ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ | | 649 ᠳ᠋ᠤᠭᠡᠷ ᠳᠤᠭᠠᠳᠤ | ︽ᠨᠡᠶᠢᠭᠡᠮ ᠤᠨ ᠠᠪᠤᠷᠠᠨ ᠳᠤᠰᠠᠯᠠᠬᠤ ᠶᠢ ᠳᠦᠷ ᠭᠡᠷᠡᠭᠵᠢᠬᠦᠯᠬᠦ ᠠᠷᠭ᠎ᠠ︾ ᠶᠢ ᠤᠳᠤ ᠨᠡᠶᠢᠳᠡᠯᠡᠶ᠎ᠡ᠂ 2014 | ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠵᠤ ᠭᠡᠷᠡᠭᠵᠢᠬᠦᠯᠦᠨ᠎ᠠ᠃ | ᠶᠡᠷᠦᠩᠭᠡᠢ ᠰᠠᠶᠢᠳ ᠯᠢ ᠺᠧ ᠴᠢᠶᠠᠩ | 2014 ᠤᠨ ᠤ 2 ᠰᠠᠷ᠎ᠠ ᠶᠢᠨ 21 ᠤ ᠡᠳᠤᠷ | ᠨᠢᠭᠡᠳᠦᠭᠡᠷ ᠪᠦᠯᠦᠭ ᠶᠡᠷᠦᠩᠭᠡᠢ ᠳᠦᠷᠢᠮ | ᠨᠢᠬᠡᠳᠦᠭᠡᠷ ᠵᠦᠢᠯ ᠨᠡᠶᠢᠭᠡᠮ ᠤᠨ ᠠᠪᠤᠷᠠᠨ ᠳᠤᠰᠠᠯᠠᠯᠳᠠ ᠶᠢ ᠴᠢᠩᠭᠠᠳᠬᠠᠵᠤ᠂ ᠡᠷᠭᠡᠳᠤ ᠠᠷᠠᠳ ᠤᠨ ᠦᠨᠳᠦᠰᠤᠨ | ᠠᠮᠢᠳᠤᠷᠠᠯ ᠢ ᠪᠠᠳᠤᠯᠠᠨ᠂ ᠨᠡᠶᠢᠭᠡᠮ ᠤᠨ ᠡᠷᠭᠡ ᠳᠡᠭᠰᠢ ᠶᠢ ᠠᠬᠢᠭᠤᠯᠵᠤ᠂ ᠨᠡᠶᠢᠭᠡᠮ ᠤᠨ ᠡᠶ᠎ᠡ ᠵᠤᠬᠢᠴᠠᠯ ᠪᠤᠯᠨ | ᠳᠤᠭᠳᠠᠭᠤᠨ ᠢ ᠬᠠᠮᠠᠭᠠᠯᠠᠬᠤ ᠶᠢᠨ ᠳᠤᠰᠠᠳᠠ᠂ ᠦᠨᠳᠦᠰᠦᠨ ᠬᠠᠤᠯᠢ ᠶᠢ ᠦᠨᠳᠦᠰᠦᠯᠡᠨ ᠳᠤᠰ ᠠᠷᠭ᠎ᠠ ᠶᠢ | ᠳᠤᠭᠳᠠᠭᠠᠪᠠ᠂ | ᠬᠤᠶᠠᠳᠤᠭᠠᠷ ᠵᠦᠢᠯ ᠨᠡᠶᠢᠬᠡᠮ ᠤᠨ ᠠᠪᠤᠷᠠᠨ ᠳᠤᠰᠠᠯᠠᠬᠤ ᠲᠦᠷᠢᠮ ᠨᠢ ᠨᠠᠭᠠᠳᠤ ᠵᠠᠬ᠎ᠠ ᠶᠢ ᠪᠠᠲᠤᠯᠠᠬᠤ᠂ ᠪᠠᠴᠢᠮ | ᠬᠦᠴᠢᠷᠳᠡᠯ ᠢ ᠠᠪᠤᠷᠠᠬᠤ᠂ ᠦᠷᠬᠦᠯᠵᠢᠯᠡᠬᠦ ᠶᠢ ᠪᠠᠷᠢᠮᠲᠠᠯᠠᠵᠤ᠂ ᠪᠤᠰᠤᠳ ᠨᠠᠶᠢᠬᠡᠮ ᠤᠨ ᠪᠠᠲᠤᠯᠠᠪᠤᠷᠢ ᠶᠢᠨ ᠲᠦᠷᠢᠮ | ᠲᠠᠢ ᠠᠪᠤᠴᠠᠯᠳᠤᠵᠤ᠂ ᠨᠡᠶᠢᠬᠡᠮ ᠤᠨ ᠠᠪᠤᠷᠠᠨ ᠲᠤᠰᠠᠯᠠᠬᠤ ᠲᠦᠪᠰᠢᠨ ᠢ ᠠᠵᠤ ᠠᠬᠤᠢ ᠨᠡᠶᠢᠬᠡᠮ ᠤᠨ | ᠬᠦᠭᠵᠢᠯᠲᠡ ᠶᠢᠨ ᠲᠦᠪᠰᠢᠨ ᠯᠦᠭᠡ ᠵᠤᠬᠢᠴᠠᠭᠤᠯᠤᠨ᠎ᠠ᠃ ᠨᠡᠶᠢᠬᠡᠮ ᠤᠨ ᠠᠪᠤᠷᠠᠨ ᠲᠤᠰᠠᠯᠠᠬᠤ ᠠᠵᠢᠯ ᠨᠢ ᠡᠷᠬᠡᠪᠰᠢ | ᠢᠯᠡ ᠳᠤᠳᠤ᠂ ᠡᠷᠬᠡ ᠳᠡᠭᠰᠢ᠂ ᠲᠦᠪ ᠭᠤᠤᠯᠴᠢ᠂ ᠴᠠᠭ ᠲᠤᠬᠠᠢ ᠳᠤᠨᠢ ᠪᠠᠶᠢᠬᠤ ᠵᠠᠷᠴᠢᠮ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ | ᠪᠦᠬᠦ ᠤᠯᠤᠰ ᠤᠨ ᠨᠡᠶᠢᠭᠡᠮ ᠤᠨ ᠠᠪᠤᠷᠠᠨ ᠳᠤᠰᠠᠯᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠡᠢ | ᠳᠦᠯᠦᠪᠯᠡᠨᠡ᠃ ᠳᠦᠷᠦ ᠶᠢᠨ ᠶᠠᠪᠤᠳᠠᠯ ᠤᠨ ᠬᠤᠷᠢᠶᠠᠨ ᠤ ᠠᠷᠡᠳ ᠤᠨ ᠶᠠᠪᠤᠳᠠᠯ ᠤᠨ ᠶᠠᠮᠤᠨ᠂ ᠡᠷᠡᠬᠦᠯ ᠬᠠᠮᠠᠭᠠᠯᠠᠯ | ᠪᠠ ᠳᠦᠯᠦᠪᠯᠡᠭᠡᠳᠤ ᠦᠷᠡᠵᠢᠯ ᠤᠨ ᠶᠠᠮᠤᠨ᠂ ᠰᠤᠷᠭᠠᠨ ᠬᠦᠮᠦᠵᠢᠯ ᠤᠨ ᠶᠠᠮᠤᠨ᠂ ᠤᠷᠤᠨ ᠰᠠᠭᠤᠴᠠ ᠪᠠ ᠬᠤᠳᠠ | ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠶᠢᠨ ᠶᠠᠮᠤᠨ ᠵᠡᠷᠭᠡ ᠰᠠᠯᠠᠭ᠎ᠠ ᠮᠦᠴᠢᠷ ᠨᠢ ᠳᠤᠰ ᠳᠤᠰ ᠤᠨ ᠡᠬᠦᠷᠭᠡ ᠴᠢᠳᠠᠪᠤᠷᠢ ᠲᠠᠢ ᠪᠠᠨ | ᠵᠤᠬᠢᠴᠠᠬᠤᠢᠢᠴᠠ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠬᠤᠰᠢᠭᠤ | ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ | ᠶᠠᠪᠤᠳᠠᠯ᠂ ᠡᠷᠡᠬᠦᠯ ᠬᠠᠮᠠᠭᠠᠯᠠᠯ ᠪᠡ ᠳᠦᠯᠦᠪᠯᠡᠭᠡᠳᠤ ᠦᠷᠡᠵᠢᠯ᠂ ᠰᠤᠷᠭᠠᠨ ᠬᠦᠮᠦᠵᠢᠯ᠂ ᠤᠷᠤᠨ ᠰᠠᠭᠤᠴᠠ ᠪᠠ | ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠵᠡᠷᠭᠡ ᠰᠠᠯᠠᠭ᠎ᠠ ᠮᠦᠴᠢᠷ ᠨᠢ ᠳᠤᠰ ᠳᠤᠰ ᠤᠨ ᠡᠬᠦᠷᠭᠡ ᠴᠢᠳᠠᠪᠤᠷᠢ ᠲᠠᠢ ᠪᠠᠨ ᠵᠤᠬᠢᠴᠠᠬᠤᠢᠢᠴᠠ ᠳᠤᠰ | ᠵᠠᠰᠠᠭ ᠵᠠᠬᠢᠷᠭᠠᠨ ᠤ ᠤᠷᠤᠨ ᠤ ᠬᠠᠷᠢᠶᠠᠨ ᠳᠠᠬᠢ ᠨᠡᠶᠢᠭᠡᠮ ᠤᠨ ᠠᠪᠤᠷᠠᠨ ᠳᠤᠰᠠᠠᠯᠠᠬᠤ ᠬᠠᠮᠢᠶᠠᠷᠤᠯᠳᠠ ᠶᠢᠨ ᠠᠵᠢᠯ ᠢ | ᠬᠠᠷᠢᠭᠤᠴᠠᠨ᠎ᠠ᠃ ᠡᠮᠤᠨ᠎ᠠ ᠬᠤᠶᠠᠷ ᠵᠦᠢᠯ ᠳᠤ ᠳᠤᠷᠠᠳᠤᠭᠰᠠᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ ᠨᠡᠶᠢᠳᠡᠮ | ᠳᠤ ᠨᠢ ᠨᠡᠶᠢᠭᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠭᠡᠨ᠎ᠡ᠃ | ᠳᠦᠷᠪᠡᠳᠦᠭᠡᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠠᠪᠤᠷᠠᠨ ᠳᠤᠰᠠᠯᠠᠯᠳᠠ ᠳᠤ ᠬᠤᠯᠪᠤᠭᠳᠠᠬᠤ | ᠭᠤᠶᠤᠴᠢᠯᠠᠯᠳᠠ ᠶᠢ ᠬᠦᠯᠢᠶᠡᠨ ᠠᠪᠤᠨ᠂ ᠪᠠᠶᠢᠴᠠᠭᠠᠨ ᠬᠢᠨᠠᠵᠤ᠂ ᠪᠤᠳᠠᠳᠠᠢ ᠠᠵᠢᠯ ᠢ ᠨᠡᠶᠢᠭᠡᠮ ᠤᠨ ᠠᠪᠤᠷᠠᠨ | ᠳᠤᠰᠠᠯᠠᠬᠤ ᠶᠢ ᠬᠦᠢᠴᠡᠳᠭᠡᠬᠦ ᠪᠠᠶᠢᠭᠤᠯᠤᠮᠵᠢ ᠡᠰᠡᠬᠦᠯ᠎ᠡ ᠭᠠᠷᠳᠠᠨ ᠬᠦᠢᠴᠡᠳᠭᠡᠬᠦ ᠬᠦᠮᠦᠰ ᠳᠠᠭᠠᠭᠠᠨ ᠬᠠᠷᠢᠭᠤᠴᠠᠨ᠎ᠠ᠃ | ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠨᠢ ᠨᠡᠶᠢᠭᠡᠮ ᠤᠨ ᠠᠪᠤᠷᠠᠨ | ᠳᠤᠰᠠᠯᠠᠬᠤ ᠠᠵᠢᠯ ᠢ ᠳᠡᠮᠵᠢᠨ ᠳᠤᠰᠠᠯᠠᠵᠤ ᠰᠠᠶᠢᠳᠤᠷ ᠬᠢᠬᠦ ᠭᠡᠷᠡᠭᠳᠡᠢ᠃ | ᠳᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ | ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠦᠭᠵᠢᠯᠳᠡ ᠶᠢᠨ ᠳᠦᠯᠦᠪᠵᠢᠬᠦᠯᠦᠭᠡ ᠳᠤ ᠤᠷᠤᠭᠤᠯᠵᠤ᠂ ᠵᠠᠰᠠᠭ ᠤᠨ ᠤᠷᠳᠤᠨ ᠤᠳᠤᠷᠢᠳᠤᠨ᠂ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠳᠤᠯᠤᠭᠠᠢᠢᠯᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠮᠵᠢᠯᠴᠠᠵᠤ᠂ | ᠨᠡᠶᠢᠭᠡᠮ ᠤᠨ ᠬᠦᠴᠤᠨ ᠤᠷᠤᠯᠴᠠᠭᠰᠠᠨ ᠂ ᠨᠡᠶᠢᠭᠡᠮ ᠤᠨ ᠠᠪᠤᠷᠠᠨ ᠳᠤᠰᠠᠯᠠᠬᠤ ᠠᠵᠢᠯ ᠢ ᠵᠤᠬᠢᠴᠠᠭᠤᠯᠬᠤ | ᠳᠤᠭᠳᠠᠴᠠ ᠶᠢ ᠪᠠᠶᠢᠭᠤᠯᠤᠨ ᠳᠡᠬᠦᠯᠳᠡᠷᠵᠬᠦᠯᠵᠤ᠂ ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ᠂ ᠡᠳ᠋ | ᠪᠤᠳᠠᠰ ᠤᠨ ᠪᠠᠳᠤᠯᠠᠭ᠎ᠠ ᠶᠢᠨ ᠳᠤᠭᠳᠠᠴᠠ ᠶᠢ ᠪᠦᠷᠢᠨᠰᠢᠬᠦᠯᠦᠨ᠂ ᠵᠠᠰᠠᠭ ᠤᠨ ᠤᠷᠳᠤᠨ ᠤ ᠳᠤᠬᠢᠷᠠᠭᠤᠯᠤᠭᠰᠠᠨ | ᠨᠡᠶᠢᠭᠡᠮ ᠤᠨ ᠠᠪᠤᠷᠠᠨ ᠳᠤᠰᠠᠯᠠᠬᠤ ᠪᠡᠯᠡ ᠮᠦᠡᠭᠬᠦ ᠪᠤᠯᠤᠨ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ | ᠵᠠᠷᠤᠳᠠᠯ ᠢ ᠡᠳ᠋ ᠤᠨ ᠵᠠᠰᠠᠭ ᠤᠨ ᠳᠦᠰᠦᠪ ᠲᠤ ᠤᠷᠤᠭᠤᠯᠪᠠᠯ ᠵᠤᠬᠢᠨ᠎ᠠ᠃ ᠨᠡᠶᠢᠭᠡᠮ ᠤᠨ ᠠᠪᠤᠷᠠᠨ ᠳᠤᠰᠠᠯᠠᠬᠤ ᠪᠡᠯᠡ | ᠮᠦᠡᠭᠬᠦ ᠶᠢ ᠳᠤᠰᠬᠠᠢ ᠳᠦᠷᠦᠯ ᠢᠶᠠᠷ ᠬᠠᠮᠢᠶᠠᠷᠬᠤ ᠶᠢ ᠭᠡᠷᠡᠭᠵᠢᠬᠦᠯᠦᠨ᠂ ᠳᠠᠩᠰᠠ ᠬᠤᠪᠢᠶᠠᠨ ᠳᠤᠭᠠᠴᠠᠭ᠎ᠠ ᠬᠢᠵᠤ᠂ | ᠳᠤᠰᠬᠠᠢ ᠵᠤᠭᠤᠰ ᠢ ᠳᠤᠰᠬᠠᠢ ᠳᠦᠷᠦᠯ ᠵᠦᠢᠯ ᠳᠤ ᠨᠢ ᠵᠠᠷᠤᠨ᠂ ᠶᠠᠮᠠᠷᠪᠠ ᠪᠠᠶᠢᠭᠤᠯᠤᠯᠭ᠎ᠠ ᠨᠢᠭᠡᠴᠡ ᠪᠠ ᠬᠤᠪᠢ | ᠬᠦᠮᠦᠨ ᠡᠵᠡᠯᠡᠬᠦ ᠪᠤᠶᠤ ᠨᠡᠬᠦᠯᠭᠡᠨ ᠭᠡᠷᠡᠭᠯᠡᠵᠤ ᠪᠤᠯᠬᠤ ᠦᠭᠡᠢ᠃ ᠨᠡᠶᠢᠭᠡᠮ ᠤᠨ ᠠᠪᠤᠷᠠᠨ ᠳᠤᠰᠠᠯᠠᠬᠤ ᠪᠡᠯᠡ | ᠮᠦᠡᠭᠬᠦ ᠶᠢ ᠭᠠᠷᠭᠠᠵᠤ ᠦᠭᠬᠦ ᠳᠡᠭᠡᠨ ᠡᠳ᠋ ᠤᠨ ᠵᠠᠰᠠᠭ ᠤᠨ ᠤᠯᠤᠰ ᠤᠨ ᠰᠠᠩ ᠤᠨ ᠬᠠᠮᠢᠶᠠᠷᠤᠯᠳᠠ ᠶᠢᠨ ᠬᠤᠯᠪᠤᠭᠳᠠᠯ | ᠪᠦᠬᠦᠢ ᠳᠤᠭᠳᠠᠭᠠᠯ ᠢᠶᠠᠷ ᠭᠡᠷᠡᠭᠵᠢᠬᠦᠯᠬᠦ ᠭᠡᠷᠡᠭᠳᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ | ᠨᠢ ᠤᠯᠤᠰ ᠤᠨ ᠨᠢᠭᠡᠳᠤᠯᠳᠡᠢ ᠳᠦᠯᠦᠪᠵᠢᠬᠦᠯᠦᠭᠡ ᠶᠤᠰᠤᠭᠠᠷ ᠨᠡᠶᠢᠭᠡᠮ ᠤᠨ ᠠᠪᠤᠷᠠᠨ ᠳᠤᠰᠠᠯᠠᠬᠤ | ᠬᠠᠮᠢᠶᠠᠷᠤᠯᠳᠠ ᠶᠢᠨ ᠴᠢᠮᠡᠭᠡ ᠵᠠᠩᠬᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠠᠪᠤᠷᠠᠨ ᠳᠤᠰᠠᠯᠠᠬᠤ ᠴᠢᠮᠡᠭᠡ | ᠵᠠᠩᠬᠢ ᠶᠢ ᠬᠠᠷᠢᠯᠴᠠᠨ ᠬᠤᠯᠪᠤᠨ ᠨᠡᠪᠳᠡᠷᠡᠬᠦᠯᠵᠤ᠂ ᠡᠬᠢ ᠪᠠᠶᠠᠯᠢᠭ ᠢ ᠬᠠᠮᠳᠤᠪᠠᠷ ᠡᠳ᠋ᠯᠡᠬᠦ ᠭᠡᠷᠡᠭᠳᠡᠢ᠃ | ᠳᠤᠯᠤᠳᠤᠭᠠᠷ ᠵᠦᠢᠯ ᠤᠯᠤᠰ ᠠᠴᠠ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ ᠳᠤᠰᠠᠯᠠᠯᠳᠠ ᠳᠤ | ᠤᠷᠤᠯᠴᠠᠬᠤ ᠶᠢ ᠤᠷᠮᠠᠰᠢᠭᠤᠯᠤᠨ ᠳᠡᠮᠵᠢᠨ᠎ᠡ᠃ | ᠨᠠᠢᠮᠠᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠠᠵᠢᠯ ᠳᠤ ᠳᠤᠪᠤᠶᠢᠮ᠎ᠠ ᠠᠮᠵᠢᠯᠳᠠ ᠪᠦᠳᠦᠭᠡᠯ | ᠭᠠᠷᠭᠠᠭᠰᠠᠨ ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠢ ᠤᠯᠤᠰ ᠤᠨ ᠬᠤᠯᠪᠤᠭᠳᠠᠯ ᠪᠦᠬᠦᠢ ᠳᠤᠭᠳᠠᠭᠠᠯ | ᠶᠤᠰᠤᠭᠠᠷ ᠬᠦᠬᠢᠬᠦᠯᠦᠨ ᠱᠠᠩᠨᠠᠨ᠎ᠠ᠃ | ᠬᠤᠶᠠᠳᠤᠭᠠᠷ ᠪᠦᠯᠦᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ | ᠶᠢᠰᠦᠳᠤᠭᠡᠷ ᠵᠦᠢᠯ ᠤᠯᠤᠰ ᠠᠴᠠ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠦᠮᠦᠨ | ᠳᠤᠮᠳᠠᠴᠢ ᠶᠢᠨ ᠤᠷᠤᠯᠭ᠎ᠠ ᠨᠢ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ | ᠪᠠᠷᠢᠮᠵᠢᠶ᠎ᠠ ᠠᠴᠠ ᠳᠤᠤᠷ᠎ᠠ ᠮᠦᠷᠳᠡᠭᠡᠨ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠭᠡᠷ ᠪᠦᠯᠢ ᠶᠢᠨ ᠡᠳ᠋ ᠬᠦᠷᠦᠩᠭᠡ ᠶᠢᠨ ᠠᠬᠤᠢ ᠪᠠᠶᠢᠳᠠᠯ ᠤᠨ ᠳᠤᠭᠳᠠᠭᠠᠯ ᠳᠤ ᠨᠡᠶᠢᠴᠡᠭᠰᠡᠨ ᠭᠡᠷ | ᠪᠦᠯᠢ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠭᠤᠨ᠎ᠠ᠃ | ᠠᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠡᠰᠡᠬᠦᠯ᠎ᠡ ᠳᠤᠭᠤᠷᠢᠭ ᠲᠠᠢ ᠬᠤᠳᠠ ᠶᠢᠨ ᠳᠡᠰ ᠤᠨ | ᠠᠷᠠᠳ ᠤᠨ ᠠᠷᠠᠳ ᠤᠨ ᠵᠠᠰᠠᠭ ᠤᠨ ᠤᠷᠳᠤᠨ ᠠᠴᠠ ᠳᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ | ᠳᠤ ᠵᠠᠪᠠᠯ ᠭᠡᠷᠡᠭᠯᠡᠬᠦ ᠵᠠᠷᠤᠳᠠᠯ ᠤᠨ ᠪᠠᠷᠢᠮᠵᠢᠶ᠎ᠠ ᠪᠠᠷ ᠳᠤᠭᠳᠠᠭᠠᠵᠤ ᠨᠡᠶᠢᠳᠡᠯᠡᠨ᠂ ᠳᠤᠬᠠᠢ ᠶᠢᠨ ᠭᠠᠵᠠᠷ ᠤᠨ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠳᠦᠪᠰᠢᠨ ᠬᠢᠭᠡᠳ ᠪᠠᠷᠠᠭ᠎ᠠ ᠲᠠᠸᠠᠷ ᠤᠨ ᠦᠨ᠎ᠠ ᠬᠠᠨᠭ᠍ᠰᠢ ᠶᠢᠨ | ᠬᠤᠪᠢᠷᠠᠯᠳᠠ ᠶᠢᠨ ᠪᠠᠶᠢᠳᠠᠯ ᠢ ᠦᠨᠳᠦᠰᠦᠯᠡᠵᠤ ᠴᠠᠭ ᠳᠤᠬᠠᠢ ᠳᠤ ᠨᠢ ᠳᠤᠬᠢᠷᠠᠭᠤᠯᠤᠯᠳᠠ ᠬᠢᠨ᠎ᠠ᠃ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ | ᠪᠠᠶᠢᠳᠠᠯ ᠢ ᠬᠢᠨᠠᠵᠤ ᠳᠤᠭᠳᠠᠭᠠᠬᠤ ᠠᠷᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ | ᠡᠰᠡᠬᠦᠯ᠎ᠠ ᠳᠤᠭᠤᠷᠢᠭ ᠲᠠᠢ ᠬᠤᠳᠠ ᠶᠢᠨ ᠳᠡᠰ ᠤᠨ ᠠᠷᠠᠳ ᠤᠨ ᠵᠠᠰᠠᠭ ᠤᠨ ᠤᠷᠳᠤᠨ ᠠᠴᠠ ᠤᠯᠤᠰ ᠤᠨ | ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠳᠤᠭᠳᠠᠭᠠᠨ᠎ᠠ᠃ | ᠠᠷᠪᠠᠨ ᠨᠢᠭᠡᠳᠤᠭᠡᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠭᠤᠶᠤᠯᠳᠠ ᠶᠢ ᠳᠤᠤᠷᠠᠬᠢ | ᠮᠠᠳᠤ ᠳᠡᠰ ᠳᠠᠷᠠᠭᠠᠯᠠᠯ ᠢᠶᠠᠷ ᠬᠦᠢᠴᠡᠳᠭᠡᠨ᠎ᠠ᠄ ︵ᠨᠢᠭᠡ︶ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠠᠴᠠ ᠡᠷᠦᠭᠡ ᠠᠮᠠᠨ ᠳᠠᠩᠰᠠ ᠨᠢ ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠪᠢᠴᠢᠭ ᠢᠶᠠᠷ | ᠭᠤᠶᠤᠴᠢᠯᠠᠨ᠎ᠠ︔ ᠭᠡᠷ ᠪᠦᠯᠢ ᠶᠢᠨ ᠪᠦᠷᠢᠯᠳᠦᠬᠦᠨ ᠨᠢ ᠭᠤᠶᠤᠴᠢᠯᠠᠯᠳᠠ ᠬᠢᠬᠦ ᠳᠤ ᠬᠦᠴᠢᠷ ᠲᠠᠢ ᠪᠤᠯ ᠭᠠᠴᠠᠭ᠎ᠠ | ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠤ ᠨᠠᠶᠢᠳᠠᠨ ᠤᠷᠤᠯᠠᠨ ᠭᠤᠶᠤᠴᠢᠯᠠᠵᠤ | ᠪᠤᠯᠤᠨ᠎ᠠ᠃ ︵ᠬᠤᠶᠠᠷ︶ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠡᠷᠦᠭᠡ ᠳᠤ ᠬᠦᠷᠴᠤ ᠪᠠᠶᠢᠴᠠᠭᠠᠬᠤ᠂ ᠬᠦᠷᠰᠢ ᠰᠠᠭᠠᠬᠠᠯᠳᠠ ᠠᠴᠠ ᠨᠢ | ᠠᠰᠠᠭᠤᠵᠤ ᠰᠤᠷᠠᠬᠤ᠂ ᠵᠠᠬᠢᠳᠠᠯ ᠢᠶᠠᠷ ᠭᠡᠷᠡᠴᠢ ᠠᠪᠬᠤ᠂ ᠤᠯᠠᠨ ᠳᠦᠮᠡᠨ ᠢᠶᠠᠷ ᠦᠨᠡᠯᠡᠬᠦᠯᠬᠦ᠂ ᠴᠢᠮᠡᠭᠡ ᠵᠠᠩᠬᠢ ᠶᠢ | ᠬᠢᠨᠠᠨ ᠪᠠᠶᠢᠴᠠᠭᠠᠬᠤ ᠵᠡᠷᠭᠡ ᠠᠷᠭ᠎ᠠ ᠪᠠᠷ ᠭᠤᠶᠤᠴᠢᠯᠠᠭᠰᠠᠨ ᠬᠦᠮᠦᠨ ᠤ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ | ᠡᠳ᠋ ᠬᠦᠷᠦᠩᠭᠡ ᠶᠢᠨ ᠪᠠᠶᠢᠳᠠᠯ ᠢ ᠪᠠᠶᠢᠴᠠᠭᠠᠵᠤ ᠬᠢᠨᠠᠨ ᠮᠠᠭᠠᠳᠯᠠᠨ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠴᠤ᠂ | ᠭᠤᠶᠤᠴᠢᠯᠠᠭᠰᠠᠨ ᠬᠦᠮᠦᠨ ᠤ ᠪᠠᠶᠢᠭ᠎ᠠ ᠭᠠᠴᠠᠭ᠎ᠠ ᠳᠤᠰᠬᠤᠨ᠂ ᠨᠡᠶᠢᠭᠡᠮ ᠳᠤᠭᠤᠷᠢᠭ ᠳᠤ ᠵᠠᠷᠯᠠᠨ ᠨᠡᠶᠢᠳᠡᠯᠡᠭᠰᠡᠨ ᠤ | ᠳᠠᠷᠠᠭ᠎ᠠ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠲᠤ ᠮᠡᠳᠡᠬᠦᠯᠦᠨ ᠵᠦᠪᠰᠢᠶᠡᠷᠡᠬᠦᠯᠦᠨ᠎ᠠ᠃ ︵ᠭᠤᠷᠪᠠ︶ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠬᠢᠨᠠᠨ ᠪᠠᠶᠢᠴᠠᠭᠠᠭᠠᠳ᠂ | ᠨᠦᠬᠦᠴᠡᠯ ᠳᠤ ᠨᠡᠶᠢᠴᠡᠬᠦ ᠭᠤᠶᠤᠴᠢᠯᠠᠯ ᠢ ᠨᠢ ᠵᠦᠪᠰᠢᠶᠡᠷᠡᠬᠦ ᠶᠢᠨ ᠬᠠᠮᠳᠤ ᠭᠤᠶᠤᠴᠢᠯᠠᠭᠰᠠᠨ ᠬᠦᠮᠦᠨ ᠤ ᠪᠠᠶᠢᠭ᠎ᠠ | ᠭᠠᠴᠠᠭ᠎ᠠ ᠳᠤᠰᠬᠤᠨ᠂ ᠨᠡᠶᠢᠭᠡᠮ ᠤᠨ ᠳᠤᠭᠤᠷᠢᠭ ᠲᠤ ᠵᠠᠷᠯᠠᠨ ᠨᠡᠶᠢᠳᠡᠯᠡᠨ᠎ᠡ︔ ᠨᠦᠬᠦᠴᠡᠯ ᠳᠤ ᠡᠰᠡ ᠨᠡᠶᠢᠴᠡᠬᠦ | ᠭᠤᠶᠤᠴᠢᠯᠠᠯᠳᠠ ᠶᠢ ᠦᠯᠦ ᠵᠦᠪᠰᠢᠶᠡᠷᠡᠨ᠂ ᠭᠤᠶᠤᠴᠢᠯᠠᠭᠰᠠᠨ ᠬᠦᠮᠦᠨ ᠳᠤ ᠨᠢ ᠪᠢᠴᠢᠭ ᠢᠶᠠᠷ ᠤᠴᠢᠷ ᠰᠢᠯᠳᠠᠭᠠᠨ ᠢ | ᠳᠤᠳᠤᠷᠬᠠᠢᠢᠯᠠᠵᠤ ᠦᠭᠬᠦᠨ᠎ᠠ᠃ | ᠠᠷᠪᠠᠨ ᠬᠤᠶᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠭᠤᠬᠤ ᠪᠠᠷ | ᠵᠦᠪᠰᠢᠶᠡᠷᠡᠭᠳᠡᠭᠰᠡᠨ ᠭᠡᠷ ᠪᠦᠯᠢ ᠳᠤ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠴᠤᠭ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ | ᠬᠦᠮᠦᠨ ᠳᠤᠮᠳᠠᠴᠢ ᠶᠢᠨ ᠤᠷᠤᠯᠭ᠎ᠠ ᠨᠢ ᠳᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ ᠵᠦᠷᠢᠶ᠎ᠠ ᠪᠠᠷ ᠨᠢ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠮᠦᠡᠭᠬᠦ ᠶᠢ ᠰᠠᠷ᠎ᠠ ᠪᠠᠷ ᠦᠭᠬᠦᠨ᠎ᠠ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ | ᠤᠯᠤᠭᠰᠠᠨ ᠤ ᠳᠠᠷᠠᠭ᠎ᠠ ᠠᠮᠢᠳᠤᠷᠠᠯ ᠨᠢ ᠮᠦᠨ ᠯᠡ ᠬᠦᠴᠢᠷᠳᠡᠯ ᠲᠠᠢ ᠪᠠᠶᠢᠭ᠎ᠠ ᠨᠠᠰᠤᠳᠠᠶᠢᠴᠤᠳ᠂ ᠨᠠᠰᠤᠨ ᠳᠤ | ᠦᠯᠦ ᠬᠦᠷᠦᠭᠰᠡᠳ᠂ ᠬᠦᠨᠳᠤ ᠭᠡᠴᠡᠬᠦᠤ ᠵᠡᠮᠳᠡᠭᠴᠤᠳ ᠪᠤᠯᠤᠨ ᠬᠦᠨᠳᠤ ᠡᠪᠡᠳᠴᠢᠳᠠᠳ ᠲᠤ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠴᠢᠬᠤᠯᠠ ᠪᠦᠬᠦᠢ ᠠᠷᠭ᠎ᠠ | ᠭᠡᠮᠵᠢᠶ᠎ᠡ ᠠᠪᠴᠤ᠂ ᠠᠮᠢᠳᠤᠷᠠᠯ ᠢ ᠨᠢ ᠪᠠᠳᠤᠯᠠᠬᠤ ᠭᠡᠷᠡᠭᠳᠡᠢ᠃ | ᠠᠷᠪᠠᠨ ᠭᠤᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠵᠤ ᠪᠠᠶᠢᠭ᠎ᠠ ᠭᠡᠷ | ᠪᠦᠯᠢ ᠶᠢᠨ ᠬᠦᠮᠦᠨ ᠠᠮᠠ ᠶᠢᠨ ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ | ᠬᠤᠪᠢᠷᠠᠯᠳᠠ ᠭᠠᠷᠤᠭᠰᠠᠨ ᠪᠤᠯ ᠴᠠᠭ ᠳᠠᠷᠤᠢ ᠳᠤ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠬᠦᠯᠬᠦ ᠭᠡᠷᠡᠭᠳᠡᠢ᠃ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠢᠴᠢ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠤᠯᠵᠤ ᠪᠠᠶᠢᠭ᠎ᠠ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ | ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ ᠳᠤᠭᠳᠠᠭᠰᠠᠨ ᠬᠤᠭᠤᠴᠠᠭ᠎ᠠ ᠲᠠᠢ ᠪᠠᠷ ᠬᠠᠷᠭᠤᠭᠤᠯᠤᠨ | ᠪᠠᠶᠢᠴᠠᠭᠠᠬᠤ ᠭᠡᠷᠡᠭᠳᠡᠢ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠬᠦᠮᠦᠨ ᠠᠮᠠ ᠶᠢᠨ | ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠬᠤᠪᠢᠷᠠᠯᠳᠠ ᠭᠠᠷᠪᠠᠯ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠴᠠᠭ | ᠳᠠᠷᠤᠢ ᠳᠤ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠡᠭᠬᠦ ᠢ ᠨᠡᠮᠡᠵᠤ ᠦᠭᠬᠦ᠂ ᠬᠠᠰᠤᠬᠤ | ᠡᠰᠡᠬᠦᠯ᠎ᠡ ᠵᠤᠭᠰᠤᠭᠠᠬᠤ ᠶᠢ ᠳᠤᠭᠳᠠᠭᠠᠬᠤ ᠭᠡᠷᠡᠭᠳᠡᠢ︔ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ | ᠮᠦᠡᠭᠬᠦ ᠶᠢ ᠵᠤᠭᠰᠤᠭᠠᠬᠤ ᠪᠠᠷ ᠳᠤᠭᠳᠠᠭᠰᠠᠳ ᠲᠤ ᠤᠴᠢᠷ ᠰᠢᠯᠳᠠᠭᠠᠨ ᠢ ᠨᠢ ᠪᠢᠴᠢᠭ ᠢᠶᠠᠷ ᠳᠤᠳᠤᠷᠬᠠᠢᠢᠯᠠᠵᠤ ᠦᠭᠬᠦ | ᠭᠡᠷᠡᠭᠳᠡᠢ᠃ | ᠭᠤᠷᠪᠠᠳᠤᠭᠠᠷ ᠪᠦᠯᠦᠭ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ | ᠠᠷᠪᠠᠨ ᠳᠦᠷᠪᠡᠳᠦᠭᠡᠷ ᠵᠦᠢᠯ ᠤᠯᠤᠰ ᠠᠴᠠ ᠬᠦᠳᠡᠯᠮᠦᠷᠢ ᠶᠢᠨ ᠴᠢᠳᠠᠪᠤᠷᠢ ᠦᠭᠡᠢ᠂ ᠠᠮᠢᠳᠤᠷᠠᠯ ᠤᠨ | ᠢᠷᠡᠯᠳᠡ ᠦᠭᠡᠢ ᠮᠦᠷᠳᠡᠭᠡᠨ ᠬᠠᠤᠯᠢ ᠶᠤᠰᠤᠨ ᠤ ᠠᠰᠠᠷᠠᠨ ᠳᠡᠵᠢᠭᠡᠬᠦ᠂ ᠳᠡᠵᠢᠭᠡᠬᠦ᠂ ᠳᠡᠳᠬᠦᠨ ᠳᠡᠵᠢᠭᠡᠬᠦ ᠡᠬᠦᠷᠭᠡ | ᠬᠠᠷᠢᠭᠤᠴᠠᠯᠭ᠎ᠠ ᠲᠠᠢ ᠬᠦᠮᠦᠨ ᠦᠭᠡᠢ ᠪᠤᠶᠤ ᠡᠰᠡᠬᠦᠯ᠎ᠠ ᠳᠡᠬᠦᠨ ᠢ ᠬᠠᠤᠯᠢ ᠶᠤᠰᠤᠭᠠᠷ ᠠᠰᠠᠷᠠᠨ ᠳᠡᠵᠢᠭᠡᠬᠦ᠂ | ᠳᠡᠵᠢᠭᠡᠬᠦ᠂ ᠳᠡᠳᠬᠦᠨ ᠳᠡᠵᠢᠭᠡᠬᠦ ᠡᠬᠦᠷᠭᠡ ᠬᠠᠷᠢᠭᠤᠴᠠᠯᠭ᠎ᠠ ᠲᠠᠢ ᠬᠦᠮᠦᠨ ᠪᠠᠶᠢᠭᠰᠠᠨ ᠴᠤ ᠳᠡᠷᠡ ᠨᠢ ᠠᠰᠠᠷᠠᠨ | ᠳᠡᠵᠢᠬᠡᠬᠦ᠂ ᠳᠡᠵᠢᠭᠡᠬᠦ᠂ ᠳᠡᠳᠬᠦᠨ ᠳᠡᠵᠢᠭᠡᠬᠦ ᠴᠢᠳᠠᠪᠤᠷᠢ ᠦᠭᠡᠢ ᠪᠤᠯᠤᠭᠰᠠᠨ ᠨᠠᠰᠤᠳᠠᠶᠢᠴᠤᠳ᠂ ᠵᠡᠮᠳᠡᠭᠴᠤᠳ | ᠬᠢᠭᠡᠳ ᠪᠦᠬᠦᠯᠢ 16 ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠤᠨᠴᠠ ᠬᠦᠴᠢᠷᠳᠡᠯ ᠲᠠᠢ | ᠬᠦᠮᠦᠨ ᠢᠶᠠᠷ ᠠᠰᠠᠷᠠᠨ ᠳᠡᠵᠢᠭᠡᠨ᠎ᠡ᠃ | ᠠᠷᠪᠠᠨ ᠳᠠᠪᠤᠳᠤᠭᠠᠷ ᠵᠦᠢᠯ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠠᠭᠤᠯᠭ᠎ᠠ᠄ | ︵ᠨᠢᠭᠡ︶ ᠦᠨᠳᠦᠰᠤᠨ ᠠᠮᠢᠳᠤᠷᠠᠯ ᠤᠨ ᠨᠦᠬᠦᠴᠡᠯ ᠬᠠᠨᠭ᠍ᠭᠠᠬᠤ︔ ︵ᠬᠤᠶᠠᠷ︶ ᠠᠮᠢᠳᠤᠷᠠᠯ ᠢᠶᠠᠨ | ᠠᠷᠭᠠᠴᠠᠵᠤ ᠳᠡᠶᠢᠯᠬᠦ ᠦᠭᠡᠢ ᠪᠤᠯᠤᠭᠰᠠᠳ ᠢ ᠠᠰᠠᠷᠠᠵᠤ ᠬᠠᠷᠠᠭᠠᠯᠵᠠᠬᠤ︔ ︵ᠭᠤᠷᠪᠠ︶ ᠡᠪᠡᠳᠴᠢᠨ | ᠡᠮᠭᠡᠭ ᠢ ᠨᠢ ᠡᠮᠨᠡᠨ ᠵᠠᠰᠠᠬᠤ︔ ︵ᠳᠦᠷᠪᠡ︶ ᠤᠷᠤᠰᠢᠭᠤᠯᠭ᠎ᠠ ᠶᠢᠨ ᠶᠠᠪᠤᠳᠠᠯ ᠢ ᠨᠢ ᠬᠦᠢᠴᠡᠳᠭᠡᠬᠦ᠃ | ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠪᠠᠢᠷᠮᠵᠢᠶᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠳᠠ ᠪᠤᠶᠤ ᠳᠤᠭᠤᠷᠢᠭ ᠲᠠᠢ ᠬᠤᠳᠠ ᠶᠢᠨ ᠳᠡᠰ ᠤᠨ ᠠᠷᠠᠳ ᠤᠨ ᠵᠠᠰᠠᠭ ᠤᠨ ᠤᠷᠳᠤᠨ ᠠᠴᠠ | ᠳᠤᠭᠳᠠᠭᠠᠵᠤ ᠨᠡᠶᠢᠳᠡᠯᠡᠨ᠎ᠡ᠃ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠦᠨᠳᠦᠰᠤᠨ ᠡᠮᠨᠡᠯᠭᠡ ᠶᠢᠨ ᠪᠠᠳᠤᠯᠠᠪᠤᠷᠢ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠦᠷᠢ᠂ ᠦᠨᠦᠴᠢᠨ ᠭᠡᠤᠭᠡᠳ ᠤᠨ ᠦᠨᠳᠦᠰᠦᠨ ᠠᠮᠢᠳᠤᠷᠠᠯ ᠤᠨ ᠪᠠᠳᠤᠯᠠᠪᠤᠷᠢ | ᠵᠡᠷᠭᠡ ᠳᠦᠷᠢᠮ ᠳᠤᠭᠳᠠᠭᠠᠯ ᠲᠠᠢ ᠠᠪᠴᠠᠯᠳᠤᠭᠤᠯᠬᠤ ᠭᠡᠷᠡᠭᠳᠡᠢ᠃ | ᠠᠷᠪᠠᠨ ᠵᠢᠷᠭᠤᠳᠤᠭᠠᠷ ᠵᠦᠢᠯ ᠤᠨᠴᠠ ᠬᠦᠴᠢᠷᠳᠡᠯ ᠲᠠᠢ ᠬᠦᠮᠦᠨ ᠢᠶᠠᠷ ᠠᠰᠠᠷᠠᠨ ᠳᠡᠵᠢᠭᠡᠭᠳᠡᠬᠦ ᠪᠠᠷ | ᠭᠤᠶᠤᠴᠢᠯᠠᠬᠤ ᠳᠠᠭᠠᠨ᠂ ᠳᠤᠰ ᠬᠦᠮᠦᠨ ᠨᠢ ᠡᠷᠦᠭᠡ ᠠᠮᠠᠨ ᠳᠠᠩᠰᠠ ᠪᠠᠶᠢᠭ᠎ᠠ ᠭᠠᠵᠠᠷ ᠤᠷᠤᠨ ᠤ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ | ᠪᠢᠴᠢᠭ ᠢᠶᠠᠷ ᠭᠤᠶᠤᠴᠢᠯᠠᠬᠤ ᠭᠡᠷᠡᠭᠳᠡᠢ︔ ᠭᠡᠷᠪᠡ ᠳᠤᠰ ᠬᠦᠮᠦᠨ ᠨᠢ ᠭᠤᠶᠤᠴᠢᠯᠠᠬᠤ ᠳᠤ ᠬᠦᠴᠢᠷ ᠲᠠᠢ ᠪᠤᠯ | ᠭᠠᠴᠠᠭ᠎ᠠ ᠳᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠤ ᠨᠡᠶᠢᠳᠡᠨ ᠤᠷᠤᠯᠠᠭᠤᠯᠤᠨ | ᠭᠤᠶᠤᠴᠢᠯᠠᠵᠤ ᠪᠤᠯᠤᠨ᠎ᠠ᠃ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠶᠢ ᠬᠢᠨᠠᠨ ᠵᠦᠪᠰᠢᠶᠡᠷᠡᠬᠦ ᠳᠡᠰ | ᠳᠠᠷᠠᠭᠠᠯᠠᠯ ᠢ ᠳᠤᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠤᠨ ᠳᠤᠭᠳᠠᠭᠠᠯ ᠢᠶᠠᠷ ᠭᠡᠷᠡᠭᠵᠢᠬᠦᠯᠦᠨ᠎ᠠ᠃ | ᠠᠷᠪᠠᠨ ᠳᠤᠯᠤᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤ ᠤᠷᠳᠤᠨ᠂ ᠵᠡᠭᠡᠯᠢ | ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠢ ᠴᠠᠭ ᠳᠤᠬᠠᠢ ᠳᠤ | ᠨᠢ ᠣᠢᠢᠯᠠᠭᠠᠨ ᠡᠵᠡᠮᠰᠢᠵᠤ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠬᠦ ᠨᠦᠬᠦᠴᠡᠯ ᠳᠤ ᠨᠡᠶᠢᠴᠡᠬᠦ ᠬᠦᠮᠦᠰ ᠢ | ᠤᠯᠵᠤ ᠮᠡᠳᠡᠪᠡᠯ᠂ ᠢᠳᠡᠪᠬᠢᠳᠡᠢ ᠪᠠᠷ ᠬᠠᠤᠯᠢ ᠶᠠᠰᠤᠭᠠᠷ ᠳᠡᠳᠡᠨ ᠳᠤ ᠠᠰᠠᠷᠠᠨ ᠳᠡᠵᠢᠭᠡᠬᠦ ᠭᠠᠷᠳᠠᠮ ᠢ ᠬᠦᠢᠴᠡᠳᠭᠡᠵᠤ | ᠦᠭᠬᠦ ᠭᠡᠷᠡᠭᠳᠡᠢ᠃ | ᠠᠷᠪᠠᠨ ᠨᠠᠢᠮᠠᠳᠤᠭᠠᠷ ᠵᠦᠢᠯ ᠤᠨᠴᠠ ᠬᠦᠴᠢᠷᠳᠠᠯ ᠲᠠᠢ ᠠᠰᠠᠷᠠᠨ ᠳᠡᠵᠢᠭᠡᠬᠦ ᠬᠦᠮᠦᠰ ᠨᠢ ᠠᠰᠠᠷᠠᠨ ᠳᠡᠵᠢᠭᠡᠬᠦ | ᠨᠦᠬᠦᠴᠡᠯ ᠳᠤ ᠨᠡᠶᠢᠴᠡᠬᠦ ᠦᠭᠡᠢ ᠪᠤᠯᠤᠭᠰᠠᠨ ᠪᠤᠯ ᠭᠠᠴᠠᠭ᠎ᠠ ᠳᠤᠰᠬᠤᠨ ᠤ ᠵᠦᠪᠯᠡᠯ᠂ ᠰᠠᠭᠤᠭᠠᠯᠢ ᠠᠷᠠᠳ ᠤᠨ | ᠵᠦᠪᠯᠡᠯ ᠡᠰᠡᠬᠦᠯ᠎ᠠ ᠠᠰᠠᠷᠠᠨ ᠳᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠮᠡᠳᠡᠭᠳᠡᠵᠤ᠂ ᠰᠤᠮᠤ | ᠰᠢᠶᠠᠩ ᠪᠠᠯᠭᠠᠰᠤᠨ ᠤ ᠠᠷᠠᠳ ᠤ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ | ᠬᠢᠨᠠᠵᠤ ᠰᠢᠯᠭᠠᠭᠠᠳ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠠᠰᠠᠷᠠᠨ ᠳᠡᠵᠢᠭᠡᠬᠦ ᠶᠢ | ᠵᠤᠭᠰᠤᠭᠠᠬᠤ ᠶᠢᠨ ᠬᠠᠮᠳᠤ ᠵᠠᠷᠯᠠᠨ ᠨᠡᠶᠢᠳᠡᠯᠡᠬᠦ ᠭᠡᠷᠡᠭᠳᠡᠢ᠃ | ᠠᠷᠪᠠ ᠶᠢᠰᠦᠳᠤᠭᠡᠷ ᠵᠦᠢᠯ ᠤᠨᠴᠠ ᠬᠦᠴᠢᠷᠳᠡᠯ ᠲᠠᠢ ᠬᠦᠮᠦᠰ ᠢ ᠠᠰᠠᠷᠠᠨ ᠳᠡᠵᠢᠭᠡᠬᠦ ᠳᠡᠭᠡᠨ ᠳᠤᠬᠠᠢ ᠶᠢᠨ | ᠭᠠᠵᠠᠷ ᠤᠨ ᠠᠰᠠᠷᠠᠨ ᠳᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠳᠦᠪᠯᠡᠷᠡᠬᠦᠯᠦᠨ ᠠᠰᠠᠷᠠᠨ ᠳᠡᠵᠢᠭᠡᠵᠤ ᠪᠤᠯᠬᠤ | ᠪᠦᠭᠡᠳ ᠮᠦᠨ ᠭᠡᠷ ᠡᠷᠦᠭᠡ ᠳᠤ ᠰᠠᠯᠤᠩᠬᠢ ᠪᠠᠷ ᠠᠰᠠᠷᠠᠨ ᠳᠡᠵᠢᠭᠡᠵᠤ ᠪᠤᠯᠤᠨ᠎ᠠ᠃ ᠤᠨᠴᠠ ᠬᠦᠴᠢᠷᠳᠡᠯ ᠲᠠᠢ | ᠠᠰᠠᠷᠠᠨ ᠳᠡᠵᠢᠭᠡᠭᠳᠡᠬᠦ ᠬᠦᠮᠦᠰ ᠨᠢ ᠠᠰᠠᠷᠠᠨ ᠳᠡᠵᠢᠭᠡᠬᠦ ᠭᠡᠯᠪᠡᠷᠢ ᠶᠢ ᠦᠪᠡᠷ ᠢᠶᠠᠨ ᠰᠤᠩᠭᠤᠵᠤ ᠪᠤᠯᠤᠨ᠎ᠠ᠃ | ᠳᠦᠷᠪᠡᠳᠤᠭᠡᠷ ᠪᠦᠯᠦᠭ ᠭᠠᠮᠰᠢᠭᠳᠠᠭᠰᠠᠳ ᠢ ᠠᠪᠤᠷᠠᠨ ᠳᠤᠰᠠᠯᠠᠬᠤ | ᠬᠤᠷᠢᠳᠤᠭᠠᠷ ᠵᠦᠢᠯ ᠤᠯᠤᠰ ᠠᠴᠠ ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠬᠤ ᠳᠦᠷᠢᠮ ᠢ | ᠪᠠᠶᠢᠭᠤᠯᠤᠨ ᠳᠡᠬᠦᠯᠳᠡᠷᠵᠢᠬᠦᠯᠵᠤ᠂ ᠦᠨᠳᠦᠰᠦᠨ ᠠᠮᠢᠳᠤᠷᠠᠯ ᠨᠢ ᠪᠠᠶᠢᠭᠠᠯᠢ ᠶᠢᠨ ᠭᠠᠮᠰᠢᠭ ᠲᠤ ᠬᠦᠨᠳᠤ ᠭᠡᠴᠡᠬᠦᠤ | ᠨᠦᠯᠦᠭᠡᠯᠡᠭᠳᠡᠭᠰᠡᠨ ᠬᠦᠮᠦᠰ ᠲᠤ ᠠᠮᠢᠳᠤᠷᠠᠯ ᠤᠨ ᠠᠪᠤᠷᠠᠨ ᠳᠤᠰᠠᠯᠠᠯᠳᠠ ᠬᠢᠨ᠎ᠠ᠃ ᠪᠠᠶᠢᠭᠠᠯᠢ ᠶᠢᠨ ᠭᠠᠮᠰᠢᠭ ᠤᠨ | ᠠᠪᠤᠷᠠᠨ ᠳᠤᠰᠠᠯᠠᠯᠳᠠ ᠶᠢ ᠭᠠᠵᠠᠷ ᠤᠷᠤᠨ ᠳᠤ ᠨᠢ ᠬᠠᠷᠢᠶᠠᠯᠠᠭᠤᠯᠤᠨ ᠬᠠᠮᠢᠶᠠᠷᠤᠭᠤᠯᠵᠤ᠂ ᠱᠠᠳᠤ ᠬᠤᠪᠢᠶᠠᠨ | ᠬᠠᠷᠢᠭᠤᠴᠠᠬᠤ ᠶᠢ ᠭᠡᠷᠡᠭᠵᠢᠬᠦᠯᠦᠨ᠎ᠠ᠃ | ᠬᠤᠷᠢᠨ ᠨᠢᠭᠡᠳᠤᠭᠡᠷ ᠵᠦᠢᠯ ᠳᠤᠭᠤᠷᠢᠭ ᠲᠠᠢ ᠬᠤᠳᠠ ᠶᠢᠨ ᠳᠡᠰ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠬᠢᠭᠡᠳ ᠪᠠᠶᠢᠭᠠᠯᠢ ᠶᠢᠨ ᠭᠠᠮᠰᠢᠭ ᠤᠯᠠᠨ ᠭᠠᠷᠳᠠᠭ ᠪᠠ ᠬᠢᠯᠪᠠᠷᠬᠠᠨ ᠭᠠᠷᠳᠠᠭ ᠭᠠᠵᠠᠷ ᠤᠷᠤᠨ ᠤ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ ᠭᠠᠮᠰᠢᠭ ᠤᠨ ᠤᠨᠴᠠᠯᠢᠭ᠂ ᠰᠠᠭᠤᠭᠠᠯᠢ | ᠠᠷᠠᠳ ᠤᠨ ᠬᠦᠮᠦᠨ ᠠᠮᠠ ᠶᠢᠨ ᠳᠤᠭ᠎ᠠ ᠭᠡᠮᠵᠢᠶ᠎ᠡ ᠪᠤᠯᠤᠨ ᠳᠠᠷᠬᠠᠯᠳᠠ ᠵᠡᠷᠭᠡ ᠪᠠᠶᠢᠳᠠᠯ ᠢ ᠦᠨᠳᠦᠰᠦᠯᠡᠨ᠂ | ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠬᠤ ᠡᠳ᠋ ᠪᠤᠳᠠᠰ ᠤᠨ ᠬᠠᠳᠠᠭᠠᠯᠠᠮᠵᠢ ᠶᠢᠨ ᠬᠦᠮᠦᠷᠭᠡ ᠶᠢ | ᠪᠠᠶᠢᠭᠤᠯᠵᠤ᠂ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭᠠᠬᠢ ᠠᠪᠤᠷᠠᠨ ᠳᠤᠰᠠᠯᠠᠬᠤ ᠡᠳ᠋ ᠪᠤᠳᠠᠰ ᠤᠨ ᠪᠠᠴᠢᠮ | ᠬᠠᠨᠭ᠍ᠭᠠᠯᠭ᠎ᠠ ᠶᠢ ᠪᠠᠳᠤᠯᠠᠬᠤ ᠭᠡᠷᠡᠭᠳᠡᠢ᠃ | ᠬᠤᠷᠢᠨ ᠬᠤᠶᠠᠳᠤᠭᠠᠷ ᠵᠦᠢᠯ ᠪᠠᠶᠢᠭᠠᠯᠢ ᠶᠢᠨ ᠭᠠᠮᠰᠢᠭ ᠭᠠᠷᠤᠭᠰᠠᠨ ᠤ ᠳᠠᠷᠠᠭ᠎ᠠ᠂ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠡᠰᠡᠬᠦᠯ᠎ᠠ ᠠᠷᠠᠳ ᠤᠨ ᠵᠠᠰᠠᠭ ᠤᠨ ᠤᠷᠳᠤᠨ ᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠳᠤᠰᠠᠯᠠᠵᠤ ᠪᠠᠴᠢᠮ ᠪᠠᠶᠢᠳᠠᠯ ᠢ ᠠᠷᠭᠠᠴᠠᠨ ᠶᠡᠷᠦᠩᠭᠡᠶᠢᠯᠡᠨ ᠵᠤᠬᠢᠴᠠᠭᠤᠯᠬᠤ | ᠪᠠᠶᠢᠭᠤᠯᠤᠮᠵᠢ ᠨᠢ᠂ ᠪᠠᠶᠢᠳᠠᠯ ᠢ ᠦᠨᠳᠦᠰᠦᠯᠡᠨ ᠳᠦᠷᠭᠡᠨ ᠳᠠᠷᠬᠠᠭᠠᠨ ᠵᠠᠶᠢᠯᠠᠭᠤᠯᠵᠤ᠂ ᠨᠡᠬᠦᠯᠭᠡᠨ ᠰᠢᠯᠵᠢᠬᠦᠯᠵᠤ᠂ | ᠭᠠᠮᠰᠢᠭᠳᠠᠭᠰᠠᠳ ᠢ ᠳᠦᠪᠬᠢᠨᠡᠬᠦᠯᠤᠨ᠂ ᠴᠠᠭ ᠳᠤᠬᠠᠢ ᠳᠤ ᠨᠢ ᠭᠠᠮᠰᠢᠭᠳᠠᠭᠰᠠᠳ ᠲᠤ ᠭᠡᠷᠡᠭᠴᠡᠭᠡ ᠪᠦᠬᠦᠢ ᠢᠳᠡᠭᠡᠨ | ᠤᠮᠳᠠᠭᠠᠨ᠂ ᠬᠤᠪᠴᠠᠰᠤ ᠬᠤᠨᠠᠷ᠂ ᠬᠦᠨᠵᠢᠯᠡ ᠳᠡᠪᠢᠰᠭᠡᠷ᠂ ᠳᠤᠯᠠᠭᠠᠴᠠᠯ ᠤᠨ ᠳᠦᠬᠦᠭᠡᠷᠦᠮᠵᠢ᠂ ᠳᠦᠷ ᠰᠠᠭᠤᠬᠤ | ᠤᠷᠤᠨ ᠰᠠᠭᠤᠴᠠ ᠶᠢ ᠬᠠᠨᠭ᠍ᠭᠠᠵᠤ᠂ ᠡᠮ ᠡᠮᠨᠡᠯᠭᠡ᠂ ᠬᠢᠵᠢᠭ ᠢ ᠰᠡᠷᠭᠡᠶᠢᠯᠡᠬᠦ ᠵᠡᠷᠭᠡ ᠪᠠᠴᠢᠮ ᠠᠪᠤᠷᠠᠨ ᠳᠤᠰᠠᠯᠠᠯᠳᠠ ᠶᠢ | ᠬᠢᠬᠦ ᠭᠡᠷᠡᠭᠳᠡᠢ᠃ | ᠬᠤᠷᠢᠨ ᠭᠤᠷᠪᠠᠳᠤᠭᠠᠷ ᠵᠦᠢᠯ ᠭᠠᠮᠰᠢᠭ ᠤᠨ ᠪᠠᠶᠢᠳᠠᠯ ᠨᠠᠮᠳᠠᠭᠰᠠᠨ ᠤ ᠳᠠᠷᠠᠭ᠎ᠠ᠂ ᠭᠠᠮᠰᠢᠭᠳᠠᠭᠰᠠᠨ | ᠤᠷᠤᠨ ᠤ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠪᠠᠶᠢᠭᠠᠯᠢ ᠶᠢᠨ | ᠭᠠᠮᠰᠢᠭ ᠤᠨ ᠬᠤᠬᠢᠷᠠᠯ ᠤᠨ ᠪᠠᠶᠢᠳᠠᠯ ᠢ ᠦᠨᠡᠯᠠᠨ ᠮᠠᠭᠠᠳᠯᠠᠵᠤ᠂ ᠬᠢᠨᠠᠵᠤ ᠳᠤᠭᠳᠠᠭᠠᠬᠤ ᠶᠢᠨ ᠳᠠᠭᠠᠤ ᠵᠠᠷᠯᠠᠨ | ᠨᠡᠶᠢᠳᠡᠯᠡᠬᠦ ᠭᠡᠷᠡᠭᠳᠡᠢ᠃ | ᠬᠤᠷᠢᠨ ᠳᠦᠷᠪᠡᠳᠤᠭᠡᠷ ᠵᠦᠢᠯ ᠭᠠᠮᠰᠢᠭᠳᠠᠭᠰᠠᠨ ᠤᠷᠤᠨ ᠤ ᠠᠷᠠᠳ ᠤᠨ ᠵᠠᠰᠠᠭ ᠤᠨ ᠤᠷᠳᠤᠨ ᠨᠢ ᠠᠮᠤᠷ | ᠳᠦᠪᠰᠢᠨ ᠢ ᠪᠠᠳᠤᠯᠠᠭᠰᠠᠨ ᠤᠷᠢᠳᠠᠯ ᠳᠤᠤᠷ᠎ᠠ᠂ ᠤᠷᠤᠨ ᠰᠠᠭᠤᠴᠠ ᠨᠢ ᠬᠦᠨᠳᠤ ᠭᠡᠴᠡᠬᠦᠤ ᠡᠪᠳᠡᠭᠳᠡᠭᠰᠡᠨ | ᠭᠠᠮᠰᠢᠭᠳᠠᠭᠰᠠᠳ ᠢ ᠰᠢᠯᠵᠢᠯᠳᠠ ᠶᠢᠨ ᠴᠢᠨᠠᠷ ᠲᠠᠢ ᠪᠠᠷ ᠳᠦᠪᠬᠢᠨᠡᠬᠦᠯᠬᠦ ᠭᠡᠷᠡᠭᠳᠡᠢ᠃ | ᠬᠤᠷᠢᠨ ᠳᠠᠪᠤᠳᠤᠭᠠᠷ ᠵᠦᠢᠯ ᠪᠠᠶᠢᠭᠠᠯᠢ ᠶᠢᠨ ᠭᠠᠮᠰᠢᠭ ᠨᠢ ᠠᠶᠤᠯ ᠳᠦᠭᠰᠢᠬᠦᠷᠢ ᠦᠭᠡᠢ ᠪᠤᠯᠤᠭᠰᠠᠨ ᠤ | ᠳᠠᠷᠠᠭ᠎ᠠ᠂ ᠭᠠᠮᠰᠢᠭᠳᠠᠭᠰᠠᠨ ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠨᠢ ᠳᠤᠰ ᠵᠠᠰᠠᠭ ᠵᠠᠬᠢᠷᠭᠠᠨ ᠤ ᠪᠠᠨ ᠭᠡᠪᠴᠢᠶᠠᠨ ᠳᠠᠬᠢ ᠰᠠᠭᠤᠭᠠᠯᠢ ᠠᠷᠠᠳ ᠤᠨ ᠤᠷᠤᠨ ᠰᠠᠭᠤᠴᠠ ᠶᠢ | ᠰᠡᠷᠬᠦᠭᠡᠨ ᠳᠠᠬᠢᠨ ᠪᠠᠶᠢᠭᠤᠯᠬᠤ ᠳᠤ ᠨᠦᠬᠦᠪᠤᠷᠢ ᠦᠭᠬᠦ ᠡᠳᠡᠭᠡᠳ ᠢᠶᠠᠨ ᠴᠠᠭ ᠳᠤᠬᠠᠢ ᠳᠤ ᠨᠢ ᠰᠢᠯᠭᠠᠨ | ᠳᠤᠭᠳᠠᠭᠠᠬᠤ ᠶᠢᠨ ᠳᠠᠭᠠᠤ ᠵᠤᠭᠤᠰ ᠮᠦᠡᠭᠬᠦ᠂ ᠡᠳ᠋ ᠪᠤᠳᠠᠰ ᠵᠡᠷᠭᠡ ᠪᠠᠷ ᠠᠪᠤᠷᠠᠨ ᠳᠤᠰᠠᠯᠠᠬᠤ ᠭᠡᠷᠡᠭᠳᠡᠢ᠃ | ᠬᠤᠷᠢᠨ ᠵᠢᠷᠭᠤᠳᠤᠭᠠᠷ ᠵᠦᠢᠯ ᠪᠠᠶᠢᠭᠠᠯᠢ ᠶᠢᠨ ᠭᠠᠮᠰᠢᠭ ᠡᠬᠦᠰᠦᠭᠰᠡᠨ ᠤ ᠳᠠᠷᠠᠭ᠎ᠠ᠂ ᠭᠠᠮᠰᠢᠭᠳᠠᠭᠰᠠᠨᠤᠷᠤᠨ ᠤ | ᠠᠷᠠᠳ ᠤᠨ ᠵᠠᠰᠠᠭ ᠤᠨ ᠤᠷᠳᠤᠨ ᠨᠢ ᠳᠤᠰ ᠵᠢᠯ ᠤᠨ ᠡᠪᠤᠯ ᠤᠨ ᠬᠦᠢᠳᠡᠨ ᠪᠠ ᠳᠠᠷᠠᠭ᠎ᠠ ᠵᠢᠯ ᠤᠨ ᠬᠠᠪᠤᠷ ᠤᠨ | ᠭᠠᠴᠢᠭ ᠠᠴᠠ ᠪᠤᠯᠤᠭᠠᠳ ᠠᠮᠢᠳᠤᠷᠠᠯ ᠳᠤ ᠨᠢ ᠬᠦᠴᠢᠷ ᠳᠤᠯᠠᠭᠠᠷᠠᠬᠤ ᠭᠠᠮᠰᠢᠭᠳᠠᠭᠰᠠᠳ ᠲᠤ ᠦᠨᠳᠦᠰᠦᠨ | ᠠᠮᠢᠳᠤᠷᠠᠯ ᠤᠨ ᠠᠪᠤᠷᠠᠨ ᠳᠤᠰᠠᠯᠠᠯᠳᠠ ᠬᠢᠬᠦ ᠭᠡᠷᠡᠭᠳᠡᠢ᠃ | ᠳᠠᠪᠤᠳᠤᠭᠠᠷ ᠪᠦᠯᠦᠭ ᠡᠮ ᠡᠮᠨᠡᠯᠭᠡ ᠶᠢᠨ ᠠᠪᠤᠷᠠᠨ ᠳᠤᠰᠠᠯᠠᠯᠳᠠ | ᠬᠤᠷᠢᠨ ᠳᠤᠯᠤᠳᠤᠭᠠᠷ ᠵᠦᠢᠯ ᠤᠯᠤᠰ ᠠᠴᠠ ᠡᠮ ᠡᠮᠨᠡᠯᠭᠡ ᠪᠠᠷ ᠠᠪᠤᠷᠠᠨ ᠳᠤᠰᠠᠯᠠᠬᠤ ᠳᠦᠷᠢᠮ ᠢ | ᠪᠠᠶᠢᠭᠤᠯᠤᠨ ᠳᠡᠬᠦᠯᠳᠡᠷᠵᠢᠬᠦᠯᠵᠤ᠂ ᠡᠮ ᠡᠮᠨᠡᠯᠭᠡ ᠪᠠᠷ ᠠᠪᠤᠷᠠᠨ ᠳᠤᠰᠠᠯᠠᠬᠤ ᠡᠳᠡᠭᠡᠳ ᠲᠤ ᠦᠨᠳᠦᠰᠦᠨ ᠡᠮ ᠡᠮᠨᠡᠯᠭᠡ | ᠡᠷᠡᠬᠦᠯ ᠬᠠᠮᠠᠭᠠᠯᠠᠯ ᠤᠨ ᠦᠢᠯᠡᠴᠢᠯᠡᠭᠡ ᠬᠦᠷᠳᠡᠭᠡᠬᠦ ᠶᠢ ᠪᠠᠳᠤᠯᠠᠬᠤ ᠭᠡᠷᠡᠭᠳᠡᠢ᠃ | ᠬᠤᠷᠢᠨ ᠨᠠᠢᠮᠠᠳᠤᠭᠠᠷ ᠵᠦᠢᠯ ᠳᠤᠤᠷᠠᠬᠢ ᠬᠦᠮᠦᠰ ᠬᠤᠯᠪᠤᠭᠳᠠᠯ ᠪᠦᠬᠦᠢ ᠡᠮ ᠡᠮᠨᠡᠯᠭᠡ ᠶᠢᠨ ᠠᠪᠤᠷᠠᠨ | ᠳᠤᠰᠠᠯᠠᠯᠳᠠ ᠭᠤᠶᠤᠴᠢᠯᠠᠵᠤ ᠪᠤᠯᠤᠨ᠎ᠠ᠄ ︵ᠨᠢᠭᠡ︶ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ | ᠭᠡᠷ ᠪᠦᠯᠢ ᠶᠢᠨ ᠪᠦᠷᠢᠯᠳᠦᠬᠦᠨ︔ ︵ᠬᠤᠶᠠᠷ︶ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ︔ | ︵ᠭᠤᠷᠪᠠ︶ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠳᠤᠭᠳᠠᠭᠠᠭᠰᠠᠨ ᠪᠤᠰᠤᠳ ᠤᠨᠴᠠᠭᠠᠢ ᠬᠦᠴᠢᠷᠳᠡᠯ ᠲᠠᠢ ᠬᠦᠮᠦᠰ᠃ | ᠬᠤᠷᠢ ᠶᠢᠰᠦᠳᠤᠭᠡᠷ ᠵᠦᠢᠯ ᠡᠮ ᠡᠮᠨᠡᠯᠭᠡ ᠶᠢᠨ ᠠᠪᠤᠷᠠᠨ ᠳᠤᠰᠠᠯᠠᠯᠳᠠ ᠳᠤ ᠳᠤᠤᠷᠠᠬᠢ ᠮᠠᠳᠤ ᠠᠷᠭ᠎ᠠ ᠶᠢ | ᠠᠪᠤᠨ᠎ᠠ᠄ ︵ᠨᠢᠭᠡ︶ ᠠᠪᠤᠷᠠᠨ ᠳᠤᠰᠠᠯᠠᠭᠳᠠᠬᠤ ᠡᠳᠡᠭᠡᠳ ᠤᠨ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠤᠶᠤ ᠰᠢᠨ᠎ᠠ ᠮᠠᠶ᠋ᠢᠭ ᠤᠨ ᠬᠦᠳᠡᠭᠡ ᠳᠤᠰᠬᠤᠨ ᠤ | ᠬᠤᠷᠰᠢᠭᠰᠠᠨ ᠡᠮᠨᠡᠯᠭᠡ ᠳᠤ ᠤᠷᠤᠭᠰᠠᠨ ᠬᠤᠪᠢ ᠬᠦᠮᠦᠨ ᠤ ᠳᠤᠰᠢᠶᠠᠬᠤ ᠵᠠᠷᠤᠳᠠᠯ ᠤᠨ ᠭᠡᠰᠡᠭ ᠳᠤ ᠨᠢ ᠨᠦᠬᠦᠪᠤᠷᠢ | ᠤᠯᠭᠤᠨ᠎ᠠ︔ ︵ᠬᠤᠶᠠᠷ︶ ᠠᠪᠤᠷᠠᠨ ᠳᠤᠰᠠᠯᠠᠭᠳᠠᠬᠤ ᠡᠳᠡᠭᠡᠳ ᠲᠤ ᠦᠨᠳᠦᠰᠤᠨ ᠡᠮ ᠡᠮᠨᠡᠯᠭᠡ ᠶᠢᠨ | ᠳᠠᠭᠠᠳᠬᠠᠯ᠂ ᠬᠦᠨᠳᠤ ᠳᠤᠮᠤ ᠡᠪᠡᠳᠴᠢᠨ ᠤ ᠳᠠᠭᠠᠳᠬᠠᠯ ᠬᠢᠭᠡᠳ ᠪᠤᠰᠤᠳ ᠡᠮ ᠡᠮᠨᠡᠯᠭᠡ ᠶᠢᠨ ᠨᠦᠬᠦᠪᠤᠷᠢ | ᠳᠠᠭᠠᠳᠬᠠᠯ ᠠᠴᠠ ᠰᠦᠢᠳᠭᠡᠯ ᠢ ᠨᠢ ᠳᠠᠭᠠᠭᠠᠭᠰᠠᠨ ᠤ ᠰᠡᠬᠦᠯᠡᠷ᠂ ᠬᠤᠪᠢ ᠬᠦᠮᠦᠨ ᠵᠢᠴᠢ ᠭᠡᠷ ᠪᠦᠯᠢ ᠨᠢ | ᠡᠬᠦᠷᠭᠡᠯᠡᠨ ᠳᠠᠭᠠᠭᠠᠵᠤ ᠳᠡᠶᠢᠯᠬᠦ ᠦᠭᠡᠢ ᠪᠦᠭᠡᠳ ᠳᠤᠭᠳᠠᠭᠠᠯ ᠳᠤ ᠨᠡᠶᠢᠴᠡᠬᠦ᠋ᠢᠴᠡ ᠦᠨᠳᠦᠰᠦᠨ ᠡᠮ ᠡᠮᠨᠡᠯᠭᠡ ᠶᠢᠨ | ᠦᠪᠡᠷ ᠲᠡᠭᠡᠨ ᠳᠠᠭᠠᠭᠠᠬᠤ ᠰᠦᠢᠳᠭᠡᠯ ᠳᠤ ᠨᠢ ᠨᠦᠬᠦᠪᠤᠷᠢ ᠤᠯᠭᠤᠨ᠎ᠠ᠃ ᠡᠮ ᠡᠮᠨᠡᠯᠭᠡ ᠶᠢᠨ ᠠᠪᠤᠷᠠᠨ ᠳᠤᠰᠠᠯᠠᠬᠤ | ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠳᠦᠪᠰᠢᠨ ᠪᠤᠯᠤᠨ ᠡᠮ ᠡᠮᠨᠡᠯᠭᠡ ᠶᠢᠨ ᠠᠪᠤᠷᠠᠨ ᠳᠤᠰᠠᠯᠠᠯᠳᠠ ᠶᠢᠨ ᠵᠤᠭᠤᠰ | ᠮᠦᠡᠭᠬᠦᠨ ᠤ ᠪᠠᠶᠢᠳᠠᠯ ᠢᠶᠠᠨ ᠦᠨᠳᠦᠰᠦᠯᠡᠨ ᠳᠤᠳᠠᠭᠠᠵᠤ᠂ ᠵᠠᠷᠯᠠᠨ ᠨᠡᠶᠢᠳᠡᠯᠡᠨ᠎ᠡ᠃ | ᠭᠤᠴᠢᠳᠤᠭᠠᠷ ᠵᠦᠢᠯ ᠡᠮ ᠡᠮᠨᠡᠯᠭᠡ ᠶᠢᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠳᠤᠷᠠᠳᠤᠨ | ᠭᠠᠷᠭᠠᠵᠤ᠂ ᠬᠢᠨᠠᠨ ᠰᠢᠯᠭᠠᠵᠤ ᠵᠠᠷᠯᠠᠨ ᠨᠡᠶᠢᠳᠡᠯᠡᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠭᠡᠷᠡᠭᠳᠡᠢ᠃ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ ᠬᠢᠭᠡᠳ ᠤᠨᠴᠠ ᠬᠦᠴᠢᠷᠳᠡᠯ ᠲᠠᠢ | ᠠᠪᠤᠷᠠᠨ ᠳᠡᠵᠢᠭᠡᠭᠳᠡᠭᠰᠠᠳ ᠤᠨ ᠡᠮ ᠡᠮᠨᠡᠯᠭᠡ ᠶᠢᠨ ᠠᠪᠤᠷᠠᠨ ᠳᠤᠰᠠᠯᠠᠯᠳᠠ ᠶᠢ ᠪᠤᠯ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠰᠢᠭᠤᠳ ᠬᠦᠢᠴᠡᠳᠭᠡᠨ᠎ᠡ᠃ | | ᠭᠤᠴᠢᠨ ᠨᠢᠭᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠡᠮ ᠡᠮᠨᠡᠯᠭᠡ ᠶᠢᠨ ᠠᠪᠤᠷᠠᠨ ᠳᠤᠰᠠᠯᠠᠯᠳᠠ ᠬᠢᠭᠡᠳ ᠦᠨᠳᠦᠰᠤᠨ ᠡᠮ ᠡᠮᠨᠡᠯᠭᠡ ᠶᠢᠨ ᠳᠠᠭᠠᠳᠬᠠᠯ᠂ | ᠳᠤᠮᠤ ᠶᠡᠭᠡ ᠡᠪᠡᠳᠴᠢᠨ ᠤ ᠳᠠᠭᠠᠳᠬᠠᠯ ᠢ ᠬᠠᠷᠢᠯᠴᠠᠨ ᠠᠪᠴᠠᠯᠳᠤᠭᠤᠯᠤᠭᠰᠠᠨ ᠡᠮ ᠡᠮᠨᠡᠯᠭᠡ ᠶᠢᠨ ᠵᠠᠷᠤᠳᠠᠯ ᠢ | ᠳ᠋ᠦᠡᠭᠨᠡᠨ ᠪᠤᠳᠤᠬᠤ ᠳᠤᠭᠳᠠᠴᠠ ᠶᠢ ᠪᠠᠶᠢᠭᠤᠯᠤᠨ ᠳᠡᠬᠦᠳᠡᠷᠵᠢᠬᠦᠯᠵᠤ᠂ ᠡᠮ ᠡᠮᠨᠡᠯᠭᠡ ᠪᠠᠷ ᠠᠪᠤᠷᠠᠨ ᠳᠤᠰᠠᠯᠠᠭᠤᠯᠬᠤ | ᠡᠳᠡᠭᠡᠳ ᠲᠤ ᠳᠦᠬᠦᠮ ᠳᠦᠳᠡ ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠭᠤᠴᠢᠨ ᠬᠤᠶᠠᠳᠤᠭᠠᠷ ᠵᠦᠢᠯ ᠤᠯᠤᠰ ᠠᠴᠠ ᠡᠪᠡᠳᠴᠢᠨ ᠳᠠᠬᠤᠯ ᠢ ᠪᠠᠴᠢᠮ ᠠᠪᠤᠷᠠᠨ ᠳᠤᠰᠠᠯᠠᠬᠤ | ᠳᠦᠷᠢᠮ ᠢ ᠪᠠᠶᠢᠭᠤᠯᠵᠤ᠂ ᠪᠠᠴᠢᠮ ᠠᠪᠤᠷᠠᠬᠤ ᠴᠢᠬᠤᠯᠠ ᠲᠠᠢ᠂ ᠭᠡᠪᠡᠴᠤ ᠪᠡᠶ᠎ᠡ ᠶᠢᠨ ᠭᠠᠷᠤᠯ ᠨᠢ ᠳᠤᠳᠤᠷᠬᠠᠢ ᠪᠤᠰᠤ | ᠪᠤᠶᠤ ᠳᠦᠷᠭᠡᠨ ᠠᠪᠤᠷᠠᠯᠳᠠ ᠶᠢᠨ ᠵᠠᠷᠤᠳᠠᠯ ᠢᠶᠠᠨ ᠳᠤᠰᠢᠶᠠᠵᠤ ᠳᠡᠶᠢᠯᠬᠦ ᠦᠭᠡᠢ ᠪᠠᠴᠢᠮ᠂ ᠬᠦᠨᠳᠤ᠂ ᠠᠶᠤᠯᠳᠠᠢ | ᠰᠢᠷᠬᠠᠳᠠᠳ ᠡᠪᠡᠳᠴᠢᠳ ᠲᠤ ᠠᠪᠤᠷᠠᠨ ᠳᠤᠰᠠᠯᠠᠯᠳᠠ ᠬᠢᠨ᠎ᠠ᠃ ᠳᠤᠭᠳᠠᠭᠠᠯ ᠳᠤ ᠨᠡᠶᠢᠴᠡᠬᠦ᠋ᠢᠴᠡ ᠳᠦᠷᠭᠡᠨ | ᠠᠪᠤᠷᠠᠯᠳᠠ ᠶᠢᠨ ᠵᠠᠷᠤᠳᠠᠯ ᠢ ᠡᠪᠡᠳᠴᠢᠨ ᠳᠠᠬᠤᠯ ᠤᠨ ᠪᠠᠴᠢᠮ ᠠᠪᠤᠷᠠᠨ ᠳᠤᠰᠠᠯᠠᠯᠳᠠ ᠶᠢᠨ ᠰᠠᠭᠤᠷᠢ ᠮᠦᠡᠭᠬᠦᠨ | ᠠᠴᠠ ᠭᠠᠷᠭᠠᠨ᠎ᠠ᠃ ᠡᠪᠡᠳᠴᠢᠨ ᠳᠠᠬᠤᠯ ᠳᠤ ᠪᠠᠴᠢᠮ ᠠᠪᠤᠷᠠᠨ ᠳᠤᠰᠠᠯᠠᠯᠳᠠ ᠬᠢᠬᠦ ᠳᠦᠷᠢᠮ ᠨᠢ ᠪᠤᠰᠤᠳ ᠡᠮ | ᠡᠮᠨᠡᠯᠭᠡ ᠶᠢᠨ ᠪᠠᠳᠤᠯᠠᠪᠤᠷᠢ ᠶᠢᠨ ᠳᠦᠷᠢᠮ ᠯᠦᠭᠡ ᠬᠠᠷᠢᠯᠴᠠᠨ ᠠᠪᠴᠠᠯᠳᠤᠭᠰᠠᠨ ᠪᠠᠶᠢᠬᠤ ᠭᠡᠷᠡᠭᠳᠡᠢ᠃ | ᠵᠢᠷᠭᠤᠳᠤᠭᠠᠷ ᠪᠦᠯᠦᠭ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ | ᠭᠤᠴᠢᠨ ᠭᠤᠷᠪᠠᠳᠤᠭᠠᠷ ᠵᠦᠢᠯ ᠤᠯᠤᠰ ᠠᠴᠠ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ | ᠳᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠠᠭᠠᠳᠤ ᠶᠢᠨ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ | ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠲᠤ ᠰᠤᠷᠭᠠᠨ ᠬᠦᠮᠦᠵᠢᠯ ᠤᠨ | ᠠᠪᠤᠷᠠᠨ ᠳᠤᠰᠠᠯᠠᠯᠳᠠ ᠬᠢᠨ᠎ᠠ᠃ ᠦᠨᠳᠦᠷ ᠳᠤᠮᠳᠠᠳᠤ ᠶᠢᠨ ᠰᠤᠷᠭᠠᠨ ᠬᠦᠮᠦᠵᠢᠯ ︵ᠳᠤᠮᠳᠠᠳᠤ ᠵᠡᠷᠭᠡ ᠶᠢᠨ ᠳᠤᠰᠬᠠᠢ | ᠮᠡᠷᠭᠡᠵᠢᠯ ᠤᠨ ᠰᠤᠷᠭᠠᠨ ᠬᠦᠮᠦᠵᠢᠯ ᠪᠠᠭᠳᠠᠨ᠎ᠠ︶᠂ ᠡᠩ ᠤᠨ ᠶᠡᠭᠡ ᠳᠡᠭᠡᠳᠤ ᠰᠤᠷᠭᠠᠭᠤᠯᠢ ᠶᠢᠨ ᠰᠤᠷᠭᠠᠨ | ᠬᠦᠮᠦᠵᠢᠯ ᠤᠨ ᠱᠠᠳᠤᠨ ᠳᠠᠬᠢ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢᠳᠤ ᠭᠡᠷ ᠪᠦᠯᠢ ᠶᠢᠨ ᠪᠦᠷᠢᠯᠳᠦᠬᠦᠨ᠂ ᠤᠨᠴᠠ ᠬᠦᠴᠢᠷᠳᠡᠯ ᠲᠠᠢ ᠠᠰᠠᠷᠠᠨ ᠳᠡᠵᠢᠭᠡᠭᠳᠡᠭᠰᠡᠳ ᠬᠢᠭᠡᠳ | ᠰᠤᠷᠭᠠᠭᠤᠯᠢ ᠳᠤ ᠤᠷᠤᠵᠤ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠤ ᠳᠡᠶᠢᠯᠬᠦ ᠦᠭᠡᠢ ᠵᠡᠮᠳᠡᠭ | ᠭᠡᠤᠭᠡᠳᠴᠤᠳ ᠲᠤ ᠪᠤᠳᠠᠳᠤ ᠪᠠᠶᠢᠳᠠᠯ ᠢ ᠨᠢ ᠦᠨᠳᠦᠰᠦᠯᠡᠵᠤ᠂ ᠵᠤᠬᠢᠬᠤ ᠰᠤᠷᠭᠠᠨ ᠬᠦᠮᠦᠵᠢᠯ ᠤᠨ ᠠᠪᠤᠷᠠᠨ | ᠳᠤᠰᠠᠯᠠᠯᠳᠠ ᠬᠢᠨ᠎ᠠ᠃ | ᠭᠤᠴᠢᠨ ᠳᠦᠷᠪᠡᠳᠤᠭᠡᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠨᠢ ᠠᠳᠠᠯᠢ ᠪᠤᠰᠤ ᠰᠤᠷᠭᠠᠨ | ᠬᠦᠮᠦᠵᠢᠯ ᠤᠨ ᠱᠠᠳᠤᠨ ᠤ ᠭᠡᠷᠡᠭᠴᠡᠭᠡ ᠶᠢ ᠦᠨᠳᠦᠰᠦᠯᠡᠨ᠂ ᠬᠤᠯᠪᠤᠭᠳᠠᠯ ᠪᠦᠬᠦᠢ ᠵᠠᠷᠤᠳᠠᠯ ᠢ ᠬᠡᠯᠳᠦᠷᠢᠬᠦᠯᠵᠤ | ᠬᠠᠰᠤᠬᠤ᠂ ᠰᠤᠷᠤᠯᠭ᠎ᠠ ᠶᠢᠨ ᠳᠤᠰᠠᠯᠠᠮᠵᠢ ᠶᠢᠨ ᠮᠦᠡᠭᠬᠦ ᠦᠭᠬᠦ᠂ ᠰᠤᠷᠤᠭᠴᠢᠳ ᠲᠤ ᠠᠮᠢᠳᠤᠷᠠᠯ ᠤᠨ ᠨᠦᠬᠦᠪᠤᠷᠢ | ᠦᠭᠬᠦ᠂ ᠠᠵᠢᠯ ᠬᠦᠳᠡᠯᠮᠤᠷᠢ ᠬᠢᠯᠭᠡᠨ ᠰᠤᠷᠤᠯᠭ᠎ᠠ ᠳᠤ ᠨᠢ ᠳᠤᠰᠠᠯᠠᠬᠤ ᠵᠡᠷᠭᠡ ᠠᠷᠭ᠎ᠠ ᠭᠡᠮᠵᠢᠶ᠎ᠡ ᠠᠪᠴᠤ᠂ ᠰᠤᠷᠭᠠᠨ | ᠬᠦᠮᠦᠵᠢᠯ ᠤᠨ ᠠᠪᠤᠷᠠᠨ ᠳᠤᠰᠠᠯᠠᠭᠳᠠᠬᠤ ᠡᠳᠡᠭᠡᠳ ᠤᠨ ᠦᠨᠳᠦᠰᠦᠨ ᠰᠤᠷᠤᠯᠭ᠎ᠠ ᠠᠮᠢᠳᠤᠷᠠᠯ ᠤᠨ ᠭᠡᠷᠡᠭᠴᠡᠭᠡ ᠶᠢ | ᠪᠠᠳᠤᠯᠠᠨ᠎ᠠ᠃ | ᠭᠤᠴᠢᠨ ᠳᠠᠪᠤᠳᠤᠭᠠᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠠᠯᠬᠤ ᠪᠠᠷᠢᠮᠵᠢᠶ᠎ᠠ ᠶᠢ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠨᠢ᠂ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠳᠦᠪᠰᠢᠨ ᠭᠡᠬᠢᠳ ᠦᠨᠳᠦᠰᠤᠨ ᠰᠤᠷᠤᠯᠭ᠎ᠠ ᠠᠮᠢᠳᠤᠷᠠᠯ ᠤᠨ ᠭᠡᠷᠡᠭᠴᠡᠭᠡ ᠶᠢ | ᠦᠨᠳᠦᠰᠦᠯᠡᠨ ᠳᠤᠭᠳᠠᠭᠠᠵᠤ᠂ ᠵᠠᠷᠯᠠᠨ ᠨᠡᠶᠢᠳᠡᠯᠡᠨ᠎ᠡ᠃ | ᠭᠤᠴᠢᠨ ᠵᠢᠷᠭᠤᠳᠤᠭᠠᠷ ᠵᠦᠢᠯ ᠰᠤᠷᠭᠠᠨ ᠬᠦᠮᠦᠵᠢᠯ ᠤᠨ ᠠᠪᠤᠷᠠᠨ ᠳᠤᠰᠠᠯᠠᠯᠳᠠ ᠶᠢ ᠭᠤᠶᠤᠴᠢᠯᠠᠬᠤ ᠳᠠᠭᠠᠨ᠂ | ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠰᠤᠤᠯᠴᠠᠵᠤ ᠪᠠᠶᠢᠭ᠎ᠠ ᠰᠤᠷᠭᠠᠭᠤᠯᠢ ᠳᠠᠭᠠᠨ ᠳᠤᠷᠠᠳᠤᠨ | ᠭᠠᠷᠭᠠᠵᠤ᠂ ᠳᠤᠭᠳᠠᠭᠰᠠᠨ ᠳᠡᠰ ᠳᠠᠷᠠᠭᠠᠯᠠᠯ ᠢᠶᠠᠷ ᠬᠢᠨᠠᠵᠤ ᠰᠢᠯᠭᠠᠭᠤᠯᠤᠨ᠂ ᠨᠤᠳᠠᠯᠠᠨ ᠵᠦᠪᠰᠢᠶᠡᠷᠡᠬᠦᠯᠦᠭᠰᠡᠨ ᠤ | ᠳᠠᠷᠠᠭ᠎ᠠ᠂ ᠰᠤᠷᠭᠠᠭᠤᠯᠢ ᠨᠢ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠭᠡᠷᠡᠭᠵᠢᠬᠦᠯᠬᠦ ᠭᠡᠷᠡᠭᠳᠡᠢ᠃ | | ᠳᠤᠯᠤᠳᠤᠭᠠᠷ ᠪᠦᠯᠦᠭ ᠤᠷᠤᠨ ᠰᠠᠭᠤᠴᠠ ᠶᠢᠨ ᠠᠪᠤᠷᠠᠨ ᠳᠤᠰᠠᠯᠠᠯᠳᠠ | ᠭᠤᠴᠢᠨ ᠳᠤᠯᠤᠳᠤᠭᠠᠷ ᠵᠦᠢᠯ ᠤᠯᠤᠰ ᠠᠴᠠ ᠳᠤᠭᠳᠠᠭᠠᠯ ᠤᠨ ᠪᠠᠷᠢᠮᠵᠢᠶ᠎ᠠ ᠳᠤ ᠨᠡᠶᠢᠴᠡᠭᠰᠡᠨ ᠤᠷᠤᠨ | ᠰᠠᠭᠤᠴᠠ ᠬᠦᠴᠢᠷᠳᠡᠯ ᠲᠠᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ᠂ ᠰᠠᠯᠤᠩᠬᠢ ᠪᠠᠷ | ᠠᠰᠠᠷᠠᠨ ᠳᠡᠵᠢᠭᠡᠵᠤ ᠪᠠᠶᠢᠭ᠎ᠠ ᠤᠨᠴᠠ ᠬᠦᠴᠢᠷᠳᠡᠯ ᠲᠠᠢ ᠬᠦᠮᠦᠰ ᠲᠤ ᠤᠷᠤᠨ ᠰᠠᠭᠤᠴᠠ ᠶᠢᠨ ᠠᠪᠤᠷᠠᠨ | ᠳᠤᠰᠠᠯᠠᠯᠳᠠ ᠬᠢᠨ᠎ᠠ᠃ | ᠭᠤᠴᠢᠨ ᠨᠠᠢᠮᠠᠳᠤᠭᠠᠷ ᠵᠦᠢᠯ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠨᠡᠶᠢᠳᠡ ᠶᠢᠨ ᠳᠦᠷᠢᠶᠡᠰᠤᠨ | ᠤᠷᠤᠨ ᠰᠠᠭᠤᠴᠠ ᠠᠴᠠ ᠳᠦᠷᠢᠶᠡᠰᠦᠯᠡᠵᠤ ᠦᠭᠬᠦ᠂ ᠤᠷᠤᠨ ᠰᠠᠭᠤᠴᠠ ᠶᠢᠨ ᠳᠦᠷᠢᠶᠡᠰᠤᠨ ᠤ ᠨᠦᠬᠦᠪᠤᠷᠢ ᠦᠭᠬᠦ᠂ | ᠬᠦᠳᠡᠭᠡ ᠳᠤᠰᠬᠤᠨ ᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠬᠦ ᠵᠡᠷᠭᠡ ᠠᠷᠭ᠎ᠠ ᠭᠡᠯᠪᠡᠷᠢ ᠪᠠᠷ ᠭᠡᠷᠡᠭᠵᠢᠬᠦᠯᠦᠨ᠎ᠡ᠃ | | ᠭᠤᠴᠢ ᠶᠢᠰᠦᠳᠤᠭᠡᠷ ᠵᠦᠢᠯ ᠤᠷᠤᠨ ᠰᠠᠭᠤᠴᠠ ᠶᠢᠨ ᠬᠦᠴᠢᠷᠳᠡᠯ ᠤᠨ ᠪᠠᠷᠢᠮᠵᠢᠶ᠎ᠠ ᠬᠢᠭᠡᠳ ᠠᠪᠤᠷᠠᠨ | ᠳᠤᠰᠠᠯᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠠᠴᠠ ᠳᠤᠰ ᠵᠠᠰᠠᠭ ᠵᠠᠬᠢᠷᠭᠠᠨ ᠤ ᠭᠡᠪᠴᠢᠶᠠᠨ ᠳᠠᠬᠢ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠳᠦᠪᠰᠢᠨ᠂ ᠤᠷᠤᠨ ᠰᠠᠭᠤᠴᠠ ᠶᠢᠨ ᠦᠨ᠎ᠠ ᠬᠠᠨᠭ᠍ᠰᠢ ᠶᠢᠨ ᠳᠦᠪᠰᠢᠨ ᠵᠡᠷᠭᠡ ᠡᠯᠧᠮᠧᠨ᠋ᠲ ᠢ | ᠦᠨᠳᠦᠰᠦᠯᠡᠨ ᠳᠤᠭᠳᠠᠭᠠᠵᠤ᠂ ᠵᠡᠷᠯᠡᠨ ᠨᠡᠶᠢᠳᠡᠯᠡᠨ᠎ᠡ ᠃ | ᠳᠦᠴᠢᠳᠤᠭᠡᠷ ᠵᠦᠢᠯ ᠬᠤᠳᠠ ᠪᠠᠯᠭᠠᠰᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ ᠳᠤᠰᠠᠯᠠᠯᠳᠠ | ᠭᠤᠶᠤᠴᠢᠯᠠᠬᠤ ᠳᠠᠭᠠᠨ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ | ᠭᠡᠷᠡᠭ ᠡᠷᠬᠢᠯᠡᠬᠦ ᠭᠠᠵᠠᠷ ᠢᠶᠠᠷ ᠳᠠᠮᠵᠢᠭᠤᠯᠬᠤ ᠪᠤᠶᠤ ᠡᠰᠡᠬᠦᠯ᠎ᠡ ᠰᠢᠭᠤᠳ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠲᠤ ᠳᠤᠷᠠᠳᠤᠨ | ᠭᠠᠷᠭᠠᠵᠤ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠨᠢ ᠭᠡᠷ ᠪᠦᠯᠢ ᠶᠢᠨ ᠤᠷᠤᠯᠭ᠎ᠠ᠂ ᠡᠳ᠋ ᠬᠦᠷᠦᠩᠭᠡ ᠶᠢᠨ ᠪᠠᠶᠢᠳᠠᠯ ᠢ ᠬᠢᠨᠠᠨ ᠰᠢᠯᠭᠠᠵᠤ᠂ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ | ᠮᠦᠴᠢᠷ ᠨᠢ ᠭᠡᠷ ᠪᠦᠯᠢ ᠶᠢᠨ ᠤᠷᠤᠨ ᠰᠠᠭᠤᠴᠠ ᠶᠢᠨ ᠪᠠᠶᠢᠳᠠᠯ ᠢ ᠬᠢᠨᠠᠨ ᠰᠢᠯᠭᠠᠭᠠᠳ ᠵᠡᠷᠯᠡᠨ ᠨᠡᠶᠢᠳᠡᠯᠡᠭᠰᠡᠨ ᠤ | ᠳᠠᠷᠠᠭ᠎ᠠ᠂ ᠭᠤᠶᠤᠴᠢᠯᠠᠬᠤ ᠨᠦᠬᠦᠴᠡᠯ ᠳᠤ ᠨᠡᠶᠢᠴᠡᠬᠦ᠋ᠢᠴᠡ ᠭᠤᠶᠤᠴᠢᠯᠠᠭᠴᠢᠳ ᠲᠤ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠰᠠᠭᠤᠴᠠ ᠶᠢᠨ ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ | ᠤᠷᠢᠳᠠᠪᠠᠷ ᠪᠠᠳᠤᠯᠠᠭ᠎ᠠ ᠬᠠᠨᠭ᠍ᠭᠠᠨ᠎ᠠ᠃ ᠬᠦᠳᠡᠭᠡ ᠳᠤᠰᠬᠤᠨ ᠤ ᠭᠡᠷ ᠪᠦᠯᠢ ᠤᠷᠤᠨ ᠰᠠᠭᠤᠴᠠ ᠶᠢᠨ ᠠᠪᠤᠷᠠᠨ | ᠳᠤᠰᠠᠯᠠᠯᠳᠠ ᠭᠤᠶᠤᠴᠢᠯᠠᠬᠤ ᠳᠠᠭᠠᠨ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠭᠡᠷᠡᠭᠵᠢᠬᠦᠯᠬᠦ ᠭᠡᠷᠡᠭᠳᠡᠢ᠃ | ᠳᠦᠴᠢᠨ ᠨᠢᠭᠡᠳᠤᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠤᠯᠤᠰ ᠤᠨ | ᠳᠤᠭᠳᠠᠭᠠᠯ ᠶᠤᠰᠤᠭᠠᠷ ᠡᠳ᠋ ᠤᠨ ᠵᠠᠰᠠᠭ ᠤᠨ ᠪᠡᠯᠡ ᠤᠷᠤᠭᠤᠯᠬᠤ᠂ ᠭᠡᠷᠡᠭᠯᠡᠬᠦ ᠭᠠᠵᠠᠷ ᠰᠢᠷᠤᠢ ᠬᠠᠨᠭ᠍ᠭᠠᠬᠤ ᠵᠡᠷᠭᠡ | ᠠᠷᠭ᠎ᠠ ᠪᠠᠷᠢᠯ ᠢᠶᠠᠷ ᠤᠷᠤᠨ ᠰᠠᠭᠤᠴᠠ ᠶᠢᠨ ᠠᠪᠤᠷᠠᠨ ᠳᠤᠰᠠᠯᠠᠯᠳᠠ ᠶᠢ ᠭᠡᠷᠡᠭᠵᠢᠬᠦᠯᠬᠦ ᠶᠢ ᠪᠠᠳᠤᠯᠠᠬᠤ ᠭᠡᠷᠡᠭᠳᠡᠢ᠃ | | ᠨᠠᠢᠮᠠᠳᠤᠭᠠᠷ ᠪᠦᠯᠦᠭ ᠠᠵᠢᠯ ᠤᠯᠭᠤᠬᠤ ᠠᠪᠤᠷᠠᠨ ᠳᠤᠰᠠᠯᠠᠯᠳᠠ | ᠳᠦᠴᠢᠨ ᠬᠤᠶᠠᠳᠤᠭᠠᠷ ᠵᠦᠢᠯ ᠤᠯᠤᠰ ᠠᠴᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ | ᠪᠦᠯᠢ ᠶᠢᠨ ᠬᠦᠳᠡᠯᠮᠦᠷᠢᠯᠡᠬᠦ ᠴᠢᠳᠠᠪᠤᠷᠢ ᠲᠠᠢ ᠮᠦᠷᠳᠡᠭᠡᠨ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠬᠦᠨ | ᠳᠤ ᠵᠢᠭᠡᠯᠡᠯᠭᠡ ᠶᠢᠨ ᠬᠦᠤ ᠮᠦᠡᠭᠬᠦ ᠶᠢᠨ ᠨᠦᠬᠦᠪᠤᠷᠢ᠂ ᠨᠡᠶᠢᠭᠡᠮ ᠤᠨ ᠳᠠᠭᠠᠳᠬᠠᠯ ᠤᠨ ᠨᠦᠬᠦᠪᠤᠷᠢ᠂ ᠠᠵᠢᠯ ᠤᠨ | ᠪᠠᠶᠢᠷᠢ ᠶᠢᠨ ᠨᠦᠬᠦᠪᠤᠷᠢ᠂ ᠳᠠᠪᠳᠠᠨ ᠪᠤᠯᠪᠠᠰᠤᠷᠠᠭᠤᠯᠬᠤ ᠨᠦᠬᠦᠪᠤᠷᠢ ᠦᠭᠬᠦ ᠪᠠ ᠵᠠᠷᠤᠳᠠᠯ ᠰᠦᠢᠳᠭᠡᠯ ᠢ ᠨᠢ | ᠭᠡᠯᠳᠤᠷᠢᠬᠦᠯᠵᠤ ᠬᠠᠰᠤᠬᠤ᠂ ᠨᠡᠶᠢᠳᠡ ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ ᠳᠤᠬᠢᠷᠠᠭᠤᠯᠬᠤ ᠵᠡᠷᠭᠡ | ᠠᠷᠭ᠎ᠠ ᠪᠠᠷ ᠠᠵᠢᠯ ᠤᠯᠭᠤᠬᠤ ᠠᠪᠤᠷᠠᠨ ᠳᠤᠰᠠᠯᠠᠯᠳᠠ ᠬᠢᠨ᠎ᠠ᠃ | ᠳᠦᠴᠢᠨ ᠭᠤᠷᠪᠠᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ | ᠬᠦᠳᠡᠯᠮᠦᠷᠢᠯᠡᠬᠦ ᠴᠢᠳᠠᠪᠤᠷᠢ ᠲᠠᠢ ᠪᠦᠷᠢᠯᠳᠦᠬᠦᠨ ᠨᠢ ᠴᠦᠮ ᠠᠵᠢᠯ ᠠᠯᠳᠠᠭᠰᠠᠨ ᠪᠠᠶᠢᠪᠠᠯ᠂ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠴᠢᠭᠯᠡᠬᠦᠯᠦᠯᠳᠤ ᠴᠢᠨᠠᠷ | ᠲᠠᠢ ᠠᠷᠭ᠎ᠠ ᠭᠡᠮᠵᠢᠶ᠎ᠡ ᠠᠪᠴᠤ᠂ ᠳᠤᠰ ᠭᠡᠷ ᠪᠦᠯᠢ ᠳᠤ ᠶᠠᠳᠠᠬᠤ ᠳᠠᠭᠠᠨ ᠨᠢᠭᠡ ᠬᠦᠮᠦᠨ ᠳᠤ ᠠᠵᠢᠯ ᠤᠯᠭᠤᠬᠤ ᠶᠢ | ᠦᠨᠡᠨᠬᠦ ᠪᠠᠳᠤᠯᠠᠬᠤ ᠭᠡᠷᠡᠭᠳᠡᠢ᠃ | ᠳᠦᠴᠢᠨ ᠳᠦᠷᠪᠡᠳᠤᠭᠡᠷ ᠵᠦᠢᠯ ᠠᠵᠢᠯ ᠤᠯᠭᠤᠬᠤ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ | ᠰᠠᠭᠤᠵᠤ ᠪᠠᠶᠢᠭ᠎ᠠ ᠭᠠᠵᠠᠷ ᠤᠨ ᠢᠶᠠᠨ ᠵᠡᠭᠡᠯᠢ ᠭᠤᠳᠤᠮᠵᠢ᠂ ᠨᠡᠶᠢᠭᠡᠮ ᠳᠤᠭᠤᠷᠢᠭ ᠤᠨ ᠨᠡᠶᠢᠳᠡ ᠶᠢᠨ ᠠᠵᠢᠯ | ᠤᠯᠭᠤᠯᠳᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠳᠤᠷᠠᠳᠤᠨ ᠭᠠᠷᠭᠠᠵᠤ᠂ ᠨᠡᠶᠢᠳᠡ ᠶᠢᠨ ᠠᠵᠢᠯ | ᠤᠯᠭᠤᠯᠳᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠢᠨᠠᠨ ᠰᠢᠯᠭᠠᠭᠰᠠᠨ ᠤ ᠳᠠᠷᠠᠭ᠎ᠠ ᠳᠠᠩᠰᠠᠯᠠᠬᠤ ᠶᠢᠨ ᠳᠠᠭᠠᠤ | ᠵᠠᠷᠤᠳᠠᠯ ᠬᠤᠷᠢᠶᠠᠬᠤ ᠦᠭᠡᠢ ᠪᠠᠷ ᠠᠵᠢᠯ ᠤᠨ ᠪᠠᠶᠢᠷᠢ ᠶᠢᠨ ᠴᠢᠮᠡᠭᠡ ᠵᠠᠩᠬᠢ᠂ ᠳᠤᠬᠠᠢᠢᠯᠠᠭᠰᠠᠨ ᠠᠵᠢᠯ ᠤᠨ | ᠳᠠᠨᠢᠯᠴᠠᠭᠤᠯᠭ᠎ᠠ᠂ ᠳᠤᠬᠠᠢᠢᠯᠠᠭᠰᠠᠨ ᠠᠵᠢᠯ ᠤᠨ ᠵᠢᠯᠤᠭᠤᠳᠤᠮᠵᠢ ᠵᠡᠷᠭᠡ ᠠᠵᠢᠯ ᠤᠯᠭᠤᠬᠤ ᠦᠢᠯᠡᠴᠢᠯᠡᠭᠡ ᠬᠠᠨᠭ᠍ᠭᠠᠬᠤ | ᠭᠡᠷᠡᠭᠳᠡᠢ᠃ | ᠳᠦᠴᠢᠨ ᠳᠠᠪᠤᠳᠤᠭᠠᠷ ᠵᠦᠢᠯ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢᠳᠤ ᠭᠡᠷ ᠪᠦᠯᠢ ᠶᠢᠨ | ᠬᠦᠳᠡᠯᠮᠦᠷᠢᠯᠡᠬᠦ ᠴᠢᠳᠠᠪᠤᠷᠢ ᠲᠠᠢ ᠪᠤᠯᠪᠠᠴᠤ ᠠᠵᠢᠯ ᠤᠯᠤᠭᠠᠳᠤᠢ ᠪᠦᠷᠢᠯᠳᠦᠬᠦᠨ ᠨᠢ ᠬᠦᠮᠦᠨ ᠤ ᠬᠦᠴᠤᠨ ᠤ ᠡᠬᠢ | ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠳᠠᠨᠢᠯᠴᠠᠭᠤᠯᠵᠤ | ᠦᠭᠬᠦᠭᠰᠡᠨ ᠠᠵᠢᠯ ᠢ ᠬᠦᠯᠢᠶᠡᠨ ᠠᠪᠬᠤ ᠭᠡᠷᠡᠭᠳᠡᠢ︔ ᠡᠷᠡᠬᠦᠯ ᠴᠢᠬᠢᠷᠠᠭ ᠤᠨ ᠪᠠᠶᠢᠳᠠᠯ ᠪᠤᠯᠤᠨ ᠬᠦᠳᠡᠯᠮᠦᠷᠢᠯᠡᠬᠦ | ᠴᠢᠳᠠᠪᠤᠷᠢ ᠳᠤ ᠨᠢ ᠳᠤᠬᠢᠷᠠᠬᠤᠢᠢᠴᠡ ᠠᠵᠢᠯ ᠢ ᠳᠠᠨᠢᠯᠴᠠᠭᠤᠯᠵᠤ ᠦᠭᠬᠦᠭᠰᠡᠨ ᠴᠤ ᠵᠦᠢ ᠶᠤᠰᠤᠨ ᠤ ᠤᠴᠢᠷ | ᠰᠢᠯᠳᠠᠭᠠᠨ ᠦᠭᠡᠢ ᠪᠠᠷ ᠵᠠᠯᠭᠠᠪᠠᠷ 3 ᠤᠳᠠᠭ᠎ᠠ ᠬᠦᠯᠢᠶᠡᠨ ᠠᠪᠬᠤ ᠦᠭᠡᠢ ᠪᠤᠯ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠳᠤᠰ ᠬᠦᠮᠦᠨ ᠤ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠡᠭᠬᠦ ᠶᠢ ᠬᠠᠰᠤᠬᠤ ᠪᠤᠶᠤ ᠵᠤᠭᠰᠤᠭᠠᠬᠤ ᠪᠠᠷ ᠳᠤᠭᠳᠠᠭᠠᠬᠤ | ᠭᠡᠷᠡᠭᠳᠡᠢ᠃ | ᠳᠦᠴᠢᠨ ᠵᠢᠷᠭᠤᠳᠤᠭᠠᠷ ᠵᠦᠢᠯ ᠠᠵᠢᠯ ᠤᠯᠭᠤᠬᠤ ᠠᠪᠤᠷᠠᠨ ᠳᠤᠰᠠᠯᠠᠯᠳᠠ ᠶᠢᠨ ᠡᠳᠡᠭᠡᠳ ᠢ ᠡᠯᠰᠡᠨ | ᠠᠪᠤᠭᠰᠠᠨ ᠬᠦᠮᠦᠨ ᠭᠡᠷᠡᠭᠯᠡᠬᠦ ᠪᠠᠶᠢᠭᠤᠯᠤᠯᠭ᠎ᠠ ᠨᠢᠭᠡᠴᠡ ᠳᠤ ᠤᠯᠤᠰ ᠤᠨ ᠬᠤᠯᠪᠤᠭᠳᠠᠯ ᠪᠦᠬᠦᠢ ᠳᠤᠭᠳᠠᠭᠠᠯ | ᠶᠤᠰᠤᠭᠠᠷ ᠨᠡᠶᠢᠭᠡᠮ ᠤᠨ ᠳᠠᠭᠠᠳᠬᠠᠯ ᠤᠨ ᠨᠦᠬᠦᠪᠤᠷᠢ᠂ ᠭᠠᠶᠢᠯᠢ ᠳᠠᠳᠠᠪᠤᠷᠢ ᠶᠢᠨ ᠬᠠᠷᠠᠭᠠᠯᠵᠠᠯ᠂ ᠪᠠᠭ᠎ᠠ ᠳᠤᠭᠠᠨ ᠤ | ᠳᠠᠭᠠᠭᠠᠨ ᠪᠠᠳᠤᠯᠠᠪᠤᠷᠢ ᠲᠠᠢ ᠵᠢᠭᠡᠯᠡᠯᠭᠡ ᠤᠯᠭᠤᠬᠤ ᠵᠡᠷᠭᠡ ᠠᠵᠢᠯ ᠤᠯᠭᠤᠯᠳᠠ ᠶᠢ ᠳᠡᠳᠬᠦᠨ ᠳᠡᠮᠵᠢᠬᠦ ᠳᠦᠷᠦ ᠶᠢᠨ | ᠪᠤᠳᠤᠯᠭ᠎ᠠ ᠶᠢ ᠭᠡᠷᠡᠭᠵᠢᠬᠦᠯᠦᠨ᠎ᠡ᠃ | ᠶᠢᠰᠦᠳᠤᠭᠡᠷ ᠪᠦᠯᠦᠭ ᠳᠦᠷ ᠴᠠᠭ ᠤᠨ ᠠᠪᠤᠷᠠᠨ ᠳᠤᠰᠠᠯᠠᠯᠳᠠ | ᠳᠦᠴᠢᠨ ᠳᠤᠯᠤᠳᠤᠭᠠᠷ ᠵᠦᠢᠯ ᠤᠯᠤᠰ ᠠᠴᠠ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ | ᠰᠠᠨᠠᠮᠰᠠᠷ ᠦᠭᠡᠢ ᠭᠡᠷᠡᠭ᠂ ᠭᠡᠷ ᠪᠦᠯᠢ ᠶᠢᠨ ᠪᠦᠷᠢᠯᠳᠦᠬᠦᠨ ᠨᠢ ᠭᠡᠨᠡᠳᠳᠡ ᠪᠠᠷ ᠬᠦᠨᠳᠤ ᠳᠤᠮᠤ ᠡᠪᠡᠳᠴᠢᠨ ᠳᠤ | ᠨᠡᠷᠪᠡᠭᠳᠡᠭᠰᠡᠨ ᠵᠡᠷᠭᠡ ᠰᠢᠯᠳᠠᠭᠠᠨ ᠠᠴᠠ ᠦᠨᠳᠦᠰᠦᠨ ᠠᠮᠢᠳᠤᠷᠠᠯ ᠳᠤ ᠨᠢ ᠳᠦᠷ ᠴᠠᠭ ᠤᠨ ᠬᠦᠨᠳᠤ ᠭᠡᠴᠡᠬᠦᠤ | ᠬᠦᠴᠢᠷᠳᠡᠯ ᠳᠤᠯᠭᠠᠷᠠᠭᠰᠠᠨ ᠭᠡᠷ ᠪᠦᠯᠢ ᠪᠤᠶᠤ ᠠᠮᠢᠳᠤᠷᠠᠯ ᠤᠨ ᠭᠡᠷᠡᠭᠴᠡᠭᠡᠳᠤ ᠵᠠᠷᠤᠳᠠᠯ ᠨᠢ ᠭᠡᠨᠡᠳᠳᠡ ᠪᠠᠷ | ᠨᠡᠮᠡᠭᠳᠡᠭᠡᠳ ᠭᠡᠷ ᠪᠦᠯᠢ ᠶᠢᠨ ᠬᠢᠨ ᠤ ᠡᠬᠦᠷᠭᠡᠯᠡᠬᠦ ᠴᠢᠳᠠᠪᠤᠷᠢ ᠠᠴᠠ ᠳᠠᠪᠠᠵᠤ᠂ ᠦᠨᠳᠦᠰᠦᠨ ᠠᠮᠢᠳᠤᠷᠠᠯ ᠳᠤ ᠨᠢ | ᠳᠦᠷ ᠴᠠᠭ ᠤᠨ ᠬᠦᠨᠳᠤ ᠭᠡᠴᠡᠬᠦᠤ ᠬᠦᠴᠢᠷᠳᠡᠯ ᠳᠤᠯᠭᠠᠷᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢᠳᠤ ᠭᠡᠷ ᠪᠦᠯᠢ ᠬᠢᠭᠡᠳ ᠪᠤᠰᠤᠳ ᠤᠨᠴᠠᠭᠠᠢ ᠬᠦᠴᠢᠷᠳᠡᠯ ᠳᠤ ᠳᠤᠬᠢᠶᠠᠯᠳᠤᠭᠰᠠᠨ ᠭᠡᠷ ᠪᠦᠯᠢ ᠳᠤ ᠳᠦᠷ | ᠴᠠᠭ ᠤᠨ ᠠᠪᠤᠷᠠᠨ ᠳᠤᠰᠠᠯᠠᠯᠳᠠ ᠬᠢᠨ᠎ᠠ᠃ | ᠳᠦᠴᠢᠨ ᠨᠠᠢᠮᠠᠳᠤᠭᠠᠷ ᠵᠦᠢᠯ ᠳᠦᠷ ᠴᠠᠭ ᠤᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ | ᠳᠤᠷᠠᠳᠤᠨ ᠭᠠᠷᠭᠠᠵᠤ᠂ ᠬᠢᠨᠠᠨ ᠰᠢᠯᠭᠠᠵᠤ ᠵᠡᠷᠯᠡᠨ ᠨᠡᠶᠢᠳᠡᠯᠡᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠵᠦᠪᠰᠢᠶᠡᠷᠡᠨ᠎ᠠ︔ | ᠠᠪᠤᠷᠠᠨ ᠳᠤᠰᠠᠯᠠᠬᠤ ᠵᠤᠭᠤᠰ ᠮᠦᠡᠭᠬᠦᠨ ᠤ ᠭᠡᠮᠵᠢᠶ᠎ᠡ ᠨᠢ ᠨᠡᠯᠢᠶᠡᠳ ᠪᠠᠭ᠎ᠠ ᠪᠤᠯ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠳᠤ ᠨᠡᠶᠢᠳᠡᠨ | ᠵᠦᠪᠰᠢᠶᠡᠷᠡᠬᠦᠯᠵᠤ ᠪᠤᠯᠤᠨ᠎ᠠ᠃ ᠪᠠᠶᠢᠳᠠᠯ ᠨᠢ ᠪᠠᠴᠢᠮ ᠳᠤᠯᠭᠠᠮ᠎ᠠ ᠪᠤᠯ ᠳᠤᠭᠳᠠᠭᠠᠯ ᠶᠤᠰᠤᠭᠠᠷ ᠵᠦᠪᠰᠢᠶᠡᠷᠡᠬᠦ | ᠭᠠᠷᠳᠠᠮᠵᠢ ᠶᠢ ᠨᠢ ᠳᠦᠬᠦᠮᠴᠢᠯᠡᠵᠤ ᠪᠤᠯᠤᠨ᠎ᠠ᠃ | ᠳᠦᠴᠢ ᠶᠢᠰᠤᠳᠤᠭᠡᠷ ᠵᠦᠢᠯ ᠲᠤᠷ ᠴᠠᠭ ᠤᠨ ᠠᠪᠤᠷᠠᠨ ᠳᠤᠰᠠᠯᠠᠯᠳᠠ ᠶᠢᠨ ᠪᠤᠳᠠᠳᠠᠢ ᠳᠦᠷᠦᠯ ᠵᠦᠢᠯ᠂ | ᠪᠠᠷᠢᠮᠵᠢᠶ᠎ᠠ ᠶᠢ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ | ᠤᠷᠳᠤᠨ ᠠᠴᠠ ᠳᠤᠭᠳᠠᠭᠠᠵᠤ ᠵᠠᠷᠯᠠᠨ ᠨᠡᠶᠢᠳᠡᠯᠡᠨ᠎ᠡ᠃ | ᠳᠠᠪᠢᠳᠤᠭᠠᠷ ᠵᠦᠢᠯ ᠤᠯᠤᠰ ᠠᠴᠠ ᠠᠮᠢᠳᠤᠷᠠᠯ ᠳᠠᠭᠠᠨ ᠵᠦᠪ ᠦᠭᠡᠢ ᠳᠡᠨᠦᠬᠦᠯᠴᠢᠳ᠂ ᠭᠤᠶᠢᠷᠠᠨᠴᠢᠳ ᠲᠤ | ᠳᠦᠷ ᠴᠠᠭ ᠤᠨ ᠢᠳᠡᠵᠤ ᠰᠠᠭᠤᠬᠤ᠂ ᠳᠦᠷᠭᠡᠨ ᠡᠪᠡᠳᠴᠢᠨ ᠢ ᠨᠢ ᠡᠮᠨᠡᠨ ᠵᠠᠰᠠᠬᠤ᠂ ᠳᠡᠮᠵᠢᠨ ᠳᠤᠰᠠᠯᠠᠵᠤ ᠤᠤᠯ | ᠨᠤᠳᠤᠭ ᠲᠤ ᠨᠢ ᠪᠤᠴᠠᠭᠠᠬᠤ ᠵᠡᠷᠭᠡ ᠠᠪᠤᠷᠠᠨ ᠳᠤᠰᠠᠯᠠᠯᠳᠠ ᠬᠢᠨ᠎ᠠ᠃ | ᠳᠠᠪᠢᠨ ᠨᠢᠭᠡᠳᠤᠭᠡᠷ ᠵᠦᠢᠯ ᠳᠤᠳᠤᠭᠠᠳᠤ ᠶᠢ ᠬᠠᠮᠠᠭᠠᠠᠯᠬᠤ ᠪᠠᠶᠢᠭᠤᠯᠤᠯᠭ᠎ᠠ ᠬᠢᠭᠡᠳ ᠪᠤᠰᠤᠳ ᠬᠤᠯᠪᠤᠭᠳᠠᠯ | ᠪᠦᠬᠦᠢ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠠᠵᠢᠯᠳᠠᠨ ᠠᠵᠢᠯ ᠤᠨ ᠳᠤᠮᠳᠠ ᠪᠠᠨ ᠳᠡᠨᠦᠬᠦᠯᠴᠢᠳ | ᠭᠤᠶᠢᠷᠠᠨᠴᠢᠳ ᠲᠠᠢ ᠬᠠᠷᠭᠤᠪᠠᠯ᠂ ᠳᠡᠳᠡᠨ ᠳᠤ ᠠᠪᠤᠷᠠᠨ ᠳᠤᠰᠠᠯᠠᠬᠤ ᠠᠵᠢᠯ ᠤᠨ ᠬᠠᠮᠢᠶᠠᠤᠯᠳᠠ ᠶᠢᠨ ᠪᠠᠶᠢᠭᠤᠯᠤᠮᠵᠢ | ᠠᠴᠠ ᠳᠤᠰᠠᠯᠠᠮᠵᠢ ᠬᠦᠰᠡᠪᠡᠯ ᠵᠤᠬᠢᠨ᠎ᠠ ᠭᠡᠳᠡᠭ ᠢ ᠭᠡᠯᠡᠵᠤ ᠦᠭᠬᠦ ᠭᠡᠷᠡᠭᠳᠡᠢ᠃ ᠳᠡᠳᠡᠭᠡᠷ ᠤᠨ ᠳᠤᠳᠤᠷᠠᠬᠢ | ᠵᠡᠮᠳᠡᠭᠴᠤᠳ᠂ ᠨᠡᠰᠤᠨ ᠳᠤ ᠦᠯᠦ ᠬᠦᠷᠦᠭᠰᠡᠳ᠂ ᠨᠠᠰᠤᠳᠠᠶᠢᠴᠤᠳ ᠪᠤᠯᠤᠨ ᠬᠦᠳᠡᠯᠵᠤ ᠶᠠᠪᠤᠬᠤ ᠳᠠᠭᠠᠨ ᠳᠦᠬᠦᠮ | ᠦᠭᠡᠢ ᠬᠦᠮᠦᠰ ᠢ ᠵᠠᠮᠴᠢᠯᠠᠵᠤ ᠬᠠᠮᠠᠭᠠᠠᠯᠨᠨ ᠠᠪᠤᠷᠠᠨ ᠳᠤᠰᠠᠠᠯᠬᠤ ᠬᠠᠮᠢᠶᠠᠷᠤᠯᠳᠠ ᠶᠢᠨ ᠪᠠᠶᠢᠭᠤᠯᠤᠮᠵᠢ ᠳᠤ ᠬᠦᠷᠭᠡᠬᠦ | ᠭᠡᠷᠡᠭᠳᠡᠢ︔ ᠭᠡᠨᠡᠳᠳᠡ ᠪᠠᠷ ᠪᠠᠴᠢᠮ ᠡᠪᠡᠳᠴᠢᠨ ᠳᠤ ᠨᠡᠷᠪᠡᠭᠳᠡᠭᠰᠡᠳ ᠢ ᠳᠡᠷᠡ ᠳᠤᠤᠷ᠎ᠠ ᠨᠢ ᠳᠦᠷᠭᠡᠨ | ᠠᠪᠤᠷᠠᠯᠳᠠ ᠶᠢᠨ ᠪᠠᠶᠢᠭᠤᠯᠤᠮᠵᠢ ᠳᠤ ᠮᠡᠳᠡᠭᠳᠡᠵᠤ᠂ ᠠᠪᠤᠷᠠᠨ ᠡᠮᠴᠢᠯᠡᠬᠦᠯᠬᠦ ᠭᠡᠷᠡᠭᠳᠡᠢ᠃ | ᠠᠷᠪᠠᠳᠤᠭᠠᠷ ᠪᠦᠯᠦᠭ ᠨᠡᠶᠢᠭᠡᠮ ᠤᠨ ᠬᠦᠴᠤᠨ ᠤ ᠤᠷᠤᠯᠴᠠᠯᠭ᠎ᠠ | ᠳᠠᠪᠢᠨ ᠬᠤᠶᠠᠳᠤᠭᠠᠷ ᠵᠦᠢᠯ ᠤᠯᠤᠰ ᠠᠴᠠ ᠪᠠᠶᠢᠭᠤᠯᠤᠯᠬᠠ ᠨᠢᠬᠡᠴᠡ ᠪᠤᠯᠤᠨ ᠬᠤᠪᠢ ᠬᠦᠮᠦᠨ ᠵᠡᠷᠬᠡ | ᠨᠡᠶᠢᠬᠡᠮ ᠤᠨ ᠬᠦᠴᠦᠨ ᠤ ᠡᠷᠬᠦᠨ ᠪᠡᠯᠡᠭᠯᠡᠬᠦ᠂ ᠲᠡᠳᠬᠦᠨ ᠳᠡᠮᠵᠢᠬᠦ᠂ ᠲᠦᠷᠦᠯ ᠵᠦᠢᠯ ᠭᠠᠷᠭᠠᠬᠤ᠂ ᠦᠢᠯᠡᠴᠢᠯᠡᠬᠡᠨ ᠤ | ᠪᠠᠶᠢᠭᠤᠯᠤᠮᠵᠢ ᠡᠷᠬᠢᠯᠡᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠠᠨᠭ᠍ᠭᠠᠬᠤ ᠵᠡᠷᠬᠡ ᠠᠷᠬ᠎ᠠ ᠪᠠᠷ ᠨᠡᠶᠢᠬᠡᠮ ᠤᠨ ᠠᠪᠤᠷᠠᠨ | ᠳᠤᠰᠠᠯᠠᠯᠳᠠ ᠳᠤ ᠤᠷᠤᠯᠴᠠᠬᠤ ᠶᠢ ᠤᠷᠮᠠᠰᠢᠭᠤᠯᠤᠨ᠎ᠠ᠃ | ᠳᠠᠪᠢᠨ ᠭᠤᠷᠪᠠᠳᠤᠭᠠᠷ ᠵᠦᠢᠯ ᠨᠡᠶᠢᠭᠡᠮ ᠤᠨ ᠬᠦᠴᠤᠨ ᠨᠡᠶᠢᠭᠡᠮ ᠤᠨ ᠠᠪᠤᠷᠠᠨ ᠳᠤᠰᠠᠯᠠᠯᠳᠠ ᠳᠤ ᠤᠷᠤᠯᠴᠠᠪᠠᠯ | ᠂ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠡᠳ᠋ ᠤᠨ ᠵᠠᠰᠠᠭ ᠤᠨ ᠨᠦᠬᠦᠪᠤᠷᠢ᠂ ᠭᠠᠶᠢᠯᠢ | ᠳᠠᠳᠠᠪᠤᠷᠢ ᠶᠢᠨ ᠬᠠᠷᠠᠭᠠᠯᠵᠠᠯ᠂ ᠵᠠᠷᠤᠳᠠᠯ ᠰᠦᠢᠳᠭᠡᠯ ᠢ ᠬᠠᠰᠤᠨ ᠭᠡᠯᠳᠦᠷᠢᠬᠦᠯᠬᠦ ᠵᠡᠷᠭᠡ ᠳᠦᠷᠦ ᠶᠢᠨ ᠪᠤᠳᠤᠯᠭ᠎ᠠ ᠶᠢᠨ | ᠬᠠᠷᠠᠭᠠᠯᠵᠠᠯ ᠬᠦᠷᠳᠡᠭᠡᠨ᠎ᠡ᠃ | ᠳᠠᠪᠢᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ | ᠠᠷᠠᠳ ᠤᠨ ᠵᠠᠰᠠᠭ ᠤᠨ ᠤᠷᠳᠤᠨ ᠨᠢ ᠨᠡᠶᠢᠭᠡᠮ ᠤᠨ ᠠᠪᠤᠷᠠᠨ ᠳᠤᠰᠠᠯᠠᠯᠳᠠ ᠳᠠᠬᠢ ᠪᠤᠳᠠᠳᠠᠢ ᠦᠢᠯᠡᠴᠢᠯᠡᠭᠡᠨ ᠤ | ᠳᠦᠷᠦᠯ ᠵᠦᠢᠯ ᠢ ᠨᠠᠶᠢᠳᠠᠬᠤ᠂ ᠳᠠᠭᠠᠭᠠᠴᠢᠯᠠᠭᠤᠯᠬᠤ᠂ ᠬᠤᠳᠠᠯᠳᠤᠨ ᠠᠪᠬᠤ ᠵᠡᠷᠭᠡ ᠠᠷᠭ᠎ᠠ ᠪᠠᠷ ᠨᠡᠶᠢᠭᠡᠮ ᠤᠨ | ᠬᠦᠴᠤᠨ ᠠᠴᠠ ᠦᠢᠯᠡᠴᠢᠯᠡᠭᠡ ᠬᠤᠳᠠᠯᠳᠤᠨ ᠠᠪᠴᠤ ᠪᠤᠯᠤᠨ᠎ᠠ᠃ | ᠳᠠᠪᠢᠨ ᠳᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠤᠷᠤᠨ ᠨᠤᠳᠤᠭ ᠤᠨ | ᠠᠷᠠᠳ ᠤᠨ ᠵᠠᠰᠠᠭ ᠤᠨ ᠤᠷᠳᠤᠨ ᠨᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠤᠯᠤᠨ | ᠨᠡᠶᠢᠭᠡᠮ ᠤᠨ ᠠᠵᠢᠯᠳᠠᠨ ᠤ ᠦᠢᠡᠯᠳᠤᠯ ᠢᠶᠠᠨ ᠪᠠᠳᠠᠷᠠᠭᠤᠯᠵᠤ᠂ ᠨᠡᠶᠢᠭᠡᠮ ᠤᠨ ᠠᠪᠤᠷᠠᠨ ᠳᠤᠰᠠᠯᠠᠯᠳᠠ ᠶᠢᠨ ᠡᠳᠡᠭᠡᠳ | ᠲᠤ ᠨᠡᠶᠢᠭᠡᠮ ᠳᠤ ᠠᠭᠤᠰᠬᠤ᠂ ᠴᠢᠳᠠᠪᠤᠷᠢ ᠶᠢ ᠨᠢ ᠳᠡᠭᠡᠭᠰᠢᠯᠡᠬᠦᠯᠬᠦ᠂ ᠪᠤᠳᠤᠯ ᠰᠡᠳᠬᠢᠴᠡ ᠢ ᠨᠢ ᠵᠦᠭᠰᠢᠷᠡᠬᠦᠯᠦᠨ | ᠵᠢᠯᠤᠭᠤᠳᠬᠤ ᠵᠡᠷᠡᠭᠡ ᠳᠤᠰᠬᠠᠢ ᠮᠡᠷᠭᠡᠵᠢᠯ ᠤᠨ ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠳᠠᠪᠢᠨ ᠵᠢᠷᠭᠤᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ | ᠮᠦᠴᠢᠷ ᠬᠢᠭᠡᠳ ᠬᠤᠯᠪᠤᠭᠳᠠᠯ ᠪᠦᠬᠦ ᠪᠠᠶᠢᠭᠤᠯᠤᠮᠵᠢ ᠨᠢ ᠨᠡᠶᠢᠭᠡᠮ ᠤᠨ ᠬᠦᠴᠤᠨ ᠤ ᠨᠡᠶᠢᠭᠡᠮ ᠤᠨ ᠠᠪᠤᠷᠠᠨ | ᠳᠤᠰᠠᠯᠠᠯᠳᠠ ᠳᠤ ᠤᠷᠤᠯᠴᠠᠭᠤᠯᠬᠤ ᠵᠠᠮ ᠰᠤᠭᠤᠭ ᠪᠤᠯᠤᠨ ᠳᠤᠭᠳᠠᠴᠠ ᠶᠢ ᠪᠠᠶᠢᠭᠤᠯᠵᠤ᠂ ᠨᠡᠶᠢᠭᠡᠮ ᠤᠨ ᠠᠪᠤᠷᠠᠨ | ᠳᠤᠰᠠᠯᠠᠯᠳᠠ ᠶᠢᠨ ᠳᠦᠷᠦᠯ ᠵᠦᠢᠯ᠂ ᠭᠡᠷᠡᠭᠴᠡᠭᠡᠨ ᠤ ᠴᠢᠮᠡᠭᠡ ᠵᠠᠩᠬᠢ ᠶᠢ ᠬᠠᠨᠭ᠍ᠭᠠᠨ᠂ ᠨᠡᠶᠢᠭᠡᠮ ᠤᠨ ᠬᠦᠴᠤᠨ ᠤ | ᠨᠡᠶᠢᠭᠡᠮ ᠤᠨ ᠠᠪᠤᠷᠠᠨ ᠳᠤᠰᠠᠯᠠᠯᠳᠠ ᠳᠤ ᠤᠷᠤᠯᠴᠠᠬᠤ ᠳᠤ ᠨᠦᠬᠦᠴᠡᠯ ᠪᠦᠷᠢᠯᠳᠦᠬᠦᠯᠵᠤ ᠳᠦᠬᠦᠮ ᠦᠵᠡᠬᠦᠯᠬᠦ | ᠭᠡᠷᠡᠭᠳᠡᠢ᠃ | ᠠᠷᠪᠠᠨ ᠨᠢᠭᠡᠳᠤᠭᠡᠷ ᠪᠦᠯᠦᠭ ᠬᠢᠨᠠᠨ ᠬᠠᠮᠢᠶᠠᠷᠤᠯᠳᠠ | ᠳᠠᠪᠢᠨ ᠳᠤᠯᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠳ ᠤᠨ ᠵᠠᠰᠠᠭ ᠤᠨ | ᠤᠷᠳᠤᠨ ᠵᠢᠴᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ | ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠳᠤᠬᠠᠢ ᠬᠢᠨᠠᠨ ᠪᠠᠶᠢᠴᠠᠭᠠᠯᠳᠠ ᠪᠠᠨ ᠴᠢᠩᠭᠠᠳᠬᠠᠨ᠂ ᠬᠤᠯᠪᠤᠭᠳᠠᠯ | ᠪᠦᠬᠦᠢ ᠬᠢᠨᠠᠨ ᠬᠠᠮᠢᠶᠠᠷᠤᠯᠳᠠ ᠶᠢᠨ ᠳᠦᠷᠢᠮ ᠳᠤᠭᠳᠠᠭᠠᠯ ᠢᠶᠠᠨ ᠳᠡᠬᠦᠯᠳᠡᠷᠵᠢᠬᠦᠯᠬᠦ ᠭᠡᠷᠡᠭᠳᠡᠢ᠃ | ᠳᠠᠪᠢᠨ ᠨᠠᠢᠮᠠᠳᠤᠭᠠᠷ ᠵᠦᠢᠯ ᠭᠤᠶᠤᠴᠢᠯᠠᠬᠤ ᠪᠤᠶᠤ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠶᠢ | ᠤᠯᠤᠭᠰᠠᠨ ᠭᠡᠷ ᠪᠦᠯᠢ ᠨᠢ᠂ ᠳᠤᠭᠳᠠᠭᠠᠯ ᠶᠤᠰᠤᠭᠠᠷ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ | ᠬᠦᠷᠦᠩᠭᠡ ᠶᠢᠨ ᠪᠠᠶᠢᠳᠠᠯ ᠢᠶᠠᠨ ᠦᠨᠡᠨ ᠮᠦᠨ ᠢᠶᠠᠷ ᠮᠡᠳᠡᠬᠦᠯᠬᠦ ᠭᠡᠷᠡᠭᠳᠡᠢ᠃ ᠬᠤᠰᠢᠭᠤ ᠰᠢᠶᠠᠨ ᠤ ᠱᠠᠳᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ᠂ ᠭᠤᠶᠤᠴᠢᠯᠠᠬᠤ | ᠪᠤᠶᠤ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠤᠯᠤᠭᠰᠠᠨ ᠭᠡᠷ ᠪᠦᠯᠢ ᠶᠢᠨ ᠭᠤᠶᠤᠯᠳᠠ ᠨᠠᠶᠢᠳᠠᠯᠠᠭ᠎ᠠ ᠶᠢ | ᠦᠨᠳᠦᠰᠦᠯᠡᠨ᠂ ᠡᠷᠦᠭᠡ ᠠᠮᠠ ᠶᠢᠨ ᠳᠠᠩᠰᠠ ᠶᠢᠨ ᠬᠠᠮᠢᠶᠠᠷᠤᠯᠳᠠ᠂ ᠭᠠᠶᠢᠯᠢ ᠶᠢᠨ ᠶᠠᠪᠤᠳᠠᠯ᠂ ᠨᠡᠶᠢᠭᠡᠮ ᠤᠨ | ᠳᠠᠭᠠᠳᠬᠠᠯ᠂ ᠳᠤᠭᠳᠠᠮᠠᠯ ᠬᠦᠷᠦᠩᠭᠡ ᠶᠢᠨ ᠳᠠᠩᠰᠠᠯᠠᠯᠳᠠ᠂ ᠦᠢᠯᠡᠳᠪᠤᠷᠢ ᠬᠤᠳᠠᠯᠳᠤᠭᠠᠨ ᠤ ᠳᠠᠩᠰᠠᠯᠠᠯᠳᠠ᠂ | ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠤᠯ ᠮᠦᠡᠭᠬᠦ ᠶᠢᠨ ᠬᠠᠮᠢᠶᠠᠷᠤᠯᠳᠠ᠂ ᠳᠡᠷᠭᠡ ᠬᠦᠰᠭᠡᠨ ᠤ | ᠬᠠᠮᠢᠶᠠᠷᠤᠯᠳᠠ ᠵᠡᠷᠭᠡ ᠪᠠᠶᠢᠭᠤᠯᠤᠯᠭ᠎ᠠ ᠨᠢᠭᠡᠴᠡ ᠪᠤᠯᠤᠨ ᠪᠠᠩᠬᠢ᠂ ᠳᠠᠭᠠᠳᠬᠠᠯ᠂ ᠦᠨᠡᠳᠤ ᠳᠡᠮᠳᠡᠭ ᠵᠡᠷᠭᠡ ᠮᠦᠡᠭᠬᠦᠨ | ᠬᠦᠢᠯᠭᠡᠭᠡᠨ ᠤ ᠪᠠᠶᠢᠭᠤᠯᠤᠮᠵᠢ ᠪᠠᠷ ᠤᠷᠤᠯᠠᠭᠤᠯᠤᠨ ᠯᠠᠪᠯᠠᠨ ᠪᠠᠶᠢᠴᠠᠭᠠᠯᠭᠠᠵᠤ᠂ ᠭᠡᠷ ᠪᠦᠯᠢ ᠶᠢᠨ ᠬᠢᠨ ᠤ | ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ ᠬᠠᠷᠭᠤᠭᠤᠯᠤᠨ ᠳᠤᠳᠤᠯᠠᠵᠤ ᠪᠤᠯᠤᠨ᠎ᠠ︔ ᠬᠤᠯᠪᠤᠭᠳᠠᠯ | ᠪᠦᠬᠦᠢ ᠪᠠᠶᠢᠭᠤᠯᠤᠯᠭ᠎ᠠ ᠨᠢᠭᠡᠴᠡ ᠪᠤᠯᠤᠨ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠨᠢ ᠬᠠᠮᠵᠢᠬᠤ ᠭᠡᠷᠡᠭᠳᠡᠢ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠨᠢ᠂ ᠭᠤᠶᠤᠴᠢᠯᠠᠬᠤ ᠪᠠ ᠨᠢᠭᠡᠨᠳᠡ ᠨᠡᠶᠢᠭᠡᠮ ᠤᠨ ᠠᠪᠤᠷᠠᠨ ᠳᠤᠰᠠᠯᠠᠯᠳᠠ ᠶᠢ ᠤᠯᠤᠭᠰᠠᠨ ᠭᠡᠷ | ᠪᠦᠯᠢ ᠶᠢᠨ ᠠᠵᠤ ᠠᠬᠤᠢ ᠶᠢᠨ ᠪᠠᠶᠢᠳᠠᠯ ᠤᠨ ᠴᠢᠮᠡᠭᠡ ᠵᠠᠩᠬᠢ ᠶᠢ ᠬᠠᠷᠭᠤᠭᠤᠯᠬᠤ ᠳᠠᠪᠴᠠᠩ ᠢ ᠪᠠᠶᠢᠭᠤᠯᠤᠨ᠂ | ᠨᠡᠶᠢᠭᠡᠮ ᠤᠨ ᠠᠪᠤᠷᠠᠨ ᠳᠤᠰᠠᠯᠠᠬᠤ ᠡᠳᠡᠭᠡᠳ ᠢ ᠬᠢᠨᠠᠨ ᠰᠢᠯᠭᠠᠵᠤ ᠨᠤᠳᠠᠯᠠᠨ ᠳᠤᠭᠳᠠᠭᠠᠬᠤ ᠳᠤ ᠦᠨᠳᠦᠰᠤ ᠪᠠᠷᠢᠮᠳᠠ | ᠬᠠᠨᠭ᠍ᠭᠠᠬᠤ ᠭᠡᠷᠡᠭᠳᠡᠢ᠃ | ᠳᠠᠪᠢ ᠶᠢᠰᠦᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠯᠤᠨ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ | ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠠᠭᠠᠨ ᠨᠡᠶᠢᠭᠡᠮ ᠤᠨ | ᠠᠪᠤᠷᠠᠨ ᠳᠤᠰᠠᠯᠠᠬᠤ ᠳᠦᠷᠦᠯ ᠵᠦᠢᠯ ᠲᠠᠢ ᠬᠤᠯᠪᠤᠭᠳᠠᠬᠤ ᠮᠠᠲ᠋ᠧᠷᠢᠶᠠᠯ ᠢ ᠡᠷᠢᠵᠤ ᠦᠵᠡᠵᠤ᠂ ᠳᠡᠮᠳᠡᠭᠯᠡᠵᠤ᠂ ᠳᠠᠬᠢᠨ | ᠳᠠᠷᠤᠮᠠᠯᠯᠠᠵᠤ ᠪᠤᠯᠬᠤ ᠪᠦᠭᠡᠳ ᠨᠡᠶᠢᠭᠡᠮ ᠤᠨ ᠠᠪᠤᠷᠠᠨ ᠳᠤᠰᠠᠯᠠᠬᠤ ᠳᠦᠷᠦᠯ ᠵᠦᠢᠯ ᠳᠤ ᠬᠤᠯᠪᠤᠭᠳᠠᠬᠤ | ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠠᠴᠠ ᠠᠰᠠᠭᠤᠵᠤ ᠰᠤᠷᠠᠨ᠂ ᠳᠡᠳᠡᠨ ᠢᠶᠠᠷ ᠬᠤᠯᠪᠤᠭᠳᠠᠯ ᠪᠦᠬᠦᠢ | ᠪᠠᠶᠢᠳᠠᠯ ᠳᠤ ᠳᠤᠳᠤᠷᠬᠠᠢᠢᠯᠠᠯᠳᠠ ᠬᠢᠯᠭᠡᠵᠤ᠂ ᠬᠤᠯᠪᠤᠭᠳᠠᠯ ᠪᠦᠬᠦᠢ ᠭᠡᠷᠡᠴᠢ ᠮᠠᠲ᠋ᠧᠷᠢᠶᠠᠯ ᠬᠠᠨᠭ᠍ᠭᠠᠬᠤ ᠶᠢ ᠱᠠᠭᠠᠷᠳᠠᠵᠤ | ᠪᠤᠯᠤᠨ᠎ᠠ᠃ ᠬᠤᠯᠪᠤᠭᠳᠠᠯ ᠪᠦᠬᠦᠢ ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠨᠢ ᠪᠠᠶᠢᠳᠠᠯ ᠢ ᠦᠨᠡᠨ ᠮᠦᠨ ᠢᠶᠠᠷ | ᠨᠢ ᠳᠤᠰᠬᠠᠵᠤ ᠦᠭᠬᠦ ᠭᠡᠷᠡᠭᠳᠡᠢ᠃ | ᠵᠢᠷᠠᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠯᠳᠠ ᠭᠤᠶᠤᠴᠢᠯᠠᠬᠤ ᠳᠠᠭᠠᠨ᠂ ᠳᠤᠰ ᠠᠷᠭ᠎ᠠ ᠶᠢᠨ | ᠳᠤᠭᠳᠠᠭᠠᠯ ᠶᠤᠰᠤᠭᠠᠷ ᠳᠤᠷᠠᠳᠬᠤ ᠭᠡᠷᠡᠭᠳᠡᠢ︔ ᠭᠤᠶᠤᠴᠢᠯᠠᠬᠰᠠᠳ ᠨᠢ ᠨᠡᠶᠢᠭᠡᠮ ᠤᠨ ᠠᠪᠤᠷᠠᠨ ᠳᠤᠰᠠᠯᠠᠬᠤ | ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠢ ᠳᠤᠳᠤᠷᠬᠠᠢ ᠰᠤᠩᠭᠤᠵᠤ ᠴᠢᠳᠠᠬᠤ ᠦᠭᠡᠢ ᠪᠤᠯ ᠤᠷᠢᠳᠠᠪᠠᠷ | ᠨᠡᠶᠢᠭᠡᠮ ᠤᠨ ᠠᠪᠤᠷᠠᠨ ᠳᠤᠰᠠᠯᠠᠯᠳᠠ ᠶᠢ ᠭᠠᠷᠳᠠᠨ ᠬᠦᠢᠴᠡᠳᠭᠡᠬᠦ ᠪᠠᠶᠢᠭᠤᠯᠤᠮᠵᠢ ᠪᠤᠶᠤ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠠᠴᠠ ᠳᠤᠰᠠᠯᠠᠮᠵᠢ ᠭᠤᠶᠤᠵᠤ | ᠪᠤᠯᠤᠨ᠎ᠠ᠃ ᠨᠡᠶᠢᠭᠡᠮ ᠤᠨ ᠠᠪᠤᠷᠠᠨ ᠳᠤᠰᠠᠯᠠᠯᠳᠠ ᠶᠢ ᠭᠠᠷᠳᠠᠨ ᠬᠦᠢᠴᠡᠳᠭᠡᠬᠦ ᠪᠠᠶᠢᠭᠤᠯᠤᠮᠵᠢ ᠪᠤᠶᠤ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠ ᠤᠨ ᠰᠠᠯᠠᠭ᠎ᠠ ᠮᠦᠴᠢᠷ ᠨᠢ | ᠭᠤᠶᠤᠴᠢᠯᠠᠯᠳᠠ ᠶᠢ ᠳᠤᠰᠤᠭᠰᠠᠨ ᠤ ᠳᠠᠷᠠᠭ᠎ᠠ ᠴᠠᠭ ᠳᠤᠬᠠᠢ ᠳᠤ ᠨᠢ ᠬᠦᠢᠴᠡᠳᠭᠡᠵᠤ ᠦᠭᠬᠦ ᠪᠤᠶᠤ ᠪᠤᠰᠤᠳ | ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠳᠠᠮᠵᠢᠭᠤᠯᠤᠨ | ᠳᠤᠰᠢᠶᠠᠵᠤ᠂ ᠬᠦᠢᠴᠡᠳᠭᠡᠯᠭᠡᠵᠤ ᠪᠤᠯᠤᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠨᠢ ᠨᠡᠶᠢᠭᠡᠮ ᠤᠨ ᠠᠪᠤᠷᠠᠨ ᠳᠤᠰᠠᠯᠠᠯᠳᠠ ᠶᠢᠨ ᠭᠤᠶᠤᠯᠳᠠ ᠶᠢ | ᠨᠢᠭᠡᠳᠤᠯᠳᠡᠢ ᠬᠦᠯᠢᠶᠡᠨ ᠠᠪᠬᠤ ᠴᠤᠩᠬᠤᠪᠴᠢ ᠭᠠᠷᠭᠠᠨ᠂ ᠴᠠᠭ ᠳᠠᠷᠤᠢ ᠳᠤ ᠨᠢ ᠬᠦᠯᠢᠶᠡᠨ ᠠᠪᠴᠤ᠂ | ᠭᠤᠶᠤᠴᠢᠯᠠᠭᠰᠠᠨ ᠤᠴᠢᠷ ᠶᠠᠪᠤᠳᠠᠯ ᠢ ᠳᠠᠮᠵᠢᠭᠤᠯᠤᠨ ᠦᠭᠴᠤ ᠬᠦᠢᠴᠡᠳᠭᠡᠬᠦᠯᠬᠦ ᠭᠡᠷᠡᠭᠳᠡᠢ᠃ | ᠵᠢᠷᠠᠨ ᠨᠢᠭᠡᠳᠤᠭᠡᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠶᠢ ᠬᠦᠢᠴᠡᠳᠭᠡᠵᠤ | ᠪᠠᠶᠢᠭ᠎ᠠ ᠠᠵᠢᠯᠳᠠᠳ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠳᠤᠮᠳᠠ ᠪᠠᠨ ᠤᠯᠵᠤ ᠮᠡᠳᠡᠭᠰᠡᠨ ᠡᠷᠭᠡᠳᠤ | ᠠᠷᠠᠳ ᠤᠨ ᠬᠤᠪᠢ ᠬᠦᠮᠦᠨ ᠤ ᠴᠢᠮᠡᠭᠡ ᠵᠠᠩᠬᠢ ᠶᠢᠨ ᠳᠤᠭᠳᠠᠭᠠᠯ ᠶᠤᠰᠤᠭᠠᠷ ᠵᠠᠷᠯᠠᠨ ᠨᠡᠶᠢᠳᠡᠯᠡᠬᠦ ᠴᠢᠮᠡᠭᠡ ᠵᠠᠩᠬᠢ | ᠭᠠᠷᠭᠠᠪᠠᠯ ᠪᠤᠰᠤᠳ ᠤᠨ ᠬᠢᠨᠢ ᠨᠢᠭᠤᠴᠠ ᠶᠢ ᠬᠠᠮᠠᠭᠠᠯᠠᠬᠤ ᠭᠡᠷᠡᠭᠳᠡᠢ᠃ | ᠵᠢᠷᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠵᠢᠴᠢ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠰᠤᠨᠢᠨ | ᠰᠡᠳᠬᠦᠯ᠂ ᠷᠠᠳᠢᠤ᠋᠂ ᠲᠧᠯᠸᠢᠰ᠂ ᠢᠨᠲ᠋ᠧᠷ ᠰᠦᠯᠵᠢᠶ᠎ᠠ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ᠂ ᠨᠡᠶᠢᠭᠡᠮ ᠤᠨ | ᠠᠪᠤᠷᠠᠨ ᠳᠤᠰᠠᠯᠠᠬᠤ ᠬᠠᠤᠯᠢ ᠴᠠᠭᠠᠵᠠ ᠳᠦᠷᠢᠮ ᠳᠤᠭᠳᠠᠭᠠᠯ ᠪᠤᠯᠤᠨ ᠳᠦᠷᠦ ᠶᠢᠨ ᠪᠤᠳᠤᠯᠭ᠎ᠠ ᠶᠢ ᠤᠬᠠᠭᠤᠯᠬᠤ | ᠭᠡᠷᠡᠭᠳᠡᠢ᠃ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠬᠢᠭᠡᠳ ᠨᠡᠶᠢᠭᠡᠮ ᠤᠨ ᠠᠪᠤᠷᠠᠨ | ᠳᠤᠰᠠᠯᠠᠬᠤ ᠰᠠᠯᠠᠭ᠎ᠠ ᠮᠦᠴᠢᠷ ᠨᠢ ᠨᠡᠶᠢᠳᠡ ᠶᠢᠨ ᠡᠷᠢᠵᠤ ᠦᠵᠡᠬᠦ ᠦᠷᠦᠭᠡ᠂ ᠮᠠᠲ᠋ᠧᠷᠢᠶᠠᠯ ᠡᠷᠢᠵᠤ ᠠᠪᠬᠤ ᠴᠢᠭ᠋᠂ | ᠴᠢᠮᠡᠭᠡ ᠵᠠᠩᠬᠢ ᠵᠠᠷᠯᠠᠨ ᠨᠡᠶᠢᠳᠡᠯᠡᠬᠦ ᠪᠤᠯᠤᠩ ᠵᠡᠷᠭᠡ ᠤᠯᠠᠨ ᠳᠠᠶᠠᠭᠠᠷ ᠤᠨ ᠤᠯᠵᠤ ᠮᠡᠳᠡᠬᠦ ᠳᠤ ᠳᠦᠬᠦᠮ ᠳᠦᠳᠡ | ᠪᠤᠯᠭᠠᠬᠤ ᠠᠷᠭ᠎ᠠ ᠪᠠᠷᠢᠯ ᠢᠶᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ | ᠪᠤᠳᠠᠰ ᠤᠨ ᠬᠠᠮᠢᠶᠠᠷᠤᠯᠳᠠ ᠪᠤᠯᠤᠨ ᠵᠠᠷᠤᠵᠤ ᠭᠡᠷᠡᠭᠯᠡᠭᠰᠡᠨ ᠪᠠᠶᠢᠳᠠᠯ ᠢ ᠴᠠᠭ ᠳᠤᠬᠠᠢ ᠳᠤ ᠢᠯᠠ ᠪᠤᠯᠭᠠᠵᠤ᠂ | ᠨᠡᠶᠢᠭᠡᠮ ᠤᠨ ᠬᠢᠨᠠᠯᠳᠠ ᠶᠢ ᠬᠦᠯᠢᠶᠡᠬᠦ ᠭᠡᠷᠡᠭᠳᠡᠢ᠃ | ᠵᠢᠷᠠᠨ ᠭᠤᠷᠪᠠᠳᠤᠭᠠᠷ ᠵᠦᠢᠯ ᠨᠡᠶᠢᠭᠡᠮ ᠤᠨ ᠠᠪᠤᠷᠠᠨ ᠳᠤᠰᠠᠯᠠᠬᠤ ᠡᠬᠦᠷᠭᠡ ᠬᠠᠷᠢᠭᠤᠴᠠᠯᠭ᠎ᠠ ᠶᠢ | ᠬᠦᠢᠴᠡᠳᠭᠡᠵᠤ ᠪᠠᠶᠢᠭ᠎ᠠ ᠠᠵᠢᠯᠳᠠᠳ ᠡᠷᠭᠡ ᠳᠤᠰᠢᠶᠠᠯ ᠢᠶᠠᠨ ᠭᠡᠷᠡᠭᠵᠢᠬᠦᠯᠬᠦ ᠳᠡᠭᠡᠨ ᠨᠡᠶᠢᠭᠡᠮ ᠤᠨ ᠬᠢᠨᠠᠯᠳᠠ ᠶᠢ | ᠬᠦᠯᠢᠶᠡᠬᠦ ᠭᠡᠷᠡᠭᠳᠡᠢ᠃ ᠶᠠᠮᠠᠷᠪᠠ ᠪᠠᠶᠢᠭᠤᠯᠤᠯᠭ᠎ᠠ ᠨᠢᠭᠡᠴᠡ᠂ ᠬᠤᠪᠢ ᠬᠦᠮᠦᠨ ᠨᠢ ᠨᠡᠶᠢᠭᠡᠮ ᠤᠨ ᠠᠪᠤᠷᠠᠨ ᠳᠤᠰᠠᠯᠬᠤ | ᠡᠬᠦᠷᠭᠡ ᠬᠠᠷᠢᠭᠤᠴᠠᠯᠭ᠎ᠠ ᠬᠦᠢᠴᠡᠳᠭᠡᠭᠴᠢ ᠠᠵᠢᠯᠳᠠᠳ ᠤᠨ ᠨᠡᠶᠢᠭᠡᠮ ᠤᠨ ᠠᠪᠤᠷᠠᠨ ᠳᠤᠰᠠᠯᠠᠬᠤ ᠠᠵᠢᠯ ᠤᠨ | ᠳᠤᠮᠳᠠᠬᠢ ᠬᠠᠤᠯᠢ ᠳᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠵᠤ᠂ ᠵᠠᠭᠠᠯᠳᠤᠬᠤ ᠡᠷᠭᠡ ᠲᠠᠢ | ᠃ ᠢᠯᠡᠴᠢᠯᠡᠨ ᠮᠡᠳᠡᠬᠦᠯᠦᠯᠳᠠ᠂ ᠵᠠᠭᠠᠯᠳᠤᠯᠭ᠎ᠠ ᠶᠢ ᠬᠦᠯᠢᠶᠠᠨ ᠠᠪᠤᠭᠰᠠᠨ ᠪᠠᠶᠢᠭᠤᠯᠤᠯᠭ᠎ᠠ ᠨᠢ ᠴᠠᠭ ᠳᠤᠬᠠᠢ ᠳᠤ ᠨᠢ | ᠪᠠᠶᠢᠴᠠᠭᠠᠨ ᠳᠤᠳᠤᠯᠠᠵᠤ ᠰᠢᠢᠳᠪᠤᠷᠢᠯᠡᠬᠦ ᠭᠡᠷᠡᠭᠳᠡᠢ᠃ | ᠵᠢᠷᠡᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ᠂ ᠬᠢᠨᠠᠨ ᠪᠤᠳᠤᠬᠤ ᠪᠠᠶᠢᠭᠤᠯᠤᠯᠭ᠎ᠠ ᠨᠢ ᠬᠠᠤᠯᠢ ᠶᠤᠰᠤᠭᠠᠷ | ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠤᠨ ᠴᠤᠭᠯᠠᠭᠤᠯᠭ᠎ᠠ᠂ ᠬᠤᠪᠢᠶᠠᠷᠢᠯᠠᠯᠳᠠ᠂ | ᠬᠠᠮᠢᠶᠠᠷᠤᠯᠳᠠ ᠬᠢᠨᠭᠡᠳ ᠭᠡᠷᠡᠭᠯᠡᠯᠳᠡ ᠳᠤ ᠨᠢ ᠬᠢᠨᠠᠯᠳᠠ ᠳᠠᠯᠪᠢᠬᠤ ᠭᠡᠷᠡᠭᠳᠡᠢ᠃ | ᠵᠢᠷᠡᠨ ᠳᠠᠪᠤᠳᠤᠭᠠᠷ ᠵᠦᠢᠯ ᠭᠤᠶᠤᠴᠢᠯᠠᠬᠤ ᠪᠤᠶᠤ ᠨᠢᠭᠡᠨᠳᠡ ᠨᠠᠶᠢᠭᠡᠮ ᠤᠨ ᠠᠪᠤᠷᠠᠨ ᠳᠤᠰᠠᠯᠠᠯᠳᠠ ᠶᠢ | ᠤᠯᠤᠭᠰᠠᠨ ᠭᠡᠷ ᠪᠦᠯᠢ ᠪᠠ ᠬᠤᠪᠢ ᠬᠦᠮᠦᠨ ᠨᠢ ᠨᠡᠶᠢᠭᠡᠮ ᠤᠨ ᠠᠪᠤᠷᠠᠨ ᠳᠤᠰᠠᠯᠬᠤ ᠠᠵᠢᠯ ᠤᠨ ᠬᠠᠮᠢᠶᠠᠷᠤᠯᠳᠠ ᠶᠢᠨ | ᠰᠠᠯᠠᠭ᠎ᠠ ᠮᠦᠴᠢᠷ ᠤᠨ ᠪᠤᠳᠠᠳᠠᠢ ᠵᠠᠰᠠᠭ ᠵᠠᠬᠢᠷᠭᠠᠨ ᠤ ᠠᠵᠢᠯᠯᠠᠭ᠎ᠠ ᠶᠢ ᠵᠦᠪᠰᠢᠶᠡᠷᠡᠬᠦ ᠦᠭᠡᠢ ᠪᠤᠯ ᠬᠠᠤᠯᠢ ᠶᠤᠰᠤᠭᠠᠷ | ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠵᠤ ᠪᠤᠯᠤᠨ᠎ᠠ᠃ | | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠡᠨ ᠵᠢᠷᠭᠤᠳᠤᠭᠠᠷ ᠵᠦᠢᠯ ᠳᠤᠰ ᠠᠷᠭ᠎ᠠ ᠶᠢᠨ ᠳᠤᠭᠳᠠᠭᠠᠯ ᠢ ᠵᠦᠷᠢᠴᠡᠭᠰᠡᠨ᠂ ᠳᠤᠳᠤᠷᠠᠬᠢ ᠮᠠᠳᠤ | ᠪᠠᠶᠢᠳᠠᠯ ᠤᠨ ᠨᠢᠭᠡ ᠨᠢ ᠤᠷᠤᠰᠢᠵᠤ ᠪᠠᠶᠢᠪᠠᠯ᠂ ᠳᠡᠭᠡᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠪᠤᠶᠤ | ᠬᠢᠨᠠᠨ ᠪᠠᠶᠢᠴᠠᠭᠠᠬᠤ ᠪᠠᠶᠢᠭᠤᠯᠤᠯᠭ᠎ᠠ ᠠᠴᠠ ᠠᠯᠪᠠᠳᠠᠨ ᠵᠠᠷᠯᠢᠳᠠᠵᠤ ᠵᠠᠰᠠᠨ ᠵᠠᠯᠠᠷᠠᠭᠤᠯᠤᠨ᠎ᠠ︔ ᠰᠢᠭᠤᠳ | ᠬᠠᠷᠢᠭᠤᠴᠠᠯᠭ᠎ᠠ ᠪᠦᠬᠦᠢ ᠭᠤᠤᠯᠯᠠᠨ ᠬᠠᠮᠢᠶᠠᠷᠬᠤ ᠠᠵᠢᠯᠳᠠᠨ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ | ᠬᠦᠮᠦᠨ ᠳᠤ ᠬᠠᠤᠯᠢ ᠶᠤᠰᠤᠭᠠᠷ ᠰᠢᠳᠭᠡᠯ ᠤᠯᠭᠤᠨ᠎ᠠ᠃ ︵ᠨᠢᠭᠡ︶ ᠠᠪᠤᠷᠠᠨ ᠳᠤᠰᠠᠯᠠᠬᠤ ᠶᠢ | ᠭᠤᠶᠤᠴᠢᠯᠠᠬᠤ ᠨᠦᠬᠦᠴᠡᠯ ᠳᠤ ᠬᠦᠷᠦᠭᠰᠡᠳ ᠤᠨ ᠭᠤᠶᠤᠯᠳᠠ ᠶᠢ ᠨᠢ ᠬᠦᠯᠢᠶᠠᠨ ᠠᠪᠬᠤ ᠦᠭᠡᠢ︔ ︵ | ᠬᠤᠶᠠᠷ︶ ᠠᠪᠤᠷᠠᠨ ᠳᠤᠰᠠᠯᠠᠬᠤ ᠨᠦᠬᠦᠴᠡᠯ ᠳᠤ ᠬᠦᠷᠦᠭᠰᠡᠳ ᠤᠨ ᠠᠪᠤᠷᠠᠨ ᠳᠤᠰᠠᠯᠠᠭᠤᠯᠬᠤ ᠭᠤᠶᠤᠯᠳᠠ ᠶᠢ | ᠵᠦᠪᠰᠢᠶᠡᠷᠡᠬᠦ ᠦᠭᠡᠢ︔ ︵ᠭᠤᠷᠪᠠ︶ ᠠᠪᠤᠷᠠᠨ ᠳᠤᠰᠠᠯᠠᠬᠤ ᠨᠦᠬᠦᠴᠡᠯ ᠳᠤ ᠨᠡᠶᠢᠴᠡᠬᠦ ᠦᠭᠡᠢ ᠬᠦᠮᠦᠰ ᠤᠨ | ᠠᠪᠤᠷᠠᠨ ᠳᠤᠰᠠᠯᠠᠬᠤ ᠭᠤᠶᠤᠯᠳᠠ ᠶᠢ ᠵᠦᠪᠰᠢᠶᠡᠷᠡᠭᠰᠡᠨ︔ ︵ᠳᠦᠷᠪᠡ︶ ᠠᠵᠢᠯ ᠤᠨ ᠳᠤᠮᠳᠠ ᠪᠠᠨ | ᠤᠯᠵᠤ ᠮᠡᠳᠡᠭᠰᠡᠨ ᠡᠷᠭᠡᠳᠤ ᠠᠷᠠᠳ ᠤᠨ ᠴᠢᠮᠡᠭᠡ ᠵᠠᠩᠬᠢ ᠶᠢ ᠵᠠᠳᠠᠷᠠᠭᠤᠯᠵᠤ᠂ ᠮᠠᠭᠤ ᠨᠦᠯᠦᠭᠡ ᠦᠵᠡᠬᠦᠯᠦᠭᠰᠡᠨ︔ ︵ | ᠳᠠᠪᠤ︶ ᠨᠡᠶᠢᠭᠡᠮ ᠠᠴᠠ ᠳᠤᠰᠠᠯᠠᠭᠰᠠᠨ ᠵᠤᠭᠤᠰ ᠮᠦᠡᠭᠬᠦ᠂ ᠡᠳ᠋ ᠪᠤᠳᠠᠰ᠂ ᠦᠢᠯᠡᠴᠢᠯᠡᠭᠡᠨ ᠤ ᠳᠡᠮᠳᠡᠭᠯᠡᠯ ᠵᠡᠷᠭᠡ | ᠳᠤᠭ᠎ᠠ ᠪᠠᠷᠢᠮᠳᠠ ᠶᠢ ᠭᠡᠭᠡᠭᠰᠡᠨ ᠪᠤᠶᠤ ᠬᠠᠯᠠᠵᠤ ᠦᠭᠡᠷᠡᠴᠢᠯᠡᠭᠰᠡᠨ︔ ︵ᠵᠢᠷᠭᠤᠭ᠎ᠠ︶ ᠨᠡᠶᠢᠭᠡᠮ ᠤᠨ ᠠᠪᠤᠷᠠᠨ | ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠢ ᠳᠤᠭᠳᠠᠭᠠᠯ ᠶᠤᠰᠤᠭᠠᠷ ᠳᠦᠪᠡᠭᠡᠵᠤ ᠦᠭᠬᠦᠭᠰᠡᠨ ᠦᠭᠡᠢ ᠪᠤᠶᠤ | ᠬᠤᠯᠪᠤᠭᠳᠠᠯ ᠪᠦᠬᠦᠢ ᠦᠢᠯᠡᠴᠢᠯᠡᠭᠡ ᠬᠠᠨᠭ᠍ᠭᠠᠭᠰᠠᠨ ᠦᠭᠡᠢ︔ ︵ᠳᠤᠯᠤᠭ᠎ᠠ︶ ᠨᠡᠶᠢᠭᠡᠮ ᠤᠨ ᠠᠪᠤᠷᠠᠨ | ᠳᠤᠰᠠᠯᠠᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠪᠤᠰᠤᠳ ᠳᠠᠯ᠎ᠠ ᠪᠠᠷ ᠡᠷᠭᠡ ᠳᠤᠰᠢᠶᠡᠯ ᠶᠢᠨ | ᠠᠰᠢᠭᠯᠠᠭᠰᠠᠨ᠂ ᠡᠬᠦᠷᠭᠡ ᠳᠤᠰᠢᠶᠠᠯ ᠳᠠᠭᠠᠨ ᠤᠰᠤᠯᠳᠤᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ | ᠵᠦᠷᠢᠴᠡᠭᠰᠡᠨ ᠵᠡᠷᠭᠡ ᠠᠵᠢᠯᠠᠯᠭ᠎ᠠ᠃ | ᠵᠢᠷᠡᠨ ᠳᠤᠯᠤᠳᠤᠭᠠᠷ ᠵᠦᠢᠯ ᠳᠤᠰ ᠠᠷᠭ᠎ᠠ ᠶᠢᠨ ᠳᠤᠭᠳᠠᠭᠠᠯ ᠢ ᠵᠦᠷᠢᠴᠡᠨ᠂ ᠨᠡᠶᠢᠭᠡᠮ ᠤᠨ ᠠᠪᠤᠷᠠᠨ | ᠳᠤᠰᠠᠠᠯᠬᠤ ᠵᠤᠭᠤᠰ ᠮᠦᠡᠭᠬᠦ᠂ ᠡᠳ᠋ ᠪᠤᠳᠠᠰ ᠢ ᠳᠠᠰᠤᠯᠠᠨ ᠦᠯᠡᠳᠡᠭᠡᠬᠦ᠂ ᠰᠢᠬᠠᠨ ᠡᠵᠡᠯᠡᠬᠦ᠂ ᠨᠡᠬᠦᠯᠭᠡᠨ ᠭᠡᠷᠡᠭᠯᠡᠬᠦ᠂ | ᠬᠤᠪᠢ ᠬᠦᠮᠦᠨ ᠬᠤᠪᠢᠶᠠᠨ ᠠᠪᠤᠭᠰᠠᠨ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠠᠯᠪᠠᠳᠠ ᠵᠠᠷᠯᠢᠭᠳᠠᠵᠤ | ᠡᠭᠡᠬᠦᠯᠦᠨ ᠪᠤᠴᠠᠭᠠᠯᠭᠠᠬᠤ ᠭᠡᠷᠡᠭᠳᠡᠢ︔ ᠬᠠᠤᠯᠢ ᠪᠤᠰᠤ ᠪᠠᠷ ᠤᠯᠤᠭᠰᠠ ᠠᠰᠢᠭ ᠢ ᠨᠢ ᠬᠠᠤᠯᠢ ᠶᠤᠰᠤᠭᠠᠷ ᠬᠤᠷᠢᠶᠠᠨ | ᠠᠪᠬᠤ ᠭᠡᠷᠡᠭᠳᠡᠢ ︔ ᠰᠢᠭᠤᠳ ᠬᠠᠷᠢᠭᠤᠴᠠᠯᠭ᠎ᠠ ᠪᠦᠬᠦᠢ ᠭᠤᠤᠯᠠᠯᠨ ᠬᠠᠮᠢᠶᠠᠷᠬᠤ ᠠᠵᠢᠯᠳᠠᠨ ᠪᠤᠯᠤᠨ ᠪᠤᠰᠤᠳ | ᠰᠢᠭᠤᠳ ᠬᠠᠷᠢᠭᠤᠴᠠᠯᠭ᠎ᠠ ᠲᠠᠢ ᠠᠵᠢᠯᠳᠠᠨ ᠳᠤ ᠬᠠᠤᠯᠢ ᠶᠤᠰᠤᠭᠠᠷ ᠰᠢᠳᠭᠡᠯ ᠦᠭᠬᠦ ᠭᠡᠷᠡᠭᠳᠡᠢ᠃ | ᠵᠢᠷᠡᠨ ᠨᠠᠢᠮᠠᠳᠤᠭᠠᠷ ᠵᠦᠢᠯ ᠬᠤᠳᠠᠯ ᠭᠡᠯᠡᠬᠦ᠂ ᠨᠢᠭᠤᠨ ᠳᠠᠯᠳᠠᠯᠠᠬᠤ᠂ ᠬᠠᠭᠤᠷᠮᠠᠭ ᠢᠶᠠᠷ ᠵᠤᠬᠢᠶᠠᠬᠤ ᠵᠡᠷᠭᠡ | ᠠᠷᠭ᠎ᠠ ᠪᠠᠷ ᠨᠡᠶᠢᠭᠡᠮ ᠤᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ ᠪᠤᠳᠠᠰ ᠢ ᠮᠡᠭᠡᠯᠡᠨ ᠠᠪᠤᠭᠰᠠᠨ ᠪᠤᠶᠤ | ᠦᠢᠯᠡᠴᠢᠯᠡᠭᠡ ᠬᠢᠯᠭᠡᠭᠰᠡᠨ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠨᠡᠶᠢᠭᠡᠮ ᠤᠨ ᠠᠪᠤᠷᠠᠨ ᠳᠤᠰᠠᠯᠠᠯᠳᠠ | ᠬᠢᠬᠦ ᠶᠢ ᠨᠢ ᠵᠤᠭᠰᠤᠭᠠᠵᠤ᠂ ᠬᠠᠤᠯᠢ ᠪᠤᠰᠤ ᠪᠠᠷ ᠤᠯᠤᠭᠰᠠᠨ ᠠᠪᠤᠷᠠᠨ ᠳᠤᠰᠠᠯᠠᠬᠤ ᠵᠤᠭᠤᠰ ᠮᠦᠡᠭᠬᠦ᠂ ᠡᠳ᠋ | ᠪᠤᠳᠠᠰ ᠢ ᠠᠯᠪᠠᠳᠠᠨ ᠪᠤᠴᠠᠭᠠᠯᠭᠠᠬᠤ ᠮᠦᠷᠳᠡᠭᠡᠨ ᠬᠠᠤᠯᠢ ᠪᠤᠰᠤ ᠪᠠᠷ ᠤᠯᠤᠭᠰᠠᠨ ᠠᠪᠤᠷᠠᠨ ᠳᠤᠰᠠᠠᠯᠬᠤ ᠵᠤᠭᠤᠰ | ᠮᠦᠡᠭᠬᠦ ᠪᠤᠶᠤ ᠡᠳ᠋ ᠪᠤᠳᠠᠰ ᠤᠨ ᠦᠷᠳᠡᠭ ᠤᠨ 1 ᠳᠠᠬᠢᠨ ᠠᠴᠠ ᠳᠡᠭᠡᠭᠰᠢ 3 ᠳᠠᠬᠢᠨ ᠠᠴᠠ ᠳᠤᠷᠤᠭᠰᠢ | ᠵᠤᠭᠤᠰ ᠢᠶᠠᠷ ᠳᠤᠷᠭᠠᠵᠤ ᠪᠤᠯᠤᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠳᠤᠭᠳᠠᠭᠠᠯ ᠶᠢ ᠵᠦᠷᠢᠴᠡᠭᠰᠡᠨ | ᠠᠵᠢᠯᠯᠠᠭ᠎ᠠ ᠳᠤ ᠳᠤᠭᠠᠴᠠᠭᠳᠠᠬᠤ ᠳᠤ ᠬᠦᠷᠪᠡᠯ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠳᠤᠭᠳᠠᠭᠠᠯ ᠢᠶᠠᠷ | ᠳᠤᠷᠭᠠᠨ ᠰᠢᠳᠭᠡᠵᠤ ᠪᠤᠯᠤᠨ᠎ᠠ᠃ | ᠵᠢᠷᠠ ᠶᠢᠰᠤᠳᠤᠭᠡᠷ ᠵᠦᠢᠯ ᠳᠤᠰ ᠠᠷᠭ᠎ᠠ ᠶᠢᠨ ᠳᠤᠭᠳᠠᠭᠠᠯ ᠢ ᠵᠦᠷᠢᠴᠡᠨ᠂ ᠶᠠᠯ᠎ᠠ ᠬᠢᠭᠰᠡᠳ ᠠᠴᠠ ᠬᠠᠤᠯᠢ | ᠶᠤᠰᠤᠭᠠᠷ ᠡᠷᠡᠬᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ | ᠳᠠᠯᠠᠳᠤᠭᠠᠷ ᠵᠦᠢᠯ ᠳᠤᠰ ᠠᠷᠭ᠎ᠠ ᠶᠢ 2014 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠨ | ᠭᠡᠷᠡᠭᠵᠢᠬᠦᠯᠦᠨ᠎ᠠ᠃ |