ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠎ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠡᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠎ ᠤᠨ ᠪᠠᠳᠤᠯᠠᠭ᠎ᠠ ᠶᠢᠨ ᠲᠠᠩᠬᠢᠮ  ᠤᠨ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ  ᠎ ᠠᠴᠠ ᠰᠤᠶᠢᠳᠭᠡᠯ ᠬᠤᠷᠢᠶᠠᠬᠤ ᠶᠢ ᠴᠢᠯᠤᠭᠡᠲᠠᠢ ᠪᠤᠯᠭᠠᠬᠤ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2016/4/12
      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ  ᠎ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ ᠂ ᠰᠤᠷᠭᠠᠨ ᠬᠦᠮᠦᠵᠢᠯ ᠤᠨ ᠲᠡᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠠᠩᠬᠢᠮ  ᠤᠨ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ  ᠎ ᠠᠴᠠ ᠰᠤᠶᠢᠳᠭᠡᠯ ᠬᠤᠷᠢᠶᠠᠬᠤ ᠎ ᠶᠢ ᠴᠢᠯᠤᠭᠡᠲᠠᠢ ᠪᠤᠯᠭᠠᠬᠤ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ               ᠦᠪᠦᠷ ᠬᠥᠭᠵᠢᠭᠦᠯᠦᠯᠲᠡ ᠦᠭᠡᠷᠡᠴᠢᠯᠡᠯᠲᠡ ᠰᠤᠶᠢᠳᠭᠡᠯ ᠦᠰᠤᠭ᠌ ᠲᠠᠷᠬᠠᠭᠠᠭᠰᠠᠨ ﹇2015﹈1410 ᠳ᠋ᠤᠭᠠᠷ ᠲᠤᠭᠠᠳᠤ       ᠡᠯ᠎ᠡ ᠠᠶᠢᠮᠠᠭ ᠬᠤᠲᠠ ᠶᠢᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ  ᠎ ᠤᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠂  ᠮᠠᠨᠵᠤᠤᠷ᠂ ᠡᠷᠢᠶᠡᠨ ᠬᠤᠲᠠ ᠶᠢᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠳᠤᠪᠴᠢᠶ᠎ᠠ ᠳᠤ᠄       ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠭᠤᠷᠪᠠᠳᠤᠭᠠᠷ ᠳᠦᠷᠪᠡᠳᠤᠭᠡᠷ ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠳᠤᠬᠢᠷᠠᠭᠤᠯᠬᠤ ᠳᠤᠮᠳᠠᠬᠢ ᠰᠢᠢᠳᠪᠦᠷᠢᠳᠤ ᠤᠶᠢᠯᠡᠳᠤᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠮᠠᠨ ᠤ ᠤᠷᠤᠨ ᠤ ᠠᠷᠠᠳ ᠠᠴᠠ  ᠡᠷᠬᠢᠯᠡᠭᠰᠡᠨ ᠰᠤᠷᠭᠠᠨ ᠬᠥᠮᠥᠵᠢᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠦᠭᠡᠢ ᠪᠠᠲᠤᠯᠠᠮᠵᠢ ᠠᠴᠠ ᠰᠤᠶᠢᠳᠭᠡᠯ ᠬᠤᠷᠢᠶᠠᠬᠤ ᠶᠢ ᠨᠢᠭᠡᠨᠲᠡ ᠴᠢᠯᠦᠭᠡᠲᠢ ᠪᠤᠯᠭᠠᠭᠰᠠᠨ ᠰᠠᠭᠤᠷᠢᠨ ᠳᠡᠭᠡᠷ᠎ᠡ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠤᠨ ᠪᠠᠶᠢᠭᠤᠯᠤᠮᠵᠢ ᠠᠴᠠ ᠰᠤᠶᠢᠳᠭᠡᠯ ᠬᠤᠷᠢᠶᠠᠬᠤ ᠶᠢ  ᠴᠢᠯᠦᠭᠡᠲᠠᠢ ᠪᠤᠯᠭᠠᠬᠤ ᠪᠠᠷ ᠳᠤᠭᠲᠠᠵᠤ᠂ ᠬᠤᠯᠪᠤᠭᠳᠠᠯ ᠪᠦᠬᠦᠢ ᠬᠡᠷᠡᠭ  ᠤᠴᠢᠷ ᠢ ᠮᠡᠳᠡᠭᠳᠡᠬᠦ ᠨᠢ ᠳᠤᠤᠷᠠᠬᠢ ᠮᠡᠳᠤ᠄       ᠨᠢᠭᠡ᠂  ᠰᠤᠷᠤᠯᠭ᠎ᠠ ᠶᠢᠨ ᠨᠠᠮᠳᠠᠷ ᠲᠠᠢ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠭᠡᠬᠦ  ᠪᠤᠯ ᠪᠦᠬᠦ ᠤᠷᠤᠨ ᠤ ᠬᠠᠷᠢᠶᠠᠨ ᠳᠤ ᠰᠤᠷᠭᠠᠨ ᠬᠦᠮᠦᠵᠢᠯ ᠤᠨ ᠭᠤᠤᠯ ᠬᠠᠮᠢᠶᠠᠷᠬᠤ ᠰᠠᠯᠠᠭ᠎ᠠ ᠮᠦᠴᠢᠷ ᠪᠤᠶᠤ ᠬᠦᠮᠦᠨ ᠤ ᠬᠦᠴᠦᠨ ᠤ ᠡᠬᠢ  ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠠᠴᠠ ᠵᠦᠪᠰᠢᠶᠡᠷᠡᠭᠰᠡᠨ ᠡᠯ᠎ᠡ ᠱᠠᠳᠤᠨ ᠤ ᠡᠯ᠎ᠡ ᠲᠦᠷᠦᠯ ᠤᠨ ᠠᠷᠠᠳ ᠠᠴᠠ ᠡᠷᠬᠢᠯᠡᠭᠰᠡᠨ ᠶᠡᠷᠤ ᠶᠢᠨ ᠳᠡᠭᠡᠳᠤ ᠵᠡᠷᠭᠡ ᠶᠢᠨ ᠠᠵᠢᠯ  ᠮᠡᠷᠭᠡᠵᠢᠯ ᠤᠨ ᠰᠤᠷᠭᠠᠭᠤᠯᠢ᠂ ᠳᠤᠮᠳᠠᠳᠤ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ᠂ ᠮᠡᠷᠭᠡᠵᠢᠯ ᠎ ᠤᠨ ᠠᠵᠢᠯᠴᠢᠨ ᠤ ᠰᠤᠷᠭᠠᠭᠤᠯᠢ᠂ ᠶᠡᠷᠤ ᠶᠢᠨ ᠳᠡᠭᠡᠳᠤ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠤ ᠳᠤᠮᠳᠠᠳᠤ ᠰᠤᠷᠭᠠᠭᠤᠯᠢ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠪᠠ ᠰᠤᠷᠬᠤ ᠨᠠᠰᠤᠨ ᠠᠴᠠ ᠡᠮᠤᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ᠃ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠨᠢ ᠰᠤᠷᠭᠠᠨ ᠬᠦᠮᠦᠵᠢᠯ ᠤᠨ ᠬᠦᠮᠦᠵᠢᠬᠦᠯᠬᠦ ᠦᠪᠡᠷ ᠤᠨ ᠦᠷᠳᠡᠭ ᠤᠨ ᠵᠠᠷᠴᠢᠮ ᠢ ᠦᠨᠳᠤᠰᠤᠯᠡᠨ᠂ ᠰᠤᠷᠭᠠᠭᠤᠯᠢ ᠶᠢᠨ ᠦᠪᠡᠷᠮᠢᠴᠠ ᠤᠨᠴᠠᠯᠢᠭ᠂ ᠰᠤᠷᠭᠠᠭᠤᠯᠢ ᠡᠷᠬᠢᠯᠡᠬᠦ ᠨᠦᠬᠦᠴᠡᠯ᠂ ᠨᠡᠶᠢᠭᠡᠮ ᠤᠨ ᠬᠡᠷᠡᠭᠴᠡᠭᠡ᠂ ᠰᠤᠷᠤᠭᠴᠢ ᠶᠢᠨ ᠠᠵᠤ ᠠᠬᠤᠢ ᠶᠢᠨ ᠬᠥᠯᠢᠶᠡᠨ ᠠᠪᠴᠤ ᠳᠡᠶᠢᠯᠬᠦ ᠬᠦᠴᠦᠨ ᠵᠢᠴᠢ ᠰᠤᠷᠭᠠᠭᠤᠯᠢ ᠶᠢᠨ ᠤᠷᠳᠤ ᠬᠤᠭᠤᠴᠠᠭᠠᠨ ᠤ ᠬᠦᠭᠵᠢᠯᠲᠡ ᠎ ᠶᠢ ᠳᠦᠯᠬᠢᠨ ᠠᠬᠢᠭᠤᠯᠬᠤ ᠵᠡᠷᠭᠡ ᠡᠯᠧᠮᠧᠨᠡᠲ ᠢ ᠶᠡᠷᠤᠩᠬᠡᠶᠢᠯᠡᠨ ᠪᠤᠳᠤᠯᠬᠢᠯᠠᠵᠤ ᠡᠷᠬᠡ ᠮᠡᠳᠡᠵᠤ ᠰᠤᠶᠢᠳᠭᠡᠯ ᠬᠤᠷᠢᠶᠠᠬᠤ ᠪᠠᠷᠢᠮᠵᠢᠶ᠎ᠠ ᠳᠤᠭᠲᠠᠭᠠᠨ᠎ᠠ᠃       ᠬᠤᠶᠠᠷ᠂  ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠦᠮᠦᠵᠢᠯ ᠤᠨ ᠪᠠᠶᠢᠭᠤᠯᠤᠮᠵᠢ ᠰᠤᠷᠤᠭᠴᠢ ᠶᠢᠨ ᠰᠤᠷᠭᠠᠭᠤᠯᠢ ᠳᠤ ᠪᠠᠶᠢᠬᠤ ᠦᠶ᠎ᠡ ᠳᠤ ᠳᠦᠭᠦᠮ ᠦᠵᠡᠭᠦᠯᠬᠦ ᠶᠢᠨ ᠲᠦᠯᠦᠭᠡ ᠬᠤᠷᠢᠶᠠᠭᠰᠠᠨ ᠤᠶᠢᠯᠡᠴᠢᠯᠡᠭᠡ ᠶᠢᠨ ᠴᠢᠨᠠᠷᠲᠠᠢ ᠰᠤᠶᠢᠳᠭᠡᠯ ᠪᠠ ᠤᠷᠤᠯᠠᠨ ᠬᠤᠷᠢᠶᠠᠬᠤ ᠰᠤᠶᠢᠳᠭᠡᠯ ᠢ  ︽ᠰᠤᠷᠤᠭᠴᠢ ᠰᠠᠶᠢᠨ ᠳᠤᠷ᠎ᠠ ᠠᠴᠠ ᠪᠤᠳᠠᠲᠠᠢ ᠶᠢ ᠦᠨᠳᠤᠰᠤᠯᠡᠵᠤ ᠬᠤᠷᠢᠶᠠᠬᠤ᠂ ᠠᠰᠢᠭ ᠬᠤᠨᠵᠢᠪᠦᠷᠢ ᠤᠯᠵᠤ ᠪᠤᠯᠬᠤ ᠦᠭᠡᠢ᠂ ᠴᠠᠭ ᠳᠤᠬᠠᠢ ᠲᠤᠨᠢ ᠳ᠋ᠦᠡᠭᠨᠡᠨ ᠪᠤᠳᠤᠬᠤ᠂ ᠳᠤᠭᠲᠠᠭᠰᠠᠨ ᠬᠤᠭᠤᠴᠠᠭ᠎ᠠ ᠲᠠᠢ  ᠨᠡᠶᠢᠲᠡᠯᠡᠬᠦ︾ ᠵᠠᠷᠴᠢᠮ ᠢ ᠵᠢᠷᠤᠮᠯᠡᠬᠦ ᠬᠡᠷᠡᠭᠲᠠᠢ᠂ ᠠᠯᠪᠠᠳᠠᠯᠭ᠎ᠠ ᠪᠠᠷ ᠤᠶᠢᠯᠡᠴᠢᠯᠡᠬᠦ᠂ ᠠᠯᠪᠠ ᠪᠠᠷ ᠰᠤᠶᠢᠳᠭᠡᠯ ᠬᠤᠷᠢᠶᠠᠬᠤ ᠪᠤᠶᠤ ᠭᠠᠭᠴᠠ ᠬᠤᠷᠢᠶᠠᠭᠠᠳ ᠤᠶᠢᠯᠡᠴᠢᠯᠡᠬᠦ ᠦᠭᠡᠢ ᠶᠢ ᠡᠷᠡᠰ ᠴᠠᠭᠠᠵᠠᠯᠠᠨ᠎ᠠ᠃ ᠵᠢᠭᠠᠨ ᠰᠤᠷᠭᠠᠬᠤ ᠠᠵᠢᠯᠠᠯᠭᠠᠨ᠂ ᠵᠢᠭᠠᠨ ᠰᠤᠷᠭᠠᠬᠤ  ᠬᠠᠮᠢᠶᠠᠷᠤᠯᠲᠠ ᠶᠢᠨ ᠬᠡᠪᠴᠢᠶᠡᠨ ᠳᠤ ᠬᠠᠷᠢᠶᠠᠯᠠᠭᠳᠠᠬᠤ ᠤᠶᠢᠯᠡᠴᠢᠯᠡᠭᠡ ᠶᠢᠨ ᠠᠭᠤᠯᠭ᠎ᠠ ᠪᠤᠯ᠂ ᠤᠯᠡᠴᠢᠯᠡᠭᠡ ᠶᠢᠨ ᠰᠤᠶᠢᠳᠭᠡᠯ ᠬᠤᠷᠢᠶᠠᠬᠤ  ᠪᠠ ᠤᠷᠤᠯᠠᠨ ᠰᠤᠶᠢᠳᠭᠡᠯ ᠬᠤᠷᠢᠶᠠᠬᠤ ᠲᠦᠷᠤᠯ ᠵᠤᠶᠢᠯ ᠳᠤ ᠤᠷᠤᠯᠠᠭᠤᠯᠵᠤ ᠠᠰᠳᠠᠭᠠᠨ ᠰᠤᠶᠢᠳᠭᠡᠯ ᠬᠤᠷᠢᠶᠠᠵᠤ ᠪᠤᠯᠬᠤ ᠦᠭᠡᠢ᠃ ᠤᠷᠤᠯᠠᠨ ᠰᠤᠶᠢᠳᠭᠡᠯ ᠬᠤᠷᠢᠶᠠᠬᠤ ᠳᠤ ᠪᠤᠰᠤᠳ ᠶᠠᠮᠠᠷ ᠴᠦ ᠰᠤᠶᠢᠳᠭᠡᠯ ᠨᠡᠮᠡᠵᠤ ᠬᠤᠷᠢᠶᠠᠵᠤ ᠪᠤᠯᠬᠤ ᠦᠭᠡᠢ᠃        ᠭᠤᠷᠪᠠ᠂ ᠰᠤᠷᠤᠯᠭ᠎ᠠ ᠶᠢᠨ ᠨᠠᠮᠳᠠᠷ ᠲᠠᠢ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠰᠤᠶᠢᠳᠭᠡᠯ ᠬᠤᠷᠢᠶᠠᠬᠤ ᠳᠤ ︽ᠰᠢᠨ᠎ᠡ ᠰᠤᠷᠤᠭᠴᠢ ᠰᠢᠨ᠎ᠡ ᠠᠷᠭ᠎ᠠ  ᠂ ᠬᠠᠭᠤᠴᠢᠨ ᠰᠤᠷᠤᠭᠴᠢ ᠬᠠᠭᠤᠴᠢᠨ ᠠᠷᠭ᠎ᠠ︾᠎ ᠶᠢ  ᠨᠠᠶᠢᠳᠠᠪᠦᠷᠢᠵᠢᠭᠤᠯᠵᠤ᠂ ᠨᠢᠭᠡᠨᠲᠡ ᠰᠤᠷᠭᠠᠭᠤᠯᠢ ᠳᠤ ᠰᠤᠷᠤᠯᠴᠠᠭᠰᠠᠨ ᠰᠤᠷᠤᠭᠴᠢ ᠠᠴᠠ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠡᠯᠳᠡᠪ ᠵᠤᠶᠢᠯ ᠤᠨ ᠨᠡᠷ᠎ᠡ ᠪᠠᠷ ᠰᠤᠶᠢᠳᠭᠡᠯ ᠬᠤᠷᠢᠶᠠᠬᠤ ᠳᠦᠷᠦᠯ ᠵᠦᠢᠯ ᠢ ᠨᠡᠮᠡᠵᠤ᠂ ᠰᠤᠶᠢᠳᠭᠡᠯ ᠬᠤᠷᠢᠶᠠᠬᠤ ᠪᠠᠷᠢᠮᠵᠢᠶ᠎ᠠ ᠪᠠᠨ ᠳᠡᠭᠡᠭᠰᠢᠯᠡᠭᠦᠯᠬᠦ ᠪᠠ ᠪᠤᠰᠤᠳ ᠰᠤᠶᠢᠳᠭᠡᠯ  ᠬᠤᠷᠢᠶᠠᠵᠤ ᠪᠤᠯᠬᠤ ᠦᠭᠡᠢ᠃       ᠲᠦᠷᠪᠡ᠂ ᠰᠤᠷᠭᠠᠨ ᠬᠦᠮᠦᠵᠢᠯ ᠤᠨ ᠰᠤᠶᠢᠳᠭᠡᠯ ᠬᠤᠷᠢᠶᠠᠬᠤ ᠶᠢ ᠨᠡᠶᠢᠲᠡᠯᠡᠬᠦ ᠲᠦᠷᠢᠮ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠎ᠠ᠃ ᠰᠤᠷᠤᠯᠴᠠᠭᠰᠠᠨ ᠨᠠᠮᠲᠠᠷ ᠲᠠᠢ ᠰᠤᠷᠭᠠᠨ ᠬᠦᠮᠦᠵᠢᠯ ᠤᠨ ᠪᠠᠶᠢᠭᠤᠯᠤᠮᠵᠢ ᠢᠯᠡ ᠵᠠᠷᠯᠠᠬᠤ ᠰᠠᠮᠪᠠᠷ᠎ᠠ᠂ ᠰᠤᠷᠤᠭᠴᠢ ᠡᠯᠡᠰᠬᠦ ᠲᠤᠪᠴᠢ ᠳᠦᠷᠢᠮ᠂ ᠰᠢᠨ᠎ᠡ ᠰᠤᠷᠤᠭᠴᠢ ᠡᠯᠰᠡᠬᠦ  ᠮᠡᠳᠡᠭᠳᠡᠯ ᠤᠨ ᠪᠢᠴᠢᠭ᠂ ᠰᠤᠷᠭᠠᠭᠤᠯᠢ ᠶᠢᠨ ᠰᠦᠯᠵᠢᠶ᠎ᠡ ᠵᠡᠷᠭᠡ ᠬᠡᠯᠪᠡᠷᠢ ᠪᠠᠷ ᠰᠤᠶᠢᠳᠭᠡᠯ ᠬᠤᠷᠢᠶᠠᠬᠤ ᠳᠦᠷᠦᠯ ᠵᠤᠶᠢᠯ᠂ ᠰᠤᠶᠢᠳᠭᠡᠯ ᠬᠤᠷᠢᠶᠠᠬᠤ ᠪᠠᠷᠢᠮᠵᠢᠶ᠎ᠠ᠂ ᠰᠤᠶᠢᠳᠭᠡᠯ ᠪᠤᠴᠠᠭᠠᠬᠤ ᠪᠠ ᠰᠤᠶᠢᠳᠭᠡᠯ ᠬᠦᠡᠭᠭᠡᠷᠡᠭᠦᠯᠵᠤ ᠬᠡᠯᠳᠤᠷᠢᠭᠦᠯᠬᠦ᠂ ᠢᠯᠡᠴᠢᠯᠡᠨ ᠮᠡᠳᠡᠭᠦᠯᠬᠦ ᠵᠠᠭᠠᠯᠳᠤᠬᠤ  ᠳ᠋ᠢᠶᠠᠩᠬᠤᠸᠠ ᠵᠡᠷᠭᠡ ᠬᠤᠯᠪᠤᠭᠳᠠᠯ ᠪᠦᠬᠦᠢ ᠠᠭᠤᠯᠭ᠎ᠠ ᠶᠢ ᠨᠡᠶᠢᠳᠡᠯᠡᠵᠤ ᠰᠤᠷᠤᠭᠴᠢ ᠪᠠ ᠨᠡᠶᠢᠭᠡᠮ ᠤᠨ ᠬᠢᠨᠠᠯᠲᠠ ᠢ ᠬᠦᠯᠢᠶᠡᠨ᠎ᠡ  ᠃ ᠲᠡᠮᠲᠡᠭᠯᠡᠵᠤ ᠳᠤᠳᠤᠷᠬᠠᠶᠢᠯᠠᠭᠰᠠᠨ ᠰᠤᠶᠢᠳᠭᠡᠯ ᠤᠨ ᠲᠦᠷᠦᠯ ᠵᠦᠢᠯ ᠠᠴᠠ ᠭᠠᠳᠠᠭᠤᠷ ᠠᠰᠳᠠᠭᠠᠨ ᠰᠤᠶᠢᠳᠭᠡᠯ ᠨᠡᠮᠡᠵᠤ ᠬᠤᠷᠢᠶᠠᠨ ᠠᠪᠴᠤ ᠪᠤᠯᠬᠤ ᠦᠭᠡᠢ᠂ ᠪᠠᠯᠠᠷᠬᠠᠢ ᠦᠨ᠎ᠡ ᠵᠡᠷᠭᠡ ᠬᠦᠮᠦᠨ ᠢ ᠪᠤᠷᠤᠭᠤ ᠤᠶᠢᠯᠭᠠᠯᠭᠠᠬᠤ ᠬᠠᠳᠠᠭᠰᠠᠨ ᠦᠨ᠎ᠡ ᠶᠢᠨ ᠠᠭᠤᠯᠭ᠎ᠠ ᠵᠢᠴᠢ ᠠᠷᠭ᠎ᠠ ᠬᠡᠯᠪᠡᠷᠢ ᠶᠢ ᠬᠡᠷᠡᠭᠯᠡᠵᠤ ᠰᠤᠷᠭᠠᠨ ᠬᠦᠮᠦᠵᠢᠯ ᠬᠦᠯᠢᠶᠡᠭᠰᠡᠳ ᠢ ᠬᠦᠳᠤᠯᠵᠤ ᠪᠤᠯᠬᠤ ᠦᠭᠡᠢ᠃       ᠲᠠᠪᠤ᠂ ᠢᠲᠡᠭᠡᠮᠵᠢᠲᠠᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠡᠯ᠎ᠡ ᠱᠠᠳᠤᠨ ᠤ ᠦᠨ᠎ᠡ ᠬᠠᠨᠭ᠍ᠰᠢ ᠎ ᠶᠢᠨ ᠬᠠᠮᠢᠶᠠᠷᠤᠯᠲᠠ  ᠎ ᠶᠢᠨ ᠰᠠᠯᠠᠭ᠎ᠠ ᠮᠦᠴᠢᠷ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠎ ᠳᠤ ᠢᠳᠡᠭᠡᠮᠵᠢ ᠶᠢᠨ ᠲᠡᠮᠲᠡᠭᠯᠡᠯ ᠪᠠ ᠢᠲᠡᠭᠡᠮᠵᠢ ᠶᠢᠨ ᠳᠡᠰ ᠢ ᠬᠦᠳᠡᠯᠤᠩᠭᠦᠢ ᠬᠠᠮᠢᠶᠠᠷᠬᠤ ᠶᠢ ᠬᠡᠷᠡᠭᠵᠢᠭᠦᠯᠦᠨ᠎ᠡ᠃ ᠦᠨ᠎ᠡ ᠬᠠᠨᠭ᠍ᠰᠢ ᠶᠢᠨ ᠠᠮᠠᠯᠠᠯᠲᠠ ᠪᠠᠨ ᠵᠦᠷᠢᠴᠡᠬᠦ᠂ ᠦᠨ᠎ᠡ ᠴᠢᠨᠠᠷ ᠨᠡᠶᠢᠴᠡᠬᠦ ᠦᠭᠡᠢ᠂ ᠦᠨ᠎ᠡ ᠬᠠᠨᠭ᠍ᠰᠢ ᠶᠢ ᠮᠡᠬᠡᠯᠡᠨ ᠬᠢᠬᠠᠬᠤ ᠠᠵᠢᠯᠯᠠᠭ᠎ᠠ᠂ ᠨᠡᠶᠢᠭᠡᠮ ᠤᠨ ᠲᠤᠰᠬᠠᠯ ᠴᠢᠩᠭ᠎ᠠ ᠪᠠᠶᠢᠳᠠᠯ᠂ ᠢᠲᠡᠭᠡᠮᠵᠢ ᠪᠠᠨ ᠠᠯᠳᠠᠭᠰᠠᠨ ᠠᠵᠢᠯᠯᠠᠭ᠎ᠠ ᠶᠢᠨ ᠬᠡᠮᠵᠢᠶ᠎ᠡ ᠶᠢ ᠦᠨᠳᠤᠰᠤᠯᠡᠵᠤ ᠵᠤᠬᠢᠬᠤ ᠬᠡᠮᠵᠢᠶᠡᠨ ᠤ ᠢᠲᠡᠭᠡᠮᠵᠢ ᠪᠠᠨ ᠠᠯᠲᠠᠭᠰᠠᠨ ᠵᠠᠯᠬᠠᠭᠠᠯ ᠬᠢᠨ᠎ᠡ᠂  ︽ᠦᠨ᠎ᠡ ᠬᠠᠨᠭ᠍ᠰᠢ ᠶᠢᠨ ᠬᠠᠤᠯᠢ︾᠎ ᠶᠢᠨ ᠬᠤᠯᠪᠤᠭᠳᠠᠯ ᠪᠦᠬᠦᠢ ᠳᠤᠭᠲᠠᠭᠠᠯ ᠢ ᠦᠨᠳᠤᠰᠤᠯᠡᠵᠤ ᠦᠨ᠎ᠡ ᠬᠠᠨᠭ᠍ᠰᠢ ᠶᠢ ᠬᠠᠮᠢᠶᠠᠷᠤᠨ᠎ᠠ᠃       ᠵᠢᠷᠭᠤᠭ᠎ᠠ᠂  ᠰᠤᠷᠤᠯᠭ᠎ᠠ ᠶᠢᠨ ᠨᠠᠮᠳᠠᠷ ᠲᠠᠢ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠤᠯᠤᠰ ᠪᠠ ᠦᠪᠡᠷᠳᠡᠭᠡᠨ ᠵᠠᠰᠠᠬᠤ ᠤᠷᠤᠨ ᠠᠴᠠ ᠭᠡᠷ ᠤᠨ ᠠᠵᠤ ᠠᠬᠤᠢ ᠨᠢ ᠬᠦᠴᠢᠷᠲᠠᠢ ᠰᠤᠷᠤᠭᠴᠢ ᠎ ᠳᠤ ᠱᠠᠩᠨᠠᠨ ᠳᠤᠰᠠᠯᠠᠬᠤ ᠲᠦᠷᠦ ᠶᠢᠨ ᠪᠤᠳᠤᠯᠭ᠎ᠠ ᠶᠢ ᠡᠷᠡᠰ ᠨᠠᠶᠢᠲᠠᠪᠤᠷᠢᠵᠢᠭᠤᠯᠵᠤ ᠬᠦᠴᠦᠨ ᠲᠠᠢ ᠠᠷᠭ᠎ᠠ ᠬᠡᠮᠵᠢᠶ᠎ᠡ ᠠᠪᠴᠤ ᠭᠡᠷ ᠤᠨ ᠠᠮᠢᠳᠤᠷᠠᠯ ᠬᠦᠴᠢᠷᠲᠠᠢ ᠰᠤᠷᠤᠭᠴᠢ ᠶᠢᠨ ᠰᠤᠷᠤᠯᠭ᠎ᠠ ᠪᠠᠨ ᠠᠮᠵᠢᠯᠲᠡ ᠲᠠᠢ ᠲᠡᠭᠦᠰᠬᠦ ᠳᠤ  ᠳᠡᠮᠵᠢᠯᠭᠡ ᠦᠵᠡᠭᠦᠯᠬᠦ ᠪᠠ ᠲᠦᠷᠢᠮ ᠤᠨ ᠪᠠᠳᠤᠯᠠᠭ᠎ᠠ ᠶᠢ ᠬᠠᠨᠭ᠍ᠭᠠᠨ᠎ᠠ᠃       ᠳᠤᠯᠤᠭ᠎ᠠ᠂ ᠡᠯ᠎ᠡ ᠱᠠᠳᠤᠨ ᠤ ᠦᠨ᠎ᠡ ᠬᠠᠨᠭ᠍ᠰᠢ᠂ ᠰᠤᠷᠭᠠᠨ ᠬᠦᠮᠦᠵᠢᠯ᠂ ᠬᠦᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠳᠤᠯᠠᠭ᠎ᠠ ᠶᠢᠨ ᠭᠤᠤᠯ ᠬᠠᠮᠢᠶᠠᠷᠤᠯᠲᠠ ᠶᠢᠨ ᠰᠠᠯᠠᠭ᠎ᠠ ᠮᠦᠴᠢᠷ ᠬᠢᠨᠠᠨ ᠬᠠᠮᠢᠶᠠᠷᠤᠯᠲᠠ ᠎ ᠪᠠᠨ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠵᠠᠬ᠎ᠠ ᠳᠡᠯᠭᠡᠭᠦᠷ ᠤᠨ  ᠵᠤᠬᠢᠴᠠᠮᠵᠢ ᠶᠢᠨ ᠱᠠᠭᠠᠷᠳᠠᠯᠭ᠎ᠠ ᠪᠠᠷ ᠰᠤᠶᠢᠳᠭᠡᠯ ᠬᠤᠷᠢᠶᠠᠬᠤ ᠪᠠᠷᠢᠮᠵᠢᠶ᠎ᠠ ᠶᠢ ᠵᠤᠬᠢᠮᠵᠢᠲᠠᠢ ᠳᠤᠭᠲᠠᠭᠠᠬᠤ ᠶᠢ ᠢᠳᠡᠪᠬᠢᠲᠠᠢ ᠳᠠᠭᠠᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠰᠤᠶᠢᠳᠭᠡᠯ ᠬᠤᠷᠢᠶᠠᠬᠤ ᠡᠮᠬᠢ ᠵᠢᠷᠤᠮ ᠢ ᠬᠠᠮᠠᠭᠠᠯᠠᠵᠤ᠂ ᠰᠤᠷᠭᠠᠭᠤᠯᠢ᠂ ᠰᠤᠷᠭᠠᠨ ᠬᠦᠮᠦᠵᠢᠯ ᠬᠦᠷᠳᠡᠭᠴᠢ ᠬᠤᠶᠠᠷ ᠲᠠᠯ᠎ᠠ ᠶᠢᠨ ᠬᠠᠤᠯᠢ ᠳᠤ ᠨᠡᠶᠢᠴᠡᠬᠦ ᠡᠷᠬᠡ ᠶᠢ ᠪᠠᠳᠤᠯᠠᠨ᠎ᠠ᠃ ᠦᠪᠡᠷᠳᠡᠭᠡᠨ ᠵᠠᠰᠠᠬᠤ ᠤᠷᠤᠨ ᠤ ᠦᠨ᠎ᠡ ᠬᠠᠨᠭ᠍ᠰᠢ ᠶᠢᠨ ᠭᠤᠤᠯ ᠬᠠᠮᠢᠶᠠᠷᠤᠯᠲᠠ ᠎ ᠶᠢᠨ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ᠂ ᠬᠦᠮᠦᠨ ᠤ ᠬᠦᠴᠦᠨ ᠤ ᠡᠬᠢ ᠰᠤᠷᠪᠦᠯᠵᠢ ᠪᠠ ᠨᠡᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ  ᠎ ᠲᠠᠢ ᠬᠠᠮᠳᠤᠷᠠᠯᠴᠠᠨ ᠠᠷᠠᠳ ᠠᠴᠠ ᠡᠷᠬᠢᠯᠡᠭᠰᠡᠨ ᠶᠡᠷᠤ ᠶᠢᠨ ᠳᠡᠭᠡᠳᠤ ᠵᠡᠷᠭᠡ ᠶᠢᠨ ᠰᠤᠷᠭᠠᠭᠤᠯᠢ ᠪᠠ ᠳᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠶᠢᠳᠭᠡᠯ ᠬᠤᠷᠢᠶᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠦᠨ᠎ᠡ ᠬᠠᠨᠭ᠍ᠰᠢ ᠶᠢᠨ ᠭᠤᠤᠯ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤᠰ ᠭᠠᠵᠠᠷ ᠤᠷᠤᠨ ᠤ ᠰᠤᠷᠭᠠᠨ ᠬᠦᠮᠦᠵᠢᠯ᠂ ᠬᠦᠮᠦᠨ ᠬᠦᠴᠦᠨ ᠤ ᠡᠬᠢ ᠰᠤᠷᠪᠤᠯᠵᠢ ᠶᠢᠨ ᠰᠠᠯᠠᠭ᠎ᠠ ᠮᠦᠴᠢᠷ ᠲᠠᠢ ᠬᠠᠮᠳᠤᠷᠠᠨ ᠬᠠᠷᠢᠶ᠎ᠠ ᠤᠷᠤᠨ ᠳᠠᠬᠢ ᠪᠤᠰᠤᠳ ᠡᠯ᠎ᠡ ᠱᠠᠳᠤᠨ ᠤ ᠡᠯ᠎ᠡ ᠲᠦᠷᠦᠯ ᠤᠨ ᠠᠷᠠᠳ ᠎ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠰᠤᠶᠢᠳᠭᠡᠯ ᠬᠤᠷᠢᠶᠠᠬᠤ ᠶᠢ ᠬᠢᠨᠠᠨ ᠬᠠᠮᠢᠶᠠᠷᠤᠨ᠎ᠠ᠃       ᠨᠠᠶᠢᠮᠠ᠂ ᠡᠯ᠎ᠡ ᠭᠠᠵᠠᠷ ᠤᠬᠠᠭᠤᠯᠵᠤ ᠲᠠᠶᠢᠯᠪᠤᠷᠢᠯᠠᠬᠤ ᠠᠵᠢᠯ ᠢ ᠰᠠᠶᠢᠳᠤᠷ ᠬᠢᠵᠤ᠂ ᠶᠠᠷᠢᠶ᠎ᠠ ᠬᠡᠯᠡᠯᠴᠡᠭᠡ ᠶᠢ ᠵᠦᠪ ᠳᠠᠭᠠᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠳᠤᠬᠠᠢ ᠳᠤᠨᠢ ᠬᠠᠷᠢᠭᠤᠯᠲᠠ ᠦᠭᠴᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠨᠵᠢ ᠦᠷᠭᠦᠯᠵᠢᠯᠡᠨ  ᠡᠷᠡᠭᠦᠯ ᠢᠶᠠᠷ ᠬᠦᠭᠵᠢᠬᠦ ᠶᠢ ᠪᠠᠳᠤᠯᠠᠨ᠎ᠠ᠃       ᠶᠢᠰᠤ᠂ ᠲᠤᠰ ᠮᠡᠳᠡᠭᠳᠡᠯ ᠢ ᠳᠠᠷᠤᠮᠠᠯᠵᠤ ᠲᠠᠷᠬᠠᠭᠠᠭᠰᠠᠨ ᠡᠳᠤᠷ ᠠᠴᠠ ᠡᠬᠢᠯᠡᠵᠤ ᠬᠡᠷᠡᠭᠵᠢᠭᠦᠯᠦᠨ᠎ᠡ᠃ ᠡᠮᠤᠨᠡᠬᠢ ᠳᠤᠭᠳᠠᠭᠠᠯ ᠳᠤᠰ ᠮᠡᠳᠡᠭᠳᠡᠯ ᠠᠴᠠ ᠵᠦᠷᠢᠴᠡᠬᠦ ᠲᠠᠯ᠎ᠠ ᠪᠠᠶᠢᠪᠠᠯ᠂ ᠪᠦᠷ ᠳᠤᠰ ᠮᠡᠳᠡᠭᠳᠡᠯ ᠤᠨ ᠳᠤᠭᠳᠠᠭᠠᠯ ᠢ ᠦᠨᠳᠤᠰᠤᠯᠡᠵᠤ ᠬᠡᠵᠡᠭᠵᠢᠭᠦᠯᠦᠨ᠎ᠡ᠃                                                   ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ         ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ᠰᠤᠷᠭᠠᠨ  ᠬᠦᠮᠦᠵᠢᠯ ᠤᠨ ᠲᠠᠩᠬᠢᠮ         ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ᠬᠦᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠳᠤᠯᠠᠭ᠎ᠠ ᠶᠢᠨ ᠲᠠᠩᠬᠢᠮ                               2015 ᠤᠨ ᠤ 10 ᠰᠠᠷ᠎ᠠ ᠶᠢᠨ16᠎ ᠤ ᠡᠳᠤᠷ    
 
ᠢᠷᠡᠯᠲᠡ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号