ᠤᠢᠢᠷ᠎ᠠ ᠳᠤ᠂ ᠰᠤᠷᠪᠤᠯᠵᠢᠯᠠᠭᠴᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠤᠢᠢᠯᠠᠭᠠᠭᠰᠠᠨ ᠢᠶᠠᠷ᠂ | ᠬᠦᠬᠡᠬᠤᠳᠠ ᠶᠢᠨ ᠪᠦᠬᠦ᠋ᠢᠯᠡ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ 4 ᠰᠠᠷ᠎ᠠ ᠠᠴᠠ ᠡᠬᠢᠯᠡᠵᠦ | ᠡᠮᠨᠡᠯᠭᠡ ᠶᠢᠨ ᠦᠢᠯᠡᠴᠢᠯᠡᠭᠡ ᠶᠢᠨ ᠰᠢᠨ᠎ᠠ ᠪᠠᠷᠢᠮᠵᠢᠶ᠎ᠠ ᠶᠢ ᠬᠡᠷᠡᠭᠵᠢᠭᠦᠯᠦᠨ᠎ᠡ᠃ | ᠤᠢᠢᠯᠠᠭᠠᠭᠰᠠᠨ ᠢᠶᠠᠷ᠂ 2015 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠦᠬᠡᠬᠤᠲᠠ ᠶᠢᠨ | ᠪᠦᠬᠦ᠋ᠢᠯᠡ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠡᠮ ᠤᠨ ᠵᠦᠢᠯᠡᠰ ᠤᠨ ᠨᠡᠮᠡᠯᠳᠡ ᠦᠨ᠎ᠡ ᠶᠢ | ᠦᠭᠡᠶᠢᠰᠬᠡᠵᠠᠢ᠃ ᠲᠦᠰᠦᠭᠡᠯᠡᠨ ᠪᠤᠳᠤᠭᠰᠠᠨ ᠢ ᠦᠨᠳᠦᠰᠦᠯᠡᠪᠡᠯ᠂ ᠡᠨᠡ ᠨᠢ ᠵᠢᠯ ᠪᠦᠷᠢ ᠡᠪᠡᠳᠴᠢᠲᠡᠨ ᠳᠤ 2.8 | ᠳ᠋ᠦᠩᠰᠢᠭᠤᠷ ᠲᠦᠭᠦᠷᠢᠭ ᠤᠨ ᠠᠰᠢᠭ ᠬᠦᠷᠲᠡᠭᠡᠨ᠎ᠡ᠃ ᠬᠦᠬᠡᠬᠤᠳᠠ 2015 ᠤᠨ ᠠᠴᠠ ᠬᠤᠳᠠ ᠶᠢᠨ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠡᠷᠡᠭᠵᠢᠬᠦᠯᠵᠦ᠂ ᠡᠨᠡ ᠨᠢ 46 | ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶ᠎ᠠ ᠶᠢ ᠪᠦᠬᠦᠨ ᠢ ᠪᠦᠷᠬᠦᠵᠠᠢ᠃ ᠡᠬᠦᠨ ᠳᠤ᠂ 6 ᠦᠪᠡᠷᠲᠡᠭᠡᠨ | ᠵᠠᠰᠠᠬᠤ ᠤᠷᠤᠨ ᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ᠂ 3 ᠦᠪᠦᠷ ᠮᠤᠩᠭᠤᠯ ᠤᠨ ᠠᠨᠠᠭᠠᠬᠤ ᠤᠬᠠᠭᠠᠨ ᠤ | ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ 6 ᠬᠤᠲᠠ ᠶᠢᠨ ᠰᠢᠭᠤᠳ ᠬᠠᠷᠢᠶ᠎ᠠ ᠡᠮᠨᠡᠯᠭᠡ ᠶᠢᠨ | ᠬᠤᠷᠢᠶ᠎ᠠ᠂ 14 ᠬᠤᠰᠢᠭᠤ ᠰᠢᠶᠠᠨ ᠲᠤᠭᠤᠷᠢᠭ ᠤᠨ ᠡᠮᠨᠡᠯᠭᠡ ᠶᠢᠨ ᠬᠤᠷᠢᠶ᠎ᠠ᠂ 17 ᠴᠢᠯᠦᠭᠡᠯᠡᠬᠦ ᠴᠡᠷᠢᠭ᠂ ᠵᠡᠪᠰᠡᠭᠲᠦ | ᠴᠠᠭᠳᠠᠭ᠎ᠠ᠂ ᠠᠷᠠᠳ ᠤᠨ ᠶᠠᠪᠤᠳᠠᠯ᠂ ᠶᠡᠭᠡ ᠳᠡᠭᠡᠳᠦ ᠰᠤᠷᠭᠠᠭᠤᠯᠢ᠂ ᠤᠯᠤᠰ ᠤᠨ ᠦᠮᠴᠢᠯᠡᠯ ᠤᠨ ᠠᠵᠤ ᠠᠬᠤᠢᠢᠯᠠᠯ | ᠪᠠ ᠠᠵᠢᠯ ᠦᠢᠯᠡᠰ ᠤᠨ ᠨᠢᠭᠡᠴᠡ ᠵᠡᠷᠭᠡ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠠᠭᠳᠠᠨ᠎ᠠ᠃ ᠬᠦᠬᠡᠬᠤᠳᠠ ᠶᠢᠨ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠨ᠎ᠡ ᠬᠠᠩᠰᠢ ᠶᠢ ᠳᠤᠬᠢᠷᠠᠭᠤᠯᠬᠤ ᠳᠤᠭᠳᠠᠴᠠ ᠶᠢ | ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦ ᠬᠦᠯᠢᠶᠡᠨ | ᠠᠪᠴᠦ ᠴᠢᠳᠠᠬᠤ᠂ ᠤᠯᠠᠨ ᠲᠦᠮᠡᠨ ᠤ ᠪᠦᠬᠦ ᠲᠠᠯ᠎ᠠ ᠶᠢᠨ ᠳᠠᠷᠤᠭᠠᠰᠦ ᠶᠢ ᠬᠦᠨᠳᠦᠷᠡᠬᠦᠯᠬᠦ ᠦᠭᠡᠢ ᠪᠠᠶᠢᠳᠠᠯ ᠳᠤᠤᠷ᠎ᠠ | ᠭᠡᠷᠡᠭᠵᠢᠬᠦᠯᠦᠨ᠎ᠡ᠃ | | ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ |