ᠡᠯ᠎ᠡ ᠲᠦᠷᠦᠯ ᠤᠨ ᠵᠠᠬ᠎ᠠ ᠲᠠᠯᠬᠡᠬᠦᠷ ᠤᠨ ᠭᠤᠤᠯ ᠴᠤᠬᠴᠠ ᠠᠴᠠ 2015 ᠤᠨ ᠤ ᠵᠢᠯ ᠤᠨ ᠮᠠᠳᠠᠬᠦᠯᠦᠯᠳᠠ ᠪᠠᠨ ᠮᠠᠳᠠᠬᠦᠯᠦᠨ ᠬᠦᠷᠭᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2016/4/12
  ᠡᠯ᠎ᠡ ᠲᠦᠷᠦᠯ ᠤᠨ ᠵᠠᠬ᠎ᠠ ᠲᠠᠯᠬᠡᠬᠦᠷ ᠤᠨ ᠭᠤᠤᠯ ᠴᠤᠬᠴᠠ ᠠᠴᠠ 2015 ᠤᠨ ᠤ ᠵᠢᠯ ᠤᠨ ᠮᠠᠳᠠᠬᠦᠯᠦᠯᠳᠠ ᠪᠠᠨ ᠮᠠᠳᠠᠬᠦᠯᠦᠨ ᠬᠦᠷᠭᠡᠬᠦ ᠲᠤᠬᠠᠢ ᠵᠠᠷᠯᠠᠯ     ᠪᠦᠬᠦ ᠬᠤᠰᠢᠭᠤᠨ ᠤ ᠡᠯ᠎ᠡ ᠲᠦᠷᠦᠯ ᠤᠨ ᠵᠠᠬ᠎ᠠ ᠲᠠᠯᠬᠡᠬᠦᠷ ᠤᠨ ᠭᠤᠤᠯ ᠴᠤᠬᠴᠠ᠄    ︽ᠠᠵᠤ ᠠᠬᠤᠶᠢᠯᠠᠯ ᠤᠨ ᠴᠢᠮᠡᠭᠡ ᠵᠠᠩᠬᠢ ᠨᠠᠶᠢᠳᠠᠯᠠᠬᠦ ᠲᠦᠷ ᠬᠡᠷᠡᠭᠵᠢᠬᠦᠯᠬᠦ ᠵᠤᠷᠪᠤᠰ︾᠂ ︽ᠬᠤᠪᠢ ᠶᠢᠨ ᠠᠵᠤ ᠤᠶᠢᠯᠠᠳᠪᠤᠷᠢ ᠬᠤᠳᠠᠯᠳᠤᠭᠠᠨ ᠤ ᠡᠷᠦᠭᠡ ᠶᠢᠨ ᠵᠢᠯ ᠤᠨ ᠮᠠᠳᠠᠬᠦᠯᠦᠯᠳᠠ ᠶᠢᠨ ᠲᠦᠷ ᠬᠡᠷᠡᠭᠵᠢᠬᠦᠯᠬᠦ ᠠᠷᠭ᠎ᠠ︾᠂ ︽ᠲᠠᠷᠢᠶᠠᠴᠢᠨ ᠤ ᠲᠤᠰᠬᠠᠢ ᠬᠤᠷᠰᠢᠶᠠᠵᠢᠯ ᠤᠨ ᠵᠢᠯ ᠤᠨ ᠮᠠᠳᠠᠬᠦᠯᠦᠯᠳᠠ ᠨᠠᠶᠢᠳᠠᠯᠠᠬᠦ ᠲᠦᠷ ᠬᠡᠷᠡᠭᠵᠢᠬᠦᠯᠬᠦ ᠠᠷᠭ᠎ᠠ︾ ᠵᠠᠷᠭᠡ ᠬᠤᠯᠪᠤᠬᠳᠠᠯ ᠪᠦᠬᠦᠢ ᠲᠤᠬᠳᠠᠭᠠᠯ ᠢ ᠦᠨᠳᠤᠰᠤᠯᠠᠵᠤ᠂ 2015 ᠤᠨ ᠤ  ᠵᠢᠯ ᠤᠨ ᠮᠠᠳᠠᠬᠦᠯᠦᠯᠳᠠ ᠶᠢᠨ ᠠᠵᠢᠯ᠂ 2016 ᠤᠨ  ᠎ ᠤ 1 ᠰᠠᠷ᠎ᠠ ᠶᠢᠨ 1᠎ ᠤ ᠡᠳᠦᠷ ᠨᠢᠭᠡᠨᠳᠡ ᠡᠬᠢᠯᠠᠪᠠ᠃ ᠡᠯ᠎ᠡ ᠲᠦᠷᠦᠯ ᠤᠨ ᠵᠠᠬ᠎ᠠ ᠲᠠᠯᠬᠡᠬᠦᠷ ᠤᠨ ᠭᠤᠤᠯ ᠴᠤᠬᠴᠠ ᠴᠠᠭ ᠲᠤᠬᠠᠢ ᠳᠤᠨᠢ ᠵᠢᠯ ᠤᠨ ᠮᠠᠳᠠᠬᠦᠯᠦᠯᠳᠠ ᠪᠠᠨ ᠮᠠᠳᠠᠬᠦᠯᠦᠨ ᠬᠦᠷᠭᠡᠬᠦ ᠶᠢ ᠪᠠᠳᠤᠯᠠᠬᠤ ᠶᠢᠨ ᠲᠦᠯᠦᠭᠡ ᠡᠳᠦᠭᠡ ᠬᠤᠯᠪᠤᠬᠳᠠᠯ ᠪᠦᠬᠦᠢ  ᠤᠴᠢᠷ ᠶᠠᠪᠤᠳᠠᠯ ᠢ ᠵᠠᠷᠯᠠᠬᠤ ᠨᠢ ᠲᠤᠤᠷᠠᠬᠢ ᠮᠠᠳᠤ᠄     ᠨᠢᠭᠡ᠂ ᠵᠢᠯ ᠤᠨ ᠮᠠᠳᠠᠬᠦᠯᠦᠯᠳᠠ ᠮᠠᠳᠠᠬᠦᠯᠦᠨ ᠬᠦᠷᠭᠡᠬᠦ ᠭᠤᠤᠯ ᠴᠤᠭᠴᠠ᠄ 2015 ᠤᠨ ᠤ 12 ᠰᠠᠷ᠎ᠠ ᠎ ᠶᠢᠨ31᠎ ᠤ ᠡᠳᠤᠷ ᠠᠴᠠ ᠡᠮᠤᠨ᠎ᠡ ᠡᠯ᠎ᠡ ᠱᠠᠳᠤᠨ ᠤ ᠤᠶᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠳᠤ ᠲᠡᠮᠳᠡᠭᠯᠡᠵᠤ ᠳᠠᠩᠰᠠᠯᠠᠭᠤᠯᠤᠭᠰᠠᠨ ᠡᠯ᠎ᠡ ᠲᠦᠷᠦᠯ ᠤᠨ ᠠᠵᠤ ᠠᠬᠤᠶᠢᠯᠠᠯ ᠵᠢᠴᠢ ᠲᠡᠭᠦᠨ ᠤ ᠰᠠᠯᠪᠤᠷᠢ  ᠪᠠᠶᠢᠭᠤᠯᠤᠮᠵᠢ᠂ ᠬᠤᠪᠢ ᠎ ᠶᠢᠨ ᠠᠵᠤ ᠤᠶᠢᠯᠡᠳᠪᠦᠷᠢ ᠬᠤᠳᠠᠯᠳᠤᠭᠠᠨ ᠤ ᠡᠷᠤᠬᠡ᠂ ᠲᠠᠷᠢᠶᠠᠴᠢᠨ ᠤ ᠲᠤᠰᠬᠠᠢ ᠬᠤᠷᠰᠢᠶᠠᠵᠢᠯ ᠵᠢᠴᠢ ᠲᠡᠭᠦᠨ ᠤ ᠰᠠᠯᠪᠦᠷᠢ ᠪᠠᠶᠢᠭᠤᠯᠤᠮᠵᠢ ᠵᠡᠷᠭᠡ ᠪᠦᠬᠦᠨ2015 ᠤᠨ ᠤ ᠵᠢᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠨ᠎ᠡ᠃     ᠬᠤᠶᠠᠷ᠂ ᠮᠡᠳᠡᠭᠦᠯᠦᠯᠲᠡ ᠬᠦᠷᠭᠡᠬᠦ ᠠᠷᠭ᠎ᠠ ᠬᠡᠯᠪᠡᠷᠢ     ᠦᠪᠤᠷ ᠮᠤᠩᠭᠤᠯ ᠤᠨ ᠤᠶᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ  ᠎ ᠤᠨ ᠲᠤᠪᠴᠢᠶᠠᠨ ᠤ ᠰᠦᠯᠵᠢᠶᠡᠨ ᠤ ᠴᠡᠭ(http://www.nmgs.gov,cn)᠎ ᠲᠤ ᠭᠠᠷᠴᠤ᠂ ︽ᠠᠵᠤ ᠠᠬᠤᠢ  ᠎ ᠤᠨ ᠢᠲᠡᠭᠡᠮᠵᠢ ᠶᠢᠨ ᠨᠡᠶᠢᠲᠡᠯᠡᠯ︾᠎ ᠢ ᠳᠠᠷᠤᠵᠤ ᠳᠡᠭᠡᠭᠰᠢ ᠮᠡᠳᠡᠭᠦᠯᠵᠤ ᠨᠡᠶᠢᠲᠡᠯᠡᠨ᠎ᠡ᠃     ᠭᠤᠷᠪᠠ᠂ ᠵᠢᠯ ᠤᠨ ᠮᠠᠳᠠᠬᠦᠯᠦᠯᠳᠠ ᠲᠠᠭᠤᠰᠬᠤ ᠴᠠᠭ᠄     ᠡᠯ᠎ᠡ ᠲᠦᠷᠦᠯ ᠤᠨ ᠵᠠᠬ᠎ᠠ ᠲᠠᠯᠭᠡᠬᠦᠷ ᠤᠨ ᠭᠤᠤᠯ ᠴᠤᠬᠴᠠ ᠶᠢᠨ ᠵᠢᠯ ᠤᠨ ᠮᠠᠳᠠᠬᠦᠯᠦᠯᠳᠠ ᠲᠠᠭᠤᠰᠬᠤ ᠴᠠᠭ ᠪᠤᠯ 2016 ᠤᠨ ᠤ 6 ᠰᠠᠷ᠎ᠠ ᠶᠢᠨ 30᠎ ᠤ ᠡᠳᠦᠷ     ᠲᠦᠷᠪᠠ᠂ ᠲᠠᠭᠡᠭᠰᠢ ᠮᠠᠳᠠᠬᠦᠯᠬᠦ ᠲᠤᠮᠳᠠ ᠠᠰᠠᠭᠤᠳᠠᠯ ᠲᠠᠭᠠᠷᠠᠬᠤ ᠠᠵᠤ ᠠᠬᠤᠶᠢᠯᠠᠯ ᠤᠩᠨᠢᠭᠤᠳ ᠬᠤᠰᠢᠭᠤᠨ ᠎ ᠤ ᠵᠠᠬ᠎ᠠ ᠲᠠᠯᠬᠡᠬᠦᠷ ᠢ ᠬᠢᠨᠠᠨ ᠬᠠᠮᠢᠶᠠᠷᠬᠤ ᠲᠤᠪᠴᠢᠶᠠᠨ ᠤ 1301 ᠳ᠋ᠤᠭᠡᠷ ᠬᠡᠷ ᠲᠤ ᠤᠴᠢᠵᠤ ᠯᠠᠪᠯᠠᠨ ᠠᠰᠠᠭᠤᠵᠤ᠂ ᠲᠠᠷᠢᠶᠠᠴᠢᠨ  ᠎ ᠤ ᠲᠤᠰᠬᠠᠢ ᠬᠤᠷᠰᠢᠶᠠᠵᠢᠯ ᠪᠠ ᠬᠤᠪᠢ ᠶᠢᠨ ᠠᠵᠤ ᠤᠶᠢᠯᠠᠳᠪᠤᠷᠢ ᠬᠤᠳᠠᠯᠳᠤᠭᠠᠨ ᠤ ᠡᠷᠦᠭᠡ ᠤᠶᠢᠷᠠᠯᠴᠠᠭ᠎ᠠ ᠪᠠᠶᠢᠭ᠎ᠠ ᠬᠠᠷᠢᠶ᠎ᠠ  ᠵᠠᠬ᠎ᠠ ᠲᠠᠯᠬᠡᠬᠦᠷ ᠢ ᠬᠢᠨᠠᠨ ᠬᠠᠮᠢᠶᠠᠷᠬᠤ ᠭᠠᠵᠠᠷ ᠤᠴᠢᠵᠤ ᠯᠠᠪᠯᠠᠨ ᠠᠰᠠᠭᠤᠨ᠎ᠠ᠃ ︵ᠯᠠᠪᠯᠠᠨ ᠠᠰᠠᠭᠤᠬᠤ ᠳ᠋ᠢᠶᠠᠩᠬᠤᠸᠠ 0476—6336312︶     ᠡᠯ᠎ᠡ ᠲᠦᠷᠦᠯ ᠤᠨ ᠵᠠᠬ᠎ᠠ ᠲᠠᠯᠭᠡᠬᠦᠷ ᠤᠨ ᠭᠤᠤᠯ ᠴᠤᠬᠴᠠ ᠶᠢᠨ ᠴᠠᠭ ᠢ ᠪᠠᠷᠢᠮᠳᠠᠯᠠᠨ ᠵᠢᠯ  ᠎ ᠤᠨ ᠮᠠᠳᠠᠬᠦᠯᠦᠯᠳᠠ ᠪᠠᠨ ᠲᠠᠭᠡᠭᠰᠢ ᠮᠠᠳᠠᠬᠦᠯᠦᠭᠡᠷᠠᠢ᠃ ᠵᠢᠯ ᠤᠨ ᠮᠠᠳᠠᠬᠦᠯᠦᠯᠳᠠ ᠪᠠᠨ ᠴᠠᠭ ᠲᠠᠭᠠᠨ ᠲᠠᠭᠡᠭᠰᠢ ᠮᠠᠳᠠᠬᠦᠯᠦᠭᠰᠡᠨ ᠦᠭᠡᠢ ᠵᠢᠴᠢ ᠵᠢᠯ ᠤᠨ ᠮᠠᠳᠠᠬᠦᠯᠦᠯᠳᠠ ᠲᠤᠮᠳᠠ ᠪᠤᠳᠠᠳᠠᠢ ᠤᠴᠢᠷ ᠢ ᠲᠠᠯᠳᠠᠯᠠᠬᠤ᠂ ᠬᠤᠳᠠᠯ ᠢᠶᠠᠷ ᠮᠡᠳᠡᠭᠦᠯᠡᠭᠰᠡᠳ ᠢ ᠬᠤᠯᠪᠤᠬᠳᠠᠯ ᠪᠦᠬᠦᠢ ᠬᠠᠤᠯᠢ ᠴᠠᠭᠠᠵᠠ ᠬᠠᠤᠯᠢ ᠲᠤᠬᠳᠠᠭᠠᠯ ᠳᠤ ᠲᠤᠬᠳᠠᠬᠰᠠᠨ ᠲᠤᠬᠳᠠᠭᠠᠯ ᠢ ᠦᠨᠳᠤᠰᠤᠯᠠᠨ ᠰᠢᠢᠳᠪᠤᠷᠢᠯᠠᠵᠤ᠂ ᠡᠵᠡᠩᠨᠠᠯᠳᠠ ᠬᠡᠪ ᠤᠨ ᠪᠤᠰᠤ ᠨᠠᠷᠠᠰ ᠳᠤ ᠤᠷᠤᠭᠤᠯᠬᠤ ᠮᠦᠷᠳᠡᠭᠡᠨ ᠪᠦᠬᠦ ᠤᠯᠤᠰ ᠎ ᠤᠨ ᠠᠵᠤ ᠠᠬᠤᠶᠢᠯᠠᠯ ᠤᠨ ᠢᠳᠡᠭᠡᠮᠵᠢ ᠶᠢᠨ ᠴᠢᠮᠡᠭᠡ ᠵᠠᠩᠬᠢ ᠶᠢ ᠨᠠᠶᠢᠳᠠᠯᠠᠬᠦ ᠰᠢᠰᠲ᠋ᠧᠮ ᠲᠠᠭᠡᠷ᠎ᠡ ᠨᠠᠶᠢᠳᠠᠯᠠᠨ᠎ᠠ᠃           ᠤᠨᠴᠠᠭᠠᠶᠢᠯᠠᠨ ᠵᠠᠷᠯᠠᠪᠠ         ᠤᠩᠨᠢᠭᠤᠳ ᠬᠤᠰᠢᠭᠤᠨ ᠤ ᠵᠠᠬ᠎ᠠ ᠲᠠᠯᠭᠡᠬᠦᠷ ᠢ ᠬᠢᠨᠠᠨ ᠬᠠᠮᠢᠶᠠᠷᠬᠤ ᠲᠤᠪᠴᠢᠶ᠎ᠠ
 
ᠢᠷᠡᠯᠲᠡ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号