ᠰᠢᠨ᠎ᠠ ᠤᠨ ᠲᠠᠢ ᠴᠤᠭᠭᠠᠷ ᠰᠠᠭᠠᠳᠠᠭᠰᠠᠨ ᠰᠢᠨ᠎ᠠ ᠬᠠᠤᠯᠢ ᠲᠦᠷᠢᠮ
ᠨᠡᠶᠢᠲᠡᠯᠡᠭᠰᠡᠨ ᠴᠠᠭ᠄
2016/3/31
     2013 ᠤᠨ ᠠᠴᠠ ᠡᠬᠢᠯᠡᠵᠦ᠂ ᠮᠠᠨ ᠤ ᠤᠯᠤᠰ ᠨᠢᠭᠡ ᠪᠦᠯᠦᠭ ᠰᠢᠨ᠎ᠠ ᠬᠠᠤᠯᠢ ᠴᠠᠭᠠᠵᠠ ᠬᠠᠤᠯᠢ ᠳᠤᠭᠳᠠᠭᠠᠯ   ᠵᠢᠴᠢ ᠰᠠᠯᠠᠭ᠎ᠠ ᠮᠦᠴᠢᠷ ᠤᠨ ᠲᠦᠷᠢᠮ ᠳᠤᠭᠳᠠᠭᠠᠯ ᠢ ᠡᠬᠢᠯᠡᠨ ᠬᠡᠷᠡᠭᠵᠢᠬᠦᠯᠪᠡ᠃ ᠡᠳᠡᠭᠡᠷ ᠠᠷᠠᠳ ᠤᠯᠠᠨ ᠤ ᠠᠮᠢᠳᠤᠷᠠᠯ    ᠦᠢᠯᠡᠳᠪᠤᠷᠢᠯᠡᠯ ᠲᠠᠢ ᠬᠤᠯᠪᠤᠭᠰᠠᠨ ᠰᠢᠨ᠎ᠠ ᠬᠠᠤᠯᠢ ᠴᠠᠭᠠᠵᠠ ᠲᠦᠷᠢᠮ ᠳᠤᠭᠳᠠᠭᠠᠯ ᠨᠢ ᠠᠷᠠᠳ ᠤᠯᠠᠨ ᠤ ᠵᠤᠯ   ᠵᠢᠷᠭᠠᠯ ᠤᠨ  ᠵᠢᠭᠠᠯᠳᠠ ᠳᠤᠭ᠎ᠠ ᠶᠢ ᠤᠯᠠᠮ ᠨᠢᠭᠡ ᠠᠯᠬᠤᠮ ᠨᠡᠮᠡᠭᠳᠡᠬᠦᠯᠬᠦ ᠨᠢ ᠯᠠᠪᠳᠠᠢ᠃                                     ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠡᠷᠡᠬᠦᠦ ᠶᠢᠨ ᠬᠡᠷᠡᠭ ᠤᠨ ᠵᠠᠷᠭᠤ ᠶᠢᠨ ᠬᠠᠤᠯᠢ︾ ᠪᠠ ︽ ᠢᠷᠭᠡᠨ ᠤ   ᠬᠡᠷᠡᠭ ᠤᠨ ᠵᠠᠷᠭᠤ ᠶᠢᠨ ᠬᠠᠤᠯᠢ︾                                     ᠵᠠᠰᠠᠪᠤᠷᠢ ᠤᠷᠤᠭᠤᠯᠤᠭᠰᠠᠨ ᠤ ᠳᠠᠷᠠᠭᠠᠬᠢ ᠡᠷᠡᠬᠦᠦ ᠶᠢᠨ ᠬᠡᠷᠡᠭ ᠤᠨ ᠵᠠᠷᠭᠤ ᠶᠢᠨ ᠬᠠᠤᠯᠢ ᠪᠠ ᠢᠷᠭᠡᠨ ᠤ   ᠬᠡᠷᠡᠭ ᠤᠨ  ᠵᠠᠷᠭᠤ ᠶᠢᠨ ᠬᠠᠤᠯᠢ 1 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠦᠭᠳᠡᠪᠡ᠃ ᠵᠠᠰᠠᠪᠤᠷᠢ   ᠤᠷᠤᠭᠤᠯᠤᠭᠰᠠᠨ ᠤ  ᠳᠠᠷᠠᠭᠠᠬᠢ ᠡᠷᠡᠬᠦᠦ ᠶᠢᠨ ᠬᠡᠷᠡᠭ ᠤᠨ ᠵᠠᠷᠭᠤ ᠶᠢᠨ ᠬᠠᠤᠯᠢ ᠨᠢ ᠵᠠᠷᠭᠤ ᠶᠢᠨ ᠪᠦᠬᠦ ᠶᠠᠪᠤᠴᠠ ᠶᠢ   ᠬᠠᠮᠤᠷᠤᠭᠰᠠᠨ ᠪᠠᠶᠢᠨ᠎ᠠ᠄  ᠬᠡᠷᠡᠭ ᠪᠤᠯᠭᠠᠬᠤ ᠠᠴᠠ ᠳᠠᠩᠨᠠᠨ ᠪᠠᠶᠢᠴᠠᠭᠠᠬᠤ ᠬᠦᠷᠳᠡᠯ᠎ᠠ᠃ ᠳᠠᠬᠢᠨ ᠵᠠᠭᠠᠯᠳᠤᠬᠤ᠂         ᠦᠮᠦᠭᠯᠡᠬᠦ  ᠂ ᠰᠢᠬᠦᠨ ᠳᠠᠰᠤᠯᠬᠤ᠂  ᠬᠦᠢᠴᠡᠳᠬᠡᠬᠦ ᠳᠤ ᠳᠤᠯᠳᠠᠯ᠎ᠠ ᠭᠡᠷᠡᠴᠢ ᠶᠢᠨ ᠲᠦᠷᠢᠮ ᠢ ᠨᠡᠮᠡᠵᠦ ᠤᠷᠤᠭᠤᠯᠵᠠᠢ᠃  ᠢᠷᠭᠡᠨ ᠤ  ᠬᠡᠷᠡᠭ ᠤᠨ ᠵᠠᠷᠭᠤ ᠶᠢᠨ ᠬᠠᠤᠯᠢ   ᠨᠢ ᠳᠤᠯᠤᠭᠠᠨ ᠶᠡᠭᠡ ᠬᠦᠷᠢᠶ᠎ᠠ ᠬᠡᠪᠴᠢᠶᠡᠨ ᠳᠤ ᠬᠤᠯᠪᠤᠭᠳᠠᠪᠠ᠂ ᠨᠡᠶᠢᠳᠡ   ᠶᠢᠨ  ᠠᠰᠠᠷᠠᠮᠵᠢ ᠶᠢᠨ ᠵᠠᠷᠭᠤ ᠶᠢ ᠠᠩᠬ᠎ᠠ ᠤᠳᠠᠭ᠎ᠠ  ᠬᠠᠤᠯᠢ ᠳᠤ ᠪᠢᠴᠢᠭᠯᠡᠵᠦ ᠤᠷᠤᠭᠤᠯᠤᠭᠰᠠᠨ᠂ ᠪᠠᠭ᠎ᠠ ᠳᠤᠭ᠎ᠠ ᠲᠠᠢ   ᠬᠤᠯᠪᠤᠭᠰᠠᠨ ᠵᠠᠷᠭᠤ ᠶᠢᠨ ᠲᠦᠷᠢᠮ ᠢ ᠪᠤᠢ ᠪᠤᠯᠭᠠᠭᠰᠠᠨ᠂  ᠰᠢᠬᠦᠨ ᠳᠠᠰᠤᠯᠤᠯᠳᠠ ᠶᠢᠨ ᠬᠦᠷᠢᠶ᠎ᠠ ᠬᠡᠪᠴᠢᠶ᠎ᠠ ᠶᠢ   ᠨᠠᠷᠢᠯᠢᠬᠵᠢᠭᠤᠯᠤᠭᠰᠠᠨ᠂ ᠡᠳ᠋ ᠬᠦᠷᠦᠩᠭᠡ ᠶᠢ ᠪᠠᠳᠤᠯᠠᠨ ᠬᠠᠮᠠᠭᠠᠯᠠᠬᠤ  ᠶᠢ  ᠬᠠᠤᠯᠢᠵᠢᠭᠤᠯᠤᠭᠰᠠᠨ᠂ ᠳᠤᠬᠠᠢ ᠶᠢᠨ   ᠬᠦᠮᠦᠨ ᠤ ᠳᠠᠬᠢᠨ ᠰᠢᠬᠦᠨ ᠳᠠᠰᠤᠯᠬᠤ ᠪᠠᠷ ᠭᠤᠶᠤᠴᠢᠯᠠᠭᠰᠠᠨ ᠡᠷᠭᠡ  ᠶᠢ  ᠰᠢᠯᠢᠳᠡᠭᠵᠢᠬᠦᠯᠦᠭᠰᠡᠨ ᠵᠡᠷᠭᠡ᠂ ᠠᠯᠢ ᠨᠢᠭᠡ ᠶᠢ   ᠨᠢ ᠳᠤᠷᠠᠳᠬᠤ ᠲᠠᠢ ᠵᠡᠷᠭᠡ ᠳᠠᠪᠰᠢᠩᠭᠤᠢ ᠪᠤᠯᠤᠭᠰᠠᠨ ᠨᠢ ᠢᠯᠡᠷᠭᠡᠢ᠃                                                                  ᠨᠢᠭᠡᠳᠤᠭᠡᠷ ᠦᠶ᠎ᠠ ᠶᠢᠨ ᠪᠡᠶ᠎ᠠ ᠶᠢᠨ ᠦᠨᠡᠮᠯᠡᠯ ᠬᠦᠴᠦᠨ ᠦᠭᠡᠢ ᠪᠤᠯᠪᠠ                                   ᠰᠢᠨ᠎ᠠ ᠪᠠᠷ ᠵᠠᠰᠠᠪᠤᠷᠢ ᠤᠷᠤᠭᠤᠯᠤᠭᠰᠠᠨ ᠤ ᠳᠠᠷᠠᠭᠠᠬᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ  ᠤᠯᠤᠰ ᠤᠨ   ᠰᠠᠭᠤᠭᠠᠯᠢ ᠠᠷᠠᠳ ᠤᠨ ᠪᠡᠶ᠎ᠠ ᠶᠢᠨ ᠦᠨᠡᠮᠯᠡᠯ ᠤᠨ ᠬᠠᠤᠯᠢ︾ ᠳᠤ ᠳᠤᠭᠳᠠᠭᠠᠭᠰᠠᠨ ᠨᠢ᠂ ᠡᠨᠡ ᠵᠢᠯ ᠤᠨ 1  ᠰᠠᠷ᠎ᠠ ᠶᠢᠨ  1 ᠤ  ᠡᠳᠤᠷ ᠠᠴᠠ ᠡᠬᠢᠯᠡᠵᠦ᠂ ᠮᠠᠨ ᠤ ᠤᠯᠤᠰ ᠨᠢᠭᠡᠳᠤᠭᠡᠷ ᠦᠶ᠎ᠠ ᠶᠢᠨ ᠪᠡᠶ᠎ᠠ ᠶᠢᠨ ᠦᠨᠡᠮᠯᠡᠯ ᠢ ᠬᠡᠷᠡᠭᠯᠡᠬᠦ   ᠶᠢ  ᠵᠤᠭᠰᠤᠭᠠᠵᠦ᠂  ᠬᠤᠶᠠᠳᠤᠭᠠᠷ ᠦᠶ᠎ᠠ ᠶᠢᠨ ᠪᠡᠶ᠎ᠠ ᠶᠢᠨ ᠦᠨᠡᠮᠯᠡᠯ ᠢ ᠬᠡᠷᠡᠭᠯᠡᠨ᠎ᠠ ᠭᠡᠪᠡ᠃ ᠨᠢᠭᠡᠳᠤᠭᠡᠷ ᠦᠶ᠎ᠠ ᠶᠢᠨ  ᠪᠡᠶ᠎ᠠ   ᠶᠢᠨ ᠦᠨᠡᠮᠯᠡᠯ ᠨᠢ  ᠨᠢᠭᠡᠨᠳᠡ ᠨᠢᠰᠬᠡᠯ ᠤᠨ ᠪᠢᠯᠧᠲ ᠵᠠᠬᠢᠶᠠᠯᠠᠬᠤ᠂ ᠦᠨᠡᠨ ᠨᠡᠷ᠎ᠠ  ᠪᠠᠷ ᠭᠠᠯᠳᠤ ᠳᠡᠷᠭᠡᠨ ᠤ ᠪᠢᠯᠧᠲ  ᠠᠪᠬᠤ  ᠂ ᠳᠠᠭᠠᠳᠬᠠᠯ ᠳᠤ  ᠤᠷᠤᠬᠤ᠂ ᠪᠠᠩᠬᠢ ᠳᠤ ᠠᠯᠢᠪᠠ ᠭᠠᠷ ᠬᠦᠢᠴᠡᠳᠬᠡᠯ ᠬᠢᠬᠦ ᠳᠤ ᠴᠦᠮ ᠦᠢᠯᠡᠳᠤᠯ ᠢᠶᠠᠨ  ᠠᠯᠳᠠᠵᠠᠢ᠃                                               ᠬᠦᠳᠡᠯᠮᠤᠷᠢ ᠬᠦᠴᠦ ᠳᠤᠮᠢᠯᠠᠬᠤ ᠶᠢ ᠴᠢᠩᠭ᠎ᠠ ᠲᠦᠷᠢᠮᠵᠢᠬᠦᠯᠵᠦ ᠬᠦᠳᠡᠯᠮᠤᠷᠢᠴᠢᠨ ᠤ ᠬᠠᠤᠯᠢ ᠶᠤᠰᠤᠨ ᠤ   ᠡᠷᠭᠡ  ᠠᠰᠢᠭ ᠢ ᠬᠠᠮᠠᠭᠠᠯᠠᠨ᠎ᠠ                                   ᠵᠠᠰᠠᠪᠤᠷᠢ ᠤᠷᠤᠭᠤᠯᠤᠭᠰᠠᠨ ᠤ ᠳᠠᠷᠠᠭᠠᠬᠢ  ︽ᠬᠦᠳᠡᠯᠮᠤᠷᠢ ᠶᠢᠨ ᠭᠡᠷ᠎ᠠ ᠶᠢᠨ ᠬᠠᠤᠯᠢ︾ ᠳᠤ ᠳᠤᠭᠳᠠᠭᠠᠭᠰᠠᠨ           ᠨᠢ᠂   ᠬᠦᠳᠡᠯᠮᠤᠷᠢ ᠬᠦᠴᠦ ᠳᠤᠮᠢᠯᠠᠬᠤ ᠳᠤᠬᠠᠢᠢᠯᠠᠭᠰᠠᠨ ᠠᠵᠢᠯ ᠡᠷᠬᠢᠯᠡᠬᠦ ᠳᠤ ᠪᠦᠷᠢᠯᠳᠤᠬᠦᠯᠬᠦ ᠶᠤᠰᠤᠳᠠᠢ ᠨᠦᠬᠦᠴᠡᠯ ᠳᠤ    ᠳᠠᠩᠰᠠᠯᠠᠭᠤᠯᠤᠭᠰᠠᠨ ᠡᠳ᠋ ᠬᠦᠷᠦᠩᠭᠡ ᠨᠢ ᠠᠷᠠᠳ ᠤᠨ ᠵᠤᠭᠤᠰ ᠢᠶᠠᠷ 200 ᠲᠦᠮᠡᠨ ᠲᠦᠬᠦᠷᠢᠭ ᠠᠴᠠ ᠪᠠᠭ᠎ᠠ ᠪᠠᠶᠢᠵᠦ    ᠪᠤᠯᠬᠤ ᠦᠭᠡᠢ᠂ ᠳᠤᠬᠠᠢᠢᠯᠠᠭᠰᠠᠨ ᠠᠵᠢᠯ ᠢᠶᠠᠨ ᠦᠷᠨᠢᠬᠦᠯᠬᠦ ᠳᠤᠭᠳᠠᠮᠠᠯ ᠡᠵᠡᠩᠨᠡᠯᠳᠡ ᠶᠢᠨ ᠳᠠᠯᠠᠪᠤᠷ ᠪᠠ ᠳᠤᠨᠤᠭ    ᠲᠦᠬᠦᠭᠡᠷᠤᠮᠵᠢ ᠪᠠᠶᠢᠬᠤ ᠬᠡᠷᠡᠭᠳᠡᠢ ᠭᠡᠵᠡᠢ᠃  ︽ᠰᠢᠨ᠎ᠠ ᠬᠦᠳᠡᠯᠮᠤᠷᠢ ᠶᠢᠨ ᠭᠡᠷ᠎ᠠ ᠶᠢᠨ ᠬᠠᠤᠯᠢ︾ ᠡᠨᠡ ᠵᠢᠯ ᠤᠨ 7   ᠰᠠᠷ᠎ᠠ ᠶᠢᠨ 1 ᠤ ᠡᠳᠤᠷ ᠠᠴᠠ ᠡᠬᠢᠯᠡᠨ  ᠬᠡᠷᠡᠭᠵᠢᠬᠦᠯᠦᠭᠳᠡᠨ᠎ᠠ᠃                                             ᠨᠠᠰᠤᠳᠠᠶᠢᠴᠤᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠵᠦ ᠨᠠᠰᠤᠵᠢᠯ ᠤᠨ ᠠᠵᠢᠯ ᠦᠢᠯᠡᠰ ᠢ   ᠬᠦᠭᠵᠢᠬᠦᠯᠤᠨ᠎ᠠ                                ᠬᠠᠤᠯᠢ ᠴᠠᠭᠠᠵᠠ ᠳᠤ ᠳᠤᠳᠤᠷᠬᠠᠢ ᠳᠤᠭᠳᠠᠭᠠᠭᠰᠠᠨ ᠨᠢ᠂ ᠨᠠᠰᠤᠳᠠᠳ ᠢ ᠠᠰᠠᠷᠠᠬᠤ ᠪᠠᠶᠢᠭᠤᠯᠤᠮᠵᠢ ᠶᠢ  ᠪᠠᠶᠢᠭᠤᠯᠬᠤ   ᠳᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ  ᠰᠠᠯᠠᠭ᠎ᠠ  ᠮᠦᠴᠢᠷ   ᠲᠤ ᠭᠤᠶᠤᠴᠢᠯᠠᠭ᠎ᠠ ᠭᠠᠷᠭᠠᠵᠦ ᠵᠠᠰᠠᠭ ᠵᠠᠬᠢᠷᠭᠠᠨ ᠤ ᠵᠦᠪᠰᠢᠶᠡᠷᠡᠯ ᠤᠯᠬᠤ ᠬᠡᠷᠡᠭᠳᠡᠢ︔  ᠵᠦᠪᠰᠢᠶᠡᠷᠡᠭᠰᠡᠨ  ᠪᠠᠶᠢᠪᠠᠯ ᠬᠠᠤᠯᠢ  ᠶᠤᠰᠤᠭᠠᠷ ᠬᠠᠮᠢᠶ᠎ᠠ ᠪᠦᠬᠦᠢ ᠳᠠᠩᠰᠠᠯᠠᠯᠳᠠ ᠬᠢᠬᠦ ᠭᠠᠷ ᠬᠦᠢᠴᠡᠳᠬᠡᠯ ᠬᠢᠬᠦ ᠬᠡᠷᠡᠭᠳᠡᠢ᠃    ᠨᠠᠰᠤᠳᠠᠶᠢᠴᠤᠳ ᠤᠨ ᠡᠷᠭᠡ ᠠᠰᠢᠭ ᠢ  ᠬᠠᠮᠠᠭᠠᠯᠠᠬᠤ ᠰᠢᠨ᠎ᠠ ᠬᠠᠤᠯᠢ ᠳᠤ ᠳᠤᠭᠳᠠᠭᠰᠠᠨ ᠨᠢ᠂  ᠤᠷᠤᠨ ᠨᠤᠳᠤᠭ ᠤᠨ   ᠡᠯ᠎ᠠ ᠱᠠᠳᠤᠨ ᠤ ᠠᠷᠠᠳ ᠤᠨ ᠵᠠᠰᠠᠭ ᠤᠨ  ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠷᠭ᠎ᠠ ᠬᠡᠮᠵᠢᠶ᠎ᠠ   ᠠᠪᠴᠤ᠂ ᠬᠤᠳᠠ ᠬᠦᠳᠡᠭᠡ ᠶᠢᠨ ᠨᠡᠶᠢᠭᠡᠮ  ᠳᠤᠭᠤᠷᠢᠭ ᠤᠨ ᠨᠠᠰᠤᠳᠠᠳ ᠢ ᠠᠰᠠᠷᠠᠬᠤ ᠦᠢᠯᠡᠴᠢᠯᠡᠭᠡ ᠶᠢ ᠬᠦᠭᠵᠢᠬᠦᠯᠬᠦ   ᠬᠡᠷᠡᠭᠳᠡᠢ᠂ ᠳᠤᠰᠬᠠᠢ ᠮᠡᠷᠭᠡᠵᠢᠯ ᠤᠨ  ᠦᠢᠯᠡᠴᠢᠯᠡᠭᠡᠨ ᠤ ᠪᠠᠶᠢᠭᠤᠯᠤᠮᠵᠢ ᠵᠢᠴᠢ ᠪᠤᠰᠤᠳ ᠵᠤᠬᠢᠶᠠᠨ ᠪᠠᠶᠢᠭᠤᠯᠤᠯᠳᠠ ᠪᠠ   ᠬᠤᠪᠢ ᠬᠦᠮᠦᠨ ᠢ ᠵᠤᠷᠢᠬᠵᠢᠭᠤᠯᠵᠦ᠂  ᠬᠠᠪᠰᠤᠷᠤᠨ ᠳᠡᠮᠵᠢᠵᠦ᠂ ᠭᠡᠷ ᠲᠡᠭᠡᠨ ᠪᠠᠶᠢᠭ᠎ᠠ ᠨᠠᠰᠤᠳᠠᠶᠢᠴᠤᠳ ᠲᠤ   ᠠᠮᠢᠳᠤᠷᠠᠯ ᠤᠨ ᠳᠠᠯ᠎ᠠ ᠪᠠᠷ ᠬᠠᠷᠠᠭᠠᠯᠵᠠᠬᠤ᠂ ᠪᠠᠴᠢᠮ  ᠠᠪᠤᠷᠠᠨ ᠳᠤᠰᠠᠯᠠᠬᠤ᠂ ᠡᠮᠴᠢᠯᠡᠨ ᠰᠤᠪᠢᠯᠠᠬᠤ᠂ ᠤᠶᠤᠨ   ᠰᠠᠨᠠᠭᠠᠨ ᠤ ᠳᠠᠶᠢᠳᠬᠤᠷᠠᠭᠤᠯᠤᠯ  ᠬᠢᠬᠦ᠂ ᠰᠡᠳᠬᠢᠴᠡ  ᠶᠢᠨ  ᠠᠰᠠᠭᠤᠨ ᠯᠠᠪᠯᠠᠭ᠎ᠠ  ᠬᠢᠬᠦ  ᠵᠡᠷᠭᠡ ᠡᠯ᠎ᠠ ᠵᠦᠢᠯ ᠤᠨ   ᠬᠡᠯᠪᠡᠷᠢ ᠮᠠᠶ᠋ᠢᠭ ᠤᠨ ᠦᠢᠯᠡᠴᠢᠯᠡᠭᠡ ᠬᠠᠩᠭᠠᠬᠤ ᠬᠡᠷᠡᠭᠳᠡᠢ᠃                                               ᠭᠡᠮ ᠳᠤᠳᠠᠭᠳᠠᠯ ᠲᠠᠢ ᠮᠠᠰᠢᠨ ᠳᠡᠷᠭᠡ ᠶᠢ ᠪᠤᠴᠠᠭᠠᠯᠭᠠᠬᠤ ᠦᠭᠡᠢ ᠪᠤᠯ ᠳᠤᠷᠭᠠᠨ᠎ᠠ                                2004 ᠤᠨ ᠳᠤ ᠭᠠᠷᠭᠠᠭᠰᠠᠨ ︽ᠭᠡᠮ ᠳᠤᠳᠠᠭᠳᠠᠯ ᠲᠠᠢ ᠮᠠᠰᠢᠨ ᠳᠡᠷᠭᠡᠨ ᠤ ᠦᠢᠯᠡᠳᠬᠦᠨ ᠢ ᠡᠭᠡᠬᠦᠯᠦᠨ   ᠪᠤᠴᠠᠭᠠᠬᠤ  ᠬᠠᠮᠢᠶᠠᠷᠤᠯᠳᠡ ᠶᠢᠨ ᠳᠤᠭᠳᠠᠭᠠᠯ︾ ᠢ ᠪᠤᠳᠤᠪᠠᠯ᠂ ︽ᠭᠡᠮ ᠳᠤᠳᠠᠭᠳᠠᠯ ᠲᠠᠢ ᠮᠠᠰᠢᠨ ᠳᠡᠷᠭᠡᠨ ᠤ   ᠦᠢᠯᠡᠳᠬᠦᠨ ᠢ ᠡᠭᠡᠬᠦᠯᠦᠨ  ᠪᠤᠴᠠᠭᠠᠬᠤ ᠬᠠᠮᠢᠶᠠᠷᠤᠯᠳᠡ ᠶᠢᠨ ᠲᠦᠷᠢᠮ︾ ᠨᠢ ᠮᠠᠰᠢᠨ ᠳᠡᠷᠭᠡᠨ ᠤ ᠦᠢᠯᠡᠳᠬᠦᠨ ᠤ ᠭᠡᠮ   ᠳᠤᠳᠠᠭᠳᠠᠯ ᠢᠶᠠᠨ ᠨᠢᠭᠤᠨ  ᠳᠠᠯᠳᠠᠯᠠᠭᠰᠠᠨ᠂ ᠡᠭᠡᠬᠦᠯᠦᠨ  ᠪᠤᠴᠠᠭᠠᠬᠤ ᠶᠢ ᠳᠠᠪᠴᠢᠬᠦ ᠵᠡᠷᠭᠡ ᠬᠠᠤᠯᠢ ᠠᠴᠠ ᠵᠦᠷᠢᠴᠡᠭᠰᠡᠨ   ᠠᠵᠢᠯᠯᠠᠭᠠᠨ ᠳᠠᠬᠢ ᠳᠤᠷᠭᠠᠬᠤ  ᠡᠷᠴᠢᠮ ᠢᠶᠠᠨ ᠤᠯᠠᠮ ᠴᠢᠩᠭᠠᠷᠠᠭᠤᠯᠪᠠ᠃  ᠬᠠᠮᠢᠶᠠᠷᠤᠯᠳᠡ ᠶᠢᠨ ᠲᠦᠷᠢᠮ ᠳᠤ ᠪᠠᠰᠠ   ᠳᠤᠭᠳᠠᠭᠠᠭᠰᠠᠨ ᠨᠢ᠂ ᠦᠢᠯᠡᠳᠪᠤᠷᠢᠯᠡᠭᠴᠢ᠂ ᠡᠵᠡᠩᠨᠡᠭᠴᠢ ᠦᠢᠯᠡᠳᠬᠦᠨ ᠤ  ᠶᠠᠰᠤ ᠴᠢᠨᠠᠷ  ᠲᠤ ᠬᠢᠨᠠᠯᠳᠠ ᠳᠠᠯᠪᠢᠬᠤ   ᠰᠠᠯᠠᠭ᠎ᠠ ᠮᠦᠴᠢᠷ ᠤᠨ ᠭᠡᠮ ᠳᠤᠳᠠᠭᠳᠠᠯ ᠢ ᠪᠠᠶᠢᠴᠠᠭᠠᠬᠤ ᠳᠤ ᠬᠠᠮᠵᠢᠯᠴᠠᠬᠤ ᠦᠭᠡᠢ᠂  ᠡᠰᠡᠬᠦᠯ᠎ᠠ ᠦᠢᠯᠡᠳᠪᠤᠷᠢᠯᠡᠭᠴᠢ   ᠨᠢᠭᠡᠨᠳᠡ ᠳᠠᠩᠰᠠᠯᠠᠭᠰᠠᠨ ᠡᠭᠡᠬᠦᠯᠦᠨ ᠪᠤᠴᠠᠭᠠᠬᠤ ᠲᠦᠯᠦᠪᠯᠡᠭᠡ ᠶᠤᠰᠤᠭᠠᠷ ᠡᠭᠡᠬᠦᠯᠵᠥ  ᠠᠪᠤᠭᠰᠠᠨ ᠦᠭᠡᠢ᠂ ᠡᠰᠡᠬᠦᠯ᠎ᠠ   ᠦᠢᠯᠡᠳᠪᠤᠷᠢᠯᠡᠭᠴᠢ ᠡᠭᠡᠬᠦᠯᠵᠥ ᠠᠪᠬᠤ ᠲᠦᠯᠦᠪᠯᠡᠭᠡ ᠶᠤᠰᠤᠭᠠᠷ ᠢᠶᠠᠨ ᠪᠤᠷᠤᠯᠠᠭᠤᠯᠤᠭᠴᠢ ᠳᠤ  ᠮᠡᠳᠡᠭᠳᠡᠭᠰᠡᠨ ᠦᠭᠡᠢ   ᠪᠠᠶᠢᠪᠠᠯ᠂ ᠦᠢᠯᠡᠳᠬᠦᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ  ᠠᠴᠠ ᠵᠠᠷᠯᠢᠭ  ᠪᠠᠭᠤᠯᠭᠠᠵᠦ   ᠬᠠᠯᠠᠨ ᠰᠠᠶᠢᠵᠢᠷᠠᠭᠤᠯᠬᠤ ᠪᠠᠷ ᠱᠠᠭᠠᠷᠳᠠᠨ᠎ᠠ︔ ᠭᠡᠷᠪᠡ ᠬᠠᠯᠠᠨ ᠰᠠᠶᠢᠵᠢᠷᠠᠭᠤᠯᠬᠤ ᠦᠭᠡᠢ ᠪᠤᠯ 50 ᠲᠦᠮᠡᠨ  ᠲᠦᠬᠦᠷᠢᠭ   ᠠᠴᠠ ᠳᠡᠭᠡᠭᠰᠢ 100 ᠲᠦᠮᠡᠨ ᠲᠦᠬᠦᠷᠢᠭ ᠠᠴᠠ  ᠪᠠᠭ᠎ᠠ ᠵᠤᠭᠤᠰ ᠢᠶᠠᠷ  ᠳᠤᠷᠭᠠᠨ᠎ᠠ︔ ᠲᠦᠷᠢᠮ  ᠳᠤᠭᠳᠠᠭᠠᠯ ᠢ   ᠵᠦᠷᠢᠴᠡᠨ ᠤᠯᠵᠠ ᠤᠯᠤᠭᠰᠠᠨ ᠪᠠᠶᠢᠪᠠᠯ᠂ ᠲᠦᠷᠢᠮ ᠳᠤᠭᠳᠠᠭᠠᠯ ᠢ ᠵᠦᠷᠢᠴᠡᠨ ᠤᠯᠤᠭᠰᠠᠨ ᠤᠯᠵᠠ ᠶᠢ ᠨᠢ  ᠬᠤᠷᠢᠶᠠᠨ   ᠠᠪᠤᠨ᠎ᠠ᠂ ᠦᠢᠯᠡ ᠪᠠᠶᠢᠳᠠᠯ ᠨᠢ ᠬᠦᠨᠳᠤ ᠨᠤᠴᠢᠳᠠᠢ ᠪᠤᠯ ᠵᠦᠪᠰᠢᠶᠡᠷᠡᠬᠦ ᠪᠠᠶᠢᠭᠤᠯᠤᠯᠭ᠎ᠠ ᠠᠴᠠ ᠬᠠᠮᠢᠶ᠎ᠠ ᠪᠦᠬᠦᠢ    ᠵᠦᠪᠰᠢᠶᠷᠡᠯ ᠢ ᠬᠦᠴᠦᠨ ᠦᠭᠡᠢ ᠪᠤᠯᠭᠠᠨ᠎ᠠ᠃  ᠡᠬᠦᠨ ᠠᠴᠠ ᠠᠰᠳᠠᠭᠠᠨ ᠨᠡᠩ ᠴᠢᠩᠭ᠎ᠠ ᠪᠠᠷ ᠳᠤᠷᠭᠠᠬᠤ ᠪᠠᠷ ᠳᠤᠭᠳᠠᠭᠰᠠᠨ ᠨᠢ᠂ ᠦᠢᠯᠡᠳᠪᠤᠷᠢᠯᠡᠭᠴᠢ ᠲᠦᠷᠢᠮ    ᠳᠤᠭᠳᠠᠭᠠᠯ ᠢ ᠵᠦᠷᠢᠴᠡᠨ᠂ ᠭᠡᠮ ᠳᠤᠳᠠᠭᠳᠠᠯ ᠲᠠᠢ ᠮᠠᠰᠢᠨ ᠳᠡᠷᠭᠡᠨ ᠤ ᠦᠢᠯᠡᠳᠬᠦᠨ ᠦᠢᠯᠡᠳᠪᠤᠷᠢᠯᠡᠬᠦ᠂ ᠪᠤᠷᠤᠯᠠᠭᠤᠯᠬᠤ    ᠪᠤᠶᠤ ᠭᠠᠳᠠᠭᠠᠳᠤ ᠠᠴᠠ ᠤᠷᠤᠭᠤᠯᠬᠤ ᠪᠠᠨ ᠦᠯᠦ ᠵᠤᠭᠰᠤᠵᠦ᠂ ᠡᠰᠡᠬᠦᠯ᠎ᠠ ᠭᠡᠮ ᠳᠤᠳᠠᠭᠳᠠᠯ  ᠲᠠᠢ ᠪᠠᠶᠢᠳᠠᠯ ᠢᠶᠠᠨ   ᠨᠢᠭᠤᠨ  ᠳᠠᠯᠳᠠᠯᠠᠬᠤ᠂ ᠡᠰᠡᠬᠦᠯ᠎ᠠ ᠡᠭᠡᠬᠦᠯᠦᠨ ᠠᠪᠤᠭᠤᠯᠬᠤ ᠪᠠᠷ ᠵᠠᠷᠯᠢᠭᠳᠠᠬᠤ ᠳᠤ ᠮᠦᠨ ᠡᠭᠡᠬᠦᠯᠵᠥ ᠠᠪᠬᠤ ᠶᠢ   ᠳᠡᠪᠴᠢᠪᠡᠯ᠂  ᠦᠢᠯᠡᠳᠬᠦᠨ ᠤ ᠶᠠᠰᠤ ᠴᠢᠨᠠᠷ ᠲᠤ ᠬᠢᠨᠠᠯᠳᠠ ᠳᠠᠯᠪᠢᠬᠤ ᠰᠠᠯᠠᠭ᠎ᠠ ᠮᠦᠴᠢᠷ ᠤᠨ ᠬᠠᠯᠠᠨ ᠰᠠᠶᠢᠵᠢᠷᠠᠭᠤᠯᠬᠤ   ᠪᠠᠷ ᠵᠠᠷᠯᠢᠭᠳᠠᠵᠦ᠂  ᠭᠡᠮ ᠳᠤᠳᠠᠭᠳᠠᠯ ᠲᠠᠢ ᠮᠠᠰᠢᠨ ᠳᠡᠷᠭᠡᠨ ᠤ ᠦᠢᠯᠡᠳᠬᠦᠨ ᠤ ᠪᠠᠷᠠᠭᠠᠨ ᠤ ᠦᠷᠳᠡᠭ ᠤᠨ ᠮᠦᠩᠬᠦ ᠶᠢᠨ   1% ᠠᠴᠠ ᠳᠡᠭᠡᠭᠰᠢ  10% ᠠᠴᠠ ᠳᠤᠷᠤᠭᠰᠢ  ᠵᠤᠭᠤᠰ ᠢᠶᠠᠷ ᠳᠤᠷᠭᠠᠨ᠎ᠠ︔ ᠲᠦᠷᠢᠮ ᠳᠤᠭᠳᠠᠭᠠᠯ ᠢ ᠵᠦᠷᠢᠴᠡᠨ   ᠤᠯᠵᠠ ᠤᠯᠤᠭᠰᠠᠨ ᠪᠠᠶᠢᠪᠠᠯ᠂ ᠲᠦᠷᠢᠮ ᠳᠤᠭᠳᠠᠭᠠᠯ ᠢ ᠵᠦᠷᠢᠴᠡᠨ ᠤᠯᠤᠭᠰᠠᠨ ᠤᠯᠵᠠ ᠶᠢ ᠨᠢ ᠬᠤᠷᠢᠶᠠᠨ ᠠᠪᠤᠨ᠎ᠠ᠂   ᠦᠢᠯᠡ ᠪᠠᠶᠢᠳᠠᠯ ᠨᠢ ᠬᠦᠨᠳᠤ  ᠨᠤᠴᠢᠳᠠᠢ ᠪᠤᠯ᠂ ᠵᠦᠪᠰᠢᠶᠡᠷᠡᠬᠦ ᠪᠠᠶᠢᠭᠤᠯᠤᠯᠭ᠎ᠠ ᠠᠴᠠ ᠬᠠᠮᠢᠶ᠎ᠠ ᠪᠦᠬᠦᠢ ᠵᠦᠪᠰᠢᠶᠷᠡᠯ ᠢ   ᠬᠦᠴᠦᠨ ᠦᠭᠡᠢ ᠪᠤᠯᠭᠠᠨ᠎ᠠ ᠃                                   ᠡᠮ ᠡᠮᠨᠡᠯᠭᠡ ᠶᠢᠨ ᠰᠦᠢᠳᠬᠡᠯ ᠬᠤᠷᠢᠶᠠᠬᠤ ᠠᠵᠢᠯᠯᠠᠭ᠎ᠠ ᠶᠢ ᠲᠦᠷᠢᠮᠵᠢᠬᠦᠯᠵᠦ᠂ ᠰᠦᠢᠳᠬᠡᠯ ᠬᠤᠷᠢᠶᠠᠬᠤ   ᠫᠢᠶᠤᠤ  ᠪᠠᠷᠢᠮᠳᠠ ᠳᠤ ᠪᠦᠬᠦ ᠳᠠᠯ᠎ᠠ ᠶᠢᠨ ᠬᠢᠨᠡᠨ ᠬᠠᠮᠢᠶᠠᠷᠤᠯᠳᠡ ᠶᠠᠪᠤᠭᠤᠯᠤᠨ᠎ᠠ                              ᠡᠳ᠋ ᠤᠨ ᠵᠠᠰᠠᠭ ᠤᠨ ᠶᠠᠮᠤᠨ ᠪᠤᠯᠤᠨ ᠡᠷᠡᠬᠦᠯ ᠬᠠᠮᠠᠭᠠᠯᠠᠯ ᠤᠨ ᠶᠠᠮᠤᠨ ᠤ ᠬᠤᠯᠪᠤᠭᠠᠯᠠᠨ ᠪᠠᠭᠤᠯᠭᠠᠭᠰᠠᠨ ︽ᠡᠮ   ᠡᠮᠨᠡᠯᠭᠡ   ᠶᠢᠨ ᠰᠦᠢᠳᠬᠡᠯ ᠬᠤᠷᠢᠶᠠᠬᠤ ᠫᠢᠶᠤᠤ ᠪᠠᠷᠢᠮᠳᠠ ᠶᠢ ᠬᠡᠷᠡᠭᠯᠡᠬᠦ ᠬᠠᠮᠢᠶᠠᠷᠤᠯᠳᠡ ᠶᠢᠨ ᠠᠷᠭ᠎ᠠ︾ ᠳᠤ ᠡᠮ ᠡᠮᠨᠡᠯᠭᠡ   ᠶᠢᠨ  ᠰᠦᠢᠳᠬᠡᠯ ᠬᠤᠷᠢᠶᠠᠬᠤ ᠫᠢᠶᠤᠤ ᠪᠠᠷᠢᠮᠳᠠ ᠶᠢᠨ ᠲᠦᠷᠦᠯ ᠵᠦᠢᠯ᠂ ᠠᠭᠤᠯᠭ᠎ᠠ ᠪᠠ ᠬᠡᠷᠡᠭᠯᠡᠬᠦ ᠬᠦᠷᠢᠶ᠎ᠠ ᠬᠡᠪᠴᠢᠶ᠎ᠠ ᠶᠢ ᠳᠤᠳᠤᠷᠬᠠᠢᠢᠯᠠᠵᠦ᠂ ᠡᠮ ᠡᠮᠨᠡᠯᠭᠡ ᠶᠢᠨ ᠫᠢᠶᠤᠤ ᠪᠠᠷᠢᠮᠳᠠ ᠶᠢᠨ ᠬᠡᠯᠪᠡᠷᠢ ᠶᠠᠩᠵᠦ᠂ ᠬᠠᠭᠤᠷᠮᠠᠭ ᠢ ᠰᠡᠷᠭᠡᠶᠢᠯᠡᠬᠦ ᠠᠷᠭ᠎ᠠ  ᠬᠡᠮᠵᠢᠶ᠎ᠠ ᠪᠠ ᠬᠢᠨᠡᠬᠤ ᠳᠠᠮᠠᠭ᠎ᠠ ᠶᠢ ᠨᠢᠭᠡᠳᠤᠯᠳᠡᠢ ᠪᠤᠯᠭᠠᠵᠦ᠂ ᠡᠮ ᠡᠮᠨᠡᠯᠭᠡ ᠶᠢᠨ ᠰᠦᠢᠳᠬᠡᠯ ᠬᠤᠷᠢᠶᠠᠬᠤ ᠫᠢᠶᠤᠤ ᠪᠠᠷᠢᠮᠳᠠ     ᠶᠢ ᠳᠠᠷᠤᠮᠠᠯᠯᠠᠬᠤ᠂ ᠬᠡᠷᠡᠭᠯᠡᠬᠦ᠂ ᠪᠠᠳᠤᠯᠠᠨ ᠬᠠᠮᠢᠶᠠᠷᠬᠤ᠂ ᠤᠰᠠᠳᠬᠠᠬᠤ ᠵᠡᠷᠭᠡ ᠬᠠᠮᠢᠶᠠᠷᠤᠯᠳᠡ ᠶᠢ ᠲᠦᠷᠢᠮᠵᠢᠬᠦᠯᠵᠦ᠂ ᠡᠮ    ᠡᠮᠨᠡᠯᠭᠡ ᠶᠢᠨ ᠰᠦᠢᠳᠬᠡᠯ ᠬᠤᠷᠢᠶᠠᠬᠤ ᠫᠢᠶᠤᠤ ᠪᠠᠷᠢᠮᠳᠠ ᠶᠢᠨ ᠬᠠᠮᠢᠶᠠᠷᠤᠯᠳᠡ ᠶᠢ ᠡᠳ᠋ ᠤᠨ ᠵᠠᠰᠠᠭ ᠤᠨ ᠫᠢᠶᠤᠤ ᠪᠠᠷᠢᠮᠳᠠ   ᠶᠢᠨ  ᠬᠠᠮᠢᠶᠡᠷᠤᠯᠳᠡ ᠶᠢᠨ ᠮᠡᠳᠡᠭᠡ ᠵᠠᠩᠬᠢ ᠶᠢᠨ ᠰᠢᠰᠲ᠋ᠧᠮ ᠳᠤ ᠤᠷᠤᠭᠤᠯᠬᠤ ᠪᠠᠷ ᠳᠤᠳᠤᠷᠬᠠᠢ ᠳᠤᠷᠠᠳᠴᠤ᠂ ᠪᠦᠬᠦ   ᠶᠠᠪᠤᠳᠠ ᠪᠠᠷ  ᠬᠢᠨᠡᠨ ᠬᠠᠮᠢᠶᠠᠷᠬᠤ ᠪᠠᠷ ᠪᠤᠯᠵᠠᠢ᠃   ᠳᠤᠰ ︽ᠠᠷᠭ᠎ᠠ︾ ᠨᠢ 1 ᠰᠠᠷ᠎ᠠ ᠶᠢᠨ 1 ᠤ ᠡᠳᠤᠷ ᠠᠴᠠ ᠡᠬᠢᠯᠡᠨ   ᠬᠡᠷᠡᠭᠵᠢᠬᠦᠯᠦᠭᠳᠡᠪᠡ᠃                                         ᠰᠦᠯᠵᠢᠶᠡᠨ ᠤ ᠮᠡᠳᠡᠭᠡ ᠵᠠᠩᠬᠢ ᠶᠢᠨ ᠠᠮᠤᠷ ᠲᠦᠪᠰᠢᠨ ᠬᠠᠤᠯᠢ ᠶᠢᠨ ᠪᠠᠳᠤᠯᠠᠭ᠎ᠠ ᠲᠠᠢ ᠪᠤᠯᠪᠠ                               2012 ᠤᠨ ᠤ 12 ᠰᠠᠷ᠎ᠠ ᠶᠢᠨ 28 ᠤ ᠡᠳᠤᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ    ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠰᠦᠯᠵᠢᠶᠡᠨ ᠤ ᠮᠡᠳᠡᠭᠡ ᠵᠠᠩᠬᠢ ᠶᠢᠨ ᠬᠠᠮᠠᠭᠠᠯᠠᠯᠳᠠ ᠶᠢ ᠴᠢᠩᠭᠠᠳᠬᠠᠤ   ᠳᠤᠬᠠᠢ  ᠰᠢᠢᠳᠪᠤᠷᠢ ᠶᠢ ᠪᠠᠳᠤᠯᠠᠪᠠ᠂ ᠡᠨᠡ ᠨᠢ ᠰᠦᠯᠵᠢᠶᠡᠨ ᠤ ᠴᠠᠭ ᠦᠶ᠎ᠠ ᠳᠤ ᠬᠤᠪᠢ ᠬᠦᠮᠦᠨ ᠤ ᠮᠡᠳᠡᠭᠡ ᠵᠠᠩᠬᠢ ᠨᠢ   ᠬᠠᠤᠯᠢ ᠶᠢᠨ  ᠪᠠᠳᠤᠯᠠᠭ᠎ᠠ ᠲᠠᠢ ᠪᠤᠯᠤᠭᠰᠠᠨ ᠢ ᠬᠠᠷᠠᠭᠤᠯᠵᠦ ᠪᠠᠶᠢᠨ᠎ᠠ᠃                                       ᠤᠯᠠᠭᠠᠨ ᠳ᠋ᠧᠩ᠂ ᠰᠢᠷ᠎ᠠ ᠳ᠋ᠧᠩ ᠤᠨ ᠳᠤᠬᠢᠶ᠎ᠠ ᠶᠢ ᠳᠠᠭᠠᠬᠤ ᠦᠭᠡᠢ ᠪᠤᠯ ᠨᠢᠭᠡᠯᠡ ᠳᠡᠭᠡᠷ᠎ᠠ 6 ᠬᠤᠪᠢ  ᠬᠠᠰᠤᠨ᠎ᠠ                            ᠳᠤᠳᠤᠭᠠᠳᠤ ᠶᠢ ᠬᠠᠮᠠᠭᠠᠯᠠᠬᠤ ᠶᠠᠮᠤᠨ ᠠᠴᠠ 10 ᠰᠠᠷ᠎ᠠ ᠶᠢᠨ 8 ᠤ ᠡᠳᠤᠷ ᠰᠢᠨ᠎ᠠ ᠪᠠᠷ ᠵᠠᠰᠠᠪᠤᠷᠢ   ᠤᠷᠤᠭᠤᠯᠤᠭᠰᠠᠨ  ︽ᠮᠠᠰᠢᠨ ᠳᠡᠷᠭᠡᠨ ᠤ ᠵᠢᠯᠤᠭᠤᠴᠢ ᠶᠢᠨ ᠦᠨᠡᠮᠯᠡᠯ ᠢ ᠭᠤᠶᠤᠴᠢᠯᠠᠬᠤ ᠪᠠ ᠬᠡᠷᠡᠭᠯᠡᠬᠦ ᠳᠤᠭᠳᠠᠭᠠᠯ︾ ᠢ   ᠨᠡᠶᠢᠳᠡᠯᠡᠵᠦ᠂ ᠰᠢᠨ᠎ᠠ  ᠵᠠᠮ ᠬᠠᠷᠢᠯᠴᠠᠭᠠᠨ ᠤ ᠳᠤᠭᠳᠠᠭᠠᠯ ᠨᠢ ᠵᠢᠯᠤᠭᠤᠴᠢ ᠶᠢᠨ ᠬᠠᠮᠢᠶᠠᠷᠤᠯᠳᠡ ᠶᠢ ᠴᠢᠩᠭᠠᠳᠬᠠᠵᠠᠢ᠃   ᠰᠢᠨ᠎ᠠ ᠳᠤᠭᠳᠠᠭᠠᠯ ᠤᠨ  ᠬᠤᠪᠢ ᠬᠠᠰᠤᠬᠤ ᠨᠠᠷᠢᠨ ᠵᠤᠷᠪᠤᠰ ᠨᠢ ᠨᠡᠩ ᠴᠢᠩᠭ᠎ᠠ ᠪᠤᠯᠵᠦ᠂ ᠤᠯᠠᠭᠠᠨ ᠳ᠋ᠧᠩ ᠤᠨ ᠳᠤᠬᠢᠶ᠎ᠠ   ᠶᠢ ᠦᠯᠦ ᠳᠠᠭᠠᠭᠰᠠᠨ ᠵᠠᠮ  ᠬᠠᠷᠢᠯᠴᠠᠭᠠᠨ ᠤ ᠲᠦᠷᠢᠮ ᠳᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠠᠴᠠ 3 ᠬᠤᠪᠢ   ᠬᠠᠰᠤᠵᠦ ᠪᠠᠶᠢᠭᠰᠠᠨ ᠢᠶᠠᠨ 6  ᠬᠤᠪᠢ ᠬᠠᠰᠤᠬᠤ ᠪᠤᠯᠵᠠᠢ᠂ ᠠᠷᠢᠬᠢ ᠤᠤᠭᠤᠬᠰᠠᠠ ᠤ  ᠲᠡᠷᠠᠭ᠎ᠠ ᠮᠠᠰᠢᠨ ᠳᠡᠷᠭᠡ   ᠵᠢᠯᠤᠭᠤᠳᠬᠤ᠂ ᠫᠠᠶᠢᠰᠠ ᠳᠡᠮᠳᠡᠭ ᠢᠶᠠᠨ  ᠦᠯᠦ ᠵᠡᠬᠦᠭᠰᠡᠨ ᠪᠤᠶᠤ ᠫᠠᠶᠢᠰᠠ ᠳᠡᠮᠳᠡᠭ ᠢᠶᠠᠨ ᠬᠠᠯᠬᠠᠯᠠᠭᠰᠠᠨ ᠪᠠᠶᠢᠪᠠᠯ   ᠨᠢᠭᠡᠯᠡ ᠳᠡᠭᠡᠷ᠎ᠠ 12 ᠬᠤᠪᠢ ᠬᠠᠰᠤᠬᠤ ᠴᠢᠩᠭ᠎ᠠ  ᠳᠤᠭᠳᠠᠭᠠᠯ ᠭᠠᠷᠭᠠᠭᠰᠠᠨ ᠪᠠᠶᠢᠨ᠎ᠠ᠃ ᠡᠨᠡ ᠵᠢᠯ ᠤᠨ 1 ᠰᠠᠷ᠎ᠠ   ᠶᠢᠨ 1 ᠠᠴᠠ ᠡᠬᠢᠯᠡᠨ ᠬᠡᠷᠡᠭᠵᠢᠬᠦᠯᠦᠭᠳᠡᠭᠰᠡᠨ ᠡᠨᠡᠬᠦ ᠰᠢᠨ᠎ᠠ ᠵᠠᠮ ᠬᠠᠷᠢᠯᠴᠠᠭᠠᠨ ᠤ   ᠳᠤᠭᠳᠠᠭᠠᠯ ᠨᠢ ᠲᠦᠷᠢᠮ ᠳᠤᠭᠳᠠᠭᠠᠯ   ᠠᠴᠠ ᠵᠦᠷᠢᠴᠡᠭᠰᠡᠨ ᠦᠷᠳᠡᠭ ᠢ ᠨᠡᠮᠡᠭᠳᠡᠬᠦᠯᠵᠦ᠂ ᠬᠤᠪᠢ ᠳᠡᠮᠳᠡᠭᠯᠡᠬᠦ ᠵᠦᠢᠯ   ᠵᠤᠷᠪᠤᠰ ᠢ 38 ᠵᠤᠷᠪᠤᠰ ᠠᠴᠠ  ᠨᠡᠮᠡᠭᠳᠡᠬᠦᠯᠦᠨ 52 ᠵᠤᠷᠪᠤᠰ ᠪᠤᠯᠭᠠᠵᠠᠢ᠃ ᠡᠬᠦᠨ ᠤ ᠬᠠᠮᠳᠤ ᠲᠦᠷᠢᠮ ᠳᠤᠭᠳᠠᠭᠠᠯ ᠠᠴᠠ   ᠵᠦᠷᠢᠴᠡᠨ ᠲᠦᠷ ᠴᠠᠭ  ᠵᠤᠭᠰᠤᠬᠤ ᠶᠢ ᠳᠤᠷᠭᠠᠬᠤ ᠮᠦᠩᠬᠦ ᠶᠢᠨ ᠬᠡᠮᠵᠢᠶ᠎ᠠ ᠶᠢ ᠤᠤᠯ ᠤᠨ 100 ᠠᠴᠠ 150  ᠲᠦᠬᠦᠷᠢᠭ  ᠪᠠᠶᠢᠭᠰᠠᠨ ᠢ  ᠳᠤᠷᠤᠭᠰᠢᠯᠠᠭᠤᠯᠤᠨ 20  ᠠᠴᠠ 50 ᠲᠦᠬᠦᠷᠢᠭ ᠪᠤᠯᠭᠠᠵᠠᠢ᠃                                                 ᠵᠢᠯᠤᠭᠤᠴᠢ ᠶᠢ ᠪᠤᠯᠪᠠᠰᠤᠷᠠᠭᠤᠯᠬᠤ ᠪᠤᠳᠠᠳᠠᠢ ᠬᠡᠷᠡᠭᠯᠡᠭᠡᠨ ᠤ ᠰᠤᠷᠤᠯᠭ᠎ᠠ ᠶᠢ ᠶᠡᠬᠡᠪᠡᠷ ᠨᠡᠮᠡᠭᠳᠡᠬᠦᠯᠪᠡ                            ᠵᠠᠮ ᠬᠠᠷᠢᠯᠴᠠᠭ᠎ᠠ ᠳᠡᠭᠡᠭᠡᠪᠤᠷᠢ ᠶᠢᠨ ᠶᠠᠮᠤᠨ ᠬᠢᠭᠡᠳ ᠳᠤᠳᠤᠭᠠᠳᠤ ᠶᠢ ᠬᠠᠮᠠᠭᠠᠯᠠᠬᠤ ᠶᠠᠮᠤᠨ ᠠᠴᠠ ᠠᠩᠬ᠎ᠠ  ᠤᠳᠠᠭ᠎ᠠ   ᠬᠤᠯᠪᠤᠭᠠᠯᠠᠨ ︽ᠮᠠᠰᠢᠨ ᠳᠡᠷᠭᠡᠨ ᠤ ᠵᠢᠯᠤᠭᠤᠴᠢ ᠶᠢ ᠪᠤᠯᠪᠠᠰᠤᠷᠠᠭᠤᠯᠬᠤ ᠵᠢᠭᠠᠨ ᠰᠤᠷᠭᠠᠯᠳᠠ ᠪᠠ ᠰᠢᠯᠭᠠᠯᠳᠠ   ᠶᠢᠨ   ᠬᠦᠳᠦᠯᠪᠤᠷᠢ︾ ︵ᠳᠤᠷᠤᠭᠰᠢ ︽ᠬᠦᠳᠦᠯᠪᠤᠷᠢ︾ ᠭᠡᠵᠦ ᠲᠦᠬᠦᠮᠴᠢᠯᠡᠨ᠎ᠠ︶ ᠶᠢ ᠨᠡᠶᠢᠳᠡᠯᠡᠵᠦ᠂ 1 ᠰᠠᠷ᠎ᠠ ᠶᠢᠨ  1 ᠤ  ᠡᠳᠤᠷ   ᠠᠴᠠ ᠡᠬᠢᠯᠡᠨ ᠵᠢᠩᠬᠢᠨᠢ ᠪᠠᠷ ᠬᠡᠷᠡᠭᠵᠢᠬᠦᠯᠪᠡ᠃ ᠰᠢᠨ᠎ᠠ ︽ᠬᠦᠳᠦᠯᠪᠤᠷᠢ︾ ᠨᠢ ᠬᠡᠪ ᠴᠢᠨᠠᠷ ᠤᠨ ᠰᠤᠷᠭᠠᠨ   ᠬᠦᠮᠦᠵᠢᠯ ᠤᠨ  ᠤᠢᠢᠯᠠᠭᠠᠭᠳᠠᠬᠤᠨ ᠢ ᠳᠡᠭᠡᠳᠤᠯᠡᠵᠦ᠂ ᠠᠮᠤᠷ ᠲᠦᠪᠰᠢᠨ ᠪᠤᠯᠪᠠᠰᠤᠨ ᠢᠶᠠᠷ ᠵᠢᠯᠤᠭᠤᠳᠬᠤ ᠦᠵᠡᠯᠳᠡ ᠶᠢᠨ   ᠪᠤᠯᠪᠠᠰᠤᠷᠠᠯ ᠢ  ᠨᠡᠩ ᠴᠢᠬᠤᠯᠠᠴᠢᠯᠠᠪᠠ᠃  ᠰᠤᠷᠤᠯᠭ᠎ᠠ ᠶᠢᠨ ᠴᠠᠭ ᠤᠨ ᠳᠤᠬᠢᠷᠠᠭᠤᠯᠤᠯᠳᠠ ᠳᠡᠭᠡᠷ᠎ᠠ᠂ ᠰᠢᠨ᠎ᠠ ︽  ᠬᠦᠳᠤᠯᠪᠤᠷᠢ︾ ᠨᠢ ᠦᠨᠳᠤᠰᠤᠨ  ᠵᠢᠯᠤᠭᠤᠳᠤᠯᠭ᠎ᠠ ᠵᠢᠴᠢ ᠪᠤᠳᠠᠳᠤ ᠵᠠᠮ ᠱᠤᠭᠤᠮ ᠳᠡᠭᠡᠷᠡᠬᠢ ᠪᠤᠯᠪᠠᠰᠤᠷᠠᠯ ᠤᠨ   ᠬᠠᠷᠢᠯᠴᠠᠯ ᠢ ᠶᠡᠭᠡ ᠬᠡᠮᠵᠢᠶ᠎ᠠ ᠪᠠᠷ ᠨᠡᠮᠡᠭᠳᠡᠬᠦᠯᠪᠠ᠃ ᠵᠢᠱᠢᠶᠠᠯᠠᠪᠠᠯ᠂ ᠪᠠᠭ᠎ᠠ ᠬᠡᠯᠪᠡᠷᠢ ᠶᠢᠨ ᠮᠠᠰᠢᠨ ᠳᠡᠷᠭᠡ ︵C1︶ ᠶᠢᠨ   ᠬᠤᠶᠠᠳᠤᠭᠠᠷ ᠱᠠᠳᠤᠨ ᠳᠠᠬᠢ ᠵᠢᠭᠠᠨ ᠰᠤᠷᠭᠠᠯᠳᠠ   ᠶᠢᠨ ᠦᠨᠳᠤᠰᠤᠨ ᠪᠤᠯᠪᠠᠰᠤᠷᠠᠯ ᠤᠨ ᠴᠠᠭ ᠬᠤᠭᠤᠴᠠᠭ᠎ᠠ ᠶᠢ 5 ᠴᠠᠭ   ᠠᠴᠠ 10 ᠴᠠᠭ ᠪᠤᠯᠭᠠᠨ ᠤᠷᠳᠤᠳᠬᠠᠪᠠ︔ ᠪᠤᠳᠠᠳᠠᠢ  ᠵᠠᠮ ᠱᠤᠭᠤᠮ ᠠᠶᠠᠯᠠᠬᠤ ᠵᠢᠯᠤᠭᠤᠳᠤᠮᠵᠢ ᠶᠢᠨ ᠰᠤᠷᠤᠯᠭ᠎ᠠ ᠶᠢᠨ   ᠴᠠᠭ ᠬᠤᠭᠤᠴᠠᠭ᠎ᠠ ᠶᠢ ᠤᠤᠯ ᠤᠨ 18 ᠴᠠᠭ ᠠᠴᠠ 24  ᠴᠠᠭ ᠪᠤᠯᠭᠠᠨ ᠤᠷᠳᠤᠳᠬᠠᠪᠠ᠃                                     ᠭᠡᠷ  ᠬᠦᠷᠦᠩᠭᠡ ᠶᠢᠨ ᠵᠢᠭᠡᠯᠡᠯᠭᠡ᠂ ᠮᠠᠰᠢᠨ ᠳᠡᠷᠭᠡᠨ ᠤ ᠵᠢᠭᠡᠯᠡᠯᠭᠡ ᠲᠠᠢ ᠬᠤᠪᠢ ᠬᠦᠮᠦᠨ ᠤ ᠬᠦᠦ ᠮᠦᠩᠬᠦ   ᠦᠭᠬᠦ  ᠬᠡᠮᠵᠢᠶ᠎ᠠ ᠵᠤᠬᠢᠬᠤ ᠬᠡᠮᠵᠢᠶ᠎ᠡ ᠪᠠᠷ ᠪᠠᠭᠠᠰᠤᠨ᠎ᠠ                               2012 ᠤᠨ ᠳᠤ ᠲᠦᠪ ᠪᠠᠩᠬᠢ ᠠᠴᠠ ᠬᠤᠶᠠᠷ ᠤᠳᠠᠭ᠎ᠠ ᠬᠦᠦ ᠮᠦᠩᠬᠦ ᠶᠢ ᠪᠠᠭᠤᠷᠠᠭᠤᠯᠵᠦ᠂ 5 ᠵᠢᠯ  ᠠᠴᠠ  ᠳᠡᠭᠡᠭᠰᠢᠬᠢ ᠬᠦᠦ ᠮᠦᠩᠬᠦᠨ ᠤ ᠦᠨᠳᠤᠰᠤᠨ ᠪᠠᠷᠢᠮᠵᠢᠶᠡᠨ ᠤ ᠬᠦᠦ ᠮᠦᠩᠬᠦ ᠶᠢᠨ ᠨᠤᠷᠮ᠎ᠠ 6.55% ᠠᠴᠠ ᠪᠠᠭᠤᠷᠠᠬᠤ    ᠪᠤᠯᠤᠨ᠎ᠠ᠃ ᠵᠤᠷᠰᠢᠯ ᠶᠤᠰᠤᠭᠠᠷ᠂ ᠤᠯᠠᠩᠬᠢ ᠳᠤᠭᠠᠨ ᠤ ᠪᠠᠩᠬᠢ 1 ᠰᠠᠷ᠎ᠠ ᠶᠢᠨ 1   ᠤ ᠡᠳᠤᠷ ᠠᠴᠠ ᠡᠬᠢᠯᠡᠨ ᠰᠢᠨ᠎ᠠ    ᠵᠢᠭᠡᠯᠡᠯᠭᠡ ᠶᠢᠨ ᠬᠦᠦ ᠮᠦᠩᠬᠦ   ᠶᠢᠨ ᠨᠤᠷᠮ᠎ᠠ ᠶᠢ ᠬᠡᠷᠡᠭᠵᠢᠬᠦᠯᠪᠡ᠃ ᠡᠬᠦᠨ ᠤ ᠳᠠᠷᠠᠭ᠎ᠠ ᠭᠡᠷ ᠬᠦᠷᠦᠩᠭᠡ ᠶᠢᠨ ᠵᠢᠭᠡᠯᠡᠯᠭᠡ᠂    ᠮᠠᠰᠢᠨ ᠳᠡᠷᠭᠡᠨ ᠤ ᠵᠢᠭᠡᠯᠡᠯᠭᠡ ᠲᠠᠢ ᠬᠤᠪᠢ ᠬᠦᠮᠦᠨ ᠤ ᠬᠦᠦ ᠮᠦᠩᠬᠦ ᠦᠭᠬᠦ ᠬᠡᠮᠵᠢᠶ᠎ᠠ ᠵᠤᠬᠢᠬᠤ ᠬᠡᠮᠵᠢᠶ᠎ᠡ ᠪᠠᠷ ᠪᠠᠭᠠᠰᠬᠤ    ᠪᠤᠯᠤᠨ᠎ᠠ᠃  
 
ᠢᠷᠡᠯᠲᠡ᠄ ᠪᠠᠶᠠᠨ ᠴᠡᠯᠡᠬᠡᠷ ᠠᠷᠤ ᠬᠤᠷᠴᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号