2016 ᠤᠨ ᠤ ᠬᠤᠷᠰᠢᠭᠰᠠᠨ ᠡᠮᠨᠡᠯᠭᠡ ᠶᠢᠨ ᠰᠠᠭᠤᠷᠢ ᠮᠦᠩᠭᠦ ᠶᠢ ᠬᠤᠷᠢᠶᠠᠬᠤ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2016/4/12
    ᠦᠷᠭᠡᠨ ᠤᠯᠠᠨ ᠮᠠᠯᠴᠢᠨ ᠲᠠᠷᠢᠶᠠᠴᠢᠨ ᠳᠤ  ᠄     ᠤᠡᠭᠨᠢᠭᠤᠳ ᠬᠤᠰᠢᠭᠤᠨ ᠤ 2016 ᠤᠨ ᠤ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠮᠠᠯᠵᠢᠬᠤ ᠤᠷᠤᠨ  ᠤ ᠬᠤᠷᠰᠢᠭᠰᠠᠨ ᠡᠮᠨᠡᠯᠭᠡ ᠶᠢᠨ ᠰᠠᠭᠤᠷᠢ ᠮᠦᠡᠭᠭᠦ ᠬᠤᠷᠢᠶᠠᠬᠤ ᠠᠵᠢᠯ ᠳᠠᠭᠤᠰᠬᠤ ᠤᠶᠢᠷᠠᠳᠤᠯ᠎ᠠ᠃ ᠤᠳᠤ ᠪᠠᠰᠠ‌ᠨᠢᠭᠡ ᠪᠦᠯᠦᠭ ᠮᠠᠯᠴᠢᠨ ᠲᠠᠷᠢᠶᠠᠴᠢᠨ ᠬᠤᠷᠰᠢᠭᠰᠠᠨ ᠡᠮᠨᠡᠯᠭᠡ ᠳᠤ ᠤᠷᠤᠯᠴᠠᠭᠠᠳᠤᠢ᠃ ᠬᠤᠷᠰᠢᠭᠰᠠᠨ ᠡᠮᠨᠡᠯᠭᠡ ᠶᠢᠨ ᠰᠠᠭᠤᠷᠢ ᠮᠦᠡᠭᠭᠦ  ᠳᠤᠰᠢᠶᠠᠬᠤ ᠠᠴᠠ ᠬᠤᠴᠤᠷᠬᠤ ᠶᠢ ᠰᠡᠷᠭᠡᠶᠢᠯᠡᠵᠤ᠂ ᠡᠪᠡᠳᠴᠢᠨ ᠬᠦᠷᠴᠤ ᠵᠠᠷᠤᠯᠭ᠎ᠠ ᠪᠠᠨ ᠮᠡᠳᠡᠭᠦᠯᠬᠦ   ᠶᠢ ᠨᠦᠯᠦᠭᠡᠯᠡᠬᠦ ᠦᠭᠡᠢ ᠶᠢᠨ ᠲᠦᠯᠦᠭᠡ᠂ ᠲᠠᠨᠠᠷ ᠴᠠᠭ ᠰᠢᠮᠳᠠᠭᠤᠯᠵᠤ ᠬᠤᠷᠰᠢᠭᠰᠠᠨ ᠡᠮᠨᠡᠯᠭᠡ ᠳᠤ ᠤᠷᠤᠯᠴᠠᠬᠤ ᠭᠠᠷ ᠭᠦᠢᠴᠡᠳᠭᠡᠯ ᠢᠶᠠᠨ ᠭᠦᠢᠴᠡᠳᠭᠡᠬᠦ ᠪᠤᠯᠪᠠᠤ᠃ ᠡᠳᠤᠭᠡ ᠬᠤᠯᠪᠤᠭᠳᠠᠯ ᠪᠦᠬᠦᠢ ᠬᠡᠷᠡᠭ ᠶᠠᠪᠤᠳᠠᠯ ᠢ ᠮᠡᠳᠡᠭᠳᠡᠬᠦ ᠨᠢ ᠳᠤᠤᠷᠠᠬᠢ ᠮᠡᠳᠤ᠄     ᠨᠢᠭᠡ᠂ ᠬᠤᠷᠰᠢᠭᠰᠠᠨ ᠡᠮᠨᠡᠯᠭᠡ ᠳᠤ ᠤᠷᠤᠯᠴᠠᠬᠤ ᠡᠳᠡᠭᠡᠳ ᠵᠢᠴᠢ ᠱᠠᠭᠠᠷᠳᠠᠯᠭ᠎ᠠ᠄     1. ᠤᠡᠭᠨᠢᠭᠤᠳ ᠤᠨ ᠡᠷᠤᠬᠡ ᠠᠮᠠ ᠲᠠᠢ ᠮᠠᠯᠴᠢᠨ ᠲᠠᠷᠢᠶᠠᠴᠢᠨ ︵ᠭᠠᠳᠠᠭᠰᠢ ᠭᠠᠷᠴᠤ ᠬᠦᠴᠦ ᠶᠠᠪᠤᠬᠤ᠂ ᠮᠠᠶᠢᠮᠠᠢ ᠬᠢᠬᠦ᠂ ᠤᠷᠤᠭᠯᠠᠬᠤ᠂ ᠪᠢᠴᠢᠭ ᠦᠵᠡᠬᠦ ᠬᠦᠮᠦᠰ ᠢ ᠪᠠᠭᠳᠠᠭᠠᠨ᠎ᠠ︶ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠬᠡᠤᠬᠡᠳ ᠤᠨ ᠴᠡᠴᠡᠷᠯᠢᠭ ᠤᠨ ᠰᠤᠷᠤᠭᠴᠢ᠃     2. ᠤᠡᠭᠨᠢᠭᠤᠳ ᠬᠤᠰᠢᠭᠤᠨ ᠤ ᠡᠷᠤᠬᠡ ᠠᠮᠠ ᠪᠤᠰᠤ ᠤᠡᠭᠨᠢᠭᠤᠳ ᠬᠤᠰᠢᠭᠤᠨ ᠳᠤ ᠰᠠᠭᠤᠭ᠎ᠠ ᠮᠠᠯᠴᠢᠨ ᠲᠠᠷᠢᠷᠠᠴᠢᠨ᠂ ᠬᠤᠪᠢ ᠶᠢᠨ ᠠᠵᠤ ᠤᠶᠢᠯᠡᠳᠪᠦᠷᠢ ᠬᠤᠳᠠᠯᠳᠤᠭᠠᠨ ᠤ ᠡᠷᠤᠬᠡ᠂ ᠬᠠᠮᠳᠤ ᠶᠢᠨ ᠤᠶᠢᠯᠡᠳᠪᠦᠷᠢ ᠠᠭᠤᠷᠬᠠᠢ ᠶᠢᠨ ᠠᠵᠢᠯᠲᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠬᠡᠤᠬᠡᠳ ᠤᠨ ᠴᠡᠴᠡᠷᠯᠢᠭ ᠤᠨ ᠰᠤᠷᠤᠭᠴᠢ᠃     3. ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ᠂ ᠬᠤᠳᠠ ᠪᠠᠯᠭᠠᠰᠤᠨ   ᠤ ᠠᠵᠢᠯᠳᠠᠨ ᠤ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ ᠦᠭᠡᠢ ᠬᠤᠳᠠ ᠪᠠᠯᠭᠠᠰᠤᠨ ᠤ ᠰᠠᠭᠤᠭᠠᠯᠢ ᠠᠷᠠᠳ᠃     4. ᠬᠦᠡᠭᠭᠡᠵᠢᠮᠡᠷ ᠪᠠᠶᠢᠬᠤ ᠪᠤᠶᠤ ᠤᠷᠢᠳᠴᠢᠯᠠᠨ ᠬᠦᠡᠭᠭᠡᠵᠢᠬᠦ ᠬᠤᠭᠤᠴᠠᠭ᠎ᠠ ᠨᠢ 2016 ᠤᠨ ᠪᠤᠯᠬᠤ ᠵᠢᠷᠮᠤᠰᠤᠨ ᠡᠮᠡᠭᠲᠠᠢ᠂ ᠲᠦᠷᠤᠭᠡᠳᠤᠢ ᠨᠢᠯᠬ᠎ᠠ ᠬᠡᠤᠬᠡᠳ ᠲᠡᠭᠡᠨ ᠬᠤᠷᠰᠢᠭᠰᠠᠨ ᠡᠮᠨᠡᠯᠭᠡ ᠶᠢᠨ ᠰᠠᠭᠤᠷᠢ ᠮᠦᠡᠭᠭᠦ ᠶᠢ ᠤᠷᠢᠳᠴᠢᠯᠠᠨ ᠳᠤᠰᠢᠶᠠᠨ ᠦᠭᠴᠤ ᠪᠤᠯᠤᠨ᠎ᠠ᠃     5. ᠡᠷᠤᠬᠡ ᠠᠮᠠ ᠶᠢᠨ ᠰᠢᠨᠵᠢ ᠴᠢᠨᠠᠷ   ᠢ ᠦᠨᠳᠤᠰᠤᠯᠡᠨ ᠬᠤᠷᠰᠢᠭᠰᠠᠨ ᠡᠮᠨᠡᠯᠭᠡ ᠳᠤ ᠤᠷᠤᠯᠴᠠᠬᠤ ᠶᠢ ᠪᠠᠷᠢᠮᠳᠠᠯᠠᠨ᠎ᠠ᠃ ᠬᠦᠳᠡᠭᠡ ᠲᠤᠰᠬᠤᠨ ᠮᠠᠯᠵᠢᠬᠤ ᠳᠤᠮᠳᠠᠳᠤ ᠪᠠᠭ᠎ᠠ‌‍ᠰᠤᠷᠭᠠᠭᠤᠯᠢ ᠶᠢᠨ ᠰᠤᠷᠤᠭᠴᠢ᠂ ᠬᠡᠤᠬᠡᠳ ᠤᠨ ᠴᠡᠴᠡᠷᠯᠢᠭ ᠤᠨ ᠰᠤᠷᠤᠭᠴᠢ ᠪᠠ ᠬᠡᠤᠬᠡᠳ ᠡᠷᠬᠡᠪᠰᠢ ᠭᠡᠷ ᠤᠨ ᠠᠬᠠᠮᠠᠳ ᠪᠤᠶᠤ ᠠᠩᠬᠠᠷᠤᠨ ᠬᠠᠮᠠᠭᠠᠯᠠᠭᠴᠢ ᠪᠠᠨ ᠳᠠᠭᠠᠵᠤ ᠡᠷᠤᠬᠡ ︵ᠭᠡᠷ ᠪᠦᠯᠢ︶ ᠪᠠᠷ ᠨᠢᠭᠡᠴᠢ ᠪᠤᠯᠭᠠᠨ ᠬᠤᠷᠰᠢᠭᠰᠠᠨ ᠡᠮᠨᠡᠯᠭᠡ ᠳᠤ ᠤᠷᠤᠯᠴᠠᠨ᠎ᠠ᠃     ᠬᠤᠶᠠᠷ  ᠄ ᠰᠤᠶᠢᠳᠭᠡᠯ ᠲᠤᠰᠢᠶᠠᠬᠤ ᠪᠠᠷᠢᠮᠵᠢᠶ᠎ᠠ ᠵᠢᠴᠢ ᠬᠤᠭᠤᠴᠠᠭ᠎ᠠ᠂    1. ᠰᠤᠶᠢᠳᠭᠡᠯ ᠳᠤᠰᠢᠶᠠᠬᠤ ᠪᠠᠷᠢᠮᠵᠢᠶ᠎ᠠ᠄ 2016 ᠤᠨ ᠤ ᠪᠡᠯᠡ ᠴᠤᠭᠯᠠᠭᠤᠯᠬᠤ ᠪᠠᠷᠢᠮᠵᠢᠶ᠎ᠠ ᠪᠤᠯ ᠬᠦᠮᠦᠨ ᠪᠦᠷᠢ 120 ᠲᠦᠬᠦᠷᠢᠭ᠃    2. ᠰᠤᠶᠢᠳᠭᠡᠯ ᠬᠤᠷᠢᠶᠠᠵᠤ  ᠳᠠᠭᠤᠰᠬᠤ ᠴᠠᠭ᠄ 2016 ᠤᠨ ᠤ 2 ᠰᠠᠷ᠎ᠠ ᠶᠢᠨ 25 ᠤ ᠡᠳᠤᠷ᠂ ᠬᠤᠭᠤᠴᠠᠭ᠎ᠠ ᠬᠡᠳᠤᠷᠡᠪᠡᠯ  ᠰᠢᠢᠳᠪᠦᠷᠢᠯᠡᠬᠦ ᠦᠭᠡᠢ᠃    ᠭᠤᠷᠪᠠ᠂ ᠰᠤᠶᠢᠳᠭᠡᠯ ᠬᠤᠷᠢᠶᠠᠵᠤ ᠳᠠᠩᠰᠠᠯᠠᠬᠤ ᠭᠠᠵᠠᠷ᠄    ᠡᠷᠤᠬᠡ ᠠᠮᠠ ᠪᠠᠶᠢᠬᠤ ᠭᠠᠵᠠᠷ ᠪᠤᠶᠤ ᠰᠠᠭᠤᠭ᠎ᠠ ᠭᠠᠵᠠᠷ ᠤᠨ ᠰᠤᠮᠤ ᠰᠢᠶᠠᠩ ᠪᠠᠯᠭᠠᠰᠤ ᠲᠠᠯᠠᠪᠠᠢ ᠵᠡᠭᠡᠯᠢ ᠭᠤᠳᠤᠮᠵᠢ᠂ ᠨᠡᠶᠢᠭᠡᠮ ᠲᠤᠭᠤᠷᠢᠭ᠂ ᠭᠠᠴᠠᠭᠠᠨ ︵ᠲᠤᠰᠬᠤᠨ︶ ᠤ ᠵᠦᠪᠯᠡᠯ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠃    ᠳᠦᠷᠪᠡ᠂ ᠬᠠᠨᠭ᠍ᠭᠠᠬᠤ  ᠴᠢᠬᠤᠯᠲᠠᠢ ᠮᠠᠲᠷᠢᠶᠠᠯ    ᠬᠤᠷᠰᠢᠭᠰᠠᠨ ᠡᠮᠨᠡᠯᠭᠡ ᠳᠤ ᠰᠢᠨ᠎ᠡ ᠪᠠᠷ ᠤᠷᠤᠯᠴᠠᠬᠤ ᠬᠦᠮᠦᠰ ᠡᠷᠤᠬᠡ ᠠᠮᠠ ᠶᠢᠨ ᠳᠡᠪᠲᠡᠷ ᠪᠡ ᠤᠶᠢᠷ᠎ᠠ ᠬᠤᠭᠤᠴᠠᠭᠠᠨ ᠤ ᠨᠢᠭᠡ ᠢᠮᠠᠬᠤ ᠮᠠᠯᠠᠭᠠᠢ ᠦᠭᠡᠢ ᠰᠡᠭᠦᠳᠡᠷ 1 ᠬᠠᠭᠤᠳᠠᠰᠤ ᠢ ᠬᠠᠨᠭ᠍ᠭᠠᠬᠤ ᠬᠡᠷᠡᠭᠲᠠᠢ᠂ ᠬᠤᠷᠰᠢᠭᠰᠠᠨ ᠡᠮᠨᠡᠯᠭᠡ ᠳᠤ ᠨᠢᠭᠡᠨᠲᠡ ᠤᠷᠤᠯᠴᠠᠭᠰᠠᠨ ᠬᠦᠮᠦᠰ ᠡᠷᠤᠬᠡ ᠠᠮᠠ ᠶᠢᠨ ᠳᠡᠪᠲᠡᠷ ᠢ ᠬᠠᠨᠭ᠍ᠭᠠᠬᠤ ᠠᠴᠠ ᠪᠤᠰᠤᠳ ᠪᠠᠰᠠ ᠵᠢᠯ ᠤᠨ ᠬᠢᠨᠠᠯᠲᠠ ᠬᠢᠭᠰᠡᠨ ᠬᠤᠷᠰᠢᠭᠰᠠᠨ ᠡᠮᠨᠡᠯᠭᠡ ᠶᠢᠨ ᠦᠨᠡᠮᠯᠡᠯ ᠢ ᠬᠠᠨᠭ᠍ᠭᠠᠬᠤ ᠬᠡᠷᠡᠭᠲᠠᠢ᠃    ᠠᠰᠠᠭᠤᠨ ᠯᠠᠪᠯᠠᠬᠤ ᠭᠠᠵᠠᠷ᠄ ᠡᠷᠤᠬᠡ ᠠᠮᠠ ᠪᠠᠶᠢᠬᠤ ᠭᠠᠵᠠᠷ ᠪᠤᠶᠤ ᠰᠠᠭᠤᠭ᠎ᠠ ᠭᠠᠵᠠᠷ ᠤᠨ ᠰᠤᠮᠤ ᠰᠢᠶᠠᠩ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠶᠢᠨ ᠠᠯᠪᠠᠨ ᠭᠡᠷ                                              ᠤᠡᠭᠨᠢᠭᠤᠳ ᠬᠤᠰᠢᠭᠤᠨ ᠤ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠶᠢᠨ ᠠᠯᠪᠠᠨ ᠭᠡᠷ                           2016 ᠤᠨ ᠤ 1 ᠰᠠᠷ᠎ᠠ ᠶᠢᠨ 6 ᠤ ᠡᠳᠤᠷ
 
ᠢᠷᠡᠯᠲᠡ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号