ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ | ᠂ ᠰᠤᠷᠭᠠᠨ ᠬᠦᠮᠦᠵᠢᠯ ᠤᠨ ᠲᠡᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ | ᠲᠠᠩᠬᠢᠮ ᠤᠨ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠠᠴᠠ ᠰᠤᠶᠢᠳᠭᠡᠯ ᠬᠤᠷᠢᠶᠠᠬᠤ | ᠶᠢ ᠴᠢᠯᠤᠭᠡᠲᠠᠢ ᠪᠤᠯᠭᠠᠬᠤ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ | | ᠦᠪᠦᠷ ᠬᠥᠭᠵᠢᠭᠦᠯᠦᠯᠲᠡ ᠦᠭᠡᠷᠡᠴᠢᠯᠡᠯᠲᠡ ᠰᠤᠶᠢᠳᠭᠡᠯ ᠦᠰᠤᠭ᠌ ᠲᠠᠷᠬᠠᠭᠠᠭᠰᠠᠨ ﹇2015﹈1410 | ᠳ᠋ᠤᠭᠠᠷ ᠲᠤᠭᠠᠳᠤ | | ᠡᠯ᠎ᠡ ᠠᠶᠢᠮᠠᠭ ᠬᠤᠲᠠ ᠶᠢᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ | ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ᠂ ᠮᠠᠨᠵᠤᠤᠷ᠂ | ᠡᠷᠢᠶᠡᠨ ᠬᠤᠲᠠ ᠶᠢᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠳᠤᠪᠴᠢᠶ᠎ᠠ ᠳᠤ᠄ | ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠭᠤᠷᠪᠠᠳᠤᠭᠠᠷ ᠳᠦᠷᠪᠡᠳᠤᠭᠡᠷ ᠪᠦᠭᠦᠲᠡ ᠬᠤᠷᠠᠯ ᠤᠨ | ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ | ᠳᠤᠬᠢᠷᠠᠭᠤᠯᠬᠤ ᠳᠤᠮᠳᠠᠬᠢ ᠰᠢᠢᠳᠪᠦᠷᠢᠳᠤ ᠤᠶᠢᠯᠡᠳᠤᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠮᠠᠨ ᠤ | ᠤᠷᠤᠨ ᠤ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠤᠯᠠᠮ | ᠨᠢᠭᠡ ᠠᠯᠬᠤᠮ ᠲᠦᠯᠬᠢᠨ ᠠᠬᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠰᠤᠷᠤᠯᠭ᠎ᠠ ᠶᠢᠨ | ᠨᠠᠮᠳᠠᠷ ᠦᠭᠡᠢ ᠪᠠᠲᠤᠯᠠᠮᠵᠢ ᠠᠴᠠ ᠰᠤᠶᠢᠳᠭᠡᠯ ᠬᠤᠷᠢᠶᠠᠬᠤ ᠶᠢ ᠨᠢᠭᠡᠨᠲᠡ ᠴᠢᠯᠦᠭᠡᠲᠢ ᠪᠤᠯᠭᠠᠭᠰᠠᠨ ᠰᠠᠭᠤᠷᠢᠨ ᠳᠡᠭᠡᠷ᠎ᠡ᠂ | ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠤᠨ ᠪᠠᠶᠢᠭᠤᠯᠤᠮᠵᠢ ᠠᠴᠠ ᠰᠤᠶᠢᠳᠭᠡᠯ | ᠬᠤᠷᠢᠶᠠᠬᠤ ᠶᠢ ᠴᠢᠯᠦᠭᠡᠲᠠᠢ ᠪᠤᠯᠭᠠᠬᠤ ᠪᠠᠷ ᠳᠤᠭᠲᠠᠵᠤ᠂ ᠬᠤᠯᠪᠤᠭᠳᠠᠯ ᠪᠦᠬᠦᠢ ᠬᠡᠷᠡᠭ ᠤᠴᠢᠷ ᠢ ᠮᠡᠳᠡᠭᠳᠡᠬᠦ ᠨᠢ | ᠳᠤᠤᠷᠠᠬᠢ ᠮᠡᠳᠤ᠄ | ᠨᠢᠭᠡ᠂ ᠰᠤᠷᠤᠯᠭ᠎ᠠ ᠶᠢᠨ ᠨᠠᠮᠳᠠᠷ ᠲᠠᠢ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ | ᠭᠡᠬᠦ ᠪᠤᠯ ᠪᠦᠬᠦ ᠤᠷᠤᠨ ᠤ ᠬᠠᠷᠢᠶᠠᠨ ᠳᠤ ᠰᠤᠷᠭᠠᠨ ᠬᠦᠮᠦᠵᠢᠯ ᠤᠨ ᠭᠤᠤᠯ ᠬᠠᠮᠢᠶᠠᠷᠬᠤ ᠰᠠᠯᠠᠭ᠎ᠠ ᠮᠦᠴᠢᠷ ᠪᠤᠶᠤ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠠᠴᠠ | ᠵᠦᠪᠰᠢᠶᠡᠷᠡᠭᠰᠡᠨ ᠡᠯ᠎ᠡ ᠱᠠᠳᠤᠨ ᠤ ᠡᠯ᠎ᠡ ᠲᠦᠷᠦᠯ ᠤᠨ ᠠᠷᠠᠳ ᠠᠴᠠ ᠡᠷᠬᠢᠯᠡᠭᠰᠡᠨ ᠶᠡᠷᠤ ᠶᠢᠨ ᠳᠡᠭᠡᠳᠤ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ᠂ ᠳᠤᠮᠳᠠᠳᠤ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ᠂ ᠮᠡᠷᠭᠡᠵᠢᠯ | ᠤᠨ ᠠᠵᠢᠯᠴᠢᠨ ᠤ ᠰᠤᠷᠭᠠᠭᠤᠯᠢ᠂ ᠶᠡᠷᠤ ᠶᠢᠨ ᠳᠡᠭᠡᠳᠤ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠤ | ᠳᠤᠮᠳᠠᠳᠤ ᠰᠤᠷᠭᠠᠭᠤᠯᠢ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠪᠠ ᠰᠤᠷᠬᠤ ᠨᠠᠰᠤᠨ ᠠᠴᠠ ᠡᠮᠤᠨᠡᠬᠢ | ᠰᠤᠷᠭᠠᠨ ᠬᠥᠮᠦᠵᠢᠯ ᠤᠨ ᠪᠠᠶᠢᠭᠤᠯᠤᠮᠵᠢ᠃ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠨᠢ | ᠰᠤᠷᠭᠠᠨ ᠬᠦᠮᠦᠵᠢᠯ ᠤᠨ ᠬᠦᠮᠦᠵᠢᠬᠦᠯᠬᠦ ᠦᠪᠡᠷ ᠤᠨ ᠦᠷᠳᠡᠭ ᠤᠨ ᠵᠠᠷᠴᠢᠮ ᠢ ᠦᠨᠳᠤᠰᠤᠯᠡᠨ᠂ ᠰᠤᠷᠭᠠᠭᠤᠯᠢ ᠶᠢᠨ | ᠦᠪᠡᠷᠮᠢᠴᠠ ᠤᠨᠴᠠᠯᠢᠭ᠂ ᠰᠤᠷᠭᠠᠭᠤᠯᠢ ᠡᠷᠬᠢᠯᠡᠬᠦ ᠨᠦᠬᠦᠴᠡᠯ᠂ ᠨᠡᠶᠢᠭᠡᠮ ᠤᠨ ᠬᠡᠷᠡᠭᠴᠡᠭᠡ᠂ ᠰᠤᠷᠤᠭᠴᠢ ᠶᠢᠨ ᠠᠵᠤ | ᠠᠬᠤᠢ ᠶᠢᠨ ᠬᠥᠯᠢᠶᠡᠨ ᠠᠪᠴᠤ ᠳᠡᠶᠢᠯᠬᠦ ᠬᠦᠴᠦᠨ ᠵᠢᠴᠢ ᠰᠤᠷᠭᠠᠭᠤᠯᠢ ᠶᠢᠨ ᠤᠷᠳᠤ ᠬᠤᠭᠤᠴᠠᠭᠠᠨ ᠤ ᠬᠦᠭᠵᠢᠯᠲᠡ | ᠶᠢ ᠳᠦᠯᠬᠢᠨ ᠠᠬᠢᠭᠤᠯᠬᠤ ᠵᠡᠷᠭᠡ ᠡᠯᠧᠮᠧᠨᠡᠲ ᠢ ᠶᠡᠷᠤᠩᠬᠡᠶᠢᠯᠡᠨ ᠪᠤᠳᠤᠯᠬᠢᠯᠠᠵᠤ ᠡᠷᠬᠡ ᠮᠡᠳᠡᠵᠤ ᠰᠤᠶᠢᠳᠭᠡᠯ | ᠬᠤᠷᠢᠶᠠᠬᠤ ᠪᠠᠷᠢᠮᠵᠢᠶ᠎ᠠ ᠳᠤᠭᠲᠠᠭᠠᠨ᠎ᠠ᠃ | ᠬᠤᠶᠠᠷ᠂ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠦᠮᠦᠵᠢᠯ ᠤᠨ ᠪᠠᠶᠢᠭᠤᠯᠤᠮᠵᠢ ᠰᠤᠷᠤᠭᠴᠢ ᠶᠢᠨ | ᠰᠤᠷᠭᠠᠭᠤᠯᠢ ᠳᠤ ᠪᠠᠶᠢᠬᠤ ᠦᠶ᠎ᠡ ᠳᠤ ᠳᠦᠭᠦᠮ ᠦᠵᠡᠭᠦᠯᠬᠦ ᠶᠢᠨ ᠲᠦᠯᠦᠭᠡ ᠬᠤᠷᠢᠶᠠᠭᠰᠠᠨ ᠤᠶᠢᠯᠡᠴᠢᠯᠡᠭᠡ ᠶᠢᠨ | ᠴᠢᠨᠠᠷᠲᠠᠢ ᠰᠤᠶᠢᠳᠭᠡᠯ ᠪᠠ ᠤᠷᠤᠯᠠᠨ ᠬᠤᠷᠢᠶᠠᠬᠤ ᠰᠤᠶᠢᠳᠭᠡᠯ ᠢ ︽ᠰᠤᠷᠤᠭᠴᠢ ᠰᠠᠶᠢᠨ ᠳᠤᠷ᠎ᠠ ᠠᠴᠠ ᠪᠤᠳᠠᠲᠠᠢ ᠶᠢ | ᠦᠨᠳᠤᠰᠤᠯᠡᠵᠤ ᠬᠤᠷᠢᠶᠠᠬᠤ᠂ ᠠᠰᠢᠭ ᠬᠤᠨᠵᠢᠪᠦᠷᠢ ᠤᠯᠵᠤ ᠪᠤᠯᠬᠤ ᠦᠭᠡᠢ᠂ ᠴᠠᠭ ᠳᠤᠬᠠᠢ ᠲᠤᠨᠢ ᠳ᠋ᠦᠡᠭᠨᠡᠨ | ᠪᠤᠳᠤᠬᠤ᠂ ᠳᠤᠭᠲᠠᠭᠰᠠᠨ ᠬᠤᠭᠤᠴᠠᠭ᠎ᠠ ᠲᠠᠢ ᠨᠡᠶᠢᠲᠡᠯᠡᠬᠦ︾ ᠵᠠᠷᠴᠢᠮ ᠢ ᠵᠢᠷᠤᠮᠯᠡᠬᠦ ᠬᠡᠷᠡᠭᠲᠠᠢ᠂ ᠠᠯᠪᠠᠳᠠᠯᠭ᠎ᠠ ᠪᠠᠷ | ᠤᠶᠢᠯᠡᠴᠢᠯᠡᠬᠦ᠂ ᠠᠯᠪᠠ ᠪᠠᠷ ᠰᠤᠶᠢᠳᠭᠡᠯ ᠬᠤᠷᠢᠶᠠᠬᠤ ᠪᠤᠶᠤ ᠭᠠᠭᠴᠠ ᠬᠤᠷᠢᠶᠠᠭᠠᠳ ᠤᠶᠢᠯᠡᠴᠢᠯᠡᠬᠦ ᠦᠭᠡᠢ ᠶᠢ ᠡᠷᠡᠰ | ᠴᠠᠭᠠᠵᠠᠯᠠᠨ᠎ᠠ᠃ ᠵᠢᠭᠠᠨ ᠰᠤᠷᠭᠠᠬᠤ ᠠᠵᠢᠯᠠᠯᠭᠠᠨ᠂ ᠵᠢᠭᠠᠨ ᠰᠤᠷᠭᠠᠬᠤ ᠬᠠᠮᠢᠶᠠᠷᠤᠯᠲᠠ ᠶᠢᠨ ᠬᠡᠪᠴᠢᠶᠡᠨ ᠳᠤ | ᠬᠠᠷᠢᠶᠠᠯᠠᠭᠳᠠᠬᠤ ᠤᠶᠢᠯᠡᠴᠢᠯᠡᠭᠡ ᠶᠢᠨ ᠠᠭᠤᠯᠭ᠎ᠠ ᠪᠤᠯ᠂ ᠤᠯᠡᠴᠢᠯᠡᠭᠡ ᠶᠢᠨ ᠰᠤᠶᠢᠳᠭᠡᠯ ᠬᠤᠷᠢᠶᠠᠬᠤ ᠪᠠ ᠤᠷᠤᠯᠠᠨ | ᠰᠤᠶᠢᠳᠭᠡᠯ ᠬᠤᠷᠢᠶᠠᠬᠤ ᠲᠦᠷᠤᠯ ᠵᠤᠶᠢᠯ ᠳᠤ ᠤᠷᠤᠯᠠᠭᠤᠯᠵᠤ ᠠᠰᠳᠠᠭᠠᠨ ᠰᠤᠶᠢᠳᠭᠡᠯ ᠬᠤᠷᠢᠶᠠᠵᠤ ᠪᠤᠯᠬᠤ ᠦᠭᠡᠢ᠃ | ᠤᠷᠤᠯᠠᠨ ᠰᠤᠶᠢᠳᠭᠡᠯ ᠬᠤᠷᠢᠶᠠᠬᠤ ᠳᠤ ᠪᠤᠰᠤᠳ ᠶᠠᠮᠠᠷ ᠴᠦ ᠰᠤᠶᠢᠳᠭᠡᠯ ᠨᠡᠮᠡᠵᠤ ᠬᠤᠷᠢᠶᠠᠵᠤ ᠪᠤᠯᠬᠤ ᠦᠭᠡᠢ᠃ | ᠭᠤᠷᠪᠠ᠂ ᠰᠤᠷᠤᠯᠭ᠎ᠠ ᠶᠢᠨ ᠨᠠᠮᠳᠠᠷ ᠲᠠᠢ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ | ᠪᠠᠶᠢᠭᠤᠯᠤᠮᠵᠢ ᠰᠤᠶᠢᠳᠭᠡᠯ ᠬᠤᠷᠢᠶᠠᠬᠤ ᠳᠤ ︽ᠰᠢᠨ᠎ᠡ ᠰᠤᠷᠤᠭᠴᠢ ᠰᠢᠨ᠎ᠡ ᠠᠷᠭ᠎ᠠ ᠂ ᠬᠠᠭᠤᠴᠢᠨ ᠰᠤᠷᠤᠭᠴᠢ | ᠬᠠᠭᠤᠴᠢᠨ ᠠᠷᠭ᠎ᠠ︾ ᠶᠢ ᠨᠠᠶᠢᠳᠠᠪᠦᠷᠢᠵᠢᠭᠤᠯᠵᠤ᠂ ᠨᠢᠭᠡᠨᠲᠡ ᠰᠤᠷᠭᠠᠭᠤᠯᠢ ᠳᠤ ᠰᠤᠷᠤᠯᠴᠠᠭᠰᠠᠨ ᠰᠤᠷᠤᠭᠴᠢ ᠠᠴᠠ | ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠡᠯᠳᠡᠪ ᠵᠤᠶᠢᠯ ᠤᠨ ᠨᠡᠷ᠎ᠡ ᠪᠠᠷ ᠰᠤᠶᠢᠳᠭᠡᠯ | ᠬᠤᠷᠢᠶᠠᠬᠤ ᠳᠦᠷᠦᠯ ᠵᠦᠢᠯ ᠢ ᠨᠡᠮᠡᠵᠤ᠂ ᠰᠤᠶᠢᠳᠭᠡᠯ ᠬᠤᠷᠢᠶᠠᠬᠤ ᠪᠠᠷᠢᠮᠵᠢᠶ᠎ᠠ ᠪᠠᠨ ᠳᠡᠭᠡᠭᠰᠢᠯᠡᠭᠦᠯᠬᠦ ᠪᠠ ᠪᠤᠰᠤᠳ | ᠰᠤᠶᠢᠳᠭᠡᠯ ᠬᠤᠷᠢᠶᠠᠵᠤ ᠪᠤᠯᠬᠤ ᠦᠭᠡᠢ᠃ | ᠲᠦᠷᠪᠡ᠂ ᠰᠤᠷᠭᠠᠨ ᠬᠦᠮᠦᠵᠢᠯ ᠤᠨ ᠰᠤᠶᠢᠳᠭᠡᠯ ᠬᠤᠷᠢᠶᠠᠬᠤ ᠶᠢ ᠨᠡᠶᠢᠲᠡᠯᠡᠬᠦ ᠲᠦᠷᠢᠮ ᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠤᠨ᠎ᠠ᠃ ᠰᠤᠷᠤᠯᠴᠠᠭᠰᠠᠨ ᠨᠠᠮᠲᠠᠷ ᠲᠠᠢ ᠰᠤᠷᠭᠠᠨ ᠬᠦᠮᠦᠵᠢᠯ ᠤᠨ ᠪᠠᠶᠢᠭᠤᠯᠤᠮᠵᠢ ᠢᠯᠡ ᠵᠠᠷᠯᠠᠬᠤ | ᠰᠠᠮᠪᠠᠷ᠎ᠠ᠂ ᠰᠤᠷᠤᠭᠴᠢ ᠡᠯᠡᠰᠬᠦ ᠲᠤᠪᠴᠢ ᠳᠦᠷᠢᠮ᠂ ᠰᠢᠨ᠎ᠡ ᠰᠤᠷᠤᠭᠴᠢ ᠡᠯᠰᠡᠬᠦ ᠮᠡᠳᠡᠭᠳᠡᠯ ᠤᠨ ᠪᠢᠴᠢᠭ᠂ | ᠰᠤᠷᠭᠠᠭᠤᠯᠢ ᠶᠢᠨ ᠰᠦᠯᠵᠢᠶ᠎ᠡ ᠵᠡᠷᠭᠡ ᠬᠡᠯᠪᠡᠷᠢ ᠪᠠᠷ ᠰᠤᠶᠢᠳᠭᠡᠯ ᠬᠤᠷᠢᠶᠠᠬᠤ ᠳᠦᠷᠦᠯ ᠵᠤᠶᠢᠯ᠂ ᠰᠤᠶᠢᠳᠭᠡᠯ | ᠬᠤᠷᠢᠶᠠᠬᠤ ᠪᠠᠷᠢᠮᠵᠢᠶ᠎ᠠ᠂ ᠰᠤᠶᠢᠳᠭᠡᠯ ᠪᠤᠴᠠᠭᠠᠬᠤ ᠪᠠ ᠰᠤᠶᠢᠳᠭᠡᠯ ᠬᠦᠡᠭᠭᠡᠷᠡᠭᠦᠯᠵᠤ ᠬᠡᠯᠳᠤᠷᠢᠭᠦᠯᠬᠦ᠂ ᠢᠯᠡᠴᠢᠯᠡᠨ | ᠮᠡᠳᠡᠭᠦᠯᠬᠦ ᠵᠠᠭᠠᠯᠳᠤᠬᠤ ᠳ᠋ᠢᠶᠠᠩᠬᠤᠸᠠ ᠵᠡᠷᠭᠡ ᠬᠤᠯᠪᠤᠭᠳᠠᠯ ᠪᠦᠬᠦᠢ ᠠᠭᠤᠯᠭ᠎ᠠ ᠶᠢ ᠨᠡᠶᠢᠳᠡᠯᠡᠵᠤ ᠰᠤᠷᠤᠭᠴᠢ ᠪᠠ | ᠨᠡᠶᠢᠭᠡᠮ ᠤᠨ ᠬᠢᠨᠠᠯᠲᠠ ᠢ ᠬᠦᠯᠢᠶᠡᠨ᠎ᠡ ᠃ ᠲᠡᠮᠲᠡᠭᠯᠡᠵᠤ ᠳᠤᠳᠤᠷᠬᠠᠶᠢᠯᠠᠭᠰᠠᠨ ᠰᠤᠶᠢᠳᠭᠡᠯ ᠤᠨ ᠲᠦᠷᠦᠯ ᠵᠦᠢᠯ ᠠᠴᠠ | ᠭᠠᠳᠠᠭᠤᠷ ᠠᠰᠳᠠᠭᠠᠨ ᠰᠤᠶᠢᠳᠭᠡᠯ ᠨᠡᠮᠡᠵᠤ ᠬᠤᠷᠢᠶᠠᠨ ᠠᠪᠴᠤ ᠪᠤᠯᠬᠤ ᠦᠭᠡᠢ᠂ ᠪᠠᠯᠠᠷᠬᠠᠢ ᠦᠨ᠎ᠡ ᠵᠡᠷᠭᠡ ᠬᠦᠮᠦᠨ ᠢ | ᠪᠤᠷᠤᠭᠤ ᠤᠶᠢᠯᠭᠠᠯᠭᠠᠬᠤ ᠬᠠᠳᠠᠭᠰᠠᠨ ᠦᠨ᠎ᠡ ᠶᠢᠨ ᠠᠭᠤᠯᠭ᠎ᠠ ᠵᠢᠴᠢ ᠠᠷᠭ᠎ᠠ ᠬᠡᠯᠪᠡᠷᠢ ᠶᠢ ᠬᠡᠷᠡᠭᠯᠡᠵᠤ ᠰᠤᠷᠭᠠᠨ | ᠬᠦᠮᠦᠵᠢᠯ ᠬᠦᠯᠢᠶᠡᠭᠰᠡᠳ ᠢ ᠬᠦᠳᠤᠯᠵᠤ ᠪᠤᠯᠬᠤ ᠦᠭᠡᠢ᠃ | ᠲᠠᠪᠤ᠂ ᠢᠲᠡᠭᠡᠮᠵᠢᠲᠠᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠡᠯ᠎ᠡ ᠱᠠᠳᠤᠨ ᠤ ᠦᠨ᠎ᠡ ᠬᠠᠨᠭ᠍ᠰᠢ | ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ | ᠳᠤ ᠢᠳᠡᠭᠡᠮᠵᠢ ᠶᠢᠨ ᠲᠡᠮᠲᠡᠭᠯᠡᠯ ᠪᠠ ᠢᠲᠡᠭᠡᠮᠵᠢ ᠶᠢᠨ ᠳᠡᠰ ᠢ ᠬᠦᠳᠡᠯᠤᠩᠭᠦᠢ ᠬᠠᠮᠢᠶᠠᠷᠬᠤ ᠶᠢ ᠬᠡᠷᠡᠭᠵᠢᠭᠦᠯᠦᠨ᠎ᠡ᠃ | ᠦᠨ᠎ᠡ ᠬᠠᠨᠭ᠍ᠰᠢ ᠶᠢᠨ ᠠᠮᠠᠯᠠᠯᠲᠠ ᠪᠠᠨ ᠵᠦᠷᠢᠴᠡᠬᠦ᠂ ᠦᠨ᠎ᠡ ᠴᠢᠨᠠᠷ ᠨᠡᠶᠢᠴᠡᠬᠦ ᠦᠭᠡᠢ᠂ ᠦᠨ᠎ᠡ ᠬᠠᠨᠭ᠍ᠰᠢ ᠶᠢ ᠮᠡᠬᠡᠯᠡᠨ | ᠬᠢᠬᠠᠬᠤ ᠠᠵᠢᠯᠯᠠᠭ᠎ᠠ᠂ ᠨᠡᠶᠢᠭᠡᠮ ᠤᠨ ᠲᠤᠰᠬᠠᠯ ᠴᠢᠩᠭ᠎ᠠ ᠪᠠᠶᠢᠳᠠᠯ᠂ ᠢᠲᠡᠭᠡᠮᠵᠢ ᠪᠠᠨ ᠠᠯᠳᠠᠭᠰᠠᠨ ᠠᠵᠢᠯᠯᠠᠭ᠎ᠠ ᠶᠢᠨ | ᠬᠡᠮᠵᠢᠶ᠎ᠡ ᠶᠢ ᠦᠨᠳᠤᠰᠤᠯᠡᠵᠤ ᠵᠤᠬᠢᠬᠤ ᠬᠡᠮᠵᠢᠶᠡᠨ ᠤ ᠢᠲᠡᠭᠡᠮᠵᠢ ᠪᠠᠨ ᠠᠯᠲᠠᠭᠰᠠᠨ ᠵᠠᠯᠬᠠᠭᠠᠯ ᠬᠢᠨ᠎ᠡ᠂ ︽ᠦᠨ᠎ᠡ | ᠬᠠᠨᠭ᠍ᠰᠢ ᠶᠢᠨ ᠬᠠᠤᠯᠢ︾ ᠶᠢᠨ ᠬᠤᠯᠪᠤᠭᠳᠠᠯ ᠪᠦᠬᠦᠢ ᠳᠤᠭᠲᠠᠭᠠᠯ ᠢ ᠦᠨᠳᠤᠰᠤᠯᠡᠵᠤ ᠦᠨ᠎ᠡ ᠬᠠᠨᠭ᠍ᠰᠢ ᠶᠢ | ᠬᠠᠮᠢᠶᠠᠷᠤᠨ᠎ᠠ᠃ | ᠵᠢᠷᠭᠤᠭ᠎ᠠ᠂ ᠰᠤᠷᠤᠯᠭ᠎ᠠ ᠶᠢᠨ ᠨᠠᠮᠳᠠᠷ ᠲᠠᠢ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ | ᠪᠠᠶᠢᠭᠤᠯᠤᠮᠵᠢ ᠤᠯᠤᠰ ᠪᠠ ᠦᠪᠡᠷᠳᠡᠭᠡᠨ ᠵᠠᠰᠠᠬᠤ ᠤᠷᠤᠨ ᠠᠴᠠ ᠭᠡᠷ ᠤᠨ ᠠᠵᠤ ᠠᠬᠤᠢ ᠨᠢ ᠬᠦᠴᠢᠷᠲᠠᠢ ᠰᠤᠷᠤᠭᠴᠢ | ᠳᠤ ᠱᠠᠩᠨᠠᠨ ᠳᠤᠰᠠᠯᠠᠬᠤ ᠲᠦᠷᠦ ᠶᠢᠨ ᠪᠤᠳᠤᠯᠭ᠎ᠠ ᠶᠢ ᠡᠷᠡᠰ ᠨᠠᠶᠢᠲᠠᠪᠤᠷᠢᠵᠢᠭᠤᠯᠵᠤ ᠬᠦᠴᠦᠨ ᠲᠠᠢ ᠠᠷᠭ᠎ᠠ ᠬᠡᠮᠵᠢᠶ᠎ᠡ | ᠠᠪᠴᠤ ᠭᠡᠷ ᠤᠨ ᠠᠮᠢᠳᠤᠷᠠᠯ ᠬᠦᠴᠢᠷᠲᠠᠢ ᠰᠤᠷᠤᠭᠴᠢ ᠶᠢᠨ ᠰᠤᠷᠤᠯᠭ᠎ᠠ ᠪᠠᠨ ᠠᠮᠵᠢᠯᠲᠡ ᠲᠠᠢ ᠲᠡᠭᠦᠰᠬᠦ ᠳᠤ | ᠳᠡᠮᠵᠢᠯᠭᠡ ᠦᠵᠡᠭᠦᠯᠬᠦ ᠪᠠ ᠲᠦᠷᠢᠮ ᠤᠨ ᠪᠠᠳᠤᠯᠠᠭ᠎ᠠ ᠶᠢ ᠬᠠᠨᠭ᠍ᠭᠠᠨ᠎ᠠ᠃ | ᠳᠤᠯᠤᠭ᠎ᠠ᠂ ᠡᠯ᠎ᠡ ᠱᠠᠳᠤᠨ ᠤ ᠦᠨ᠎ᠡ ᠬᠠᠨᠭ᠍ᠰᠢ᠂ ᠰᠤᠷᠭᠠᠨ ᠬᠦᠮᠦᠵᠢᠯ᠂ ᠬᠦᠮᠦᠨ ᠤ ᠬᠦᠴᠦᠨ ᠤ ᠡᠬᠢ | ᠰᠤᠷᠪᠤᠯᠵᠢ ᠪᠠ ᠨᠡᠶᠢᠭᠡᠮ ᠤᠨ ᠪᠠᠳᠤᠯᠠᠭ᠎ᠠ ᠶᠢᠨ ᠭᠤᠤᠯ ᠬᠠᠮᠢᠶᠠᠷᠤᠯᠲᠠ ᠶᠢᠨ ᠰᠠᠯᠠᠭ᠎ᠠ ᠮᠦᠴᠢᠷ ᠬᠢᠨᠠᠨ ᠬᠠᠮᠢᠶᠠᠷᠤᠯᠲᠠ | ᠪᠠᠨ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠵᠠᠬ᠎ᠠ ᠳᠡᠯᠭᠡᠭᠦᠷ ᠤᠨ | ᠵᠤᠬᠢᠴᠠᠮᠵᠢ ᠶᠢᠨ ᠱᠠᠭᠠᠷᠳᠠᠯᠭ᠎ᠠ ᠪᠠᠷ ᠰᠤᠶᠢᠳᠭᠡᠯ ᠬᠤᠷᠢᠶᠠᠬᠤ ᠪᠠᠷᠢᠮᠵᠢᠶ᠎ᠠ ᠶᠢ ᠵᠤᠬᠢᠮᠵᠢᠲᠠᠢ ᠳᠤᠭᠲᠠᠭᠠᠬᠤ ᠶᠢ | ᠢᠳᠡᠪᠬᠢᠲᠠᠢ ᠳᠠᠭᠠᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠰᠤᠶᠢᠳᠭᠡᠯ ᠬᠤᠷᠢᠶᠠᠬᠤ ᠡᠮᠬᠢ | ᠵᠢᠷᠤᠮ ᠢ ᠬᠠᠮᠠᠭᠠᠯᠠᠵᠤ᠂ ᠰᠤᠷᠭᠠᠭᠤᠯᠢ᠂ ᠰᠤᠷᠭᠠᠨ ᠬᠦᠮᠦᠵᠢᠯ ᠬᠦᠷᠳᠡᠭᠴᠢ ᠬᠤᠶᠠᠷ ᠲᠠᠯ᠎ᠠ ᠶᠢᠨ ᠬᠠᠤᠯᠢ ᠳᠤ | ᠨᠡᠶᠢᠴᠡᠬᠦ ᠡᠷᠬᠡ ᠶᠢ ᠪᠠᠳᠤᠯᠠᠨ᠎ᠠ᠃ ᠦᠪᠡᠷᠳᠡᠭᠡᠨ ᠵᠠᠰᠠᠬᠤ ᠤᠷᠤᠨ ᠤ ᠦᠨ᠎ᠡ ᠬᠠᠨᠭ᠍ᠰᠢ ᠶᠢᠨ ᠭᠤᠤᠯ ᠬᠠᠮᠢᠶᠠᠷᠤᠯᠲᠠ | ᠶᠢᠨ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ᠂ ᠬᠦᠮᠦᠨ ᠤ ᠬᠦᠴᠦᠨ ᠤ ᠡᠬᠢ ᠰᠤᠷᠪᠦᠯᠵᠢ ᠪᠠ ᠨᠡᠶᠢᠭᠡᠮ ᠤᠨ | ᠪᠠᠳᠤᠯᠠᠭ᠎ᠠ ᠶᠢᠨ ᠰᠠᠯᠠᠭ᠎ᠠ ᠮᠦᠴᠢᠷ ᠲᠠᠢ ᠬᠠᠮᠳᠤᠷᠠᠯᠴᠠᠨ ᠠᠷᠠᠳ ᠠᠴᠠ ᠡᠷᠬᠢᠯᠡᠭᠰᠡᠨ ᠶᠡᠷᠤ ᠶᠢᠨ ᠳᠡᠭᠡᠳᠤ ᠵᠡᠷᠭᠡ ᠶᠢᠨ | ᠰᠤᠷᠭᠠᠭᠤᠯᠢ ᠪᠠ ᠳᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠶᠢᠳᠭᠡᠯ ᠬᠤᠷᠢᠶᠠᠬᠤ ᠳᠤ | ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠦᠨ᠎ᠡ ᠬᠠᠨᠭ᠍ᠰᠢ ᠶᠢᠨ ᠭᠤᠤᠯ ᠬᠠᠮᠢᠶᠠᠷᠤᠯᠲᠠ ᠶᠢᠨ | ᠰᠠᠯᠠᠭ᠎ᠠ ᠮᠦᠴᠢᠷ ᠲᠤᠰ ᠭᠠᠵᠠᠷ ᠤᠷᠤᠨ ᠤ ᠰᠤᠷᠭᠠᠨ ᠬᠦᠮᠦᠵᠢᠯ᠂ ᠬᠦᠮᠦᠨ ᠬᠦᠴᠦᠨ ᠤ ᠡᠬᠢ ᠰᠤᠷᠪᠤᠯᠵᠢ ᠶᠢᠨ | ᠰᠠᠯᠠᠭ᠎ᠠ ᠮᠦᠴᠢᠷ ᠲᠠᠢ ᠬᠠᠮᠳᠤᠷᠠᠨ ᠬᠠᠷᠢᠶ᠎ᠠ ᠤᠷᠤᠨ ᠳᠠᠬᠢ ᠪᠤᠰᠤᠳ ᠡᠯ᠎ᠡ ᠱᠠᠳᠤᠨ ᠤ ᠡᠯ᠎ᠡ ᠲᠦᠷᠦᠯ ᠤᠨ ᠠᠷᠠᠳ | ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠮᠵᠢ ᠰᠤᠶᠢᠳᠭᠡᠯ ᠬᠤᠷᠢᠶᠠᠬᠤ ᠶᠢ ᠬᠢᠨᠠᠨ ᠬᠠᠮᠢᠶᠠᠷᠤᠨ᠎ᠠ᠃ | ᠨᠠᠶᠢᠮᠠ᠂ ᠡᠯ᠎ᠡ ᠭᠠᠵᠠᠷ ᠤᠬᠠᠭᠤᠯᠵᠤ ᠲᠠᠶᠢᠯᠪᠤᠷᠢᠯᠠᠬᠤ ᠠᠵᠢᠯ ᠢ ᠰᠠᠶᠢᠳᠤᠷ ᠬᠢᠵᠤ᠂ ᠶᠠᠷᠢᠶ᠎ᠠ ᠬᠡᠯᠡᠯᠴᠡᠭᠡ ᠶᠢ | ᠵᠦᠪ ᠳᠠᠭᠠᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠳᠤᠬᠠᠢ ᠳᠤᠨᠢ | ᠬᠠᠷᠢᠭᠤᠯᠲᠠ ᠦᠭᠴᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠪᠠᠶᠢᠭᠤᠯᠤᠨᠵᠢ ᠦᠷᠭᠦᠯᠵᠢᠯᠡᠨ | ᠡᠷᠡᠭᠦᠯ ᠢᠶᠠᠷ ᠬᠦᠭᠵᠢᠬᠦ ᠶᠢ ᠪᠠᠳᠤᠯᠠᠨ᠎ᠠ᠃ | ᠶᠢᠰᠤ᠂ ᠲᠤᠰ ᠮᠡᠳᠡᠭᠳᠡᠯ ᠢ ᠳᠠᠷᠤᠮᠠᠯᠵᠤ ᠲᠠᠷᠬᠠᠭᠠᠭᠰᠠᠨ ᠡᠳᠤᠷ ᠠᠴᠠ ᠡᠬᠢᠯᠡᠵᠤ ᠬᠡᠷᠡᠭᠵᠢᠭᠦᠯᠦᠨ᠎ᠡ᠃ | ᠡᠮᠤᠨᠡᠬᠢ ᠳᠤᠭᠳᠠᠭᠠᠯ ᠳᠤᠰ ᠮᠡᠳᠡᠭᠳᠡᠯ ᠠᠴᠠ ᠵᠦᠷᠢᠴᠡᠬᠦ ᠲᠠᠯ᠎ᠠ ᠪᠠᠶᠢᠪᠠᠯ᠂ ᠪᠦᠷ ᠳᠤᠰ ᠮᠡᠳᠡᠭᠳᠡᠯ ᠤᠨ ᠳᠤᠭᠳᠠᠭᠠᠯ ᠢ | ᠦᠨᠳᠤᠰᠤᠯᠡᠵᠤ ᠬᠡᠵᠡᠭᠵᠢᠭᠦᠯᠦᠨᠡ᠃ | | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ | ᠵᠦᠪᠯᠡᠯ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠠᠩᠬᠢᠮ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠰᠤᠷᠪᠤᠯᠵᠢ ᠪᠠ | ᠨᠡᠶᠢᠭᠡᠮ ᠤᠨ ᠪᠠᠳᠤᠯᠠᠭ᠎ᠠ ᠶᠢᠨ ᠲᠠᠩᠬᠢᠮ | | 2015 ᠤᠨ ᠤ 10 ᠰᠠᠷ᠎ᠠ ᠶᠢᠨ16 ᠤ ᠡᠳᠤᠷ | |