᠭᠲᠠᠭᠠᠯ ᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ | ᠬᠠᠮᠢᠶᠠᠷᠤᠭᠤᠯᠤᠨ᠎ᠠ᠃ ᠨᠣᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠪᠤᠯᠤᠨ ᠨᠤᠲᠤᠭ ᠪᠡᠯᠴᠢᠭᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠨᠢ ᠬᠠᠤᠯᠢ ᠬᠡᠷᠡᠭᠵᠢᠭᠦᠯᠬᠦ ᠡᠩᠨᠡᠭᠡᠨ ᠤ | ᠪᠠᠶᠢᠭᠤᠯᠤᠯᠲᠠ ᠪᠠᠨ ᠴᠢᠩᠭᠠᠳᠭᠠᠵᠤ᠂ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠳ ᠡᠭᠦᠷᠭᠡ | ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠠᠤᠯᠢ ᠶᠢ ᠲᠦᠪ ᠭᠤᠤᠯᠴᠢ ᠪᠠᠷ ᠬᠡᠷᠡᠭᠵᠢᠭᠦᠯᠬᠦ ᠬᠡᠷᠡᠭᠲᠠᠢ᠃ | | ᠲᠠᠪᠢᠨ ᠲᠣᠯᠣᠳᠤᠭᠠᠷ ᠵᠦᠢᠯ ᠨᠣᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠳ ᠬᠢᠨᠠᠨ | ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠶ᠎ᠡ ᠳᠤ ᠳᠤᠤᠷ᠎ᠠ ᠵᠢᠭᠰᠠᠭᠠᠭᠰᠠᠨ ᠠᠷᠭ᠎ᠠ | ᠬᠡᠮᠵᠢᠶ᠎ᠡ ᠨᠦᠭᠦᠳ ᠢ ᠠᠪᠬᠤ ᠡᠷᠬᠡ ᠲᠠᠢ᠄ ︵ᠨᠢᠭᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠦᠮᠦᠨ ᠢ | ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ | ᠬᠠᠩᠭᠠᠯᠭᠠᠬᠤ ᠪᠠᠷ ᠱᠠᠭᠠᠷᠳᠠᠵᠤ᠂ ᠪᠠᠶᠢᠴᠠᠭᠠᠨ ᠦᠵᠡᠬᠦ ᠪᠤᠶᠤ ᠬᠠᠭᠤᠯᠪᠤᠷᠢᠯᠠᠨ ᠠᠪᠬᠤ︔ ︵ᠬᠤᠶᠠᠷ︶ | ᠪᠠᠶᠢᠴᠠᠭᠠᠭᠳᠠᠬᠤ ᠨᠢᠭᠡᠴᠢ ᠪᠣᠶᠣ ᠬᠤᠪᠢ ᠬᠦᠮᠦᠨ ᠢ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠵᠡᠷᠭᠡ | ᠠᠰᠠᠭᠤᠳᠠᠯ ᠤᠨ ᠲᠤᠬᠠᠢ ᠲᠤᠳᠤᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔ ︵ᠭᠤᠷᠪᠠ︶ ᠬᠠᠤᠯᠢ ᠠᠴᠠ | ᠵᠦᠷᠢᠴᠡᠭᠰᠡᠨ ᠲᠤᠬᠠᠢ ᠶᠢᠨ ᠭᠠᠵᠠᠷ ᠲᠤ ᠤᠷᠣᠵᠤ ᠵᠢᠷᠤᠭ ᠠᠪᠬᠤ᠂ ᠲᠦᠷᠰᠦ ᠰᠢᠩᠭᠡᠭᠡᠬᠦ ᠪᠠ ᠬᠠᠶᠢᠨ ᠬᠡᠮᠵᠢᠯᠲᠡ | ᠬᠢᠬᠦ︔ ︵ᠲᠦᠷᠪᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠦᠮᠦᠨ ᠢ ᠵᠠᠷᠯᠢᠭᠳᠡᠵᠤ ᠪᠠᠶᠢᠭᠠᠳ ᠨᠤᠲᠤᠭ | ᠪᠡᠯᠴᠢᠭᠡᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠦᠷᠢᠴᠡᠭᠰᠡᠨ ᠠᠵᠢᠯᠯᠠᠭ᠎ᠠ ᠶᠢ ᠨᠢ ᠵᠣᠭᠰᠤᠭᠠᠵᠤ ᠬᠠᠤᠯᠢ | ᠳᠤ ᠲᠤᠭᠲᠠᠭᠠᠭᠰᠠᠨ ᠡᠭᠦᠷᠭᠡ ᠶᠢ ᠭᠦᠢᠴᠡᠳᠭᠡᠭᠦᠯᠬᠦ᠃ | ᠲᠠᠪᠢᠨ ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠳ ᠢ ᠲᠠᠪᠲᠠᠨ | ᠪᠤᠯᠪᠠᠰᠤᠷᠠᠭᠤᠯᠬᠤ ᠪᠠ ᠬᠢᠨᠠᠨ ᠰᠢᠯᠭᠠᠬᠤ ᠠᠵᠢᠯ ᠢᠶᠠᠨ ᠴᠢᠩᠭᠠᠳᠬᠠᠬᠤ ᠬᠡᠷᠡᠭᠲᠠᠢ᠃ | ᠲᠠᠪᠢ ᠶᠢᠰᠦᠳᠦᠭᠡᠷ ᠵᠦᠢᠯ ᠬᠤᠯᠪᠣᠭᠳᠠᠯ ᠪᠦᠬᠦᠢ ᠨᠢᠭᠡᠴᠢ ᠪᠠ ᠬᠤᠪᠢ ᠬᠦᠮᠦᠨ ᠨᠤᠲᠤᠭ ᠪᠡᠯᠴᠢᠭᠡᠷ | ᠤᠨ ᠬᠢᠨᠠᠨ ᠪᠠᠶᠢᠴᠠᠭᠠᠬᠤ ᠠᠵᠢᠯᠲᠠᠨ ᠤ ᠬᠢᠨᠠᠨ ᠪᠠᠶᠢᠴᠠᠭᠠᠬᠤ ᠠᠵᠢᠯ ᠳᠤ ᠲᠡᠮᠵᠢᠯᠭᠡ᠂ ᠬᠠᠮᠵᠢᠯᠴᠠᠭ᠎ᠠ ᠦᠵᠡᠭᠦᠯᠬᠦ | ᠬᠡᠷᠡᠭᠲᠠᠢ᠂ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠨ ᠤ ᠬᠠᠤᠯᠢ ᠶᠤᠰᠤᠭᠠᠷ ᠡᠷᠬᠡ ᠲᠤᠰᠢᠶᠠᠯ ᠢᠶᠠᠨ | ᠭᠦᠢᠴᠡᠳᠭᠡᠬᠦ ᠶᠢ ᠨᠢ ᠬᠤᠷᠢᠭᠯᠠᠬᠤ ᠪᠤᠶᠤ ᠬᠠᠷᠰᠢᠯᠠᠵᠤ ᠪᠤᠯᠬᠤ ᠦᠭᠡᠢ᠃ ᠨᠤᠲᠤᠭ ᠪᠡᠯᠴᠢᠭᠡᠷ ᠤᠨ ᠬᠢᠨᠠᠨ | ᠪᠠᠶᠢᠴᠠᠭᠠᠬᠤ ᠠᠵᠢᠯᠲᠠᠨ ᠬᠢᠨᠠᠨ ᠪᠠᠶᠢᠴᠠᠭᠠᠬᠤ ᠡᠭᠦᠷᠭᠡ ᠬᠠᠷᠢᠴᠠᠭᠤᠯᠭ᠎ᠠ ᠪᠠᠨ ᠭᠦᠢᠴᠡᠳᠭᠡᠬᠦ ᠦᠶ᠎ᠡ ᠳᠤ᠂ | ᠪᠠᠶᠢᠴᠠᠭᠠᠭᠳᠠᠬᠤ ᠨᠢᠭᠡᠴᠢ ᠪᠤᠶᠤ ᠬᠤᠪᠢ ᠬᠦᠮᠦᠨ ᠳᠤ ᠬᠠᠤᠯᠢ ᠶᠢ ᠬᠡᠷᠡᠭᠵᠢᠭᠦᠯᠬᠦ ᠭᠡᠷᠡᠴᠢ ᠦᠨᠡᠮᠯᠡᠯ ᠢᠶᠠᠨ | ᠦᠵᠡᠭᠦᠯᠬᠦ ᠬᠡᠷᠡᠭᠲᠠᠢ᠃ | ᠵᠢᠷᠠᠳᠤᠭᠠᠷ ᠵᠦᠢᠯ ᠨᠤᠲᠤᠭ ᠪᠡᠯᠴᠢᠭᠡᠷ ᠤᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠦᠷᠢᠴᠡᠭᠰᠡᠨ | ᠦᠢᠯᠡ ᠠᠵᠢᠯᠯᠠᠭ᠎ᠠ ᠳᠤ ᠬᠠᠤᠯᠢ ᠶᠤᠰᠣᠭᠠᠷ ᠵᠠᠰᠠᠭ ᠵᠠᠬᠢᠷᠭᠠᠨ ᠤ ᠰᠢᠳᠪᠦᠷᠢᠯᠡᠬᠦ ᠲᠤᠭᠲᠠᠭᠠᠯ ᠭᠠᠷᠭᠠᠬᠤ ᠬᠡᠷᠡᠭᠲᠠᠢ᠂ | ᠬᠤᠯᠪᠤᠭᠳᠠᠯ ᠪᠦᠬᠦᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠵᠠᠰᠠᠭ ᠵᠠᠬᠢᠷᠭᠠᠨ ᠤ ᠰᠢᠢᠳᠪᠦᠷᠢᠯᠡᠬᠦ ᠲᠤᠭᠲᠠᠭᠠᠯ ᠭᠠᠷᠭᠠᠭᠰᠠᠨ ᠦᠭᠡᠢ ᠪᠠᠶᠢᠪᠡᠯ᠂ ᠳᠡᠭᠡᠳᠦ ᠱᠠᠲᠤᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠵᠠᠷᠯᠢᠭᠳᠠᠵᠤ ᠪᠠᠶᠢᠭᠠᠳ ᠵᠠᠰᠠᠭ | ᠵᠠᠬᠢᠷᠭᠠᠨ ᠤ ᠰᠢᠢᠳᠪᠦᠷᠢᠯᠡᠬᠦ ᠲᠤᠭᠲᠠᠭᠠᠯ ᠭᠠᠷᠭᠠᠭᠤᠯᠬᠤ ᠪᠤᠶᠤ ᠰᠢᠭᠤᠳ ᠵᠠᠰᠠᠭ ᠵᠠᠬᠢᠷᠭᠠᠨ ᠤ ᠰᠢᠢᠳᠪᠦᠷᠢᠯᠡᠬᠦ | ᠲᠤᠭᠲᠠᠭᠠᠯ ᠭᠠᠷᠭᠠᠬᠤ ᠡᠷᠬᠡ ᠲᠠᠢ᠃ | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠤᠨ ᠠᠵᠢᠯᠲᠠᠨ ᠪᠤᠯᠤᠨ ᠲᠦᠷᠦ ᠶᠢᠨ ᠪᠠᠶᠢᠭᠤᠯᠭ᠎ᠠ ᠶᠢᠨ ᠪᠤᠰᠤᠳ ᠬᠠᠮᠢᠶ᠎ᠠ ᠪᠦᠬᠦᠢ ᠠᠵᠢᠯᠲᠠᠨ ᠡᠭᠦᠷᠭᠡ | ᠲᠤᠰᠢᠶᠠᠯ ᠳᠠᠭᠠᠨ ᠤᠰᠤᠯᠳᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠬᠦ ᠦᠭᠡᠢ ᠪᠤᠶᠤ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠤᠯᠵᠤ ᠮᠡᠳᠡᠭᠡᠳ ᠪᠠᠶᠢᠴᠠᠭᠠᠨ ᠰᠢᠢᠳᠬᠡᠬᠦ ᠦᠭᠡᠢ ᠪᠠᠷ ᠬᠦᠨᠳᠦ ᠨᠤᠴᠢᠲᠠᠢ ᠤᠷᠰᠢᠭ ᠲᠠᠲᠠᠵᠤ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | ᠬᠠᠷᠠᠬᠠᠨ ᠡᠷᠡᠭᠦᠦ ᠶᠢᠨ ᠰᠢᠳᠭᠡᠯ ᠦᠭᠬᠦ ᠬᠡᠮᠵᠢᠶᠡᠨ ᠳᠤ ᠬᠦᠷᠦᠭᠰᠡᠨ ᠦᠭᠡᠢ ᠪᠠᠶᠢᠪᠠᠯ ᠬᠠᠤᠯᠢ ᠶᠤᠰᠤᠭᠠᠷ ᠵᠠᠰᠠᠭ | ᠵᠠᠬᠢᠷᠭᠠᠨ ᠤ ᠰᠢᠢᠳᠬᠡᠯ ᠦᠭᠭᠦᠨ᠎ᠡ᠃ | ᠵᠢᠷᠠᠨ ᠬᠤᠶᠠᠳᠤᠭᠠᠷ ᠵᠦᠢᠯ ᠨᠤᠲᠤᠭ ᠪᠡᠯᠴᠢᠭᠡᠷ ᠤᠨ ᠰᠠᠶᠢᠵᠢᠷᠠᠭᠤᠯᠤᠯᠲᠠ᠂ ᠬᠦᠮᠦᠨ ᠤ ᠬᠦᠴᠦ ᠪᠠᠷ | ᠡᠪᠡᠰᠦ ᠲᠠᠷᠢᠬᠤ ᠪᠠ ᠡᠪᠡᠰᠤᠨ ᠡᠭᠦᠯᠳᠡᠷ ᠤᠨ ᠦᠢᠯᠡᠳᠪᠦᠷᠢᠯᠡᠯ ᠤᠨ ᠪᠡᠯᠡ ᠮᠦᠩᠭᠦ ᠬᠢᠭᠡᠳ ᠨᠤᠲᠤᠭ ᠪᠡᠯᠴᠢᠭᠡᠷ | ᠤᠨ ᠤᠷᠭᠤᠮᠠᠯ ᠤᠨ ᠨᠦᠮᠦᠷᠭᠡ ᠶᠢ ᠰᠡᠷᠭᠦᠭᠡᠬᠦ ᠰᠦᠢᠳᠭᠡᠯ ᠢ ᠳᠤᠮᠳᠠ ᠠᠴᠠ ᠨᠢ ᠦᠯᠡᠳᠡᠭᠡᠵᠦ ᠰᠢᠯᠵᠢᠭᠦᠯᠦᠨ | ᠬᠡᠷᠡᠭᠯᠡᠭᠡᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ︔ ᠬᠠᠷᠠᠬᠠᠨ ᠡᠷᠡᠭᠦᠦ ᠶᠢᠨ ᠰᠢᠳᠭᠡᠯ ᠦᠭᠬᠦ ᠬᠡᠮᠵᠢᠶᠡᠨ ᠳᠤ ᠬᠦᠷᠦᠭᠰᠡᠨ ᠦᠭᠡᠢ ᠪᠡᠶᠢᠪᠠᠯ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃ | ᠵᠢᠷᠠᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠢ ᠲᠠᠲᠠᠪᠦᠷᠢᠯᠠᠨ ᠬᠡᠷᠡᠭᠯᠡᠬᠦ᠂ ᠬᠡᠷᠡᠭᠯᠡᠬᠦ ᠶᠢ | ᠵᠦᠪᠰᠢᠶᠡᠷᠡᠬᠦ ᠡᠷᠬᠡ ᠦᠭᠡᠢ ᠨᠢᠭᠡᠴᠢ ᠪᠠ ᠬᠤᠪᠢ ᠬᠦᠮᠦᠨ ᠨᠤᠲᠤᠭ ᠪᠡᠯᠴᠢᠭᠡᠷ ᠢ ᠲᠠᠲᠠᠪᠦᠷᠢᠯᠠᠨ ᠬᠡᠷᠡᠭᠯᠡᠬᠦ ᠪᠠᠷ | ᠵᠦᠪᠰᠢᠶᠡᠷᠡᠭᠰᠡᠨ ᠡᠰᠡᠬᠦᠯ᠎ᠡ ᠬᠠᠤᠯᠢ ᠴᠠᠭᠠᠵᠠ ᠳᠤ ᠲᠤᠭᠲᠠᠭᠠᠭᠰᠨ ᠵᠢᠷᠦᠮ ᠢ ᠵᠦᠷᠢᠴᠡᠨ ᠨᠤᠲᠤᠭ ᠪᠡᠯᠴᠢᠭᠡᠷ ᠢ | ᠳᠠᠲᠠᠪᠦᠷᠢᠯᠡᠨ ᠬᠡᠷᠡᠭᠯᠡᠬᠦ ᠪᠠ ᠬᠡᠷᠡᠭᠯᠡᠬᠦ ᠶᠢ ᠵᠦᠪᠰᠢᠶᠡᠷᠡᠭᠡᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ | ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠡᠷᠡᠭᠦᠦ ᠶᠢᠨ ᠰᠢᠳᠭᠡᠯ ᠦᠭᠬᠦ ᠬᠡᠮᠵᠢᠶᠡᠨ | ᠳᠤ ᠬᠦᠷᠦᠭᠰᠡᠨ ᠦᠭᠡᠢ ᠪᠠᠶᠢᠪᠠᠯ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃ ᠨᠤᠲᠤᠭ | ᠪᠡᠯᠴᠢᠭᠡᠷ ᠢ ᠲᠠᠲᠠᠪᠦᠷᠢᠯᠠᠨ ᠬᠡᠷᠡᠭᠯᠡᠬᠦ ᠪᠠ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠪᠢᠴᠢᠭ ᠮᠠᠲ᠋ᠧᠷᠢᠶᠠᠯ | ᠨᠢ ᠬᠦᠴᠦᠨ ᠦᠭᠡᠢ᠃ ᠬᠠᠤᠯᠢ ᠪᠤᠰᠤ ᠵᠦᠪᠰᠢᠶᠡᠷᠡᠯ ᠢᠶᠠᠷ ᠲᠠᠲᠠᠪᠤᠷᠢᠯᠡᠵᠤ ᠬᠡᠷᠡᠭᠯᠡᠭᠰᠡᠨ ᠨᠤᠲᠤᠭ ᠪᠡᠯᠴᠢᠭᠡᠷ ᠢ | ᠬᠤᠷᠢᠶᠠᠨ ᠠᠪᠬᠤ ᠬᠡᠷᠡᠭᠲᠠᠢ᠂ ᠲᠤᠬᠠᠢ ᠶᠢᠨ ᠬᠦᠮᠦᠨ ᠨᠢ ᠪᠤᠴᠠᠭᠠᠨ ᠦᠭᠬᠦ ᠦᠭᠡᠢ ᠪᠤᠯ ᠨᠤᠲᠤᠭ ᠪᠡᠯᠴᠢᠭᠡᠷ ᠢ | ᠬᠠᠤᠯᠢ ᠪᠤᠰᠤ ᠪᠠᠷ ᠬᠡᠷᠡᠭᠯᠡᠭᠰᠡᠨ ᠢᠶᠠᠷ ᠲᠤᠭᠠᠴᠠᠨ ᠰᠢᠳᠭᠡᠨ᠎ᠡ᠃ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ | ᠪᠠ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ᠂ ᠲᠤᠬᠠᠢ ᠶᠢᠨ ᠬᠦᠮᠦᠨ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ ᠬᠠᠤᠯᠢ ᠶᠤᠰᠤᠭᠠᠷ ᠲᠦᠯᠦᠪᠦᠷᠢ ᠦᠭᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ | ᠵᠢᠷᠠᠨ ᠳᠦᠷᠪᠡᠳᠦᠭᠡᠷ ᠵᠦᠢᠯ ᠬᠤᠳᠠᠯᠳᠤᠭᠠᠯᠠᠬᠤ ᠪᠤᠶᠤ ᠪᠤᠰᠤᠳ ᠬᠡᠯᠪᠡᠷᠢ ᠪᠠᠷ ᠨᠤᠲᠤᠭ ᠪᠡᠯᠴᠢᠭᠡᠷ ᠢ | ᠬᠠᠤᠯᠢ ᠪᠤᠰᠤ ᠪᠠᠷ ᠰᠢᠯᠵᠢᠭᠦᠯᠦᠨ ᠦᠭᠴᠦ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ | ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠡᠷᠡᠭᠦᠦ ᠶᠢᠨ ᠰᠢᠳᠭᠡᠯ ᠦᠭᠬᠦ ᠬᠡᠮᠵᠢᠶᠡᠨ ᠳᠤ ᠬᠦᠷᠦᠭᠰᠡᠨ | ᠦᠭᠡᠢ ᠪᠠᠶᠢᠪᠠᠯ᠂ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ | ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠡᠷᠬᠡ ᠲᠤᠰᠢᠶᠠᠯ ᠤᠨ ᠶᠤᠰᠤᠭᠠᠷ | ᠵᠠᠷᠯᠢᠭᠳᠠᠵᠤ ᠪᠠᠶᠢᠭᠠᠳ ᠲᠣᠭᠳᠠᠭᠰᠠᠨ ᠬᠤᠭᠤᠴᠠᠭᠠᠨ ᠳᠤ ᠵᠠᠯᠠᠷᠠᠭᠤᠯᠵᠤ᠂ ᠬᠠᠤᠯᠢ ᠶᠢ ᠵᠦᠷᠢᠴᠡᠵᠦ ᠤᠯᠤᠭᠰᠠᠨ | ᠠᠰᠢᠭ ᠣᠯᠵᠠᠪᠦᠷᠢ ᠶᠢᠨ ᠬᠢᠨᠢ ᠨᠢᠭᠡ ᠳᠠᠬᠢᠨ ᠠᠴᠠ ᠲᠡᠭᠡᠰᠢ ᠲᠠᠪᠤᠨ ᠲᠠᠬᠢᠨ ᠠᠴᠠ ᠳᠤᠭᠤᠭᠰᠢ ᠵᠤᠭᠤᠰ ᠢᠶᠠᠷ | ᠲᠤᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ | ᠵᠢᠷᠠᠨ ᠲᠠᠪᠦᠳᠤᠭᠠᠷ ᠵᠦᠢᠯ ᠵᠦᠪᠰᠢᠶᠡᠷᠡᠯ ᠣᠯᠣᠭᠰᠠᠨ ᠦᠭᠡᠢ ᠪᠣᠶᠤ ᠮᠡᠬᠡᠯᠡᠬᠦ ᠠᠷᠭ᠎ᠠ ᠪᠠᠷ | ᠵᠦᠪᠰᠢᠶᠡᠷᠡᠯ ᠤᠯᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠡᠳ᠂ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ ᠬᠠᠤᠯᠢ ᠶᠤᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠡᠷᠡᠭᠦᠦ ᠶᠢᠨ ᠰᠢᠳᠭᠡᠯ | ᠦᠭᠬᠦ ᠬᠡᠮᠵᠢᠶᠡᠨ ᠳᠤ ᠬᠦᠷᠦᠭᠰᠡᠨ ᠦᠭᠡᠢ ᠪᠠᠶᠢᠪᠠᠯ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠣᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠷᠠᠷᠬᠤ ᠰᠠᠯᠠᠭ᠎ᠠ ᠮᠦᠴᠢᠷ ᠠᠴᠠ ᠡᠭᠦᠷᠭᠡ | ᠲᠤᠰᠢᠶᠠᠯ ᠤᠨ ᠢᠶᠠᠨ ᠶᠣᠰᠤᠭᠠᠷ ᠵᠠᠷᠯᠢᠭᠳᠠᠵᠤ ᠪᠠᠶᠢᠭᠠᠳ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠢ | ᠪᠤᠴᠠᠭᠠᠯᠭᠠᠨ᠎ᠠ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠦᠯᠦᠪᠵᠢᠭᠦᠯᠭᠡ ᠶᠢ ᠵᠦᠷᠢᠴᠡᠨ ᠲᠤᠷ᠎ᠠ ᠮᠡᠳᠡᠨ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ | ᠭᠠᠵᠠᠷ ᠪᠤᠯᠭᠠᠨ ᠬᠤᠪᠢᠷᠠᠭᠤᠯᠤᠭᠰᠠᠨ ᠪᠠᠶᠢᠪᠠᠯ᠂ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠲᠡᠭᠡᠷᠡᠬᠢ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠵᠦᠢᠯ ᠪᠠ ᠪᠣᠰᠣᠳ ᠲᠦᠬᠦᠭᠡᠷᠦᠮᠵᠢ ᠶᠢ ᠲᠤᠭᠳᠠᠭᠠᠭᠰᠠᠨ | ᠬᠤᠭᠤᠴᠠᠭᠠᠨ ᠳᠤ ᠨᠤᠷᠠᠭᠠᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠨᠦᠮᠦᠷᠭᠡ ᠶᠢ ᠰᠡᠷᠭᠦᠭᠡᠯᠭᠡᠵᠤ᠂ | ᠨᠤᠲᠤᠭ ᠪᠡᠯᠴᠢᠭᠡᠷ ᠬᠠᠤᠯᠢ ᠪᠤᠰᠤ ᠪᠠᠷ ᠬᠡᠷᠡᠭᠯᠡᠭᠳᠡᠬᠦ ᠠᠴᠠ ᠡᠮᠦᠨᠡᠬᠢ ᠭᠤᠷᠪᠠᠨ ᠵᠢᠯ ᠤᠨ ᠳᠣᠮᠳᠠᠴᠢ | ᠦᠢᠯᠡᠳᠪᠦᠷᠢᠯᠡᠯ ᠤᠨ ᠦᠷᠲᠡᠭ ᠤᠨ ᠵᠢᠷᠭᠤᠭᠠᠨ ᠲᠠᠬᠢᠨ ᠠᠴᠠ ᠳᠡᠭᠡᠭᠰᠢ ᠠᠷᠪᠠᠨ ᠬᠤᠶᠠᠷ ᠲᠠᠬᠢᠨ ᠠᠴᠠ | ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠳᠭᠡᠨ᠎ᠡ᠃ | ᠵᠢᠷᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠦᠷᠢᠯᠠᠭᠠᠳ ᠶᠠᠯ᠎ᠠ | ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ | ᠡᠷᠡᠭᠦᠦ ᠶᠢᠨ ᠰᠢᠳᠭᠡᠯ ᠦᠭᠬᠦ ᠬᠡᠮᠵᠢᠶᠡᠨ ᠳᠤ ᠬᠦᠷᠦᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠠᠴᠠ ᠡᠭᠦᠷᠭᠡ ᠲᠤᠰᠢᠶᠠᠯ ᠤᠨ ᠢᠶᠠᠨ ᠶᠤᠰᠤᠭᠠᠷ ᠵᠠᠷᠯᠢᠭᠳᠠᠵᠤ ᠪᠠᠶᠢᠭᠠᠳ ᠬᠠᠤᠯᠢ | ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠣᠭᠰᠤᠭᠠᠵᠤ᠂ ᠲᠤᠭᠲᠠᠭᠰᠠᠨ ᠬᠤᠭᠤᠴᠠᠭᠠᠨ ᠳᠤ ᠤᠷᠭᠤᠮᠠᠯ ᠤᠨ | ᠨᠦᠮᠦᠷᠭᠡ ᠶᠢ ᠰᠡᠷᠭᠦᠭᠡᠯᠭᠡᠵᠤ᠂ ᠬᠠᠤᠯᠢ ᠪᠤᠰᠤ ᠵᠤᠭᠤᠰ ᠮᠦᠩᠭᠦ ᠡᠳ᠋ ᠪᠤᠳᠠᠰ ᠬᠢᠭᠡᠳ ᠬᠠᠤᠯᠢ ᠠᠴᠠ ᠵᠦᠷᠢᠴᠡᠵᠤ | ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠴᠤ᠂ ᠬᠠᠤᠯᠢ ᠠᠴᠠ ᠵᠦᠷᠢᠴᠡᠵᠤ ᠤᠯᠤᠭᠰᠠᠨ ᠠᠰᠢᠭ | ᠤᠯᠵᠠᠪᠤᠷᠢ ᠶᠢᠨ ᠬᠢᠨᠢ ᠨᠢᠭᠡ ᠳᠠᠬᠢᠨ ᠠᠴᠠ ᠲᠡᠭᠡᠭᠰᠢ ᠲᠠᠪᠤᠨ ᠲᠠᠬᠢᠨ ᠠᠴᠠ ᠳᠣᠭᠤᠭᠰᠢ ᠵᠤᠭᠤᠰ ᠢᠶᠠᠷ ᠲᠤᠷᠭᠠᠬᠤ | ᠪᠠᠷ ᠨᠡᠶᠢᠯᠡᠭᠦᠯᠦᠨ ᠰᠢᠳᠭᠡᠨ᠎ᠡ︔ ᠨᠤᠲᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠦᠯᠦᠪᠦᠷᠢ ᠦᠭᠬᠦ ᠬᠠᠷᠢᠭᠤᠴᠠᠯᠭ᠎ᠠ ᠡᠭᠦᠷᠭᠡᠯᠡᠨ᠎ᠡ᠃ | ᠵᠢᠷᠠᠨ ᠳᠣᠯᠤᠳᠣᠭᠠᠷ ᠵᠦᠢᠯ ᠴᠦᠯᠵᠢᠭᠰᠡᠨ᠂ ᠬᠠᠭᠠᠰ ᠴᠦᠯᠵᠢᠭᠰᠡᠨ ᠪᠠ ᠬᠦᠨᠳᠤ ᠰᠦᠷᠡᠬᠡᠢ | ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠡᠨ᠂ ᠬᠠᠶᠢᠷᠰᠢᠵᠤ ᠴᠢᠯᠠᠭᠤᠵᠢᠭᠰᠠᠨ᠂ ᠬᠦᠷᠦᠰᠦ ᠰᠢᠷᠦᠢ | ᠢᠳᠡᠭᠳᠡᠭᠰᠡᠨ ᠨᠤᠲᠤᠭ ᠪᠡᠯᠴᠢᠭᠡᠷ ᠬᠢᠭᠡᠳ ᠠᠮᠢ ᠠᠬᠤᠢ ᠶᠢᠨ ᠨᠤᠬᠦᠴᠡᠯ ᠬᠡᠪᠡᠷᠡᠭ ᠪᠤᠯᠤᠭᠰᠠᠨ ᠨᠤᠲᠤᠭ ᠪᠡᠯᠴᠢᠭᠡᠷ | ᠲᠡᠭᠡᠷ᠎ᠡ ᠣᠷᠭᠤᠮᠠᠯ ᠢ ᠲᠡᠭᠦᠨ ᠮᠠᠯᠲᠠᠬᠤ ᠪᠤᠶᠤ ᠨᠤᠲᠤᠭ ᠪᠡᠯᠴᠢᠭᠡᠷ ᠲᠡᠭᠡᠷ᠎ᠡ ᠤᠷᠭᠤᠮᠠᠯ ᠤᠨ ᠨᠦᠮᠦᠷᠭᠡ ᠶᠢ ᠡᠪᠳᠡᠬᠦ | ᠪᠤᠰᠤᠳ ᠠᠵᠢᠯᠠᠭ᠎ᠠ ᠬᠢᠭᠰᠡᠨ ᠪᠠᠶᠢᠪᠠᠯ ᠰᠢᠶᠠᠨ ᠤ ᠱᠠᠲᠤᠨ ᠠᠴᠠ ᠲᠡᠭᠡᠭᠰᠢᠬᠢ ᠣᠷᠣᠨ ᠨᠣᠲᠤᠭ ᠤᠨ ᠠᠷᠠᠳ ᠤᠨ | ᠵᠠᠰᠠᠭ ᠤᠨ ᠣᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ | ᠠᠴᠠ ᠡᠭᠦᠷᠭᠡ ᠲᠤᠰᠢᠶᠠᠯ ᠤᠨ ᠶᠣᠰᠣᠭᠠᠷ ᠵᠠᠷᠯᠢᠭᠳᠡᠵᠤ ᠪᠠᠶᠢᠭᠠᠳ ᠬᠠᠤᠯᠢ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ ᠨᠢ ᠵᠤᠭᠰᠤᠭᠠᠵᠤ᠂ ᠬᠠᠤᠯᠢ ᠪᠣᠰᠤ ᠵᠤᠭᠤᠰ ᠮᠦᠩᠭᠦ ᠡᠳ᠋ ᠪᠤᠳᠠᠰ ᠪᠠ ᠬᠠᠤᠯᠢ ᠶᠢ ᠵᠦᠷᠢᠴᠡᠵᠤ | ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠴᠤ᠂ ᠬᠠᠤᠯᠢ ᠠᠴᠠ ᠵᠦᠷᠢᠴᠡᠵᠤ ᠤᠯᠤᠭᠰᠠᠨ ᠠᠰᠢᠭ | ᠤᠯᠵᠠᠪᠤᠷᠢ ᠶᠢᠨ ᠬᠢᠨᠢ ᠨᠢᠭᠡ ᠳᠠᠬᠢᠨ ᠠᠴᠠ ᠲᠡᠭᠡᠭᠰᠢ ᠲᠠᠪᠤᠨ ᠲᠠᠬᠢᠨ ᠠᠴᠠ ᠳᠣᠭᠤᠭᠰᠢ ᠵᠤᠭᠤᠰ ᠢᠶᠠᠷ ᠲᠤᠷᠭᠠᠬᠤ | ᠪᠠᠷ ᠨᠡᠶᠢᠯᠡᠭᠦᠯᠦᠨ ᠰᠢᠳᠭᠡᠨ᠎ᠡ︔ ᠬᠠᠤᠯᠢ ᠠᠴᠠ ᠵᠦᠷᠢᠴᠡᠵᠦ ᠤᠯᠤᠭᠰᠠᠨ ᠠᠰᠢᠭ ᠣᠯᠵᠠᠪᠤᠷᠢ ᠪᠠᠶᠢᠬᠤ ᠦᠭᠡᠢ ᠪᠣᠯ | ᠲᠠᠪᠤᠨ ᠲᠦᠮᠡᠨ ᠲᠦᠭᠦᠷᠢᠭ ᠠᠴᠠ ᠳᠤᠭᠤᠭᠰᠢ ᠵᠤᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠤ ᠪᠤᠯᠤᠨ᠎ᠠ︔ | ᠨᠤᠲᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠣᠴᠠᠷᠠᠭᠤᠯᠤᠭᠰᠠᠨ ᠪᠠᠶᠢᠪᠠᠯ ᠬᠠᠤᠯᠢ | ᠶᠤᠰᠤᠭᠠᠷ ᠲᠦᠯᠦᠪᠦᠷᠢ ᠦᠭᠬᠦ ᠬᠠᠷᠢᠴᠠᠭᠤᠯᠭ᠎ᠠ ᠨᠡᠬᠡᠮᠵᠢᠯᠡᠨ᠎ᠡ᠃ | ᠵᠢᠷᠠᠨ ᠨᠠᠢᠮᠠᠳᠤᠭᠠᠷ ᠵᠦᠢᠯ ᠵᠦᠪᠰᠢᠶᠡᠷᠡᠯ ᠤᠯᠤᠭᠰᠠᠨ ᠦᠭᠡᠢ ᠪᠤᠶᠤ ᠲᠤᠭᠲᠠᠭᠰᠠᠨ ᠴᠠᠭ᠂ ᠭᠠᠵᠠᠷ | ᠤᠷᠣᠨ ᠪᠠ ᠮᠠᠯᠲᠠᠬᠤ ᠠᠷᠭ᠎ᠠ ᠶᠢᠨ ᠶᠣᠰᠣᠭᠠᠷ ᠪᠤᠰᠣ ᠨᠤᠲᠤᠭ ᠪᠡᠯᠴᠢᠭᠡᠷ ᠲᠡᠭᠡᠷ᠎ᠡ ᠰᠢᠷᠦᠢ ᠮᠠᠯᠲᠠᠬᠤ᠂ ᠡᠯᠡᠰᠦ | ᠮᠠᠯᠲᠠᠬᠤ᠂ ᠴᠢᠯᠠᠭᠤ ᠮᠠᠯᠲᠠᠬᠤ ᠵᠡᠷᠭᠡ ᠠᠵᠢᠯᠯᠠᠭ᠎ᠠ ᠬᠢᠭᠰᠡᠨ ᠪᠠᠶᠢᠪᠠᠯ ᠰᠢᠶᠠᠨ ᠤ ᠱᠠᠲᠤᠨ ᠤ ᠠᠷᠠᠳ ᠤᠨ ᠵᠠᠰᠠᠭ | ᠤᠨ ᠣᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ | ᠵᠠᠷᠯᠢᠭᠳᠡᠵᠤ ᠪᠠᠶᠢᠭᠠᠳ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠤᠯᠤᠭᠰᠠᠨ ᠠᠰᠢᠭ ᠣᠯᠵᠠᠪᠤᠷᠢ ᠶᠢ ᠨᠢ | ᠬᠤᠷᠢᠶᠠᠨ ᠠᠪᠴᠤ᠂ ᠬᠠᠤᠯᠢ ᠠᠴᠠ ᠵᠦᠷᠢᠴᠡᠵᠤ ᠤᠯᠤᠭᠰᠠᠨ ᠠᠰᠢᠭ ᠣᠯᠵᠠᠪᠤᠷᠢ ᠶᠢᠨ ᠬᠢᠨᠢ ᠨᠢᠭᠡ ᠲᠠᠬᠢᠨ ᠠᠴᠠ | ᠲᠡᠭᠡᠭᠰᠢ ᠬᠤᠶᠠᠷ ᠲᠠᠬᠢᠨ ᠠᠴᠠ ᠲᠤᠷᠤᠭᠰᠢ ᠵᠤᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠤ ᠪᠤᠯᠤᠨ᠎ᠠ︔ | ᠬᠠᠤᠯᠢ ᠠᠴᠠ ᠵᠦᠷᠢᠴᠡᠵᠤ ᠤᠯᠤᠭᠰᠠᠨ ᠠᠰᠢᠭ ᠤᠯᠵᠠᠪᠤᠷᠢ ᠪᠠᠶᠢᠬᠤ ᠦᠭᠡᠢ ᠪᠤᠯ ᠬᠤᠶᠠᠷ ᠲᠦᠮᠡᠨ ᠲᠦᠭᠦᠷᠢᠭ | ᠠᠴᠠ ᠳᠤᠭᠤᠭᠰᠢ ᠵᠤᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠤ ᠪᠤᠯᠤᠨ᠎ᠠ︔ ᠨᠤᠲᠤᠭ ᠪᠡᠯᠴᠢᠭᠡᠷ ᠤᠨ | ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠣᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠲᠦᠯᠦᠪᠦᠷᠢ | ᠦᠭᠬᠦ ᠬᠠᠷᠢᠭᠤᠴᠯᠭ᠎ᠠ ᠡᠭᠦᠷᠭᠡᠯᠡᠨ᠎ᠡ᠃ | ᠵᠢᠷᠠ ᠶᠢᠰᠦᠳᠦᠭᠡᠷ ᠵᠦᠢᠯ ᠲᠤᠰ ᠬᠠᠤᠯᠢ ᠶᠢᠨ ᠲᠠᠪᠢᠨ ᠬᠤᠶᠠᠳᠤᠭᠠᠷ ᠵᠦᠢᠯ ᠤᠨ ᠲᠤᠭᠲᠠᠭᠠᠯ ᠢ | ᠵᠦᠷᠢᠴᠡᠨ᠂ ᠲᠤᠷ᠎ᠠ ᠪᠠᠷ ᠢᠶᠠᠨ ᠨᠤᠲᠤᠭ ᠪᠡᠯᠴᠢᠭᠡᠷ ᠲᠡᠭᠡᠷ᠎ᠡ ᠡᠵᠡᠩᠨᠡᠯᠲᠡ ᠶᠢᠨ ᠴᠢᠨᠠᠷᠲᠠᠢ ᠵᠤᠭᠠᠴᠠᠯ ᠤᠨ | ᠠᠵᠢᠯᠯᠠᠭ᠎ᠠ ᠬᠢᠵᠤ᠂ ᠨᠣᠲᠤᠭ ᠪᠡᠯᠴᠢᠭᠡᠷ ᠤᠨ ᠤᠷᠭᠤᠮᠠᠯ ᠤᠨ ᠨᠦᠮᠦᠷᠭᠡ ᠶᠢ ᠡᠪᠳᠡᠭᠰᠡᠨ ᠪᠠᠶᠢᠪᠠᠯ ᠰᠢᠶᠠᠨ ᠤ | ᠱᠠᠲᠤᠨ ᠠᠴᠠ ᠲᠡᠭᠡᠭᠰᠢ ᠤᠷᠣᠨ ᠨᠣᠲᠤᠭ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ | ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠡᠷᠬᠡ ᠲᠤᠰᠢᠶᠠᠯ ᠤᠨ ᠶᠤᠰᠣᠭᠠᠷ ᠵᠠᠷᠯᠢᠭᠳᠠᠵᠤ ᠪᠠᠶᠢᠭᠠᠳ | ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠤᠭᠰᠤᠭᠠᠵᠤ᠂ ᠲᠤᠭᠲᠠᠭᠰᠠᠨ ᠬᠤᠭᠤᠴᠠᠭᠠᠨ ᠳᠤ ᠤᠷᠭᠤᠮᠠᠯ ᠤᠨ | ᠨᠦᠮᠦᠷᠭᠡ ᠶᠢ ᠰᠡᠷᠭᠦᠭᠡᠯᠭᠡᠵᠤ᠂ ᠬᠠᠤᠯᠢ ᠠᠴᠠ ᠵᠦᠷᠢᠴᠡᠵᠤ ᠤᠯᠤᠭᠰᠠᠨ ᠠᠰᠢᠭ ᠣᠯᠵᠠᠪᠤᠷᠢ ᠶᠢ ᠬᠤᠷᠢᠶᠠᠨ ᠠᠪᠴᠤ | ᠂ ᠬᠠᠤᠯᠢ ᠶᠢ ᠵᠦᠷᠢᠴᠡᠵᠤ ᠤᠯᠤᠭᠰᠠᠨ ᠠᠰᠢᠭ ᠤᠯᠵᠠᠪᠦᠷᠢ ᠶᠢᠨ ᠬᠢᠨᠢ ᠨᠢᠭᠡ ᠲᠠᠬᠢᠨ ᠠᠴᠠ ᠲᠡᠭᠡᠭᠰᠢ ᠬᠤᠶᠠᠷ | ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠭᠦᠯᠦᠨ ᠰᠢᠳᠭᠡᠵᠦ ᠪᠤᠯᠤᠨ᠎ᠠ︔ ᠬᠠᠤᠯᠢ ᠠᠴᠠ | ᠵᠦᠷᠢᠴᠡᠵᠤ ᠤᠯᠤᠭᠰᠠᠨ ᠠᠰᠢᠭ ᠤᠯᠵᠠᠪᠤᠷᠢ ᠪᠠᠶᠢᠬᠤ ᠦᠭᠡᠢ ᠪᠤᠯ ᠨᠤᠲᠤᠭ ᠪᠡᠯᠴᠢᠭᠡᠷ ᠡᠪᠳᠡᠭᠳᠡᠬᠦ ᠠᠴᠠ ᠡᠮᠦᠨᠡᠬᠢ | ᠭᠤᠷᠪᠠᠨ ᠵᠢᠯ ᠤᠨ ᠳᠤᠮᠳᠠᠴᠢ ᠦᠢᠯᠡᠳᠪᠦᠷᠢᠯᠡᠯ ᠤᠨ ᠦᠷᠲᠡᠭ ᠤᠨ ᠵᠢᠷᠭᠤᠭᠠᠨ ᠲᠠᠬᠢᠨ ᠠᠴᠠ ᠲᠡᠭᠡᠭᠰᠢ ᠠᠷᠪᠠᠨ | ᠬᠤᠶᠠᠷ ᠲᠠᠬᠢᠨ ᠠᠴᠠ ᠲᠤᠭᠤᠭᠰᠢ ᠵᠣᠭᠤᠰ ᠢᠶᠠᠷ ᠲᠤᠷᠭᠠᠬᠤ ᠪᠤᠶᠤ ᠨᠡᠶᠢᠯᠡᠭᠦᠯᠦᠨ ᠰᠢᠳᠭᠡᠵᠤ ᠪᠤᠯᠤᠨ᠎ᠠ︔ | ᠨᠣᠲᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ | ᠶᠤᠰᠤᠭᠠᠷ ᠲᠦᠯᠦᠪᠦᠷᠢ ᠦᠭᠬᠦ ᠬᠠᠷᠢᠭᠤᠴᠠᠯᠭ᠎ᠠ ᠡᠭᠦᠷᠭᠡᠯᠡᠨ᠎ᠡ᠃ ᠳᠠᠯᠠᠳᠤᠭᠠᠷ ᠵᠦᠢᠯ | ᠠᠶᠤᠯ ᠭᠠᠮᠰᠢᠭ ᠠᠴᠠ ᠠᠪᠤᠷᠠᠬᠤ᠂ ᠮᠠᠯᠴᠢᠳ ᠤᠨ ᠨᠡᠭᠦᠳᠡᠯᠯᠡᠬᠦ ᠳᠤ ᠬᠡᠷᠡᠭᠯᠡᠬᠦ ᠮᠠᠰᠢᠨ ᠲᠡᠷᠭᠡᠨ ᠤ ᠵᠠᠮ ᠠᠴᠠ | ᠰᠠᠯᠵᠤ ᠨᠤᠲᠤᠭ ᠪᠡᠯᠴᠢᠭᠡᠷ ᠲᠡᠭᠡᠷ᠎ᠡ ᠶᠠᠪᠤᠭᠰᠠᠨ ᠪᠤᠶᠤ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠭᠡ᠂ ᠰᠢᠨᠵᠢᠯᠡᠬᠦ | ᠤᠬᠭᠠᠨ ᠤ ᠪᠠᠶᠢᠴᠠᠭᠠᠯᠲᠠ ᠬᠢᠬᠦ ᠵᠡᠷᠭᠡ ᠠᠵᠢᠯᠯᠠᠭ᠎ᠠ ᠶᠢ ᠬᠢᠬᠦ ᠳᠡᠭᠡᠨ ᠨᠤᠲᠤᠭ ᠪᠡᠯᠴᠢᠭᠡᠷ ᠲᠡᠭᠡᠷ᠎ᠡ ᠶᠠᠪᠤᠵᠤ ᠪᠤᠯᠬᠤ | ᠪᠠᠷ ᠲᠤᠭᠲᠠᠭᠠᠭᠰᠠᠨ ᠤᠷᠤᠨ ᠲᠤᠭᠤᠷᠢᠭ ᠪᠠ ᠲᠤᠰᠬᠠᠢ ᠵᠠᠮ ᠢᠶᠠᠷ ᠶᠠᠪᠤᠭᠰᠠᠨ ᠦᠭᠡᠢ ᠪᠠᠶᠢᠵᠤ ᠨᠤᠲᠤᠭ ᠪᠡᠯᠴᠢᠭᠡᠷ | ᠤᠨ ᠨᠦᠮᠦᠷᠭᠡ ᠶᠢ ᠡᠪᠳᠡᠭᠰᠡᠨ ᠪᠠᠶᠢᠪᠠᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠤᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ | ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠤᠭᠰᠤᠭᠠᠵᠤ᠂ ᠲᠤᠭᠲᠠᠭᠰᠠᠨ ᠬᠤᠭᠤᠴᠠᠭᠠᠨ ᠳᠤ ᠤᠷᠭᠤᠮᠠᠯ ᠤᠨ | ᠨᠦᠮᠦᠷᠭᠡ ᠶᠢ ᠰᠡᠷᠭᠦᠭᠡᠯᠭᠡᠵᠤ᠂ ᠨᠤᠲᠤᠭ ᠪᠡᠯᠴᠢᠭᠡᠷ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ | ᠦᠢᠯᠡᠳᠪᠦᠷᠢᠯᠡᠯ ᠤᠨ ᠦᠷᠲᠡᠭ ᠤᠨ ᠭᠤᠷᠪᠠᠨ ᠲᠠᠬᠢᠨ ᠠᠴᠠ ᠲᠡᠭᠡᠭᠰᠢ ᠶᠢᠰᠦᠨ ᠲᠠᠬᠢᠨ ᠠᠴᠠ ᠳᠣᠭᠤᠭᠰᠢ ᠵᠣᠭᠤᠰ | ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠤ ᠪᠤᠯᠤᠨ᠎ᠠ︔ ᠨᠣᠲᠤᠭ ᠪᠡᠯᠴᠢᠭᠡᠷ ᠤᠨ ᠦᠮᠴᠢᠯᠡᠭᠴᠢ ᠪᠤᠶᠤ | ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠤᠭᠠᠷ ᠲᠦᠯᠦᠪᠦᠷᠢ ᠦᠭᠬᠦ ᠬᠠᠷᠢᠭᠤᠴᠠᠯᠭ᠎ᠠ | ᠡᠭᠦᠷᠭᠡᠯᠡᠨ᠎ᠡ᠃ | ᠲᠠᠯᠠᠨ ᠨᠢᠭᠡᠳᠦᠭᠡᠷ ᠵᠦᠢᠯ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠲᠡᠭᠡᠷ᠎ᠡ ᠡᠭᠦᠷᠢᠲᠡ | ᠶᠢᠨ ᠴᠢᠨᠠᠷᠲᠠᠢ ᠪᠠᠷᠢᠯᠭ᠎ᠠ ᠶᠢᠨ ᠵᠦᠢᠯ᠂ ᠪᠠᠷᠢᠯᠭ᠎ᠠ ᠶᠢ ᠪᠠᠶᠢᠭᠤᠯᠤᠭᠰᠠᠨ ᠪᠠᠶᠢᠪᠠᠯ ᠰᠢᠶᠠᠨ ᠤ ᠱᠠᠲᠤᠨ ᠠᠴᠠ | ᠲᠡᠭᠡᠭᠰᠢᠬᠢ ᠣᠷᠤᠨ ᠨᠣᠲᠤᠭ ᠤᠨ ᠠᠷᠠᠳ ᠤᠨ ᠵᠠᠰᠠᠭ ᠤᠨ ᠤᠷᠳᠤᠨ ᠤ ᠨᠣᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠡᠷᠬᠡ ᠲᠤᠰᠢᠶᠠᠯ ᠤᠨ ᠢᠶᠠᠨ ᠶᠣᠰᠣᠭᠠᠷ ᠵᠠᠷᠯᠢᠭᠳᠠᠵᠤ | ᠪᠠᠶᠢᠭᠠᠳ ᠲᠣᠭᠲᠠᠭᠰᠠᠨ ᠬᠤᠭᠤᠴᠠᠭᠠᠨ ᠳᠤ ᠨᠣᠷᠠᠭᠠᠯᠭᠠᠨᠠ︔ ᠬᠤᠭᠤᠴᠠᠭ᠎ᠠ ᠠᠴᠠ ᠬᠡᠳᠦᠷᠡᠭᠰᠡᠨ ᠪᠠᠶᠢᠲᠠᠯ᠎ᠠ | ᠨᠤᠷᠭᠠᠬᠤ ᠦᠭᠡᠢ ᠪᠠᠶᠢᠪᠠᠯ ᠬᠠᠤᠯᠢ ᠶᠤᠰᠤᠭᠠᠷ ᠠᠯᠪᠠᠳᠠᠯᠭ᠎ᠠ ᠪᠠᠷ ᠨᠤᠷᠭᠠᠯᠭᠠᠵᠤ᠂ ᠵᠠᠷᠤᠴᠠᠭᠤᠯᠤᠭᠰᠠᠨ ᠰᠦᠢᠳᠭᠡᠯ | ᠢ ᠬᠠᠤᠯᠢ ᠶᠢ ᠵᠦᠷᠢᠴᠡᠭᠰᠡᠡᠳ ᠡᠭᠦᠷᠭᠡᠯᠡᠨ᠎ᠡ᠃ ᠲᠦᠷ ᠴᠠᠭ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠤ᠂ ᠡᠵᠡᠯᠡᠨ | ᠬᠡᠷᠡᠭᠯᠡᠭᠰᠡᠨ ᠬᠤᠭᠤᠴᠠᠭ᠎ᠠ ᠨᠢ ᠲᠠᠭᠤᠰᠣᠭᠰᠠᠨ ᠪᠠᠶᠢᠲᠠᠯ᠎ᠠ ᠭᠠᠵᠠᠷ ᠬᠡᠷᠡᠭᠯᠡᠭᠰᠡᠨ ᠨᠢᠭᠡᠴᠢ ᠠᠴᠠ ᠨᠣᠲᠤᠭ ᠪᠡᠯᠴᠢᠭᠡᠷ | ᠤᠨ ᠣᠷᠭᠤᠮᠠᠯ ᠤᠨ ᠨᠦᠮᠦᠷᠭᠡ ᠶᠢ ᠰᠡᠷᠭᠦᠭᠡᠭᠰᠡᠨ ᠦᠭᠡᠢ ᠪᠠᠶᠢᠪᠠᠯ ᠰᠢᠶᠠᠨ ᠤ ᠱᠠᠲᠤᠨ ᠠᠴᠠ ᠲᠡᠭᠡᠭᠰᠢ ᠤᠷᠤᠨ | ᠨᠤᠲᠤᠭ ᠤᠨ ᠠᠷᠠᠳ ᠤᠨ ᠵᠠᠰᠠᠭ ᠤᠨ ᠣᠷᠳᠤᠨ ᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠦᠴᠢᠷ ᠡᠷᠬᠡ ᠲᠤᠰᠢᠶᠠᠯ ᠤᠨ ᠢᠶᠠᠨ ᠶᠤᠰᠤᠭᠠᠷ ᠵᠠᠷᠯᠢᠭᠳᠠᠵᠤ ᠪᠠᠶᠢᠭᠠᠳ ᠲᠤᠭᠲᠠᠭᠰᠠᠨ | ᠬᠤᠭᠤᠴᠠᠭᠠᠨ ᠳᠤ ᠰᠡᠷᠭᠦᠭᠡᠯᠭᠡᠨ᠎ᠡ︔ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠰᠡᠷᠭᠦᠭᠡᠬᠦ ᠦᠭᠡᠢ ᠪᠠᠶᠢᠪᠠᠯ | ᠰᠢᠶᠠᠨ ᠤ ᠱᠠᠲᠤᠨ ᠠᠴᠠ ᠳᠡᠭᠡᠭᠰᠢ ᠣᠷᠣᠨ ᠨᠣᠲᠤᠭ ᠤᠨ ᠠᠷᠠᠳ ᠤᠨ ᠵᠠᠰᠠᠭ ᠤᠨ ᠣᠷᠳᠤᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠣᠷᠣᠯᠠᠨ ᠰᠡᠷᠭᠦᠭᠡᠵᠤ᠂ | ᠵᠠᠷᠤᠴᠠᠭᠤᠯᠤᠭᠰᠠᠨ ᠰᠦᠢᠳᠭᠡᠯ ᠢ ᠬᠠᠤᠯᠢ ᠵᠦᠷᠢᠴᠡᠭᠰᠡᠳ ᠡᠭᠦᠷᠭᠡᠯᠡᠨ᠎ᠡ᠃ ᠲᠠᠯᠠᠨ ᠬᠤᠶᠠᠳᠣᠭᠠᠷ ᠵᠦᠢᠯ | ᠵᠦᠪᠰᠢᠶᠡᠷᠡᠯ ᠤᠯᠤᠭᠰᠠᠨ ᠦᠭᠡᠢ ᠪᠠᠷ ᠲᠤᠷ᠎ᠠ ᠪᠠᠷ ᠢᠶᠠᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ | ᠪᠠᠶᠢᠭᠤᠯᠤᠯᠲᠠ᠂ ᠠᠰᠢᠭᠯᠠᠯᠲᠠ ᠶᠢᠨ ᠲᠦᠯᠦᠪᠵᠢᠭᠦᠯᠭᠡ ᠶᠢ ᠬᠤᠪᠢᠷᠠᠭᠤᠯᠤᠭᠰᠠᠨ ᠪᠠᠶᠢᠪᠠᠯ ᠰᠢᠶᠠᠨ ᠤ ᠱᠠᠲᠤᠨ | ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠡᠵᠤ ᠪᠠᠶᠢᠭᠠᠳ ᠲᠤᠭᠲᠠᠭᠰᠠᠨ ᠬᠤᠭᠤᠴᠠᠭᠠᠨ | ᠳᠤ ᠵᠠᠯᠠᠷᠠᠭᠤᠯᠤᠨ᠎ᠠ︔ ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠦᠮᠦᠨ ᠪᠤᠯᠤᠨ ᠪᠤᠰᠣᠳ | ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃ | | ᠲᠠᠯᠠᠨ ᠭᠤᠷᠪᠠᠳᠣᠭᠠᠷ ᠵᠦᠢᠯ ᠲᠤᠰ ᠬᠠᠤᠯᠢ ᠳᠠᠬᠢ ᠡᠪᠡᠰᠤ ᠪᠡᠯᠴᠢᠭᠡᠷ ᠮᠠᠯ ᠲᠠᠵᠢᠭᠡᠪᠦᠷᠢ ᠶᠢᠨ | ᠲᠡᠩᠴᠡᠭᠦᠷᠢ ᠶᠢᠨ ᠳᠦᠷᠢᠮ ᠤᠨ ᠲᠤᠬᠠᠢ ᠬᠠᠮᠢᠶ᠎ᠠ ᠪᠦᠬᠦᠢ ᠲᠤᠭᠳᠠᠭᠠᠯ ᠢ ᠵᠦᠷᠢᠴᠡᠵᠤ᠂ ᠮᠠᠯ ᠲᠡᠵᠢᠭᠡᠪᠦᠷᠢ | ᠲᠡᠵᠢᠭᠡᠭᠰᠡᠨ ᠬᠡᠮᠵᠢᠶ᠎ᠡ ᠨᠢ ᠰᠢᠶᠠᠨ ᠤ ᠱᠠᠲᠤᠨ ᠠᠴᠠ ᠳᠡᠭᠡᠭᠰᠢᠬᠢ ᠣᠷᠤᠨ ᠨᠣᠲᠤᠭ ᠤᠨ ᠠᠷᠠᠳ ᠤᠨ ᠵᠠᠰᠠᠭ ᠤᠨ | ᠣᠷᠳᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ | ᠲᠤᠭᠲᠠᠭᠠᠭᠰᠠᠨ ᠨᠤᠲᠤᠭ ᠪᠡᠯᠴᠢᠭᠡᠷ ᠤᠨ ᠲᠠᠭᠠᠭᠠᠴᠠ ᠶᠢᠨ ᠬᠡᠮᠵᠢᠶ᠎ᠡ ᠶᠢᠨ ᠪᠠᠷᠢᠮᠵᠢᠶ᠎ᠠ ᠠᠴᠠ ᠬᠡᠲᠦᠷᠡᠭᠰᠡᠨ ᠶᠠᠪᠣᠳᠠᠯ | ᠢ ᠵᠠᠯᠠᠷᠠᠭᠤᠯᠬᠤ ᠪᠤᠶᠤ ᠶᠠᠯᠠᠯᠠᠨ ᠰᠢᠳᠭᠡᠬᠦ ᠠᠷᠭ᠎ᠠ ᠬᠡᠮᠵᠢᠶ᠎ᠡ ᠶᠢ ᠮᠤᠵᠢ᠂ ᠦᠪᠡᠷᠲᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠠᠶᠢᠩᠭᠤ ᠶᠢᠨ | ᠬᠤᠷᠢᠶ᠎ᠠ ᠠᠴᠠ ᠲᠤᠭᠲᠠᠭᠠᠨ᠎ᠠ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠵᠠᠷᠴᠢᠮ | ᠳᠠᠯᠠᠨ ᠳᠦᠷᠪᠡᠳᠦᠭᠡᠷ ᠵᠦᠢᠯ ᠲᠤᠰ ᠬᠠᠤᠯᠢ ᠶᠢᠨ ᠬᠤᠶᠠᠳᠣᠭᠠᠷ ᠵᠦᠢᠯ ᠤᠨ ᠬᠤᠶᠠᠳᠣᠭᠠᠷ ᠪᠠᠳᠠᠭ | ᠲᠤ ᠬᠡᠯᠡᠵᠤ ᠪᠠᠶᠢᠭ᠎ᠠ ᠪᠠᠶᠢᠭᠠᠯᠢ ᠶᠢᠨ ᠨᠣᠲᠤᠭ ᠪᠡᠯᠴᠢᠭᠡᠷ ᠭᠡᠳᠡᠭ ᠲᠤ ᠡᠪᠡᠰᠦᠲᠤ ᠭᠠᠵᠠᠷ᠂ ᠡᠪᠡᠰᠦᠲᠤ ᠠᠭᠤᠯᠠ | ᠪᠠ ᠡᠪᠡᠰᠦᠲᠤ ᠪᠠᠯ ᠢ ᠪᠠᠭᠲᠠᠭᠠᠵᠤ ᠪᠠᠶᠢᠨ᠎ᠠ ᠂ ᠲᠠᠷᠢᠮᠠᠯ ᠪᠡᠯᠴᠢᠭᠡᠷ ᠭᠡᠳᠡᠭ ᠲᠤ ᠰᠠᠶᠢᠵᠢᠷᠠᠭᠤᠯᠤᠭᠰᠠᠨ ᠪᠡᠯᠴᠢᠭᠡᠷ᠂ | ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠭᠠᠵᠠᠷ ᠢ ᠪᠠᠭᠲᠠᠭᠠᠵᠤ᠂ ᠬᠤᠲᠠ ᠪᠠᠯᠭᠠᠰᠤᠨ ᠤ | ᠡᠪᠡᠰᠦᠲᠤ ᠭᠠᠵᠠᠷ ᠢ ᠪᠠᠭᠲᠠᠭᠠᠬᠤ ᠦᠭᠡᠢ᠃ ᠳᠠᠯᠠᠨ ᠲᠠᠪᠤᠳᠦᠭᠠᠷ ᠵᠦᠢᠯ ᠲᠤᠰ ᠬᠠᠤᠯᠢ ᠶᠢ 2003 | ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |