ᠨᠢᠭᠡ  ᠪᠦᠯᠦᠭ  ᠵᠠᠰᠠᠭ  ᠵᠠᠬᠢᠷᠭᠠᠨ  ᠠᠵᠢᠯ  ᠤᠶᠢᠯᠡᠰ ᠤᠨ  ᠴᠢᠨᠠᠷᠲᠠᠢ  ᠰᠤᠶᠢᠳᠭᠡᠯ  ᠬᠤᠷᠢᠶᠠᠬᠤ  ᠶᠢ ᠬᠦᠴᠦᠨ ᠦᠭᠡᠢ ᠪᠤᠯᠭᠠᠬᠤ ᠪᠤᠶᠤ ᠲᠦᠷ ᠵᠤᠭᠰᠤᠬᠤ ᠲᠤᠬᠠᠢ ᠬᠠᠮᠢᠶ᠎ᠠ ᠪᠦᠬᠦᠢ ᠠᠰᠠᠭᠤᠳᠠᠯ ᠤᠨ ᠮᠡᠳᠡᠭᠳᠡᠯ
ᠨᠡᠶᠢᠲᠡᠯᠡᠭᠰᠡᠨ ᠴᠠᠭ᠄
2016/4/12
    ᠡᠳ᠋ ᠤᠨ ᠵᠠᠰᠠᠭ ᠤᠨ  ᠶᠠᠮᠤᠨ ᠤᠯᠤᠰ ᠤᠨ ᠦᠭᠡᠷᠡᠴᠢᠯᠡᠯᠲᠡ ᠬᠦᠭᠵᠢᠯᠲᠡ ᠶᠢᠨ ᠵᠦᠪᠯᠡᠯ ᠨᠢᠭᠡ ᠪᠦᠯᠦᠭ ᠵᠠᠰᠠᠭ ᠵᠠᠬᠢᠷᠭᠠᠨ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠬᠤᠷᠢᠶᠠᠬᠤ ᠶᠢ ᠬᠦᠴᠦᠨ ᠦᠭᠡᠢ ᠪᠤᠯᠭᠠᠬᠤ ᠪᠤᠶᠤ ᠲᠦᠷ ᠵᠤᠭᠰᠤᠬᠤ ᠳᠤᠬᠠᠢ ᠬᠤᠯᠪᠤᠭᠳᠠᠯ ᠪᠦᠬᠦᠢ ᠠᠰᠠᠭᠤᠳᠠᠯ ᠤᠨ ᠮᠡᠳᠡᠭᠳᠡᠯ              ᠡᠳ᠋ ᠤᠨ ᠵᠠᠰᠠᠭ ᠭᠠᠶᠢᠯᠢ ᠶᠢᠨ ᠲᠠᠷᠬᠠᠭᠠᠭᠰᠠᠨ ﹇2015﹈10 ᠳ᠋ᠤᠭᠠᠷ ᠲᠤᠭᠠᠳᠤ          ᠠᠷᠠᠳ ᠤᠨ ᠶᠠᠪᠤᠳᠠᠯ ᠤᠨ ᠶᠠᠮᠤᠨ᠂ ᠬᠦᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠳᠤᠯᠠᠪᠤᠷᠢ   ᠶᠢᠨ ᠶᠠᠮᠤᠨ᠂ ᠤᠯᠤᠰ ᠤᠨ ᠨᠤᠳᠤᠭ ᠳᠡᠪᠢᠰᠭᠡᠷ ᠤᠨ ᠡᠬᠢ ᠰᠤᠷᠪᠦᠯᠵᠢ   ᠶᠢᠨ ᠶᠠᠮᠤᠨ᠂ ᠤᠷᠤᠨ ᠰᠠᠭᠤᠴᠠ ᠬᠤᠲᠠ ᠬᠦᠳᠡᠭᠡ ᠶᠢᠨ  ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠤᠨ ᠶᠠᠮᠤᠨ᠂ ᠪᠤᠭᠤᠮᠲᠠ ᠶᠢᠨ ᠶᠡᠷᠤᠩᠬᠡᠢ ᠵᠠᠬᠢᠷᠠᠭ᠎ᠠ᠂ ᠤᠯᠤᠰ ᠤᠨ ᠭᠠᠶᠢᠯᠢ ᠤᠨ ᠶᠠᠪᠤᠳᠠᠯ ᠤᠨ ᠶᠡᠷᠤᠩᠬᠡᠢ ᠲᠤᠪᠴᠢᠶ᠎ᠠ᠂ ᠤᠯᠤᠰ ᠤᠨ ᠴᠢᠨᠠᠷ ᠤᠨ ᠪᠠᠶᠢᠴᠠᠭᠠᠯᠲᠠ ᠤᠨ ᠶᠡᠷᠤᠩᠬᠡᠢ ᠲᠤᠪᠴᠢᠶ᠎ᠠ᠂ ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠶᠡᠷᠤᠩᠬᠡᠢ ᠲᠤᠪᠴᠢᠶ᠎ᠠ᠂ ᠤᠯᠤᠰ ᠤᠨ ᠪᠡᠶ᠎ᠡ ᠲᠠᠮᠢᠷ ᠤᠨ ᠶᠡᠷᠤᠩᠬᠡᠢ ᠲᠤᠪᠴᠢᠶ᠎ᠠ᠂ ᠤᠯᠤᠰ ᠤᠨ ᠤᠢ ᠰᠢᠭᠤᠢ ᠶᠢᠨ ᠲᠤᠪᠴᠢᠶ᠎ᠠ᠂ ᠤᠯᠤᠰ ᠤᠨ  ᠵᠤᠭᠠᠴᠠᠯ ᠤᠨ ᠲᠤᠪᠴᠢᠶ᠎ᠠ᠂ ᠳᠠᠭᠠᠳᠬᠠᠯ ᠢ ᠬᠢᠨᠠᠨ ᠬᠠᠮᠢᠶᠠᠷᠬᠤ ᠵᠦᠪᠯᠡᠯ᠂ ᠡᠯ᠎ᠡ  ᠮᠤᠵᠢ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ᠂ ᠲᠦᠯᠦᠪᠡᠯᠭᠡ ᠲᠤᠰᠠᠭᠠᠷᠯᠠᠭᠰᠠᠨ ᠬᠤᠲᠠ ᠶᠢᠨ ᠡᠳ᠋ ᠤᠨ ᠵᠠᠰᠠᠭ ᠤᠨ ᠲᠢᠩᠬᠢᠮ ︵ ᠲᠤᠪᠴᠢᠶ᠎ᠠ︶ ᠦᠭᠡᠷᠡᠴᠢᠯᠡᠯᠲᠡ ᠬᠦᠭᠵᠢᠯᠲᠡ  ᠶᠢᠨ ᠵᠦᠪᠯᠡᠯ᠂ ᠪᠠᠷᠠᠭᠠᠨ ᠤ ᠦᠨ᠎ᠡ ᠶᠢᠨ ᠲᠤᠪᠴᠢᠶ᠎ᠠ᠂ ᠰᠢᠨ᠎ᠡ ᠪᠠᠷ ᠪᠠᠶᠢᠭᠤᠯᠤᠭᠳᠠᠭᠰᠠᠨ ᠤᠶᠢᠯᠡᠳᠪᠦᠷᠢᠯᠡᠯ ᠪᠠᠶᠢᠭᠤᠯᠤᠯᠲᠠ ᠶᠢᠨ ᠴᠡᠷᠢᠭ ᠤᠨ ᠬᠤᠷᠢᠶᠠᠨ ᠤ ᠡᠳ᠋ ᠤᠨ ᠶᠠᠪᠤᠳᠠᠯ ᠤᠨ ᠲᠤᠪᠴᠢᠶ᠎ᠠ᠂ ᠦᠭᠡᠷᠡᠴᠢᠯᠡᠯᠲᠡ ᠬᠦᠭᠵᠢᠯᠲᠡ  ᠶᠢᠨ ᠵᠦᠪᠯᠡᠯ᠄     ᠲᠦᠷᠦ ᠶᠢᠨ ᠶᠠᠪᠤᠳᠠᠯ ᠤᠨ ᠬᠤᠷᠢᠶᠠᠨ ᠤ ᠰᠤᠶᠢᠳᠭᠡᠯ ᠬᠤᠷᠢᠶᠠᠬᠤ ᠶᠢ ᠲᠢᠭᠯᠡᠵᠤ ᠦᠭᠡᠷᠡᠴᠢᠯᠡᠬᠦ  ᠠᠵᠢᠯ ᠢ  ᠲᠦᠯᠬᠢᠨ ᠠᠬᠢᠭᠤᠯᠬᠤ ᠲᠤᠬᠠᠢ ᠪᠠᠶᠢᠷᠢᠯᠠᠭᠤᠯᠤᠯᠲᠠ ᠶᠢ ᠦᠨᠳᠤᠰᠤᠯᠡᠵᠤ᠂ ᠪᠢᠳᠡ ᠪᠦᠬᠦ ᠤᠯᠤᠰ ᠤᠨ ᠴᠢᠨᠠᠷᠲᠠᠢ ᠵᠢᠴᠢ ᠂ ᠲᠦᠪ ᠤᠨ ᠰᠠᠯᠠᠭ᠎ᠠ ᠮᠦᠴᠢᠷ ᠨᠢᠭᠡᠴᠡ ᠶᠢᠨ ᠵᠠᠰᠠᠭ ᠵᠠᠬᠢᠷᠭ᠎ᠠ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠬᠤᠷᠢᠶᠠᠬᠤ ᠲᠦᠷᠤᠯ ᠵᠤᠶᠢᠯ ᠳᠤ ᠪᠦᠬᠦ  ᠲᠠᠯ᠎ᠠ ᠪᠠᠷ ᠲᠢᠭᠯᠡᠯᠲᠡ ᠬᠢᠵᠤ᠂ ᠨᠢᠭᠡ ᠪᠦᠯᠦᠭ ᠰᠤᠶᠢᠳᠭᠡᠯ ᠬᠤᠷᠢᠶᠠᠬᠤ ᠲᠦᠷᠦᠯ ᠵᠤᠶᠢᠯ   ᠢ ᠬᠦᠴᠦᠨ ᠦᠭᠡᠢ ᠪᠤᠯᠭᠠᠬᠤ ᠪᠠ ᠲᠦᠷ ᠵᠤᠭᠰᠤᠬᠤ ᠪᠠᠷ ᠳᠤᠭᠲᠠᠪᠠ᠃ ᠡᠳᠤᠭᠡ ᠬᠤᠯᠪᠤᠭᠳᠠᠯ ᠪᠦᠬᠦᠢ ᠶᠠᠪᠤᠳᠠᠯ ᠢ ᠮᠡᠳᠡᠭᠳᠡᠬᠦ ᠨᠢ ᠲᠤᠤᠷᠠᠬᠢ ᠮᠡᠳᠤ᠄     ᠨᠢᠭᠡ᠂ 2015 ᠤᠨ ᠤ11 ᠰᠠᠷ᠎ᠠ ᠶᠢᠨ1 ᠤ ᠡᠳᠤᠷ ᠠᠴᠠ ᠡᠬᠢᠯᠡᠵᠤ᠂ ᠪᠦᠬᠦ ᠤᠯᠤᠰ ᠲᠤ 37  ᠵᠤᠶᠢᠯ ᠵᠠᠰᠠᠭ ᠵᠠᠬᠢᠷᠭᠠᠨ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠬᠤᠷᠢᠶᠠᠬᠤ   ᠶᠢ ᠨᠢᠭᠡᠳᠤᠯᠲᠠᠢ ᠪᠠᠷ ᠬᠦᠴᠦᠨ ᠦᠭᠡᠢ ᠪᠤᠯᠭᠠᠬᠤ ᠪᠤᠶᠤ ᠲᠦᠷ ᠵᠤᠭᠰᠤᠨ᠎ᠠ᠃ ︵ᠳᠠᠭᠠᠯᠳᠤᠯᠠᠯ   ᠢ ᠦᠵᠡ︶᠃     ᠬᠤᠶᠠᠷ᠂ 2016 ᠤᠨ ᠤ1 ᠰᠠᠷ᠎ᠠ ᠶᠢᠨ1 ᠤ ᠡᠳᠤᠷ ᠠᠴᠠ ᠡᠬᠢᠯᠡᠵᠤ᠂ ᠬᠦᠮᠦᠨ ᠤ ᠬᠦᠴᠦᠨ ᠤ ᠡᠬᠢ ᠰᠤᠷᠪᠤᠯᠵᠢ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ ᠵᠡᠷᠭᠡ ᠰᠠᠯᠪᠤᠷᠢ ᠳᠤ ᠬᠠᠷᠢᠶᠠᠯᠠᠭᠳᠠᠬᠤ ᠨᠡᠶᠢᠲᠡ ᠶᠢᠨ ᠠᠵᠢᠯ ᠤᠯᠭᠤᠬᠤ ᠪᠠ ᠴᠢᠳᠠᠪᠤᠷᠢᠲᠠᠨ ᠳᠤ ᠤᠶᠢᠯᠡᠴᠢᠯᠡᠬᠦ ᠪᠠᠶᠢᠭᠤᠯᠤᠮᠵᠢ ᠶᠢᠨ ᠬᠤᠷᠢᠶᠠᠬᠤ ᠴᠢᠳᠠᠪᠤᠷᠢᠲᠠᠨ ᠤ ᠨᠡᠶᠢᠲᠡ ᠶᠢᠨ ᠡᠷᠤᠬᠡ ᠠᠮᠠ ᠶᠢ ᠬᠠᠮᠢᠶᠠᠷᠬᠤ ᠤᠶᠢᠯᠡᠴᠢᠯᠡᠭᠡᠨ ᠤ ᠰᠤᠶᠢᠳᠭᠡᠯ ᠢ ᠬᠦᠴᠦᠨ ᠦᠭᠡᠢ ᠪᠤᠯᠭᠠᠨ᠎ᠠ᠃ ︵ᠡᠵᠡᠩᠨᠡᠬᠦ ᠤᠶᠢᠯᠡᠴᠢᠯᠡᠬᠦ ᠴᠢᠨᠠᠷᠲᠠᠢ ᠰᠤᠶᠢᠳᠭᠡᠯ ᠢ ᠪᠠᠭᠲᠠᠭᠠᠨ᠎ᠠ︶᠃     ᠭᠤᠷᠪᠠ᠂ ᠡᠮᠤᠨ᠎ᠡ ᠲᠤᠷᠠᠳᠤᠭᠰᠠᠨ ᠰᠤᠶᠢᠳᠭᠡᠯ ᠢ ᠲᠠᠲᠠᠪᠦᠷᠢᠯᠠᠬᠤ ᠪᠠᠨ ᠬᠦᠴᠦᠨ ᠦᠭᠡᠢ ᠪᠤᠯᠭᠠᠬᠤ ᠪᠠ ᠲᠦᠷ ᠵᠤᠭᠰᠤᠭᠰᠠᠨ ᠤ ᠰᠡᠭᠦᠯᠡᠷ᠂ ᠬᠤᠯᠪᠤᠭᠳᠠᠯ  ᠪᠦᠬᠦᠢ ᠰᠠᠯᠠᠭ᠎ᠠ ᠮᠦᠴᠢᠷ ᠵᠢᠴᠢ ᠬᠠᠷᠢᠶᠠᠯᠠᠭᠳᠠᠬᠤ ᠠᠵᠢᠯ ᠤᠶᠢᠯᠡᠰ ᠤᠨ ᠨᠢᠭᠡᠴᠡ ᠬᠠᠤᠯᠢ ᠶᠤᠰᠤᠭᠠᠷ ᠬᠠᠮᠢᠶᠠᠷᠬᠤ ᠡᠷᠬᠡ ᠳᠤᠰᠢᠶᠠᠯ ᠢᠶᠠᠨ ᠬᠡᠷᠡᠭᠵᠢᠭᠦᠯᠬᠦ ᠵᠠᠷᠤᠳᠠᠯ ᠢ ᠠᠳᠠᠯᠢ ᠳᠡᠰ ᠤᠨ ᠡᠳ᠋  ᠤᠨ ᠵᠠᠰᠠᠭ ᠤᠨ ᠲᠦᠰᠦᠪ ᠠᠴᠠ ᠨᠢᠭᠡᠳᠤᠯᠲᠠᠢ  ᠲᠦᠯᠦᠪᠯᠡᠨ ᠲᠤᠬᠢᠷᠠᠭᠤᠯᠵᠤ᠂ ᠠᠵᠢᠯ ᠡᠷᠡᠭᠦᠯ ᠶᠠᠪᠤᠭᠳᠠᠬᠤ ᠶᠢ ᠪᠠᠳᠤᠯᠠᠨ᠎ᠠ᠃     ᠲᠦᠷᠪᠡ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠡ ᠡᠳ᠋ ᠤᠨ ᠵᠠᠰᠠᠭ ᠤᠨ ᠪᠠᠷᠢᠮᠲᠠ ᠪᠠᠨ ᠬᠦᠴᠦᠨ ᠦᠭᠡᠢ ᠪᠤᠯᠭᠠᠬᠤ ᠬᠦᠢᠴᠡᠳᠭᠡᠯ ᠬᠦᠢᠴᠡᠳᠭᠡᠨ᠎ᠡ᠃ ᠬᠤᠯᠪᠤᠭᠳᠠᠯ ᠪᠦᠬᠦᠢ ᠰᠤᠶᠢᠳᠭᠡᠯ ᠤᠨ ᠦᠷᠢ ᠰᠢᠷᠢ ᠶᠢ ᠴᠡᠪᠡᠷᠯᠡᠭᠰᠡᠨ ᠤ ᠳᠠᠷᠠᠭᠠᠬᠢ ᠤᠷᠤᠯᠭ᠎ᠠ ᠶᠢ ᠡᠳ᠋ ᠤᠨ ᠵᠠᠰᠠᠭ ᠤᠨ ᠳᠤᠭᠲᠠᠭᠠᠭᠰᠠᠨ ᠠᠷᠭ᠎ᠠ ᠵᠠᠮ ᠶᠤᠰᠤᠭᠠᠷ ᠪᠦᠬᠦ ᠲᠤᠭ᠎ᠠ ᠪᠠᠷ ᠨᠢ ᠤᠯᠤᠰ ᠤᠨ ᠰᠠᠩ ᠳᠤ ᠳᠤᠰᠢᠶᠠᠪᠠᠯ ᠵᠤᠬᠢᠨ᠎ᠠ᠃     ᠲᠠᠪᠤ᠂ ᠡᠯ᠎ᠡ ᠮᠤᠵᠢ ︵ᠤᠷᠤᠨ᠂ ᠬᠤᠲᠠ︶ ᠶᠢᠨ ᠡᠳ᠋ ᠤᠨ ᠵᠠᠰᠠᠭ᠂ ᠦᠨ᠎ᠡ ᠬᠠᠨᠭ᠍ᠰᠢ ᠶᠢᠨ ᠰᠠᠯᠠᠭ᠎ᠠ ᠮᠦᠴᠢᠷ  ᠠᠴᠠ ᠮᠤᠵᠢ ᠶᠢᠨ ᠳᠡᠰ ᠤᠨ ᠵᠠᠰᠠᠭ ᠵᠠᠬᠢᠷᠭᠠᠨ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠬᠤᠷᠢᠶᠠᠬᠤ ᠲᠦᠷᠦᠯ ᠵᠤᠶᠢᠯ ᠳᠤ ᠪᠦᠬᠦ ᠲᠠᠯ᠎ᠠ ᠪᠠᠷ ᠲᠢᠭᠯᠡᠯᠲᠡ ᠬᠢᠨ᠎ᠡ᠃  ᠵᠠᠰᠠᠭ ᠤᠨ ᠤᠷᠳᠤᠨ ᠬᠠᠨᠭ᠍ᠭᠠᠭᠰᠠᠨ ᠴᠢᠨᠠᠷᠲᠠᠢ ᠨᠡᠶᠢᠲᠡ ᠶᠢᠨ ᠤᠶᠢᠯᠡᠴᠢᠯᠡᠭᠡ ᠳᠤ ᠬᠠᠷᠢᠶᠠᠯᠠᠭᠳᠠᠬᠤ ᠡᠩ ᠤᠨ ᠴᠢᠨᠠᠷᠲᠠᠢ ᠬᠠᠮᠢᠶᠠᠷᠤᠯᠲᠠ ᠶᠢᠨ ᠴᠢᠲᠠᠪᠬᠢ ᠶᠢ ᠢᠯᠡᠷᠡᠭᠦᠯᠬᠦ ᠵᠢᠴᠢ ᠭᠤᠤᠯ ᠵᠤᠷᠢᠯᠭ᠎ᠠ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠦᠭᠵᠢᠯᠲᠡ ᠶᠢᠨ ᠵᠠᠷᠴᠢᠮ ᠢ ᠵᠦᠷᠢᠴᠡᠭᠰᠡᠨ ᠵᠠᠷᠴᠢᠮ  ᠳᠤ ᠨᠡᠶᠢᠴᠡᠬᠦ ᠦᠭᠡᠢ ᠰᠤᠶᠢᠳᠭᠡᠯ ᠬᠤᠷᠢᠶᠠᠬᠤ ᠲᠦᠷᠦᠯ ᠵᠤᠶᠢᠯ ᠢ ᠬᠦᠴᠦᠨ ᠦᠭᠡᠢ ᠪᠤᠯᠭᠠᠨ᠎ᠠ᠃ ᠡᠯ᠎ᠡ ᠵᠤᠶᠢᠯ ᠤᠨ ᠳᠤᠷ᠎ᠠ ᠪᠠᠷ ᠰᠤᠶᠢᠳᠭᠡᠯ ᠬᠤᠷᠢᠶᠠᠬᠤ ᠶᠢ ᠡᠷᠡᠰ  ᠴᠠᠭᠠᠵᠠᠯᠠᠨ᠎ᠠ᠃     ᠵᠢᠷᠭᠤᠭ᠎ᠠ᠂ ᠡᠯ᠎ᠡ ᠭᠠᠵᠠᠷ ᠤᠷᠤᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠡ ᠲᠤᠰ ᠮᠡᠳᠡᠭᠳᠡᠯ  ᠤᠨ ᠳᠤᠭᠳᠠᠭᠠᠯ ᠢ ᠴᠢᠩᠭ᠎ᠠ ᠬᠡᠷᠡᠭᠵᠢᠬᠦᠯᠵᠤ᠂ ᠨᠡᠶᠢᠲᠡᠯᠡᠭᠰᠡᠨ ᠳᠠᠲᠠᠪᠦᠷᠢᠯᠠᠬᠤ ᠶᠢ ᠬᠦᠴᠦᠨ ᠦᠭᠡᠢ ᠪᠤᠯᠭᠠᠬᠤ ᠪᠠ ᠲᠦᠷ ᠵᠤᠭᠰᠤᠬᠤ ᠰᠤᠶᠢᠳᠭᠡᠯ ᠬᠤᠷᠢᠶᠠᠬᠤ ᠲᠦᠷᠦᠯ ᠵᠤᠶᠢᠯ ᠢ ᠶᠠᠮᠠᠷᠴᠤ ᠰᠢᠯᠲᠠᠭᠠᠨ ᠪᠠᠷ  ᠬᠤᠶᠢᠰᠢᠯᠠᠭᠤᠯᠬᠤ ᠪᠠ ᠬᠡᠷᠡᠭᠵᠢᠬᠦᠯᠬᠦ ᠦᠭᠡᠢ ᠪᠠᠶᠢᠵᠤ ᠪᠤᠯᠬᠤ ᠦᠭᠡᠢ᠃ ᠡᠯ᠎ᠡ ᠱᠠᠳᠤᠨ ᠤ ᠡᠳ᠋ ᠤᠨ ᠵᠠᠰᠠᠭ᠂ ᠦᠨ᠎ᠡ ᠬᠠᠨᠭ᠍ᠰᠢ ᠶᠢᠨ ᠰᠠᠯᠠᠭ᠎ᠠ ᠮᠦᠴᠢᠷ ᠲᠤᠰ ᠮᠡᠳᠡᠭᠳᠡᠯ ᠢ ᠨᠠᠶᠢᠳᠠᠪᠦᠷᠢᠵᠢᠭᠤᠯᠤᠭᠰᠠᠨ ᠪᠠᠶᠢᠳᠠᠯ ᠳᠤ ᠬᠢᠨᠠᠨ ᠪᠠᠶᠢᠴᠠᠭᠠᠯᠲᠠ ᠲᠠᠯᠪᠢᠬᠤ ᠢ ᠴᠢᠩᠭᠠᠳᠬᠠᠵᠤ ᠳᠤᠭᠲᠠᠭᠠᠯ ᠶᠤᠰᠤᠭᠠᠷ ᠳᠠᠲᠠᠪᠤᠷᠢᠯᠠᠬᠤ ᠬᠤᠯᠪᠤᠭᠳᠠᠯ ᠪᠦᠬᠦᠢ ᠰᠤᠶᠢᠳᠭᠡᠯ ᠬᠤᠷᠢᠶᠠᠬᠤ ᠲᠦᠷᠦᠯ ᠵᠤᠶᠢᠯ ᠢ ᠬᠦᠴᠦᠨ ᠦᠭᠡᠢ ᠪᠤᠯᠭᠠᠬᠤ ᠪᠠ ᠲᠦᠷ ᠶᠤᠰᠤᠭᠠᠷ ᠳᠠᠲᠠᠪᠤᠷᠢᠯᠠᠬᠤ  ᠬᠤᠯᠪᠤᠭᠳᠠᠯ ᠪᠦᠬᠦᠢ  ᠳᠤᠭᠲᠠᠭᠠᠯ  ᠢᠶᠠᠷ  ᠲᠤᠷᠭᠤᠭᠠᠬᠤ ᠮᠦᠷᠲᠡᠭᠡᠨ ᠬᠠᠷᠢᠭᠤᠴᠠᠭᠴᠢ ᠶᠢᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃     ᠳᠠᠭᠠᠯᠳᠤᠭᠤᠯᠤᠯ᠄ ᠳᠠᠲᠠᠪᠦᠷᠢᠯᠠᠬᠤ ᠶᠢ ᠬᠦᠴᠦᠨ ᠦᠭᠡᠢ ᠪᠤᠯᠭᠠᠬᠤ ᠪᠠ ᠲᠦᠷ  ᠵᠤᠭᠰᠤᠬᠤ  ᠵᠠᠰᠠᠭ ᠵᠠᠬᠢᠷᠭᠠᠨ  ᠤ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠬᠤᠷᠢᠶᠠᠬᠤ ᠲᠦᠷᠤᠯ ᠵᠤᠶᠢᠯ ᠡᠳ᠋ ᠤᠨ ᠵᠠᠰᠠᠭ ᠤᠨ ᠶᠠᠮᠤᠨ᠂ ᠤᠯᠤᠰ  ᠤᠨ ᠦᠭᠡᠷᠡᠴᠢᠯᠡᠯᠲᠡ ᠬᠦᠭᠵᠢᠯᠲᠡ ᠶᠢᠨ ᠵᠦᠪᠯᠡᠯ                         2015 ᠤᠨ ᠤ9 ᠰᠠᠷ᠎ᠠ ᠶᠢᠨ29 ᠤ ᠡᠳᠤᠷ     ᠳᠠᠭᠠᠯᠳᠤᠭᠤᠯᠤᠯ᠄ ᠳᠠᠲᠠᠪᠦᠷᠢᠯᠠᠬᠤ ᠶᠢ ᠬᠦᠴᠦᠨ ᠦᠭᠡᠢ ᠪᠤᠯᠭᠠᠬᠤ ᠪᠠ ᠲᠦᠷ  ᠵᠤᠭᠰᠤᠬᠤ  ᠵᠠᠰᠠᠭ ᠵᠠᠬᠢᠷᠭᠠᠨ  ᠤ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠬᠤᠷᠢᠶᠠᠬᠤ ᠲᠦᠷᠤᠯ ᠵᠤᠶᠢᠯ ︵ᠨᠡᠶᠢᠲᠡ37 ᠵᠤᠶᠢᠯ︶     ᠨᠢᠭᠡ᠂ ᠬᠦᠴᠦᠨ ᠦᠭᠡᠢ ᠪᠤᠯᠭᠠᠭᠰᠠᠨ ᠵᠠᠰᠠᠭ ᠵᠠᠬᠢᠷᠭᠠᠨ ᠤ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠬᠤᠷᠢᠶᠠᠬᠤ ᠲᠦᠷᠤᠯ ᠵᠤᠶᠢᠯ  ︵ᠨᠡᠶᠢᠲᠡ33 ᠵᠣᠷᠪᠤᠰ︶     ᠠᠷᠠᠳ ᠤᠨ ᠶᠠᠪᠤᠳᠠᠯ ᠤᠨ ᠰᠠᠯᠠᠭ᠎ᠠ ᠮᠦᠴᠢᠷ    1. ᠤᠷᠤᠭ ᠲᠠᠩᠰᠠᠯᠠᠬᠰᠠᠨ ᠲᠠᠮᠳᠡᠭᠯᠠᠯ ᠢ ᠬᠡᠷᠡᠴᠢ ᠭᠠᠷᠭᠠᠨ ᠬᠡᠷᠡᠴᠢᠯᠠᠬᠦ ᠶᠢ ᠬᠤᠷᠢᠶᠠᠬᠤ ᠰᠦᠢᠳᠭᠡᠯ     ᠡᠳ᠋ ᠤᠨ ᠵᠠᠰᠠᠭ ᠤᠨ ᠰᠠᠯᠠᠭ᠎ᠠ ᠮᠦᠴᠢᠷ    2. ᠲᠠᠩᠰᠠᠯᠠᠭᠤᠯᠬᠤ ᠡᠳ᠋ ᠬᠦᠷᠦᠩᠭᠡ ᠶᠢ ᠦᠨᠠᠯᠠᠨ ᠵᠢᠱᠢᠭᠴᠢ ᠶᠢᠨ ᠠᠵᠢᠯ ᠡᠷᠬᠢᠯᠠᠬᠦ ᠬᠢᠷᠢ ᠬᠡᠮ᠂ ᠰᠤᠪᠤᠳ ᠡᠷᠳᠡᠨᠢ ᠶᠢ ᠦᠨᠠᠯᠠᠨ ᠵᠢᠱᠢᠬᠦ ᠲᠤᠰᠬᠠᠢ ᠮᠠᠷᠭᠡᠵᠢᠯ ᠤᠨ ᠰᠢᠯᠭᠠᠯᠳᠠ ᠶᠢᠨ ᠵᠠᠷᠤᠳᠠᠯ    ᠬᠦᠮᠦᠨ ᠤ ᠬᠦᠴᠦᠨ ᠤ ᠡᠬᠢ  ᠪᠠᠶᠠᠯᠢᠭ ᠪᠠ ᠨᠠᠶᠢᠭᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ    3. ᠶᠠᠰᠤ ᠴᠢᠨᠠᠷ ᠤᠨ ᠲᠤᠰᠬᠠᠢ ᠮᠠᠷᠭᠡᠵᠢᠯᠳᠠᠨ ᠤ ᠠᠵᠢᠯ ᠮᠠᠷᠭᠡᠵᠢᠯ ᠤᠨ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷᠤᠳᠠᠯ    4. ᠠᠵᠤ ᠠᠬᠤᠶᠢᠯᠠᠯ ᠤᠨ ᠬᠠᠤᠯᠢ ᠵᠦᠪᠯᠡᠭᠴᠢ ᠶᠢᠨ ᠠᠵᠢᠯ ᠡᠷᠬᠢᠯᠠᠬᠦ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠰᠦᠢᠳᠭᠡᠯ    5. ᠲᠠᠩᠰᠠᠯᠠᠭᠤᠯᠬᠤ ᠡᠳ᠋ ᠬᠦᠷᠦᠩᠭᠡ ᠶᠢ ᠦᠨᠠᠯᠠᠨ ᠵᠢᠱᠢᠭᠴᠢ ᠶᠢᠨ ᠠᠵᠢᠯ ᠡᠷᠬᠢᠯᠠᠬᠦ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷᠤᠳᠠᠯ    6. ᠲᠤᠰᠠᠯᠠᠬᠴᠢ ᠵᠠᠷ ᠮᠡᠳᠡᠭᠡᠨ ᠤ ᠮᠠᠷᠭᠡᠵᠢᠯᠳᠠᠨ ᠤ ᠠᠵᠢᠯ ᠮᠠᠷᠭᠡᠵᠢᠯ ᠤᠨ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷ ᠮᠠᠳᠡᠭᠡᠨ ᠤ ᠵᠠᠷᠤᠳᠠᠯ    7. ᠠᠰᠠᠭᠤᠨ ᠯᠠᠪᠯᠠᠬᠤ ᠢᠨᠵᠧᠨᠧᠷ ᠤᠨ ᠠᠵᠢᠯ ᠮᠠᠷᠭᠡᠵᠢᠯ ᠤᠨ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷᠤᠳᠠᠯ     ᠤᠯᠤᠰ ᠤᠨ ᠭᠠᠵᠠᠷ ᠰᠢᠷᠦᠢ ᠶᠢᠨ ᠡᠬᠢ  ᠪᠠᠶᠠᠯᠢᠭ ᠤᠨ ᠰᠠᠯᠠᠭ᠎ᠠ ᠮᠦᠴᠢᠷ    8. ᠭᠠᠵᠠᠷ ᠰᠢᠷᠦᠢ ᠪᠠᠷᠤᠬᠯᠠᠵᠤ ᠦᠨᠠᠯᠡᠭᠴᠢ ᠶᠢᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷᠤᠳᠠᠯ    9. ᠭᠠᠵᠠᠷ ᠰᠢᠷᠦᠢ ᠲᠠᠩᠰᠠᠯᠠᠬᠤ ᠲᠦᠯᠦᠭᠡᠨ ᠤ ᠠᠵᠢᠯᠲᠠᠨ ᠤ ᠠᠵᠢᠯ ᠮᠠᠷᠭᠡᠵᠢᠯ ᠤᠨ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷᠤᠳᠠᠯ    ᠤᠷᠤᠨ ᠰᠠᠭᠤᠴᠠ ᠬᠤᠳᠠ ᠬᠦᠳᠡᠭᠡ ᠶᠢᠨ ᠪᠠᠶᠢᠭᠤᠯᠤᠯᠳᠠ ᠶᠢᠨ ᠰᠠᠯᠠᠭ᠎ᠠ ᠮᠥᠴᠢᠷ    10. ᠬᠡᠷ ᠪᠠᠶᠢᠰᠢᠩ ᠲᠦᠷᠢᠶᠠᠰᠤᠯᠠᠬᠦ ᠭᠠᠷᠳᠠᠮ ᠤᠨ ᠵᠠᠷᠤᠳᠠᠯ    11. ᠬᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠡᠷᠬᠢᠯᠠᠬᠦ ᠬᠢᠷᠢ ᠬᠡᠮ ᠤᠨ ᠰᠢᠯᠭᠠᠯᠳᠠ ᠳᠤ ᠨᠡᠷ᠎ᠡ ᠮᠠᠳᠡᠭᠦᠯᠬᠦ ᠰᠢᠯᠭᠠᠯᠳᠠ ᠶᠢᠨ ᠵᠠᠷᠤᠳᠠᠯ    12. ᠠᠳᠠᠯ ᠠᠬᠤᠢ ᠶᠢᠨ ᠬᠠᠮᠢᠶᠠᠷᠤᠬᠴᠢ ᠶᠢᠨ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷᠤᠳᠠᠯ   ᠵᠠᠮ ᠬᠠᠷᠢᠯᠴᠠᠭ᠎ᠠ ᠲᠠᠭᠡᠭᠡᠪᠤᠷᠢ ᠶᠢᠨ ᠰᠠᠯᠠᠭ᠎ᠠ ᠮᠦᠴᠢᠷ    13. ᠬᠠᠷᠭᠤᠭᠤᠯᠤᠬᠴᠢ ᠶᠢᠨ ᠰᠢᠯᠭᠠᠯᠳᠠ ᠶᠢᠨ ᠵᠠᠷᠤᠳᠠᠯ   ᠲᠠᠷᠢᠶᠠᠯᠠᠩ ‍ᠤᠨ‌‍ᠶᠠᠪᠤᠳᠠᠯ ᠤᠨ ᠰᠠᠯᠠᠭ᠎ᠠ ᠮᠥᠴᠢᠷ    14. ᠵᠢᠭᠠᠰᠤᠨ ᠠᠵᠤ ᠠᠬᠤᠢ ᠶᠢᠨ ᠤᠩᠭᠤᠴᠠ ᠵᠠᠪᠢ ᠤᠯᠤᠰ ᠤᠨ ᠬᠠᠷᠢᠶ᠎ᠠ ᠪᠠᠨ ᠲᠡᠮᠳᠡᠭᠯᠠᠬᠦ ᠦᠨᠠᠮᠯᠠᠯ ᠤᠨ ᠵᠠᠷᠤᠳᠠᠯ    15. ᠵᠢᠭᠠᠰᠤᠨ ᠠᠵᠤ ᠠᠬᠤᠢ ᠶᠢᠨ ᠤᠩᠭᠤᠴᠠ ᠵᠠᠪᠢ ᠲᠠᠩᠰᠠᠨ ᠠᠴᠠ ᠭᠠᠷᠭᠠᠬᠤ ᠵᠠᠷᠤᠳᠠᠯ    ᠪᠤᠭᠤᠮᠳᠠ ᠶᠢᠨ ᠰᠠᠯᠠᠭ᠎ᠠ ᠮᠦᠴᠢᠷ    16. ᠪᠤᠭᠤᠮᠳᠠ ᠮᠠᠳᠠᠬᠦᠯᠦᠭᠴᠢ ᠶᠢᠨ ᠬᠢᠷᠢ ᠬᠡᠮ ᠤᠨ ᠰᠢᠯᠭᠠᠯᠳᠠ ᠶᠢᠨ ᠵᠠᠷᠤᠳᠠᠯ   ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ    17. ᠲᠠᠩᠰᠠᠯᠠᠭᠤᠯᠬᠤ ᠭᠠᠶᠢᠯᠢ ᠶᠢᠨ ᠶᠠᠪᠤᠳᠠᠯ ᠤᠨ ᠮᠠᠷᠭᠡᠵᠢᠯᠳᠠᠨ ᠤ ᠡᠷᠬᠢᠯᠠᠬᠦ ᠬᠢᠷᠢ ᠬᠡᠮ ᠤᠨ ᠰᠢᠯᠭᠠᠯᠳᠠ᠂ ᠰᠢᠯᠭᠠᠬᠤ ᠶᠠᠪᠤᠳᠠᠯ ᠤᠨ ᠵᠠᠷᠤᠳᠠᠯ   ᠴᠢᠨᠠᠷ ᠴᠢᠨᠰᠠᠭ᠎ᠠ ᠶᠢ ᠬᠢᠨᠠᠨ ᠰᠢᠯᠭᠠᠵᠤ ᠬᠢᠵᠢᠭ ᠪᠠᠶᠢᠴᠠᠭᠠᠬᠤ ᠰᠠᠯᠠᠭ᠎ᠠ ᠮᠦᠴᠢᠷ    18. ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠺᠤᠳ᠋ ᠤᠨ ᠦᠨᠠᠮᠯᠠᠯ ᠤᠨ ᠵᠠᠷᠤᠳᠠᠯ    19. ᠪᠦᠳᠦᠭᠡᠭᠳᠡᠬᠦᠨ ᠤ ᠴᠢᠨᠠᠷ ᠴᠢᠨᠰᠠᠭ᠎ᠠ ᠶᠢ ᠬᠢᠨᠠᠵᠤ ᠪᠠᠶᠢᠴᠠᠭᠠᠬᠤ ᠵᠠᠷᠤᠳᠠᠯ ᠲᠤᠳᠤᠷᠠᠬᠢ ᠲᠤᠬᠳᠠᠬᠰᠠᠨ ᠬᠤᠭᠤᠴᠠᠭᠠᠨ ᠤ ᠰᠢᠯᠭᠠᠨ ᠪᠠᠶᠢᠴᠠᠭᠠᠬᠤ ᠵᠠᠷᠤᠳᠠᠯ    20. ᠭᠡᠮᠵᠢᠯᠳᠠ ᠶᠢ ᠬᠡᠷᠠᠴᠢᠯᠠᠬᠦ ᠵᠠᠷᠤᠳᠠᠯ    ᠰᠤᠨᠢᠨ ᠮᠠᠳᠡᠭᠡ ᠬᠡᠪᠯᠠᠯ ᠷᠠᠳᠢᠤ᠋ ᠲᠧᠯᠸᠢᠰ ᠤᠨ ᠰᠠᠯᠠᠭ᠎ᠠ ᠮᠦᠴᠢᠷ    21. ᠺᠤᠮᠫᠢᠦ᠋ᠲ᠋ᠧᠷ ᠤᠨ ᠵᠦᠭᠡᠯᠠᠨ ᠲᠤᠨᠤᠭ ᠵᠤᠬᠢᠶᠠᠨ ᠪᠦᠳᠦᠭᠡᠬᠦ ᠡᠷᠭᠡ ᠶᠢ ᠲᠠᠩᠰᠠᠯᠠᠬᠤ ᠵᠠᠷᠤᠳᠠᠯ ᠤᠨ ᠲᠤᠮᠳᠠᠬᠢ ᠴᠠᠭ ᠬᠤᠶᠢᠰᠢᠯᠠᠭᠤᠯᠵᠤ ᠰᠢᠢᠳᠪᠤᠷᠢᠯᠠᠬᠦ ᠶᠢ ᠭᠤᠶᠤᠴᠢᠯᠠᠬᠤ ᠵᠠᠷᠤᠳᠠᠯ    ᠪᠠᠶ᠎ᠠ ᠲᠠᠮᠢᠷ ᠤᠨ ᠰᠠᠯᠠᠭ᠎ᠠ ᠮᠦᠴᠢᠷ    22. ᠤᠷᠤᠯᠳᠤᠭᠠᠨ ᠳᠤ ᠤᠷᠤᠯᠴᠠᠬᠤ ᠬᠤᠪᠢ ᠬᠦᠮᠦᠨ ᠪᠠ ᠪᠦᠯᠬᠦᠮ ᠤᠨ ᠵᠢᠯ ᠤᠨ ᠲᠠᠩᠰᠠᠯᠠᠭᠤᠯᠬᠤ ᠵᠠᠷᠤᠳᠠᠯ    23. ᠤᠷᠤᠯᠳᠤᠭᠠᠨ ᠳᠤ ᠤᠷᠤᠯᠴᠠᠬᠤ ᠪᠠᠶ᠎ᠠ ᠶᠢᠨ ᠲᠠᠮᠢᠷ ᠤᠨ ᠠᠩᠬᠢ ᠪᠠ ᠲᠠᠮᠢᠷᠴᠢᠨ ᠤᠷᠤᠯᠳᠤᠬᠤ ᠳᠤ ᠨᠠᠷ᠎ᠠ ᠮᠠᠳᠠᠬᠦᠯᠬᠦ ᠵᠠᠷᠤᠳᠠᠯ    24. ᠺᠠᠯᠦ᠋ᠪ ᠤᠨ ᠲᠠᠮᠢᠷᠴᠢᠨ ᠡᠪᠯᠠᠯ ᠢᠶᠠᠨ ᠰᠤᠯᠢᠬᠤ ᠭᠠᠷ ᠬᠦᠢᠴᠡᠳᠭᠡᠯ ᠤᠨ ᠵᠠᠷᠤᠳᠠᠯ    25. ᠰᠢᠳᠠᠷ᠎ᠠ ᠶᠢᠨ ᠲᠦᠷᠦᠯ ᠪᠠ ᠵᠡᠪᠰᠡᠭ ᠤᠨ ᠡᠷᠳᠡᠮ ᠶᠢᠨ ᠱᠠᠲᠤᠯᠠᠯ ᠢ ᠰᠢᠯᠭᠠᠨ ᠲᠤᠬᠳᠠᠭᠠᠬᠤ ᠵᠠᠷᠤᠳᠠᠯ    26. ᠲᠠᠷᠭᠡ ᠤᠷᠤᠯᠳᠤᠬᠴᠢ ᠶᠢᠨ ᠵᠠᠷᠭᠡ ᠲᠠᠰ ᠢ ᠮᠠᠭᠠᠳᠯᠠᠨ ᠲᠤᠬᠳᠠᠭᠠᠬᠤ ᠵᠠᠷᠤᠳᠠᠯ    27. ᠤᠷᠤᠯᠳᠤᠭᠠᠨ ᠤ ᠮᠤᠷᠢ ᠶᠢ  ᠳᠠᠩᠰᠠᠯᠠᠭᠤᠯᠬᠤ ᠵᠠᠷᠤᠳᠠᠯ   ᠵᠤᠭᠠᠴᠠᠯ ᠤᠨ ᠰᠠᠯᠠᠭ᠎ᠠ ᠮᠦᠴᠢᠷ    28. ᠬᠢᠯᠢ ᠳᠤ ᠤᠷᠤᠬᠤ ᠭᠡᠷᠡᠴᠢ ᠶᠢᠨ ᠵᠠᠷᠤᠳᠠᠯ    29. ᠲᠠᠷᠢᠶᠠᠯᠠᠩ ᠠᠵᠤ ᠤᠶᠢᠯᠡᠰ ᠤᠨ ᠵᠢᠱᠢᠶᠡᠴᠢ ᠴᠡᠭ ᠤᠨ  ᠫᠠᠶᠢᠰᠠ ᠲᠡᠮᠳᠡᠭ ︵ᠦᠨᠡᠮᠯᠡᠯ︶ ᠤᠨ ᠵᠠᠷᠤᠳᠠᠯ    30. ᠤᠳᠤᠨ ᠳᠡᠰ ᠫᠠᠶᠢᠰᠠ ᠲᠡᠮᠳᠡᠭ ︵ᠦᠨᠡᠮᠯᠡᠯ︶ ᠤᠨ ᠬᠦᠯᠦᠰᠤ ᠦᠷᠲᠡᠭ ᠤᠨ ᠵᠠᠷᠤᠳᠠᠯ    31.A ᠳᠡᠰ ᠤᠨ ᠵᠤᠭᠠᠴᠠᠯ ᠤᠨ ᠦᠵᠡᠮᠵᠢ ᠶᠢᠨ ᠤᠷᠤᠨ ᠤ ᠫᠠᠶᠢᠰᠠ ᠲᠡᠮᠳᠡᠭ︵ᠦᠨᠡᠮᠯᠡᠯ︶ ᠤᠨ ᠬᠦᠯᠦᠰᠤ ᠦᠷᠲᠡᠭ ᠤᠨ ᠵᠠᠷᠤᠳᠠᠯ   ᠳᠠᠭᠠᠳᠭᠠᠯ ᠢ ᠬᠢᠨᠠᠨ ᠬᠠᠮᠢᠶᠠᠷᠬᠤ ᠵᠦᠪᠯᠡᠯ    32. ᠨᠠᠷᠢᠯᠢᠭ ᠪᠤᠳᠤᠭᠴᠢ ᠶᠢᠨ ᠬᠢᠷᠢ ᠬᠡᠮ ᠤᠨ ᠰᠢᠯᠭᠠᠯᠲᠠ ᠶᠢᠨ ᠵᠠᠷᠤᠳᠠᠯ ᠭᠠᠵᠠᠷ ᠤᠷᠤᠨ    33. ᠲᠡᠮᠤᠷ ᠵᠠᠮ ᠢ ᠬᠤᠯᠪᠤᠭᠠᠯᠠᠨ ᠬᠠᠮᠠᠭᠠᠯᠠᠬᠤ ᠵᠠᠷᠤᠳᠠᠯ    ᠬᠤᠶᠠᠷ᠂ ᠳᠠᠲᠠᠪᠤᠷᠢᠯᠠᠵᠤ ᠪᠠᠶᠢᠭ᠎ᠠ ᠵᠠᠰᠠᠭ ᠵᠠᠬᠢᠷᠭᠠᠨ ᠤ ᠠᠵᠢᠯ ᠤᠶᠢᠯᠡᠰ ᠤᠨ ᠴᠢᠨᠠᠷᠲᠠᠢ ᠰᠤᠶᠢᠳᠭᠡᠯ ᠢ ᠲᠦᠷ ᠵᠤᠭᠰᠤᠬᠤ ᠲᠦᠷᠦᠯ ᠵᠦᠢᠯ ︵ᠨᠡᠶᠢᠲᠡ4 ᠵᠤᠷᠪᠤᠰ︶   ᠲᠠᠷᠢᠶᠠᠯᠠᠩ ᠤᠨ ᠤᠶᠢᠯᠡᠰ ᠤᠨ ᠰᠠᠯᠠᠭ᠎ᠠ ᠮᠦᠴᠢᠷ    1. ᠠᠮᠢᠲᠠᠨ ᠵᠢᠴᠢ ᠠᠮᠢᠲᠠᠨ ᠤ ᠪᠦᠳᠦᠭᠡᠭᠳᠡᠭᠦᠨ ᠤ ᠬᠢᠵᠢᠭ ᠪᠠᠶᠢᠴᠠᠭᠠᠬᠤ ᠵᠠᠷᠤᠳᠠᠯ    ᠪᠤᠭᠤᠮᠲᠠ ᠶᠢᠨ ᠰᠠᠯᠠᠭ᠎ᠠ ᠮᠦᠴᠢᠷ    2. ᠪᠤᠭᠤᠮᠲᠠ ᠶᠢᠨ ᠮᠡᠳᠡᠯᠭᠡ ᠶᠢᠨ ᠪᠦᠳᠦᠭᠡᠭᠳᠡᠭᠦᠨ ᠤ ᠡᠷᠬᠡ ᠶᠢ ᠳᠠᠩᠰᠠ ᠳᠤ ᠲᠡᠮᠲᠡᠭᠯᠡᠬᠦ ᠵᠠᠷᠤᠳᠠᠯ    ᠤᠢ ᠰᠢᠭᠤᠢ ᠶᠢᠨ ᠤᠶᠢᠯᠡᠰ ᠤᠨ ᠰᠠᠯᠠᠭ᠎ᠠ ᠮᠦᠴᠢᠷ    3. ᠤᠢ ᠰᠢᠭᠤᠢ ᠤᠷᠭᠤᠮᠠᠯ ᠤᠨ ᠬᠢᠵᠢᠭ ᠪᠠᠶᠢᠴᠠᠭᠠᠬᠤ ᠵᠠᠷᠤᠳᠠᠯ    4. ᠵᠡᠷᠯᠢᠭ ᠠᠮᠢᠲᠠᠨ ᠤᠷᠭᠤᠮᠠᠯ   ᠢ ᠤᠷᠤᠭᠤᠯᠵᠤ ᠭᠠᠷᠭᠠᠬᠤ ᠬᠠᠮᠢᠶᠠᠷᠤᠯᠲᠠ ᠶᠢᠨ ᠵᠠᠷᠤᠳᠠᠯ
 
ᠢᠷᠡᠯᠲᠡ᠄ ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号