ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ ᠨᠤᠲᠤᠭ ᠪᠠᠯᠴᠢᠭᠡᠷ ᠢ ᠲᠠᠲᠠᠪᠤᠷᠢᠯᠠᠨ ᠬᠡᠷᠡᠭᠯᠡᠬᠦ | ᠪᠣᠶᠤ ᠬᠡᠷᠡᠭᠯᠡᠬᠦ ᠳᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠰᠡᠳ ᠲᠤ ᠶᠠᠮᠠᠷ ᠨᠦᠬᠦᠪᠦᠷᠢ ᠶᠢ ᠵᠠᠪᠠᠯ | ᠣᠯᠭᠤᠬᠤ ᠪᠣᠢ︖ | ᠬᠠᠷᠢᠭᠤᠯᠲᠠ᠄ ᠨᠤᠲᠤᠭ ᠪᠡᠯᠴᠢᠭᠡᠷ ᠢ ᠲᠡᠲᠡᠪᠤᠷᠢᠯᠠᠨ ᠬᠡᠷᠡᠭᠯᠡᠬᠦ ᠭᠡᠳᠡᠭ ᠨᠢ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ᠂ ᠬᠠᠮᠲᠤ ᠶᠢᠨ ᠦᠮᠴᠢᠯᠠᠯ ᠤᠨ ᠨᠤᠲᠤᠭ ᠪᠠᠯᠴᠢᠭᠡᠷ ᠢ ᠬᠠᠣᠯᠢ | ᠶᠣᠰᠤᠭᠠᠷ ᠤᠯᠤᠰ ᠤᠨ ᠦᠮᠵᠢᠯᠡᠯ ᠤᠨ ᠪᠣᠯᠭᠠᠨ ᠬᠤᠪᠢᠷᠠᠭᠤᠯᠬᠤ ᠶᠢᠨ ᠬᠠᠮᠲᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠠᠭᠤᠷᠬᠠᠢ ᠶᠢᠨ ᠪᠤᠯᠠᠭᠳᠠᠴᠠ ᠶᠢ ᠨᠡᠭᠡᠭᠡᠬᠦ ᠵᠡᠷᠭᠡ ᠳᠤ ᠬᠡᠷᠡᠭᠯᠡᠬᠦ ᠶᠢ ᠵᠢᠭᠠᠵᠤ ᠪᠠᠶᠢᠨ᠎ᠠ᠃ | ᠪᠡᠯᠴᠢᠭᠡᠷ ᠢ ᠬᠡᠷᠡᠭᠯᠡᠬᠦ ᠭᠡᠳᠡᠭ ᠨᠢ ᠤᠯᠤᠰ ᠠᠴᠠ ᠤᠯᠤᠰ ᠤᠨ ᠦᠮᠴᠢᠯᠠᠯ ᠤᠨ ᠨᠤᠲᠤᠭ ᠪᠡᠯᠴᠢᠭᠡᠷ ᠢ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠪᠤᠯᠠᠭᠳᠠᠴᠠ ᠶᠢ ᠨᠡᠭᠡᠭᠡᠬᠦ ᠵᠡᠷᠭᠡ ᠳᠤ ᠬᠡᠷᠡᠭᠯᠡᠬᠦ ᠶᠢ ᠵᠢᠭᠠᠵᠤ ᠪᠠᠶᠢᠨ᠎ᠠ | ᠃ ᠬᠠᠮᠲᠤ ᠶᠢᠨ ᠦᠮᠴᠢᠯᠠᠯ ᠤᠨ ᠨᠤᠲᠤᠭ ᠪᠠᠯᠴᠢᠭᠡᠷ ᠢ ᠲᠠᠲᠠᠪᠤᠷᠢᠯᠠᠨ ᠬᠡᠷᠡᠭᠯᠡᠬᠦ ᠳᠤ ᠨᠤᠲᠤᠭ ᠪᠡᠯᠴᠢᠭᠡᠷ ᠢ | ᠡᠵᠡᠩᠨᠡᠭᠴᠢᠳ ᠲᠤ ᠨᠤᠲᠤᠭ ᠪᠠᠯᠴᠢᠭᠡᠷ ᠤᠨ ᠨᠦᠬᠦᠪᠦᠷᠢ᠂ ᠲᠦᠪᠬᠢᠨᠡᠭᠦᠯᠬᠦ ᠨᠦᠬᠦᠪᠦᠷᠢ ᠵᠢᠴᠢ ᠭᠠᠵᠠᠷ ᠳᠡᠭᠡᠷᠡᠬᠢ | ᠳᠠᠭᠠᠯᠳᠤᠬᠤ ᠪᠣᠳᠠᠰ ︵ᠨᠤᠲᠤᠭ ᠪᠡᠯᠴᠢᠭᠡᠷ ᠤᠨ ᠲᠣᠣᠷ ᠬᠦᠷᠢᠶ᠎ᠡ᠂ ᠬᠠᠰᠢᠶ᠎ᠠ ᠰᠠᠷᠠᠪᠴᠢ ᠵᠡᠷᠭᠡ ᠮᠠᠯ ᠠᠵᠤ ᠠᠬᠤᠢ | ᠶᠢᠨ ᠦᠢᠯᠡᠳᠪᠦᠷᠢᠯᠡᠯ ᠤᠨ ᠲᠦᠬᠦᠭᠡᠷᠦᠮᠵᠢ︶ ᠪᠣᠯᠤᠨ ᠲᠠᠷᠢᠮᠠᠯ ᠪᠡᠯᠴᠢᠭᠡᠷ ᠤᠨ ᠨᠢᠯᠬ᠎ᠠ ᠴᠢᠬᠢ ᠶᠢᠨ ᠨᠦᠬᠦᠪᠦᠷᠢ | ᠣᠯᠭᠤᠵᠤ᠂ ᠡᠭᠦᠨ ᠤ ᠳᠣᠲᠤᠷᠠᠬᠢ ᠨᠤᠲᠤᠭ ᠪᠡᠯᠴᠢᠭᠡᠷ ᠤᠨ ᠨᠦᠬᠦᠪᠦᠷᠢ᠂ ᠲᠦᠪᠬᠢᠨᠡᠭᠦᠯᠬᠦ ᠨᠦᠬᠦᠪᠦᠷᠢ ᠤᠨ | ᠪᠠᠷᠢᠮᠵᠢᠶ᠎ᠠ ᠶᠢ ᠮᠣᠵᠢ᠂ ᠦᠪᠡᠷᠲᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠲᠠ ᠶᠢᠨ ᠭᠠᠵᠠᠷ ᠰᠢᠷᠤᠢ ᠶᠢ | ᠲᠠᠲᠠᠪᠤᠷᠢᠯᠠᠨ ᠬᠡᠷᠡᠭᠯᠡᠬᠦ ᠪᠡᠷᠢᠮᠵᠢᠶ᠎ᠡ ᠪᠠᠷ ᠯᠠᠪᠠᠯᠠᠯᠲᠠ ᠪᠣᠯᠭᠠᠨ ᠲᠣᠭᠲᠠᠭᠠᠨ᠎ᠠ᠃ ᠭᠠᠵᠠᠷ ᠳᠡᠭᠡᠷᠡᠬᠢ ᠳᠠᠭᠠᠯᠳᠤᠬᠤ | ᠪᠣᠳᠠᠰ ᠪᠣᠯᠤᠨ ᠲᠡᠷᠢᠮᠡᠯ ᠪᠡᠯᠴᠢᠭᠡᠷ ᠤᠨ ᠨᠢᠯᠬ᠎ᠠ ᠴᠢᠬᠢ ᠶᠢᠨ ᠨᠦᠬᠦᠪᠦᠷᠢ ᠶᠢᠨ ᠪᠠᠷᠢᠮᠵᠢᠶ᠎ᠠ ᠶᠢ ᠮᠣᠵᠢ᠂ | ᠦᠪᠡᠷᠲᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠲᠠ ᠠᠴᠠ ᠲᠣᠭᠲᠠᠭᠠᠨ᠎ᠠ᠃ ᠤᠯᠤᠰ ᠤᠨ ᠦᠮᠴᠢᠯᠡᠯ ᠤᠨ | ᠨᠤᠲᠤᠭ ᠪᠡᠯᠴᠢᠭᠡᠷ ᠢ ᠬᠡᠷᠡᠭᠯᠡᠬᠦ ᠳᠤ ᠣᠣᠯ ᠤᠨ ᠨᠤᠲᠤᠭ ᠪᠡᠯᠴᠢᠭᠡᠷ ᠳᠠᠭᠠᠭᠠᠴᠢᠯᠠᠨ ᠬᠡᠷᠡᠭᠯᠡᠭᠴᠢᠳ ᠨᠢ ᠨᠤᠲᠤᠭ | ᠪᠡᠯᠴᠢᠭᠡᠷ ᠢᠶᠠᠨ ᠠᠯᠳᠠᠭᠰᠠᠨ ᠨᠦᠬᠦᠪᠦᠷᠢ ᠪᠣᠯᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠨᠳᠦᠰᠦᠨ | ᠪᠦᠲᠦᠭᠡᠨ ᠪᠠᠶᠢᠭᠤᠯᠤᠯᠲᠠ ᠳᠤ ᠣᠷᠤᠭᠤᠯᠤᠭᠰᠠᠨ ᠪᠡᠯᠡ ᠮᠦᠩᠭᠦ ᠶᠢᠨ ᠨᠦᠬᠦᠪᠦᠷᠢ ᠶᠢ ᠣᠯᠤᠨ᠎ᠠ᠃ | ᠨᠤᠲᠤᠭ ᠪᠡᠯᠴᠢᠭᠡᠷ ᠤᠨ ᠲᠦᠯᠦᠪᠦᠷᠢᠯᠡᠭᠦ ᠨᠦᠬᠦᠪᠦᠷᠢ᠂ ᠲᠦᠪᠬᠢᠨᠡᠭᠦᠯᠬᠦ ᠨᠦᠬᠦᠪᠦᠷᠢ ᠪᠣᠶᠤ ᠳᠠᠭᠠᠯᠳᠤᠬᠤ | ᠪᠣᠳᠠᠰ ᠤᠨ ᠨᠦᠭᠦᠪᠦᠷᠢ ᠢ ᠬᠡᠷᠬᠢᠨ ᠪᠣᠳᠤᠬᠤ ᠪᠣᠢ︖ | ᠬᠠᠷᠢᠭᠤᠯᠲᠠ᠄ ᠨᠤᠲᠤᠭ ᠪᠡᠯᠴᠢᠭᠡᠷ ᠢ ᠲᠦᠯᠦᠪᠦᠷᠢᠯᠡᠬᠦ ᠨᠦᠬᠦᠪᠦᠷᠢ ᠶᠢ ᠲᠤᠰ ᠨᠤᠲᠤᠭ ᠪᠡᠯᠴᠢᠭᠡᠷ ᠤᠨ | ᠲᠡᠲᠠᠪᠤᠷᠢᠯᠠᠭᠰᠠᠨ ᠪᠣᠶᠤ ᠲᠠᠲᠠᠪᠤᠷᠢᠯᠡᠨ ᠬᠡᠷᠡᠭᠯᠡᠬᠦ ᠠᠴᠠ ᠡᠮᠦᠨᠡᠬᠢ ᠲᠠᠪᠤᠨ ᠵᠢᠯ ᠤᠨ ᠮᠠᠯ ᠠᠷᠠᠴᠢᠯᠠᠨ ᠲᠠᠵᠢᠭᠡᠭᠰᠡᠨ | ᠳᠤᠮᠳᠠᠴᠢ ᠦᠷᠲᠡᠭ ᠪᠣᠯᠤᠨ ᠠᠵᠤ ᠠᠬᠤᠢ ᠶᠢᠨ ᠤᠷᠭᠤᠮᠠᠯ ᠤᠨ ᠵᠢᠯ ᠤᠨ ᠭᠠᠷᠤᠯᠲᠠ ᠶᠢᠨ ᠦᠷᠲᠡᠭ ᠤᠨ ᠨᠡᠶᠢᠯᠡᠪᠦᠷᠢ | ᠶᠢᠨ ᠠᠷᠪᠠᠨ ᠳᠠᠬᠢᠨ ᠢᠶᠠᠷ ᠦᠭᠬᠦᠨ᠎ᠠ︔ ᠲᠦᠪᠬᠢᠨᠡᠭᠦᠯᠬᠦ ᠨᠦᠬᠦᠪᠦᠷᠢ ᠶᠢ ᠲᠠᠲᠠᠪᠤᠷᠢᠯᠠᠭᠰᠠᠨ ᠮᠤ᠋ ᠪᠦᠷᠢ ᠳᠤ | ᠨᠤᠲᠤᠭ ᠪᠡᠯᠴᠢᠭᠡᠷ ᠢ ᠠᠯᠪᠠᠨ ᠳᠤ ᠲᠠᠲᠠᠪᠤᠷᠢᠯᠠᠨ ᠬᠡᠷᠡᠭᠯᠡᠬᠦ ᠠᠴᠠ ᠡᠮᠦᠨᠡᠬᠢ ᠲᠠᠪᠤᠨ ᠵᠢᠯ ᠤᠨ ᠮᠡᠯ ᠠᠷᠠᠴᠢᠯᠠᠨ | ᠲᠡᠵᠢᠭᠡᠭᠰᠡᠨ ᠳᠤᠮᠳᠠᠴᠢ ᠦᠷᠲᠡᠭ ᠪᠣᠯᠤᠨ ᠠᠵᠤ ᠠᠬᠤᠢ ᠶᠢᠨ ᠤᠷᠭᠤᠮᠠᠯ ᠤᠨ ᠵᠢᠯ ᠤᠨ ᠭᠠᠷᠤᠯᠲᠠ ᠶᠢᠨ | ᠦᠷᠲᠡᠭ ᠤᠨ ᠨᠡᠶᠢᠯᠡᠪᠦᠷ ᠶᠢᠨ ᠠᠷᠪᠠ ᠠᠴᠠ ᠠᠷᠪᠠᠨ ᠲᠠᠪᠤᠨ ᠳᠠᠬᠢᠨ ᠢᠶᠠᠷ ᠦᠭᠬᠦᠨ᠎ᠠ᠃ ᠳᠠᠭᠠᠯᠳᠤᠬᠤ ᠪᠣᠳᠠᠰ ᠤᠨ | ᠨᠦᠭᠦᠪᠦᠷᠢ ᠶᠢ ᠪᠣᠳᠠᠲᠡᠢ ᠬᠤᠬᠢᠷᠠᠯ ᠢᠶᠠᠷ ᠨᠢ ᠵᠣᠬᠢᠰᠲᠠᠢ ᠦᠭᠬᠦᠨ᠎ᠠ᠃ | ᠮᠠᠯ ᠮᠠᠯᠵᠢᠬᠤ ᠦᠷᠲᠡᠭ ᠢ ᠬᠡᠷᠬᠢᠨ ᠪᠣᠳᠤᠬᠤ ᠪᠣᠢ︖ | ᠬᠠᠷᠢᠭᠤᠯᠲᠠ᠄ ᠮᠠᠯ ᠮᠠᠯᠵᠢᠬᠤ ᠦᠷᠲᠡᠭ ᠢ ᠪᠣᠳᠤᠬᠤ ᠳᠤ ᠲᠠᠲᠠᠪᠤᠷᠢᠯᠠᠭᠰᠠᠨ ᠪᠣᠶᠤ ᠲᠠᠲᠠᠪᠤᠷᠢᠯᠠᠨ ᠬᠡᠷᠡᠭᠯᠡᠭᠰᠡᠨ | ᠨᠤᠲᠤᠭ ᠪᠡᠯᠴᠢᠭᠡᠷ ᠳᠡᠭᠡᠷᠡᠬᠢ ᠲᠡᠵᠢᠭᠡᠭᠰᠡᠨ ᠮᠠᠯ ᠤᠨ ᠲᠤᠭ᠎ᠠ ᠪᠣᠯᠤᠨ ᠪᠣᠲᠠᠭᠠᠯᠢ ᠪᠡᠶ᠎ᠡ ᠶᠢᠨ ᠦᠷᠲᠡᠭ ᠤᠨ | ᠦᠷᠡᠵᠢᠪᠦᠷᠢ ᠶᠢᠨ ᠨᠡᠶᠢᠯᠡᠪᠦᠷᠢ ᠪᠠᠷ ᠪᠣᠳᠤᠨ᠎ᠠ᠃ ᠨᠤᠲᠤᠭ ᠪᠡᠯᠴᠢᠭᠡᠷ ᠳᠡᠭᠡᠷᠡᠬᠢ ᠲᠡᠵᠢᠭᠡᠭᠰᠡᠨ ᠮᠠᠯ ᠤᠨ ᠲᠤᠭ᠎ᠠ | ᠭᠡᠳᠡᠭ ᠨᠢ ᠨᠤᠲᠤᠭ ᠪᠡᠯᠴᠢᠭᠡᠷ ᠤᠨ ᠲᠣᠬᠢᠷᠠᠮᠵᠢᠲᠠᠢ ᠳᠠᠭᠠᠭᠠᠴᠠ ᠪᠣᠯᠤᠨ᠎ᠠ᠃ ᠲᠡᠵᠢᠭᠡᠭᠰᠡᠨ ᠮᠡᠯ ᠤᠨ ᠲᠦᠷᠦᠯ | ᠵᠦᠢᠯ᠂ ᠡᠭᠦᠯᠳᠡᠷ᠂ ᠬᠡᠷᠡᠭᠴᠡᠭᠡ ᠵᠡᠷᠬᠡ ᠪᠣᠳᠠᠲᠠᠢ ᠪᠠᠶᠢᠳᠠᠯ ᠠᠴᠠ ᠲᠣᠭᠲᠠᠭᠠᠭᠳᠠᠳᠠᠭ᠃ ᠮᠠᠯ ᠤᠨ ᠦᠷᠲᠡᠭ ᠢ | ᠭᠤᠣᠯ ᠨᠢ ᠲᠤᠰ ᠭᠠᠵᠠᠷ ᠣᠷᠤᠨ ᠤ ᠦᠨ᠎ᠠ ᠬᠠᠩᠰᠢ ᠶᠢᠨ ᠰᠠᠯᠠᠭ᠎ᠠ ᠮᠦᠴᠢᠷ ᠠᠴᠠ ᠬᠠᠩᠭᠠᠳᠠᠭ᠃ ᠦᠨ᠎ᠡ | ᠬᠠᠩᠰᠢ ᠶᠢᠨ ᠰᠠᠯᠠᠭ᠎ᠠ ᠮᠦᠴᠢᠷ ᠬᠠᠩᠭᠠᠵᠦ ᠳᠡᠶᠢᠯᠬᠦ ᠦᠭᠡᠢ ᠪᠣᠯ ᠣᠶᠢᠷ᠎ᠠ ᠶᠢᠨ ᠬᠤᠭᠤᠴᠠᠭᠠᠨ ᠤ ᠵᠠᠬ᠎ᠠ | ᠳᠡᠯᠭᠡᠭᠦᠷ ᠤᠨ ᠦᠨ᠎ᠡ ᠪᠠᠷ ᠯᠠᠪᠯᠠᠯᠲᠠ ᠪᠣᠯᠭᠠᠵᠤ ᠪᠣᠯᠤᠨ᠎ᠠ᠃ | ᠠᠵᠤ ᠠᠬᠤᠢ ᠶᠢᠨ ᠤᠷᠭᠤᠮᠠᠯ ᠤᠨ ᠦᠷᠲᠡᠭ ᠢ ᠬᠡᠷᠬᠢᠨ ᠪᠣᠳᠤᠬᠤ ᠪᠣᠢ︖ | ᠬᠠᠷᠢᠭᠤᠯᠲᠠ᠄ ᠠᠵᠤ ᠠᠬᠤᠢ ᠶᠢᠨ ᠣᠷᠭᠤᠮᠠᠯ ᠤᠨ ᠦᠷᠲᠡᠭ ᠭᠡᠳᠡᠭ ᠨᠢ ᠲᠠᠲᠠᠪᠤᠷᠢᠯᠠᠭᠳᠠᠭᠰᠠᠨ ᠪᠣᠶᠤ | ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠣᠷᠭᠤᠭᠰᠠᠨ ᠠᠵᠤ ᠠᠬᠤᠢ ᠶᠢᠨ ᠦᠷᠲᠡᠭ ᠲᠠᠢ | ᠤᠷᠭᠤᠮᠠᠯ ᠤᠨ ᠦᠷᠲᠡᠭ ᠢ ᠬᠡᠯᠡᠨ᠎ᠡ᠃ ᠭᠤᠣᠯ ᠪᠠᠭᠲᠠᠭᠠᠬᠤ ᠤᠷᠭᠤᠮᠠᠯ ᠨᠢ᠂ ᠡᠯ᠎ᠠ ᠵᠦᠢᠯ ᠤᠨ ᠡᠮᠲᠦ ᠣᠷᠭᠤᠮᠠᠯ᠂ | ᠡᠪᠡᠰᠦᠨ ᠦᠷ᠎ᠡ᠂ ᠬᠡᠭᠡᠷ᠎ᠡ ᠶᠢᠨ ᠨᠣᠭᠤᠭ᠎ᠠ᠃ ᠠᠵᠤ ᠦᠢᠯᠡᠳᠪᠦᠷᠢ ᠶᠢᠨ ᠲᠦᠬᠦᠬᠡᠢ ᠮᠡᠲ᠋ᠧᠷᠢᠶᠠᠯ ᠪᠣᠯᠬᠤ ᠬᠡᠬᠡᠷ᠎ᠡ | ᠶᠢᠨ ᠤᠷᠭᠤᠮᠠᠯ ᠪᠠ ᠲᠠᠸᠠᠷ ᠪᠣᠯᠭᠠᠨ ᠬᠤᠳᠠᠯᠳᠤᠵᠤ ᠪᠣᠯᠬᠤ ᠪᠣᠷᠳᠤᠭ᠎ᠠ ᠵᠡᠷᠬᠡ ᠪᠣᠯᠤᠨ᠎ᠠ᠃ ᠠᠵᠤ ᠠᠬᠤᠢ ᠶᠢᠨ | ᠤᠷᠭᠤᠮᠠᠯ ᠤᠨ ᠦᠷᠲᠡᠭ ᠪᠣᠯ ᠭᠤᠣᠯ ᠨᠢ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠦᠯᠲᠠ ᠶᠢᠨ ᠰᠠᠯᠠᠭ᠎ᠠ | ᠮᠦᠴᠢᠷ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠪᠣᠯᠤᠨ ᠲᠤᠬᠠᠢ ᠶᠢᠨ ᠭᠠᠵᠠᠷ ᠤᠨ ᠪᠣᠳᠠᠲᠠᠢ ᠬᠡᠮᠵᠢᠯᠲᠡ ᠠᠴᠠ | ᠢᠷᠡᠳᠡᠭ᠃ ᠠᠵᠤ ᠠᠬᠤᠢ ᠶᠢᠨ ᠤᠷᠭᠤᠮᠠᠯ ᠤᠨ ᠦᠨ᠎ᠡ ᠨᠢ ᠲᠤᠰ ᠭᠠᠵᠠᠷ ᠣᠷᠤᠨ ᠤ ᠦᠨ᠎ᠡ ᠬᠠᠩᠰᠢ ᠶᠢᠨ | ᠰᠠᠯᠠᠭ᠎ᠠ ᠮᠦᠴᠢᠷ ᠤᠨ ᠬᠠᠩᠭᠠᠭᠰᠠᠨ ᠵᠠᠬ᠎ᠠ ᠳᠡᠯᠭᠡᠭᠦᠷ ᠤᠨ ᠦᠨ᠎ᠡ ᠪᠣᠯᠤᠨ᠎ᠠ᠃ ᠭᠠᠭᠴᠠ ᠬᠡᠯᠪᠡᠷᠢ ᠶᠢᠨ ᠠᠵᠤ | ᠠᠬᠤᠢ ᠶᠢᠨ ᠤᠷᠭᠤᠮᠠᠯ ᠤᠨ ᠦᠨ᠎ᠡ ᠨᠢ ᠠᠵᠤ ᠠᠬᠤᠢ ᠶᠢᠨ ᠤᠷᠭᠤᠮᠠᠯ ᠤᠨ ᠤᠨᠠᠯᠲᠠ ᠪᠣᠯᠤᠨ ᠵᠠᠬ᠎ᠠ | ᠳᠡᠯᠭᠡᠭᠦᠷ ᠤᠨ ᠦᠨ᠎ᠡ ᠶᠢᠨ ᠦᠷᠡᠵᠢᠪᠦᠷᠢ ᠪᠣᠯᠤᠨ᠎ᠠ᠃ ᠲᠠᠲᠠᠪᠤᠷᠢᠯᠠᠭᠳᠠᠭᠰᠠᠨ ᠪᠣᠶᠤ ᠲᠠᠲᠠᠪᠤᠷᠢᠯᠡᠨ ᠬᠡᠷᠡᠭᠯᠡᠭᠰᠡᠨ | ᠨᠤᠲᠤᠭ ᠪᠡᠯᠴᠢᠭᠡᠷ ᠤᠨ ᠠᠵᠤ ᠠᠬᠤᠢ ᠶᠢᠨ ᠤᠷᠭᠤᠮᠠᠯ ᠤᠨ ᠦᠨ᠎ᠡ ᠨᠢ ᠡᠯ᠎ᠡ ᠵᠦᠢᠯ ᠤᠨ ᠠᠵᠤ ᠠᠬᠤᠢ ᠶᠢᠨ | ᠤᠷᠭᠤᠮᠠᠯ ᠤᠨ ᠦᠨ᠎ᠡ ᠶᠢᠨ ᠨᠡᠶᠢᠯᠡᠪᠦᠷᠢ ᠪᠣᠯᠤᠨ᠎ᠠ᠃ | ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠪᠣᠶᠤ ᠬᠡᠷᠡᠭᠯᠡᠬᠦ ᠳᠤ ᠶᠠᠭᠤᠨ ᠳᠤ ᠨᠤᠲᠤᠭ ᠪᠡᠯᠴᠢᠭᠡᠷ ᠤᠨ | ᠪᠦᠷᠬᠦᠴᠡ ᠶᠢ ᠰᠡᠷᠭᠦᠭᠡᠬᠦ ᠰᠦᠢᠳᠭᠡᠯ ᠲᠤᠰᠢᠶᠠᠬᠤ ᠬᠡᠷᠡᠭᠲᠡᠢ ᠪᠣᠢ︖ | ᠬᠠᠷᠢᠭᠤᠯᠲᠠ᠄ ᠤᠯᠤᠰ ᠤᠨ ᠦᠮᠴᠢᠯᠠᠯ ᠤᠨ ᠨᠤᠲᠤᠭ ᠪᠡᠯᠴᠢᠭᠡᠷ᠂ ᠬᠠᠮᠲᠤ ᠶᠢᠨ ᠦᠮᠴᠢᠯᠡᠯ ᠤᠨ ᠨᠤᠲᠤᠭ | ᠪᠡᠯᠴᠢᠭᠡᠷ ᠤᠨ ᠠᠯᠢ ᠶᠢ ᠨᠢ ᠲᠠᠲᠠᠪᠤᠷᠢᠯᠠᠨ ᠬᠡᠷᠡᠭᠯᠡᠬᠦ ᠪᠣᠶᠤ ᠬᠡᠷᠡᠭᠯᠡᠭᠰᠡᠨ ᠴᠤ ᠪᠦᠷ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠰᠤᠭᠳᠠᠭᠤᠯᠵᠤ᠂ ᠮᠠᠯ ᠪᠡᠯᠴᠢᠭᠡᠷ ᠤᠨ ᠵᠦᠷᠢᠴᠡᠯ ᠢ ᠨᠡᠮᠡᠭᠳᠡᠭᠦᠯᠦᠨ᠎ᠡ᠃ | ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠰᠦᠢᠳᠭᠡᠯ ᠢ ᠭᠤᠣᠯᠳᠠᠭᠤ ᠨᠤᠲᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠮᠠᠭᠤᠲᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠤᠬᠤ | ᠪᠠ ᠵᠠᠰᠠᠬᠤ ᠳᠤ ᠬᠡᠷᠡᠭᠯᠡᠵᠦ᠂ ᠡᠭᠦᠨ ᠢᠶᠠᠷ ᠨᠤᠲᠤᠭ ᠪᠡᠯᠴᠢᠭᠡᠷ ᠤᠨ ᠶᠡᠷᠦᠩᠬᠡᠢ ᠬᠡᠮᠵᠢᠶ᠎ᠡ ᠪᠣᠯᠤᠨ ᠴᠢᠨᠠᠷ ᠢ | ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ | ᠰᠦᠢᠳᠭᠡᠯ ᠢ ᠡᠷᠭᠡᠪᠰᠢ ᠨᠤᠲᠤᠭ ᠪᠡᠯᠴᠢᠭᠡᠷ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠷᠢᠶᠠᠨ ᠠᠪᠬᠤ | ᠶᠢᠨ ᠬᠠᠮᠲᠤ ᠲᠤᠰᠬᠠᠢ ᠵᠣᠭᠤᠰ ᠢ ᠲᠣᠰᠬᠠᠢ ᠬᠡᠷᠡᠭᠯᠡᠵᠦ᠂ ᠲᠤᠭᠲᠠᠭᠠᠯ ᠶᠣᠰᠤᠭᠠᠷ ᠲᠠᠷᠢᠮᠠᠯ ᠪᠡᠯᠴᠢᠭᠡᠷ ᠤᠨ | ᠪᠦᠲᠦᠭᠡᠨ ᠪᠠᠶᠢᠭᠤᠯᠤᠯᠲᠠ ᠪᠠ ᠣᠳᠤ ᠪᠠᠶᠢᠬᠤ ᠳᠣᠣᠷ᠎ᠠ ᠭᠠᠷᠤᠯᠲᠠ ᠲᠠᠢ ᠪᠣᠶᠤ ᠮᠠᠭᠤᠲᠠᠭᠰᠠᠨ ᠪᠡᠯᠴᠢᠭᠡᠷ ᠢ | ᠰᠠᠶᠢᠵᠢᠷᠠᠭᠤᠯᠤᠨ ᠵᠠᠰᠠᠬᠤ ᠳᠤ ᠬᠡᠷᠡᠭᠯᠡᠵᠦ᠂ ᠶᠠᠮᠠᠷᠪᠠ ᠨᠢᠭᠡᠴᠡ ᠪᠣᠯᠤᠨ ᠬᠤᠪᠢ ᠬᠦᠮᠦᠨ ᠳᠤᠮᠳᠠ ᠠᠴᠠ ᠨᠢ | ᠦᠯᠡᠳᠡᠭᠡᠬᠦ ᠪᠠ ᠨᠡᠭᠦᠯᠭᠡᠨ ᠬᠡᠷᠡᠭᠯᠡᠵᠦ ᠪᠣᠯᠬᠤ ᠦᠬᠡᠢ᠃ | ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠳᠤ ᠶᠠᠮᠠᠷ ᠵᠦᠢᠯ ᠤᠨ ᠲᠣᠭᠳᠠᠭᠠᠯ ᠤᠳ ᠢ | ᠵᠢᠷᠤᠮᠯᠠᠬᠤ ᠬᠡᠷᠡᠭᠲᠡᠢ ᠪᠣᠢ︖ | ᠬᠠᠷᠢᠭᠤᠯᠲᠠ᠄ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠭᠡᠳᠡᠭ ᠨᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠬᠠᠶᠢᠨ ᠪᠠᠶᠢᠴᠠᠭᠠᠬᠤ᠂ ᠵᠤᠭᠠᠴᠠᠯ ᠪᠠ ᠪᠣᠰᠤᠳ ᠲᠦᠷ ᠴᠠᠭ ᠤᠨ ᠴᠢᠨᠠᠷᠲᠡᠢ ᠨᠤᠲᠤᠭ | ᠪᠡᠯᠴᠢᠭᠡᠷ ᠢ ᠬᠡᠷᠡᠭᠯᠡᠬᠦ ᠠᠵᠢᠯᠯᠠᠭ᠎ᠠ ᠶᠢ ᠵᠢᠭᠠᠵᠤ ᠪᠠᠶᠢᠨ᠎ᠠ᠃ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ | ᠳᠤ ᠡᠷᠬᠡᠪᠰᠢ ᠳᠣᠣᠷᠠᠬᠢ ᠵᠦᠢᠯ ᠤᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠃ ︵1︶ ᠨᠤᠲᠤᠭ | ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠳᠤ ᠡᠷᠬᠡᠪᠰᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠠᠭᠤᠯᠵᠤ | ᠵᠦᠪᠰᠢᠶᠠᠷᠠᠭᠦᠯᠬᠦ ᠶᠢᠨ ᠬᠠᠮᠲᠤ ᠲᠦᠷ ᠴᠠᠭ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠭᠡᠷ᠎ᠡ ᠲᠣᠭᠲᠠᠨ᠎ᠠ᠃ ︵ | 2︶ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠴᠠᠭ ᠬᠤᠭᠤᠴᠠᠭ᠎ᠠ ᠨᠢ ᠬᠤᠶᠠᠷ ᠵᠢᠯ ᠠᠴᠠ ᠬᠡᠲᠦᠷᠡᠵᠦ | ᠪᠣᠯᠬᠤ ᠦᠭᠡᠢ︔ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠦᠨᠢᠲᠡ ᠶᠢᠨ ᠴᠢᠨᠠᠷᠲᠡᠢ | ᠪᠠᠷᠢᠯᠭ᠎ᠠ ᠶᠢᠨ ᠵᠦᠢᠯ ᠪᠤᠶᠤ ᠪᠠᠷᠢᠯᠭ᠎ᠠ ᠪᠠᠷᠢᠵᠦ ᠪᠣᠯᠬᠤ ᠦᠭᠡᠢ︔ ︵3︶ ᠡᠵᠡᠯᠡᠨ ᠬᠡᠷᠡᠭᠯᠡᠬᠦ ᠬᠤᠭᠤᠴᠠᠭ᠎ᠠ | ᠲᠡᠭᠦᠰᠪᠡᠯ᠂ ᠭᠠᠵᠠᠷ ᠬᠡᠷᠡᠭᠯᠡᠭᠰᠡᠨ ᠨᠢᠭᠡᠴᠡ ᠠᠴᠠ ᠡᠷᠬᠡᠪᠰᠢ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ | ᠰᠡᠷᠭᠦᠭᠡᠬᠦ ᠶᠢᠨ ᠬᠠᠮᠲᠤ ᠴᠠᠭ ᠲᠣᠬᠠᠢ ᠳᠤᠨᠢ ᠪᠣᠴᠠᠭᠠᠬᠤ ᠬᠡᠷᠡᠭᠲᠡᠢ︔ ︵4︶ ᠨᠤᠲᠤᠭ ᠪᠡᠯᠴᠢᠭᠡᠷ ᠢ ᠲᠦᠷ | ᠴᠠᠭ ᠡᠵᠡᠯᠡᠨ ᠬᠡᠷᠡᠭᠯᠡᠬᠦ ᠳᠤ ᠨᠤᠲᠤᠭ ᠪᠡᠯᠴᠢᠭᠡᠷ ᠤᠨ ᠣᠳᠤ ᠶᠢᠨ ᠬᠡᠷᠡᠭᠯᠡᠭᠡᠨ ᠤ ᠬᠡᠯᠪᠡᠷᠢ ᠶᠢ ᠨᠢ ᠬᠤᠪᠢᠷᠠᠭᠠᠵᠤ | ᠪᠣᠯᠬᠤ ᠦᠭᠡᠢ᠂ ᠳᠠᠷᠤᠢ ᠨᠤᠲᠤᠭ ᠪᠡᠯᠴᠢᠭᠡᠷ ᠢ ᠮᠠᠯ ᠪᠡᠯᠴᠢᠭᠡᠷᠯᠡᠭᠦᠯᠬᠦ ᠳᠤ ᠬᠡᠷᠡᠭᠯᠡᠬᠦ ᠰᠢᠨᠵᠢ ᠴᠢᠨᠡᠷ ᠢ ᠨᠢ | ᠬᠤᠪᠢᠷᠠᠭᠤᠯᠵᠤ ᠪᠣᠯᠬᠤ ᠦᠭᠡᠢ᠂ ᠨᠤᠲᠤᠭ ᠪᠡᠯᠴᠢᠭᠡᠷ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ | ᠪᠣᠯᠭᠠᠨ ᠬᠤᠪᠢᠷᠠᠭᠠᠨ ᠬᠡᠷᠡᠭᠯᠡᠵᠦ ᠨᠡᠩ ᠴᠤ ᠪᠣᠯᠬᠤ ᠦᠭᠡᠢ᠃ | ᠨᠤᠲᠤᠭ ᠪᠡᠯᠴᠢᠭᠡᠷ ᠢ ᠲᠦᠷ ᠴᠠᠭ ᠬᠡᠷᠡᠭᠯᠡᠬᠦ ᠳᠤ ᠬᠢᠨᠡᠨ ᠵᠦᠪᠰᠢᠶᠠᠷᠠᠬᠦ ᠭᠠᠷ ᠭᠦᠢᠴᠡᠳᠭᠡᠯ ᠢ ᠬᠡᠷᠬᠢᠨ ᠬᠢᠬᠦ | ᠪᠣᠢ︖ | ᠬᠠᠷᠢᠭᠤᠯᠲᠠ᠄ ᠨᠤᠲᠤᠭ ᠪᠠᠯᠴᠢᠭᠡᠷ ᠳᠡᠭᠡᠷ᠎ᠡ ᠬᠠᠶᠢᠨ ᠰᠢᠨᠵᠢᠬᠦ᠂ ᠬᠤᠳᠳᠤᠭ ᠮᠠᠯᠲᠠᠬᠤ᠂ ᠭᠠᠵᠠᠷ ᠳᠡᠭᠡᠷᠡᠬᠢ | ᠪᠠ ᠭᠠᠵᠠᠷ ᠳᠣᠣᠷᠠᠬᠢ ᠪᠠᠷᠢᠯᠭ᠎ᠠ ᠪᠠᠷᠢᠬᠤ ᠵᠡᠷᠭᠡ ᠳᠤ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ | ᠴᠢᠬᠤᠯᠠᠲᠠᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ | ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠡᠷᠭᠦᠳᠡᠯ | ᠭᠠᠷᠭᠠᠬᠤ ᠪᠦᠭᠡᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠵᠤ᠂ ᠬᠠᠣᠯᠢ ᠶᠣᠰᠤᠭᠠᠷ ︽ᠨᠤᠲᠤᠭ ᠪᠡᠯᠴᠢᠭᠡᠷ | ᠳᠡᠭᠡᠷ᠎ᠡ ᠲᠦᠷ ᠴᠠᠭ ᠠᠵᠢᠯᠯᠠᠬᠤ ᠵᠦᠪᠰᠢᠶᠠᠷᠡᠯ ᠤᠨ ᠦᠨᠡᠮᠯᠡᠯ︾ ᠠᠪᠬᠤ ᠬᠡᠷᠡᠭᠲᠡᠢ᠃ | ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠳᠤ ᠬᠡᠷᠬᠢᠨ ᠨᠦᠬᠦᠪᠦᠷᠢ ᠣᠯᠭᠤᠬᠤ ᠪᠣᠢ︖ | | ᠬᠠᠷᠢᠭᠤᠯᠲᠠ᠄ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠨᠢᠭᠡᠴᠡ ᠨᠢ᠂ ᠡᠵᠡᠯᠡᠨ ᠬᠡᠷᠡᠭᠯᠡᠭᠦ | ᠨᠤᠲᠤᠭ ᠪᠡᠯᠴᠢᠭᠡᠷ ᠤᠨ ᠡᠮᠦᠨ᠎ᠡ ᠲᠠᠪᠤᠨ ᠵᠢᠯ ᠤᠨ ᠮᠠᠯ ᠠᠷᠠᠴᠢᠯᠠᠨ ᠲᠡᠵᠢᠭᠡᠭᠰᠡᠨ ᠳᠤᠮᠳᠠᠴᠢ ᠦᠷᠲᠡᠭ ᠪᠣᠯᠤᠨ | ᠠᠵᠤ ᠠᠬᠤᠢ ᠶᠢᠨ ᠤᠷᠭᠤᠮᠠᠯ ᠤᠨ ᠵᠢᠯ ᠤᠨ ᠭᠠᠷᠤᠯᠲᠠ ᠶᠢᠨ ᠦᠷᠲᠡᠭ ᠤᠨ ᠨᠡᠶᠢᠯᠡᠪᠦᠷᠢ ᠶᠣᠰᠤᠭᠠᠷ ᠡᠵᠡᠯᠡᠨ | ᠬᠡᠷᠡᠭᠯᠡᠭᠰᠡᠨ ᠴᠠᠭ ᠤᠨ ᠬᠤᠭᠤᠴᠠᠭ᠎ᠠ ᠪᠠᠷ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠳᠤ ᠨᠢᠭᠡᠲᠦᠯᠲᠡᠢ | ᠲᠦᠯᠦᠪᠦᠷᠢ ᠦᠭᠬᠦᠨ᠎ᠡ᠂ ᠳᠠᠭᠠᠭᠠᠴᠢᠯᠠᠨ ᠡᠵᠡᠩᠨᠡᠭᠦᠯᠦᠭᠰᠡᠨ ᠦᠭᠡᠢ ᠨᠤᠲᠤᠭ ᠪᠡᠯᠴᠢᠭᠡᠷ ᠪᠣᠯ ᠨᠤᠲᠤᠭ | ᠪᠡᠯᠴᠢᠭᠡᠷ ᠤᠨ ᠦᠮᠴᠢᠯᠡᠯ ᠤᠨ ᠡᠷᠬᠡ ᠪᠣᠶᠤ ᠭᠡᠷᠡᠭᠯᠡᠬᠦ ᠡᠷᠭᠡ ᠲᠠᠢ ᠨᠢᠭᠡᠴᠡ ᠳᠤ ᠲᠦᠯᠦᠪᠦᠷᠢ ᠦᠭᠬᠦ ᠬᠡᠷᠡᠭᠲᠡᠢ᠃ | | ︵ᠲᠤᠮᠲᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠲᠡᠬᠡᠨ ᠤ ᠰᠦᠯᠵᠢᠶᠡᠡᠴᠠ ︶ |