ᠮᠠᠠ ᠤ ᠤᠯᠤᠰ ᠤᠨ ᠠᠩᠬᠠᠳᠠᠭᠴᠢ ᠬᠦᠳᠡᠭᠡ ᠠᠵᠤ ᠠᠬᠤᠢ ᠬᠦᠳᠡᠭᠡ ᠲᠤᠰᠬᠤᠠ ᠤ ᠤᠷᠴᠢᠠ ᠲᠤᠭᠤᠷᠢᠠ ᠢ ᠬᠠᠮᠠᠭᠠᠯᠠᠬᠤ  ᠵᠠᠰᠠᠭ ᠵᠠᠬᠢᠷᠭᠠᠠ ᠤ ᠬᠠᠤᠯᠢ ᠶᠢ ᠬᠡᠷᠡᠭᠵᠢᠬᠦᠯᠵᠤ ᠡᠬᠢᠯᠠᠯ᠎ᠠ
ᠨᠡᠶᠢᠲᠡᠯᠡᠭᠰᠡᠨ ᠴᠠᠭ᠄
2016/3/31
      ᠮᠠᠨ ᠤ ᠤᠯᠤᠰ ᠤᠨ ᠠᠩᠬᠠᠳᠠᠬᠴᠢ ᠬᠦᠳᠡᠭᠡ ᠠᠵᠤ ᠠᠬᠤᠢ ᠬᠦ᠋ᠳᠡᠭᠡ ᠲᠤᠰᠬᠤᠨ ᠤ ᠤᠷᠴᠢᠨ ᠲᠤᠭᠤᠷᠢᠨ ᠤ  ᠬᠠᠮᠠᠭᠠᠯᠠᠯᠳᠠ ᠶᠢᠨ ᠵᠠᠰᠠᠬ ᠵᠠᠬᠢᠷᠭᠠᠨ ᠤ ᠬᠠᠤᠯᠢ ᠲᠦᠷᠢᠮ ︽ᠮᠠᠯ ᠵᠢᠬᠦᠷᠳᠡᠨ ᠢ ᠬᠡᠪᠴᠢᠶᠡᠵᠢᠬᠦᠯᠤᠨ ᠲᠡᠵᠢᠬᠡᠨ  ᠦᠷᠡᠵᠢᠬᠦᠯᠬᠦ ᠪᠤᠬᠢᠷᠳᠤᠯ ᠢ ᠰᠡᠷᠬᠡᠶᠢᠯᠡᠬᠦ ᠲᠦᠷᠢᠮ︾ ᠢ ᠬᠡᠷᠡᠭᠵᠢᠬᠦᠯᠵᠥ ᠡᠬᠢᠯᠡᠪᠡ᠃              ᠲᠦᠷᠤ ᠶᠢᠨ ᠶᠠᠪᠤᠳᠠᠯ ᠤᠨ ᠬᠤᠷᠢᠶᠠᠨ ᠤ ᠬᠠᠤᠯᠢ ᠲᠦᠷᠢᠮ ᠤᠨ ᠠᠯᠪᠠᠨ ᠭᠡᠷ ᠤᠨ ᠲᠡᠳ᠋ ᠡᠷᠬᠢᠯᠡᠭᠴᠢ ᠭᠠᠨ ᠽᠠᠩ  ᠴᠦᠨ᠂ ︽ᠲᠦᠷᠢᠮ︾ ᠢ ᠲᠤᠭᠳᠠᠭᠠᠬᠰᠠᠨ ᠨᠢ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ  ᠪᠠᠶᠢᠭᠤᠯᠤᠯᠳᠠ ᠶᠢ ᠴᠢᠩᠭᠠᠳᠬᠠᠬᠰᠠᠨ ᠪᠠᠰᠠ ᠨᠢᠬᠡ ᠰᠢᠨ᠎ᠠ ᠦᠷ᠎ᠠ ᠪᠦᠳᠤᠬᠡᠯ ᠪᠤᠯᠤᠨ᠎ᠠ᠂ ᠬᠠᠤᠯᠢ ᠪᠠᠷ ᠵᠠᠰᠠᠬᠤ ᠠᠷᠭ᠎ᠠ ᠪᠠᠷ  ᠮᠠᠯ ᠲᠡᠵᠢᠬᠡᠪᠤᠷᠢ ᠶᠢᠨ ᠪᠤᠬᠢᠷᠳᠤᠯ ᠢ ᠰᠡᠷᠬᠡᠶᠢᠯᠠᠨ ᠵᠠᠰᠠᠬᠤ ᠪᠠ ᠮᠠᠯ ᠠᠵᠤ ᠠᠬᠤᠢ ᠶᠢᠨ ᠡᠷᠡᠬᠦᠯ ᠬᠦᠭᠵᠢᠯᠳᠠ ᠶᠢ  ᠢᠳᠡᠪᠬᠢᠳᠠᠢ ᠬᠠᠶᠢᠨ ᠰᠦᠪᠡᠭᠴᠢᠯᠡᠬᠦ ᠶᠢ ᠠᠬᠢᠭᠤᠯᠵᠤ᠂ ᠮᠠᠯ ᠵᠢᠬᠦᠷᠳᠡᠨ ᠤ ᠲᠡᠵᠢᠬᠡᠪᠤᠷᠢ ᠶᠢᠨ ᠤᠢᠢᠯᠡᠰ ᠤᠨ ᠬᠦᠭᠵᠢᠯᠳᠠ  ᠪᠤᠯᠤᠨ ᠬᠦᠳᠡᠭᠡ ᠲᠤᠰᠬᠤᠨ ᠤ ᠤᠷᠴᠢᠨ ᠲᠤᠭᠤᠷᠢᠨ ᠤ ᠬᠠᠮᠠᠭᠠᠯᠠᠯᠳᠠ ᠯᠤᠭ᠎ᠠ ᠶᠢᠨ ᠡᠶ᠎ᠡ ᠵᠤᠬᠢᠴᠠᠩᠭᠤᠢ ᠶᠢ ᠪᠡᠶᠡᠯᠡᠬᠦᠯᠬᠦ  ᠬᠠᠤᠯᠢ ᠴᠠᠭᠠᠵᠠ ᠶᠢᠨ ᠪᠠᠳᠤᠯᠠᠭ᠎ᠠ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠯᠪᠤᠬᠳᠠᠯ ᠪᠦᠬᠦᠢ ᠰᠠᠯᠠᠭ᠎ᠠ ᠮᠦᠴᠢᠷ  ᠤᠬᠠᠭᠤᠯᠬᠤ ᠠᠷᠭ᠎ᠠ ᠬᠡᠮᠵᠢᠶ᠎ᠡ ᠪᠠᠨ ᠰᠢᠨᠡᠴᠢᠯᠡᠵᠤ᠂ ᠤᠢᠢᠯᠡᠴᠢᠯᠡᠭᠡ ᠶᠢ ᠢᠳᠡᠪᠬᠢᠳᠠᠢ ᠰᠠᠶᠢᠳᠤᠷ ᠬᠢᠵᠤ᠂ ᠦᠨᠡᠨᠬᠦ ᠬᠠᠤᠯᠢ  ᠶᠤᠰᠤᠭᠠᠷ ᠵᠠᠰᠠᠬ ᠶᠠᠪᠤᠭᠤᠯᠵᠤ᠂ ︽ᠲᠦᠷᠢᠮ︾ ᠳᠤ ᠲᠤᠭᠳᠠᠭᠠᠬᠰᠠᠨ ᠡᠯ᠎ᠠ ᠵᠦᠢᠯ ᠤᠨ ᠲᠦᠷᠢᠮ ᠢ ᠲᠤᠤᠱᠯᠠᠭᠤᠯᠤᠨ  ᠭᠡᠷᠡᠭᠵᠢᠬᠦᠯᠵᠤ᠂ ᠮᠠᠯ ᠵᠢᠬᠦᠷᠳᠡᠨ ᠢ ᠬᠡᠪᠴᠢᠶᠡᠵᠢᠬᠦᠯᠤᠨ ᠲᠡᠵᠢᠬᠡᠨ ᠦᠷᠡᠵᠢᠬᠦᠯᠬᠦ ᠪᠤᠬᠢᠷᠳᠤᠯ ᠤᠨ ᠠᠰᠠᠭᠤᠳᠠᠯ ᠢ  ᠪᠦᠳᠤᠮᠵᠢᠳᠠᠢ ᠰᠢᠢᠳᠪᠤᠷᠢᠯᠠᠵᠤ᠂ ᠬᠦᠳᠡᠭᠡ ᠲᠤᠰᠬᠤᠨ ᠤ ᠤᠷᠴᠢᠨ ᠲᠤᠭᠤᠷᠢᠨ ᠤ ᠲᠦᠷᠰᠦ ᠪᠠᠶᠢᠳᠠᠯ ᠢ ᠰᠠᠶᠢᠵᠢᠷᠠᠭᠤᠯᠵᠤ᠂ ᠴᠡᠩᠬᠡᠷ ᠠᠭᠤᠯᠠ᠂ ᠴᠡᠩᠭᠡᠭ ᠤᠰᠤ᠂ ᠬᠦᠬᠡ ᠤᠬᠳᠠᠷᠭᠤᠢ ᠲᠠᠢ ᠨᠡᠶᠢᠬᠡᠮ ᠵᠢᠷᠤᠮ ᠤᠨ ᠰᠢᠨ᠎ᠠ ᠬᠦᠳᠡᠭᠡ ᠲᠤᠰᠬᠤᠨ ᠢ  ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠬᠡᠯᠡᠪᠡ᠃
 
ᠢᠷᠡᠯᠲᠡ᠄ ᠰᠢᠡᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号