ᠤᠩᠨᠢᠭᠤᠳ ᠵᠠᠰᠠᠭ ᠲᠠᠷᠬᠠᠭᠠᠬᠤ ﹇2015﹈ 80 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2016/4/18
               ᠤᠩᠨᠢᠭᠤᠳ ᠵᠠᠰᠠᠭ ᠲᠠᠷᠬᠠᠭᠠᠬᠤ ﹇2015﹈ 80 ᠳ᠋ᠤᠭᠠᠷ ᠲᠤᠭᠠᠳᠤ         ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2015 ᠤᠨ ᠤ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ  ᠶᠠᠳᠠᠭᠤ  ᠎ ᠶᠢ ᠲᠠᠳᠬᠦᠬᠦ ᠲᠦᠷᠦᠯ  ᠵᠦᠢᠯ ᠢ ᠬᠡᠷᠡᠭᠵᠢᠬᠦᠯᠬᠦ  ᠲᠤᠬᠠᠢ ᠰᠠᠨᠠᠯᠡᠯ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠤᠯᠤᠰ ᠠᠴᠠ ᠡᠷᠬᠢᠯᠡᠭᠰᠡᠨ ᠮᠠᠯ ᠲᠠᠷᠢᠶᠠᠯᠠᠩ ᠤᠨ ᠲᠠᠯᠠᠪᠠᠢ᠂ ᠡᠯ᠎ᠡ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠳᠤ᠄     ᠦᠪᠠᠷᠳᠠᠭᠡᠨ ᠵᠠᠰᠠᠬᠤ ᠤᠷᠤᠨ᠂ ᠤᠯᠠᠭᠠᠨᠬᠠᠳᠠ ᠬᠤᠳᠠ ᠶᠢᠨ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠤᠷᠤᠨ ᠤ ᠶᠠᠳᠠᠭᠤ ᠶᠢ ᠲᠠᠳᠬᠦᠬᠦ ᠲᠦᠷᠦᠯ ᠵᠦᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠤ᠂ ᠮᠠᠨ ᠤ ᠬᠤᠰᠢᠭᠤᠨ ᠤ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠠᠵᠢᠯ ᠢ ᠲᠦᠯᠬᠢᠨ ᠠᠬᠢᠭᠤᠯᠬᠤ ᠶᠢ ᠲᠦᠷᠭᠡᠳᠭᠡᠵᠤ᠂ ᠬᠢᠵᠠᠭᠠᠷ ᠤᠷᠤᠨ ᠤ ᠠᠮᠢ ᠠᠬᠤᠢ ᠪᠠᠭᠤᠷᠠᠢ ᠤᠷᠤᠨ ᠤ ᠮᠠᠯᠴᠢᠨ ᠲᠠᠷᠢᠶᠠᠴᠢᠨ ᠢ ᠮᠠᠭᠤ ᠤᠷᠴᠢᠨ ᠎ ᠠᠴᠠ ᠰᠠᠯᠭᠠᠵᠤ᠂ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ ᠪᠠᠶᠠᠯᠠᠬᠦᠯᠬᠦ ᠶᠢᠨ ᠲᠦᠯᠦᠭᠡ ᠲᠤᠤᠷᠠᠬᠢ ᠮᠠᠳᠤ ᠰᠠᠨᠠᠯ ᠢ ᠲᠤᠷᠠᠳᠪᠠ᠃     ᠨᠢᠭᠡ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠶᠢ ᠬᠡᠷᠡᠭᠵᠢᠬᠦᠯᠬᠦ ᠶᠢᠨ ᠴᠢᠬᠤᠯᠠ ᠤᠳᠬ᠎ᠠ ᠠᠭᠤᠯᠭ᠎ᠠ     ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠲᠦᠷᠦᠯ ᠵᠦᠢᠯ ᠢ ᠬᠡᠷᠡᠭᠵᠢᠬᠦᠯᠬᠦ ᠨᠢ ᠤᠯᠠᠨ ᠲᠦᠮᠠᠨ ᠢ ᠤᠶᠢᠯᠠᠳᠪᠤᠷᠢᠯᠠᠯ ᠠᠮᠢᠳᠤᠷᠠᠯ ᠤᠨ ᠮᠠᠭᠤ ᠤᠷᠴᠢᠨ ᠠᠴᠠ ᠠᠩᠬᠢᠵᠢᠷᠠᠭᠤᠯᠵᠤ᠂ ᠦᠵᠠᠯ ᠰᠠᠨᠠᠭ᠎ᠠ ᠲᠠᠨᠢᠯᠳᠠ ᠶᠢ ᠨᠢ ᠬᠤᠪᠢᠷᠠᠭᠤᠯᠤᠨ᠂ ᠦᠪᠠᠷ ᠤᠨ ᠬᠦᠭᠵᠢᠯᠳᠠ ᠶᠢᠨ ᠴᠢᠳᠠᠯ ᠢ ᠨᠢ ᠴᠢᠩᠭᠠᠳᠬᠠᠨ᠂ ᠤᠷᠤᠰᠢᠨ ᠠᠮᠢᠳᠤᠷᠠᠬᠤ ᠰᠢᠨ᠎ᠠ ᠬᠦᠭᠵᠢᠯᠳᠠ ᠶᠢᠨ ᠠᠷᠭ᠎ᠠ ᠵᠠᠮ ᠪᠠ ᠤᠷᠤᠨ ᠵᠠᠢ ᠶᠢ ᠨᠠᠬᠡᠬᠡᠵᠤ ᠶᠠᠳᠠᠭᠤ ᠠᠴᠠ ᠠᠩᠬᠢᠵᠢᠷᠠᠨ ᠴᠢᠨᠠᠬᠡᠯᠢᠭᠵᠢᠬᠦ ᠠᠯᠬᠤᠴᠠ ᠶᠢ ᠲᠦᠷᠭᠡᠳᠬᠡᠬᠦ ᠶᠤᠮ᠃ ᠡᠬᠦᠨ ᠤ ᠵᠠᠷᠭᠡᠪᠠᠷ ᠶᠠᠳᠠᠭᠤ ᠶᠢ ᠲᠠᠳᠬᠦᠬᠦ ᠨᠠᠬᠡᠬᠡᠯᠳᠡ ᠶᠢᠨ ᠡᠭᠡ ᠦᠷᠳᠡᠭ ᠢ ᠲᠤᠷᠤᠬᠰᠢᠯᠠᠭᠤᠯᠬᠤ ᠳᠤ ᠠᠰᠢᠬᠳᠠᠢ ᠪᠠᠶᠢᠵᠤ᠂ ᠠᠮᠢ ᠠᠬᠤᠢ ᠪᠠᠭᠤᠷᠠᠢ ᠤᠷᠤᠨ ᠤ ᠬᠦᠮᠦᠨ ᠠᠮᠠ ᠶᠢᠨ ᠲᠠᠷᠤᠯᠳᠠ ᠶᠢ ᠬᠦᠩᠭᠡᠯᠠᠵᠤ᠂ ᠠᠮᠢ ᠠᠬᠤᠢ ᠶᠢᠨ ᠤᠷᠴᠢᠨ ᠢ ᠬᠠᠮᠠᠭᠠᠯᠠᠬᠤ ᠪᠠ ᠰᠠᠷᠭᠦᠭᠡᠵᠤ᠂ ᠲᠠᠷᠢᠶᠠᠯᠠᠬᠤ ᠪᠠᠨ ᠵᠤᠬᠰᠤᠵᠤ ᠤᠶᠢᠵᠢᠭᠤᠯᠤᠬᠰᠠᠨ ᠦᠷ᠎ᠡ ᠪᠦᠳᠦᠮᠵᠢ ᠶᠢ ᠪᠠᠳᠤᠳᠬᠠᠵᠤ᠂ ᠭᠠᠵᠠᠷ ᠰᠢᠷᠦᠢ ᠶᠢ ᠬᠡᠪᠴᠢᠶᠠᠵᠢᠬᠦᠯᠦᠨ ᠡᠵᠡᠩᠨᠠᠬᠦ ᠶᠢ ᠠᠬᠢᠭᠤᠯᠬᠤ ᠪᠤᠯᠤᠨ᠎ᠠ᠃ ᠪᠠᠰᠠᠴᠤ ᠦᠨᠳᠤᠰᠤᠨ ᠨᠠᠶᠢᠳᠠ ᠶᠢᠨ ᠤᠶᠢᠯᠠᠴᠢᠯᠠᠭᠡᠨ ᠤ ᠲᠠᠩᠴᠠᠬᠦᠦ ᠬᠦᠭᠵᠢᠯᠳᠠ ᠳᠤ ᠠᠰᠢᠬᠳᠠᠢ ᠪᠠᠶᠢᠵᠤ᠂ ᠬᠤᠳᠠᠴᠢᠯᠠᠯᠳᠠ ᠶᠢᠨ ᠠᠬᠢᠴᠠ ᠶᠢ ᠲᠦᠷᠭᠡᠳᠭᠡᠵᠤ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠪᠠ ᠰᠢᠨ᠎ᠠ ᠬᠦᠳᠡᠭᠡ ᠲᠤᠰᠬᠤᠨ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠪᠤᠯᠤᠨ᠎ᠠ᠃     ᠬᠤᠶᠠᠷ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠶᠠᠷᠦᠩᠭᠡᠢ ᠬᠠᠷᠠᠯᠳᠠ ᠪᠠ ᠦᠨᠳᠤᠰᠤᠨ ᠵᠠᠷᠴᠢᠮ     ︵ᠨᠢᠭᠡ︶ ᠵᠢᠯᠤᠭᠤᠳᠬᠤ ᠦᠵᠠᠯ ᠰᠠᠨᠠᠭ᠎ᠠ ᠳ᠋ᠧᠩ ᠰᠢᠶᠤᠤ ᠫᠢᠩ ᠤᠨ ᠤᠨᠤᠯ ᠪᠠ ︽ᠭᠤᠷᠪᠠ ᠶᠢ ᠲᠦᠯᠦᠭᠡᠯᠡᠬᠦ︾ ᠴᠢᠬᠤᠯᠠ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢᠨᠵᠢᠯᠠᠬᠦ ᠤᠬᠠᠭᠠᠨᠴᠢ ᠬᠦᠭᠵᠢᠯᠳᠠ ᠶᠢᠨ ᠦᠵᠠᠯᠳᠠ ᠶᠢ ᠬᠦᠨᠵᠡᠭᠡᠢ ᠲᠤᠤᠱᠯᠠᠭᠤᠯᠵᠤ᠂ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠲᠦᠷᠪᠠᠳᠤᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠦᠪ ᠬᠤᠷᠢᠶ᠎ᠠ ᠠᠴᠠ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠬᠤᠷᠳᠤᠨ ᠲᠦᠷᠭᠡᠨ ᠬᠦᠭᠵᠢᠯᠳᠠ ᠶᠢ ᠠᠬᠢᠭᠤᠯᠬᠤ᠂ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠪᠠ ᠡᠬᠡ ᠤᠯᠤᠰ ᠤᠨ ᠤᠮᠠᠷᠠᠳᠤ ᠬᠢᠯᠢ ᠶᠢᠨ ᠭᠤᠶᠤ ᠰᠠᠶᠢᠬᠠᠨ ᠦᠵᠠᠮᠵᠢ ᠶᠢ ᠪᠦᠳᠦᠭᠡᠨ ᠪᠠᠶᠢᠭᠤᠯᠬᠤ ᠵᠠᠷᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠬᠦᠴᠦᠳᠠᠢ ᠠᠳᠬᠤᠵᠤ᠂ ︽ᠨᠢᠭᠡᠳᠦᠯᠳᠠᠢ ᠲᠦᠯᠦᠪᠯᠠᠵᠤ᠂ ᠤᠯᠠᠨ ᠲᠦᠮᠠᠨ ᠤ ᠰᠠᠶᠢᠨ ᠲᠤᠷ᠎ᠠ ᠠᠴᠠ ᠪᠠᠨ᠂ ᠤᠷᠤᠨ ᠭᠠᠵᠠᠷ ᠤᠨ ᠪᠤᠳᠠᠳᠠᠢ ᠲᠠᠢ ᠤᠶᠠᠯᠳᠤᠭᠤᠯᠵᠤ᠂ ᠪᠤᠳᠠᠳᠤ ᠦᠷ᠎ᠡ ᠪᠦᠳᠦᠮᠵᠢ ᠶᠢ ᠡᠷᠬᠢᠮᠯᠠᠬᠦ︾ ᠰᠠᠳᠬᠢᠮᠵᠢ ᠪᠠᠷ ᠶᠠᠳᠠᠭᠤ ᠠᠴᠠ ᠠᠩᠬᠢᠵᠢᠷᠠᠭᠤᠯᠤᠨ ᠴᠢᠨᠠᠬᠡᠯᠢᠭᠵᠢᠬᠦᠯᠬᠦ ᠪᠠᠷ ᠬᠠᠷᠠᠯᠳᠠ ᠪᠤᠯᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠤᠯ ᠪᠤᠯᠭᠠᠵᠤ᠂ ᠡᠬᠢ ᠰᠤᠷᠪᠤᠯᠵᠢ ᠶᠢ ᠨᠠᠶᠢᠯᠠᠬᠦᠯᠬᠦ ᠪᠠᠷ ᠪᠠᠳᠤᠯᠠᠭ᠎ᠠ ᠪᠤᠯᠭᠠᠵᠤ᠂ ᠲᠦᠪᠬᠢᠨᠠᠬᠦᠯᠬᠦ ᠵᠠᠮ ᠢ ᠦᠷᠭᠡᠳᠭᠡᠵᠤ᠂ ᠬᠦᠳᠠᠯᠮᠤᠷᠢ ᠤᠶᠢᠯᠠᠴᠢᠯᠠᠭᠡᠨ ᠪᠠ ᠤᠨᠴᠠᠯᠢᠬᠳᠤ ᠠᠵᠤ ᠤᠶᠢᠯᠠᠰ ᠢ ᠬᠦᠭᠵᠢᠬᠦᠯᠵᠤ᠂ ᠤᠶᠢᠯᠠᠳᠪᠤᠷᠢᠯᠠᠯ ᠠᠮᠢᠳᠤᠷᠠᠯ ᠤᠨ ᠨᠦᠬᠦᠴᠠᠯ ᠢ ᠬᠦᠴᠦᠳᠠᠢ ᠰᠠᠶᠢᠵᠢᠷᠠᠭᠤᠯᠵᠤ᠂ ᠬᠦᠳᠠᠯᠮᠤᠷᠢ ᠬᠦᠴᠦᠨ ᠤ ᠬᠡᠪ ᠴᠢᠨᠠᠷ ᠎ ᠢ ᠲᠠᠭᠡᠭᠰᠢᠯᠠᠬᠦᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠯᠬᠤᠴᠠ ᠶᠢ ᠪᠦᠬᠦ ᠲᠠᠯ᠎ᠠ ᠪᠠᠷ ᠲᠦᠷᠭᠡᠳᠭᠡᠬᠦ ᠬᠡᠷᠡᠭᠳᠡᠢ᠃     ︵ᠬᠤᠶᠠᠷ︶ ᠶᠠᠷᠦᠩᠭᠡᠢ ᠬᠠᠷᠠᠯᠳᠠ     2015 ᠤᠨ ᠤ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠲᠦᠷᠦᠯ ᠵᠦᠢᠯ ᠢ ᠪᠦᠬᠦ ᠲᠠᠯ᠎ᠠ ᠪᠠᠷ ᠪᠠᠶᠠᠯᠠᠬᠦᠯᠬᠦ 245 ᠡᠷᠦᠭᠡ᠂ 804 ᠬᠦᠮᠦᠨ ᠪᠤᠯᠤᠨ᠎ᠠ᠃     ︵ᠭᠤᠷᠪᠠ︶ ᠦᠨᠳᠤᠰᠤᠨ ᠵᠠᠷᠴᠢᠮ     1. ᠨᠢᠭᠡᠳᠦᠯᠳᠠᠢ ᠲᠦᠯᠦᠪᠵᠢᠬᠦᠯᠦᠨ ᠬᠡᠷᠡᠭᠵᠢᠬᠦᠯᠵᠤ᠂ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠷᠠᠳ ᠎ ᠢ ᠨᠠᠬᠦᠯᠭᠡᠬᠦ ᠶᠠᠳᠠᠭᠤ ᠶᠢ ᠲᠠᠳᠬᠦᠬᠦ ᠲᠦᠯᠦᠪᠵᠢᠬᠦᠯᠭᠡ ᠪᠠ ᠪᠤᠳᠠᠳᠠᠢ ᠬᠡᠷᠡᠭᠵᠢᠬᠦᠯᠬᠦ ᠠᠷᠭ᠎ᠠ ᠶᠢ ᠰᠢᠨᠵᠢᠯᠠᠬᠦ ᠤᠬᠠᠭᠠᠨᠴᠢ ᠪᠠᠷ ᠲᠤᠬᠳᠠᠭᠠᠵᠤ᠂ ᠤᠷᠤᠰᠢᠨ ᠲᠤᠬᠳᠠᠨᠢᠬᠤ ᠨᠦᠬᠦᠴᠠᠯ ᠮᠠᠭᠤ᠂ ᠠᠮᠢᠳᠤᠷᠠᠬᠤ ᠨᠦᠬᠦᠴᠠᠯ ᠬᠠᠳᠠᠭᠤᠵᠢᠯᠳᠠᠢ ᠬᠠᠮᠤᠭ ᠶᠠᠳᠠᠭᠤ ᠬᠦᠴᠢᠷᠳᠠᠢ ᠬᠦᠮᠦᠨ ᠠᠮᠠ ᠶᠢ ᠤᠷᠢᠳᠠᠪᠠᠷ ᠨᠠᠬᠦᠯᠭᠡᠨ᠎ᠡ᠃ ᠨᠠᠬᠦᠯᠭᠡᠨ ᠰᠢᠯᠵᠢᠬᠦᠯᠬᠦ ᠤᠷᠤᠨ ᠰᠠᠭᠤᠴᠠ᠂ ᠠᠵᠤ ᠤᠶᠢᠯᠠᠰ ᠤᠨ ᠬᠦᠭᠵᠢᠯᠳᠠ᠂ ᠲᠠᠷᠢᠶᠠᠯᠠᠩ ᠤᠰᠤᠨ ᠠᠰᠢᠬᠯᠠᠯᠳᠠ᠂ ᠰᠠᠭᠤᠷᠢ ᠲᠦᠬᠦᠭᠡᠷᠦᠮᠵᠢ᠂ ᠨᠠᠶᠢᠳᠠ ᠶᠢᠨ ᠠᠰᠠᠷᠠᠮᠵᠢ ᠶᠢᠨ ᠤᠶᠢᠯᠠᠰ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ᠎ᠠ᠃ ᠰᠢᠨᠵᠢᠯᠠᠬᠦ ᠤᠬᠠᠭᠠᠨᠴᠢ ᠪᠠᠷ ᠰᠠᠭᠤᠷᠢᠰᠢᠯ ᠢ ᠰᠤᠩᠭᠤᠵᠤ᠂ ᠨᠢᠭᠡ ᠶᠠᠳᠠᠭᠤ ᠬᠦᠴᠢᠷᠳᠠᠢ ᠤᠷᠤᠨ ᠠᠴᠠ ᠨᠦᠬᠦᠭᠡ ᠶᠠᠳᠠᠭᠤ ᠬᠦᠴᠢᠷᠳᠠᠢ ᠤᠷᠤᠨ ᠳᠤ ᠰᠢᠯᠵᠢᠨ ᠤᠷᠤᠬᠤ ᠶᠢ ᠰᠠᠷᠭᠡᠶᠢᠯᠠᠬᠦ ᠬᠡᠷᠡᠭᠳᠡᠢ᠃ ᠪᠠᠰᠠ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠪᠠ ᠰᠢᠨ᠎ᠠ ᠬᠦᠳᠡᠭᠡ ᠲᠤᠰᠬᠤᠨ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠲᠠᠢ ᠤᠷᠭᠠᠨᠢᠭ ᠢᠶᠠᠷ ᠤᠶᠠᠯᠳᠤᠭᠤᠯᠬᠤ ᠬᠡᠷᠡᠭᠳᠡᠢ᠃     2. ᠵᠠᠰᠠᠭ ᠤᠨ ᠤᠷᠳᠤᠨ ᠠᠴᠠ ᠭᠤᠤᠯᠯᠠᠵᠤ ᠨᠠᠶᠢᠭᠡᠮ ᠤᠷᠤᠯᠴᠠᠨ᠎ᠠ᠃ ᠮᠠᠯᠴᠢᠨ ᠲᠠᠷᠢᠶᠠᠴᠢᠨ ᠰᠠᠶᠢᠨ ᠲᠤᠷ᠎ᠠ ᠎ ᠠᠴᠠ ᠪᠠᠨ ᠨᠠᠬᠦᠨ ᠰᠢᠯᠵᠢᠬᠦ ᠤᠷᠢᠳᠠᠯ ᠲᠤᠤᠷ᠎ᠠ᠂ ᠬᠤᠰᠢᠭᠤ ᠰᠤᠮᠤ ᠬᠤᠶᠠᠷ ᠱᠠᠳᠤᠨ ᠤ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠲᠦᠷᠦ ᠶᠢᠨ ᠪᠤᠳᠤᠯᠭ᠎ᠠ ᠲᠤᠬᠳᠠᠭᠠᠵᠤ᠂ ᠬᠡᠷᠡᠭᠵᠢᠬᠦᠯᠬᠦ᠂ ᠡᠬᠢ ᠰᠤᠷᠪᠤᠯᠵᠢ ᠶᠢ ᠲᠤᠬᠢᠷᠠᠭᠤᠯᠬᠤ᠂ ᠵᠤᠬᠢᠶᠠᠨ ᠪᠠᠶᠢᠭᠤᠯᠵᠤ ᠲᠤᠬᠢᠷᠠᠭᠤᠯᠬᠤ ᠵᠡᠷᠭᠡ ᠲᠠᠯ᠎ᠠ ᠪᠠᠷ ᠭᠤᠤᠯᠯᠠᠬᠤ ᠤᠶᠢᠯᠠᠳᠤᠯ ᠢᠶᠠᠨ ᠬᠦᠢᠴᠡᠳ ᠪᠠᠳᠠᠷᠠᠭᠤᠯᠬᠤ ᠬᠡᠷᠡᠭᠳᠡᠢ᠃ ᠡᠯ᠎ᠡ ᠪᠠᠶᠢᠭᠤᠯᠤᠯᠭ᠎ᠠ ᠨᠢᠭᠡᠴᠡ᠂ ᠠᠷᠠᠳ ᠤᠨ ᠨᠠᠶᠢᠭᠡᠮᠯᠢᠭ᠂ ᠠᠵᠤ ᠠᠬᠤᠶᠢᠯᠠᠯ ᠵᠢᠴᠢ ᠨᠠᠶᠢᠭᠡᠮ ᠤᠨ ᠡᠯ᠎ᠡ ᠡᠳᠡᠭᠡᠳ ᠴᠦᠮ ᠨᠦᠬᠦᠴᠠᠯ ᠡᠬᠦᠳᠴᠤ᠂ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠳᠤ ᠢᠳᠡᠪᠬᠢᠳᠠᠢ ᠤᠷᠤᠯᠴᠠᠬᠤ ᠪᠠ ᠲᠠᠮᠵᠢᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠎ ᠤᠨ ᠬᠦᠴᠦᠷᠭᠡᠭ ᠶᠡᠭᠡ ᠨᠢᠬᠳᠠᠷᠠᠯ ᠬᠦᠴᠦᠨ ᠢ ᠪᠦᠷᠢᠯᠳᠤᠬᠦᠯᠬᠦ ᠬᠡᠷᠡᠭᠳᠡᠢ᠃     3. ᠤᠷᠤᠨ ᠭᠠᠵᠠᠷ ᠤᠨ ᠪᠤᠳᠠᠳᠠᠢ ᠠᠴᠠ ᠡᠬᠦᠰᠴᠤ ᠲᠦᠷᠦᠯ ᠬᠤᠪᠢᠶᠠᠨ ᠲᠤᠬᠢᠷᠠᠭᠤᠯᠬᠤ ᠬᠡᠷᠡᠭᠳᠡᠢ᠃ ᠨᠠᠬᠦᠯᠭᠡᠬᠦ ᠠᠷᠠᠳ ᠤᠨ ᠪᠤᠳᠠᠳᠠᠢ ᠪᠠᠶᠢᠳᠠᠯ ᠪᠠ ᠲᠤᠬᠢᠷᠠᠭᠤᠯᠬᠤ ᠨᠦᠬᠦᠴᠠᠯ ᠢ ᠨᠠᠷᠢᠨ ᠬᠢᠨᠠᠮᠠᠭᠠᠢ ᠰᠤᠩᠭᠤᠵᠤ᠂ ᠨᠠᠬᠦᠨ ᠤᠷᠤᠬᠤ ᠤᠷᠤᠨ ᠢ ᠨᠠᠷᠢᠨ ᠬᠢᠨᠠᠮᠠᠭᠠᠢ ᠰᠤᠩᠭᠤᠵᠤ᠂ ᠰᠡᠳᠬᠢᠮᠵᠢ ᠪᠠᠨ ᠰᠢᠨᠠᠳᠬᠡᠵᠤ᠂ ᠮᠠᠯᠵᠢᠬᠤ ᠲᠠᠷᠢᠶᠠᠯᠠᠬᠤ ᠤᠷᠤᠨ ᠪᠠ ᠬᠤᠳᠠ ᠪᠠᠯᠭᠠᠰᠤ ᠶᠢ ᠤᠶᠠᠯᠳᠤᠭᠤᠯᠬᠤ ᠭᠠᠵᠠᠷ ᠲᠠᠢ ᠪᠠ ᠭᠠᠵᠠᠷ ᠦᠭᠡᠢ ᠶᠢ ᠤᠶᠠᠯᠳᠤᠭᠤᠯᠵᠤ᠂ ᠬᠦᠳᠠᠯᠮᠤᠷᠢ ᠬᠦᠴᠦ ᠬᠢᠵᠤ ᠪᠠᠶᠢᠬᠤ ᠪᠠ ᠲᠠᠷᠢᠶᠠᠯᠠᠵᠤ ᠪᠠᠶᠢᠬᠤ ᠲᠠᠢ ᠤᠶᠠᠯᠳᠤᠭᠤᠯᠵᠤ᠂ ᠲᠦᠪᠯᠠᠷᠠᠬᠦᠯᠬᠦ ᠪᠠ ᠠᠯᠠᠬᠯᠠᠬᠤ ᠪᠦᠳᠦᠴᠠ ᠵᠠᠷᠭᠡ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠨᠠᠬᠦᠬᠦ ᠡᠷᠦᠭᠡ ᠶᠢ ᠰᠠᠶᠢᠳᠤᠷ ᠲᠤᠬᠢᠷᠠᠭᠤᠯᠬᠤ ᠬᠡᠷᠡᠭᠳᠡᠢ᠃     4. ᠠᠵᠤ ᠤᠶᠢᠯᠠᠰ ᠢ ᠪᠤᠶᠢᠵᠢᠭᠤᠯᠵᠤ᠂ ᠤᠷᠤᠯᠭ᠎ᠠ ᠶᠢ ᠨᠢ ᠨᠠᠮᠡᠭᠳᠡᠬᠦᠯᠵᠤ ᠴᠢᠨᠠᠬᠡᠯᠢᠭᠵᠢᠬᠦᠯᠬᠦ ᠬᠡᠷᠡᠭᠳᠡᠢ᠃ ᠨᠠᠬᠦᠬᠦ ᠡᠷᠦᠭᠡ ᠶᠢᠨ ᠦᠪᠠᠷ ᠢ ᠪᠠᠨ ᠬᠦᠭᠵᠢᠬᠦᠯᠬᠦ ᠴᠢᠳᠠᠯ ᠢ ᠨᠢ ᠴᠢᠩᠭᠠᠳᠬᠠᠵᠤ᠂ ᠮᠠᠯ ᠲᠠᠷᠢᠶᠠᠯᠠᠩ ᠤᠨ ᠭᠤᠤᠯᠯᠠᠬᠴᠢ ᠠᠵᠤ ᠤᠶᠢᠯᠠᠰ ᠪᠠ ᠬᠦᠳᠠᠯᠮᠤᠷᠢ ᠬᠦᠴᠦᠨ ᠢ ᠰᠢᠯᠵᠢᠬᠦᠯᠦᠨ ᠠᠵᠢᠯ ᠤᠯᠭᠤᠬᠤ ᠲᠠᠢ ᠤᠶᠠᠯᠳᠤᠭᠤᠯᠤᠨ ᠂ ᠲᠠᠷᠢᠵᠤ ᠲᠠᠵᠢᠭᠡᠬᠦ ᠤᠶᠢᠯᠠᠰ ᠤᠨ ᠤᠷᠤᠯᠭ᠎ᠠ ᠪᠠᠷ ᠰᠠᠭᠤᠷᠢ ᠪᠤᠯᠭᠠᠵᠤ᠂ ᠬᠦᠳᠠᠯᠮᠤᠷᠢ ᠬᠦᠴᠦᠨ ᠢ ᠰᠢᠯᠵᠢᠬᠦᠯᠦᠨ ᠠᠵᠢᠯ ᠤᠯᠭᠤᠵᠤ ᠤᠷᠤᠯᠭ᠎ᠠ ᠤᠯᠬᠤ ᠪᠠᠷ ᠭᠤᠤᠯ ᠴᠤᠬᠴᠠ ᠪᠤᠯᠭᠠᠬᠰᠠᠨ ᠤᠷᠤᠯᠭ᠎ᠠ ᠪᠠᠨ ᠨᠠᠮᠡᠭᠳᠡᠬᠦᠯᠵᠤ ᠴᠢᠨᠠᠬᠡᠯᠢᠭᠵᠢᠬᠦᠯᠬᠦ ᠰᠢᠨ᠎ᠠ ᠪᠦᠳᠦᠴᠠ ᠮᠠᠶ᠋ᠢᠭ ᠢ ᠪᠦᠷᠢᠯᠳᠤᠬᠦᠯᠬᠦ ᠬᠡᠷᠡᠭᠳᠡᠢ᠃ ᠡᠯ᠎ᠡ ᠲᠦᠷᠦᠯ ᠤᠨ ᠪᠤᠯᠪᠠᠰᠤᠷᠠᠯ ᠤᠨ ᠡᠬᠢ ᠰᠤᠷᠪᠤᠯᠵᠢ ᠶᠢ ᠨᠠᠶᠢᠯᠠᠬᠦᠯᠵᠤ᠂ ᠮᠠᠯ ᠲᠠᠷᠢᠶᠠᠯᠠᠩ ᠤᠨ ᠬᠡᠷᠡᠭᠯᠡᠬᠡᠨ ᠤ ᠮᠠᠷᠭᠡᠵᠢᠯ ᠤᠨ ᠪᠤᠯᠪᠠᠰᠤᠷᠠᠯ᠂ ᠠᠵᠢᠯ ᠤᠯᠭᠤᠬᠤ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠵᠤ᠂ ᠠᠵᠢᠯ ᠮᠠᠷᠭᠡᠵᠢᠯ ᠤᠨ ᠰᠤᠷᠭᠠᠭᠤᠯᠢ ᠶᠢᠨ ᠨᠠᠬᠦᠳᠠᠯ ᠡᠷᠦᠭᠡ ᠠᠴᠠ ᠰᠤᠷᠤᠬᠴᠢ ᠡᠯᠰᠡᠬᠦ ᠶᠢ ᠵᠤᠷᠢᠬᠵᠢᠭᠤᠯᠤᠨ᠎ᠠ᠃     5. ᠡᠭᠢ ᠰᠤᠷᠪᠤᠯᠵᠢ ᠶᠢ ᠨᠠᠶᠢᠯᠠᠬᠦᠯᠵᠤ᠂ ᠪᠤᠳᠠᠳᠠᠢ ᠦᠷ᠎ᠡ ᠪᠦᠳᠦᠮᠵᠢ ᠶᠢ ᠴᠢᠬᠤᠯᠠᠴᠢᠯᠠᠨ᠎ᠠ᠃ ᠬᠦᠮᠦᠨ ᠤ ᠬᠦᠴᠦᠨ ᠤ ᠡᠬᠢ ᠰᠤᠷᠪᠤᠯᠵᠢ᠂ ᠭᠠᠵᠠᠷ ᠰᠢᠷᠦᠢ ᠶᠢᠨ ᠡᠬᠢ ᠰᠤᠷᠪᠤᠯᠵᠢ᠂ ᠤᠰᠤᠨ ᠠᠰᠢᠬᠯᠠᠯᠳᠠ ᠶᠢᠨ ᠡᠭᠢ ᠰᠤᠷᠪᠤᠯᠵᠢ ᠪᠠ ᠡᠳ᠋ ᠤᠨ ᠬᠦᠴᠦᠨ ᠤ ᠡᠬᠢ ᠰᠤᠷᠪᠤᠯᠵᠢ ᠶᠢ ᠨᠢᠭᠡᠳᠦᠬᠦᠯᠵᠤ᠂ ᠬᠦᠴᠦᠨ ᠢᠶᠠᠨ ᠲᠦᠪᠯᠠᠷᠠᠬᠦᠯᠦᠨ ᠶᠡᠭᠡ ᠠᠵᠢᠯ ᠢ ᠬᠢᠬᠦ ᠬᠡᠷᠡᠭᠳᠡᠢ᠃ ᠦᠪᠠᠷ ᠢᠶᠠᠨ ᠬᠦᠴᠦᠷᠭᠡᠭᠵᠢᠬᠦ ᠶᠢ ᠪᠠᠷᠢᠮᠳᠠᠯᠠᠬᠤ ᠪᠠᠷ ᠭᠤᠤᠯ ᠪᠤᠯᠭᠠᠵᠤ᠂ ᠲᠠᠭᠡᠳᠤ ᠱᠠᠳᠤᠨ ᠤ ᠲᠠᠮᠵᠢᠯᠭᠡ ᠶᠢ ᠤᠯᠬᠤ ᠲᠠᠢ ᠤᠶᠠᠯᠳᠤᠭᠤᠯᠵᠤ᠂ ᠡᠯ᠎ᠡ ᠲᠦᠷᠦᠯ ᠤᠨ ᠪᠠᠯᠠ ᠮᠦᠩᠬᠦ ᠶᠢ ᠨᠢᠭᠡᠳᠦᠯᠳᠠᠢ ᠲᠦᠯᠦᠪᠯᠠᠵᠤ᠂ ᠠᠮᠢ ᠠᠬᠤᠢ ᠪᠠᠭᠤᠷᠠᠢ ᠤᠷᠤᠠ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠲᠦᠷᠦᠯ ᠵᠦᠢᠯ ᠢ ᠲᠦᠯᠬᠢᠨ ᠠᠬᠢᠭᠤᠯᠬᠤ ᠬᠡᠷᠡᠭᠳᠡᠢ᠃     6. ᠠᠮᠢ ᠠᠬᠤᠢ ᠶᠢ ᠬᠠᠮᠠᠭᠠᠯᠠᠵᠤ᠂ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠪᠠ ᠠᠮᠢ ᠠᠬᠤᠢ ᠶᠢ ᠬᠠᠮᠠᠭᠠᠯᠠᠬᠤ ᠲᠠᠢ ᠤᠶᠠᠯᠳᠤᠭᠤᠯᠵᠤ᠂ ᠨᠠᠬᠦᠬᠦ ᠡᠷᠦᠭᠡ ᠶᠢᠨ ᠰᠢᠯᠵᠢᠵᠤ ᠭᠠᠷᠤᠬᠰᠠᠨ ᠤ ᠲᠠᠷᠠᠭᠠᠬᠢ ᠪᠤᠴᠠᠭᠠᠵᠤ ᠠᠪᠴᠢᠷᠠᠬᠰᠠᠨ ᠭᠠᠵᠠᠷ ᠰᠢᠷᠦᠢ ᠶᠢ ᠴᠦᠮ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠲᠠᠭᠡᠷ᠎ᠡ ᠬᠡᠷᠡᠭᠯᠠᠵᠤ᠂ ᠠᠮᠢ ᠠᠬᠤᠢ ᠶᠢᠨ ᠤᠷᠴᠢᠨ ᠢ ᠦᠷ᠎ᠡ ᠪᠦᠳᠦᠮᠵᠢ ᠲᠠᠢ ᠪᠠᠷ ᠦᠭᠡᠷᠠᠴᠢᠯᠠᠨ ᠰᠠᠶᠢᠵᠢᠷᠠᠭᠤᠯᠤᠨ᠎ᠠ᠃ ᠨᠠᠬᠦᠳᠠᠯ ᠠᠷᠠᠳ ᠤᠨ ᠰᠢᠨ᠎ᠠ ᠠᠶᠢᠯ ᠤᠨ ᠨᠤᠭᠤᠭᠠᠷᠠᠭᠤᠯᠤᠯᠳᠠ ᠪᠠ ᠲᠠᠷᠢᠶᠠᠯᠠᠩ ᠡᠪᠡᠰᠤ ᠪᠠᠯᠴᠢᠭᠡᠷ ᠤᠨ ᠬᠠᠮᠠᠭᠠᠯᠠᠯᠳᠠ ᠶᠢᠨ ᠤᠢ ᠶᠢᠨ ᠪᠦᠰᠠ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠶᠠᠳᠠᠭᠤ ᠶᠢ ᠦᠭᠡᠶᠢᠰᠭᠡᠬᠦ ᠪᠠ ᠠᠮᠢ ᠠᠬᠤᠢ ᠶᠢ ᠰᠠᠶᠢᠵᠢᠷᠠᠭᠤᠯᠬᠤ ᠬᠤᠤᠰ ᠢᠯᠠᠯᠳᠠ ᠶᠢᠨ ᠬᠠᠷᠠᠯᠳᠠ ᠳᠤ ᠬᠦᠷᠴᠤ᠂ ᠤᠷᠤᠨ ᠬᠡᠪᠴᠢᠶᠠᠨ ᠤ ᠬᠦᠮᠦᠨ ᠠᠮᠠ᠂ ᠡᠬᠢ ᠰᠤᠷᠪᠤᠯᠵᠢ᠂ ᠤᠷᠴᠢᠨ ᠲᠤᠭᠤᠷᠢᠨ ᠤ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠬᠡᠷᠡᠭᠳᠡᠢ᠃     ᠭᠤᠷᠪᠠ᠂ ᠨᠢᠭᠡᠳᠦᠯᠳᠠᠢ ᠲᠤᠬᠢᠷᠠᠭᠤᠯᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠎ ᠶᠢ ᠲᠠᠳᠬᠦᠬᠦ ᠶᠢ ᠠᠯᠬᠤᠴᠠ ᠪᠠᠨ ᠲᠦᠷᠭᠡᠳᠭᠡᠬᠦ ᠬᠡᠷᠡᠭᠳᠡᠢ᠃     ︵ᠨᠢᠭᠡ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠬᠦ ᠶᠠᠳᠠᠭᠤ ᠶᠢ ᠲᠠᠳᠬᠦᠬᠦ ᠡᠳᠡᠭᠡᠳ᠂ ᠠᠯᠤᠰ ᠬᠢᠵᠠᠭᠠᠷ ᠤᠷᠤᠨ ᠳᠤ ᠰᠠᠭᠤᠵᠤ ᠪᠠᠶᠢᠬᠤ᠂ ᠠᠮᠢᠳᠤᠷᠠᠬᠤ ᠨᠦᠬᠦᠴᠠᠯ ᠮᠠᠭᠤ᠂ ᠠᠮᠢᠳᠤᠷᠠᠵᠤ ᠪᠠᠶᠢᠬᠤ ᠭᠠᠵᠠᠷ ᠨᠢ ᠭᠠᠵᠠᠷ ᠰᠢᠨᠵᠢᠯᠠᠭᠡᠨ ᠤ ᠭᠠᠮᠰᠢᠭ ᠲᠠᠬᠢᠨ ᠲᠠᠪᠳᠠᠨ ᠡᠬᠦᠰᠬᠦ᠂ ᠤᠰᠤ ᠲᠤᠳᠠᠵᠤ ᠴᠠᠬᠢᠯᠭᠠᠨ ᠲᠤᠳᠠᠬᠤ᠂ ᠵᠠᠮ ᠬᠠᠷᠢᠯᠴᠠᠭ᠎ᠠ ᠲᠦᠬᠦᠮ ᠦᠭᠡᠢ ᠤᠷᠤᠨ ᠪᠠ ᠲᠠᠷᠢᠶᠠᠯᠠᠬᠤ ᠪᠠᠨ ᠵᠤᠬᠰᠤᠵᠤ ᠤᠶᠢᠵᠢᠭᠤᠯᠬᠤ ᠲᠦᠷᠦ ᠶᠢᠨ ᠪᠤᠳᠤᠯᠭ᠎ᠠ ᠎ ᠶᠢᠨ ᠪᠦᠷᠬᠦᠯᠳᠠ ᠶᠢ ᠪᠠᠳᠤᠳᠬᠠᠬᠤ ᠮᠠᠯᠴᠢᠨ ᠲᠠᠷᠢᠶᠠᠴᠢᠨ ᠤᠯᠠᠨ ᠲᠦᠮᠠᠨ ᠪᠤᠯᠤᠨ ᠨᠠᠬᠦᠯᠭᠡᠬᠦ ᠡᠳᠡᠭᠡᠳ ᠢ ᠲᠤᠬᠳᠠᠭᠠᠬᠤ ᠦᠶ᠎ᠠ ᠳᠤ ︽ᠨᠢᠭᠡ ᠵᠠᠪᠠᠯ᠂ ᠨᠢᠭᠡ ᠤᠷᠢᠳᠠᠪᠠᠷ᠂ ᠨᠢᠭᠡ ᠶᠢ ᠵᠤᠷᠢᠬᠵᠢᠭᠤᠯᠬᠤ ᠶᠢ ᠵᠠᠪᠠᠯ ᠪᠠᠷᠢᠮᠳᠠᠯᠠᠨ᠎ᠠ︾᠃ ᠲᠠᠷᠤᠢ ᠮᠠᠯᠵᠢᠬᠤ ᠲᠠᠷᠢᠶᠠᠯᠠᠬᠤ ᠤᠷᠤᠨ ᠤ ᠡᠷᠦᠭᠡ ᠠᠮᠠ ᠲᠠᠢ ᠨᠠᠬᠦᠬᠦ ᠢᠳᠡᠪᠬᠢᠵᠢᠯ ᠦᠨᠳᠤᠷ ᠶᠠᠳᠠᠭᠤ ᠬᠦᠴᠢᠷᠳᠠᠢ ᠬᠦᠮᠦᠨ ᠠᠮᠠ ᠶᠢ ᠤᠷᠢᠳᠠᠪᠠᠷ ᠨᠠᠬᠦᠯᠭᠡᠨ᠎ᠡ᠃ ᠠᠶᠢᠯ ᠲᠤᠰᠬᠤᠨ ᠢᠶᠠᠷ ᠨᠢᠭᠡᠴᠠ ᠪᠤᠯᠭᠠᠬᠤ ᠶᠢ ᠵᠤᠷᠢᠬᠵᠢᠭᠤᠯᠵᠤ᠂ ᠪᠦᠬᠦ ᠠᠶᠢᠯ ᠢᠶᠠᠷ ᠨᠢ ᠨᠠᠬᠦᠯᠭᠡᠬᠦ ᠶᠢ ᠬᠡᠷᠡᠭᠵᠢᠬᠦᠯᠦᠨ᠎ᠠ᠃     ︵ᠬᠤᠶᠠᠷ︶ ᠠᠮᠢ ᠠᠬᠤᠢ ᠪᠠᠭᠤᠷᠠᠢ ᠤᠷᠤᠨ ᠤ ᠨᠠᠬᠦᠯᠭᠡᠬᠦ ᠠᠷᠠᠳ ᠤᠨ ᠶᠠᠳᠠᠭᠤ ᠶᠢ ᠲᠠᠳᠬᠦᠬᠦ ᠲᠦᠪᠬᠢᠨᠠᠬᠦᠯᠬᠦ ᠭᠠᠵᠠᠷ ᠢ ᠰᠢᠨᠵᠢᠯᠠᠬᠦ ᠤᠬᠠᠭᠠᠨᠴᠢ ᠪᠠᠷ ᠰᠤᠩᠭᠤᠨ᠎ᠠ᠃     ᠲᠦᠪᠬᠢᠨᠠᠬᠦᠯᠬᠦ ᠭᠠᠵᠠᠷ ᠢ ᠰᠤᠩᠭᠤᠬᠤ ᠳᠠᠭᠠᠨ 4᠎ ᠶᠢ ᠤᠶᠠᠯᠳᠤᠭᠤᠯᠬᠤ ᠪᠠᠷ ᠴᠢᠷᠮᠠᠶᠢᠨ᠎ᠠ᠃ ᠨᠢᠭᠡ ᠳᠤ᠂ ᠵᠢᠵᠢᠭ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠲᠠᠢ ᠤᠶᠠᠯᠳᠤᠭᠤᠯᠤᠨ᠎ᠠ᠃ ᠬᠤᠶᠠᠷ ᠲᠤ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠲᠠᠢ ᠤᠶᠠᠯᠳᠤᠭᠤᠯᠤᠨ᠎ᠠ᠃ ᠭᠤᠷᠪᠠ ᠳᠤ᠂ ᠮᠠᠯ ᠲᠠᠷᠢᠶᠠᠯᠠᠩ ᠤᠨ ᠠᠵᠤ ᠤᠶᠢᠯᠠᠰ ᠤᠨ ᠪᠦᠳᠦᠴᠠ ᠶᠢᠨ ᠲᠤᠬᠢᠷᠠᠭᠤᠯᠤᠯᠳᠠ ᠲᠠᠢ ᠤᠶᠠᠯᠳᠤᠭᠤᠯᠤᠨ᠎ᠠ᠃ ᠲᠦᠷᠪᠠ ᠳᠤ᠂ ᠤᠳᠤᠬᠢ ᠪᠦᠳᠦᠭᠡᠨ ᠪᠠᠶᠢᠭᠤᠯᠤᠯᠳᠠ ᠪᠠ ᠠᠯᠤᠰ ᠬᠡᠳᠤ ᠶᠢᠨ ᠬᠦᠭᠵᠢᠯᠳᠠ ᠲᠠᠢ ᠤᠶᠠᠯᠳᠤᠭᠤᠯᠤᠨ᠎ᠠ᠃ ᠲᠦᠪᠬᠢᠨᠠᠬᠦᠯᠬᠦ ᠭᠠᠵᠠᠷ ᠤᠨ ᠲᠠᠭᠠᠭᠠᠴᠠ ᠪᠠ ᠬᠦᠭᠵᠢᠯᠳᠠ ᠶᠢᠨ ᠲᠠᠯᠳᠠ ᠬᠦᠴᠦᠨ ᠢ ᠰᠢᠨᠵᠢᠯᠠᠬᠦ ᠤᠬᠠᠭᠠᠨᠴᠢ ᠪᠠᠷ ᠨᠤᠳᠠᠯᠠᠨ᠎ᠠ᠃ ᠲᠦᠪᠬᠢᠨᠠᠬᠦᠯᠬᠦ ᠭᠠᠵᠠᠷ ᠢ ᠰᠠᠶᠢᠨ ᠢ ᠨᠢ ᠰᠢᠯᠢᠨ ᠲᠤᠬᠳᠠᠭᠠᠵᠤ᠂ ᠲᠦᠪᠬᠢᠨᠠᠬᠦᠯᠬᠦ ᠬᠡᠪᠴᠢᠶ᠎ᠠ ᠶᠢ ᠵᠤᠬᠢᠰᠳᠠᠢ ᠲᠤᠬᠳᠠᠭᠠᠨ᠎ᠠ᠃ ᠲᠦᠪᠬᠢᠨᠠᠬᠦᠯᠬᠦ ᠭᠠᠵᠠᠷ ᠨᠢ ᠵᠠᠪᠠᠯ ᠡᠳᠡᠭᠡᠷ ᠨᠦᠬᠦᠴᠠᠯ ᠢ ᠪᠦᠷᠢᠯᠳᠤᠬᠦᠯᠬᠦ ᠬᠡᠷᠡᠭᠳᠡᠢ᠃ ᠨᠢᠭᠡ ᠳᠤ᠂ ᠭᠠᠵᠠᠷ ᠤᠨ ᠪᠠᠶᠢᠳᠠᠯ ᠰᠠᠶᠢᠨ᠂ ᠭᠠᠵᠠᠷ ᠰᠢᠨᠵᠢᠯᠠᠭᠡᠨ ᠤ ᠮᠠᠭᠤ ᠦᠵᠡᠭᠳᠡᠯ ᠦᠭᠡᠢ ᠪᠠ ᠭᠠᠵᠠᠷ ᠰᠢᠨᠵᠢᠯᠠᠭᠡᠨ ᠤ ᠮᠠᠭᠤ ᠡᠯᠧᠮᠧᠨ᠋ᠲ ᠦᠭᠡᠢ ᠪᠠᠶᠢᠬᠤ︔ ᠬᠤᠶᠠᠷ ᠲᠤ᠂ ᠤᠷᠴᠢᠨ ᠲᠤᠭᠤᠷᠢᠨ ᠤ ᠨᠦᠬᠦᠴᠠᠯ ᠰᠠᠶᠢᠨ᠂ ᠢᠯᠠᠷᠭᠡᠢ ᠪᠤᠬᠢᠷᠳᠤᠯ ᠤᠨ ᠦᠵᠡᠭᠳᠡᠯ ᠬᠦᠨᠳᠤ ᠨᠤᠴᠢᠳᠠᠢ ᠪᠤᠬᠢᠷᠳᠤᠯ ᠤᠨ ᠰᠤᠷᠪᠤᠯᠵᠢ ᠪᠠ ᠨᠢᠭᠤᠬᠳᠠᠮᠠᠯ ᠪᠤᠬᠢᠷᠳᠤᠯ ᠎ ᠤᠨ ᠰᠤᠷᠪᠤᠯᠵᠢ ᠦᠭᠡᠢ᠂ ᠭᠠᠵᠠᠷ ᠤᠷᠤᠨ ᠤ ᠡᠪᠡᠳᠴᠢᠨ ᠡᠬᠦᠰᠬᠡᠬᠦ ᠡᠯᠧᠮᠧᠨ᠋ᠲ ᠦᠭᠡᠢ︔ ᠭᠤᠷᠪᠠ ᠳᠤ᠂ ᠲᠦᠪᠬᠢᠨᠠᠬᠦᠯᠬᠦ ᠤᠯᠠᠨ ᠲᠦᠮᠠᠨ ᠤ ᠤᠷᠴᠢᠨ ᠲᠤᠭᠤᠷᠢᠨ ᠤ ᠪᠠᠭᠳᠠᠭᠠᠮᠵᠢ ᠶᠢᠨ ᠬᠡᠮᠵᠢᠶ᠎ᠠ᠂ ᠦᠨᠳᠤᠰᠤᠨ ᠲᠦᠬᠦᠭᠡᠷᠦᠮᠵᠢ᠂ ᠨᠠᠶᠢᠳᠠ ᠶᠢᠨ ᠠᠰᠠᠷᠠᠮᠵᠢ ᠶᠢᠨ ᠲᠦᠬᠦᠭᠡᠷᠦᠮᠵᠢ ᠪᠠ ᠲᠤᠬᠢᠷᠠᠭᠤᠯᠬᠤ ᠭᠠᠵᠠᠷ ᠰᠠᠭᠤᠷᠢ ᠶᠢ ᠲᠦᠷᠭᠡᠨ ᠰᠠᠶᠢᠵᠢᠷᠠᠭᠤᠯᠬᠤ ᠨᠠᠶᠢᠳᠠ ᠶᠢᠨ ᠲᠦᠭᠦᠭᠡᠷᠦᠮᠵᠢ ᠪᠠ ᠮᠠᠯ ᠲᠠᠷᠢᠶᠠᠯᠠᠩ ᠤᠨ ᠤᠶᠢᠯᠠᠳᠪᠤᠷᠢᠯᠠᠯ ᠳᠤ ᠬᠡᠷᠡᠭᠯᠠᠬᠦ ᠭᠠᠵᠠᠷ ᠢ ᠨᠠᠮᠡᠭᠳᠡᠬᠦᠯᠬᠦ ᠨᠦᠬᠦᠴᠠᠯ ᠢ ᠪᠦᠷᠢᠯᠳᠤᠬᠦᠯᠦᠭᠰᠡᠨ ᠪᠠᠶᠢᠬᠤ︔ ᠲᠦᠷᠪᠠ ᠳᠤ᠂ ᠬᠤᠳᠠ ᠪᠠᠯᠭᠠᠰᠤ ᠪᠠ ᠭᠤᠤᠯ ᠠᠶᠢᠯ ᠎ ᠠᠴᠠ ᠵᠠᠢ ᠨᠢ ᠤᠶᠢᠷᠠᠬᠠᠨ ᠪᠠᠶᠢᠬᠤ ᠵᠠᠮ ᠬᠠᠷᠢᠯᠴᠠᠭ᠎ᠠ ᠲᠦᠬᠦᠮ︔ ᠲᠠᠪᠤ ᠳᠤ᠂ ᠬᠤᠶᠢᠨᠠᠬᠢ ᠠᠵᠤ ᠤᠶᠢᠯᠠᠰ ᠤᠨ ᠬᠦᠭᠵᠢᠯᠳᠠ ᠪᠠ ᠠᠵᠢᠯ ᠤᠯᠭᠤᠬᠤ ᠤᠷᠤᠨ ᠵᠠᠢ ᠲᠠᠢ ᠪᠠᠶᠢᠬᠤ᠃     ︵ᠭᠤᠷᠪᠠ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠲᠦᠪᠬᠢᠨᠠᠬᠦᠯᠬᠦ ᠠᠷᠭ᠎ᠠ ᠮᠠᠶ᠋ᠢᠭ ᠢ ᠵᠤᠬᠢᠰᠳᠠᠢ ᠲᠤᠬᠳᠠᠭᠠᠬᠤ ᠬᠡᠷᠡᠭᠳᠡᠢ᠃     ᠨᠠᠬᠦᠯᠭᠡᠬᠦ ᠠᠷᠠᠳ ᠤᠨ ᠨᠠᠰᠤ᠂ ᠰᠤᠷᠭᠠᠨ ᠬᠦᠮᠦᠵᠢᠯ ᠬᠦᠷᠳᠠᠬᠦ ᠬᠡᠮᠵᠢᠶ᠎ᠠ᠂ ᠮᠠᠷᠭᠡᠵᠢᠯ ᠴᠢᠳᠠᠪᠤᠷᠢ ᠶᠢᠨ ᠪᠠᠶᠢᠳᠠᠯ ᠂ ᠠᠵᠤ ᠠᠬᠤᠢ ᠶᠢᠨ ᠲᠠᠭᠠᠭᠠᠴᠠ ᠴᠢᠳᠠᠯ ᠵᠠᠷᠭᠡ ᠡᠯᠧᠮᠧᠨ᠋ᠲ ᠶᠢ ᠶᠠᠷᠦᠩᠭᠡᠢ ᠳᠤᠨᠢ ᠪᠤᠳᠤᠯᠬᠢᠯᠠᠵᠤ᠂ ᠤᠯᠠᠨ ᠲᠦᠮᠠᠨ ᠎ ᠤ ᠬᠦᠰᠠᠯ ᠢ ᠦᠨᠳᠤᠰᠤᠯᠠᠵᠤ᠂ ᠲᠦᠪᠬᠢᠨᠠᠬᠦᠯᠬᠦ ᠭᠠᠵᠠᠷ ᠤᠨ ᠦᠨᠳᠤᠰᠤᠨ ᠪᠠᠶᠢᠳᠠᠯ ᠲᠠᠢ ᠤᠶᠠᠯᠳᠤᠭᠤᠯᠵᠤ᠂ ᠲᠦᠪᠬᠢᠨᠠᠬᠦᠯᠬᠦ ᠠᠷᠭ᠎ᠠ ᠮᠠᠶ᠋ᠢᠭ ᠢ ᠵᠤᠬᠢᠰᠳᠠᠢ ᠲᠤᠬᠳᠠᠭᠠᠨ᠎ᠠ᠃     ︵ᠲᠦᠷᠪᠠ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠭᠠᠵᠠᠷ ᠰᠢᠷᠦᠢ ᠎ ᠶᠢ ᠲᠤᠬᠢᠷᠠᠭᠤᠯᠬᠤ ᠶᠢ ᠦᠨᠠᠩᠬᠦ ᠰᠠᠶᠢᠳᠤᠷ ᠬᠢᠬᠦ ᠬᠡᠷᠡᠭᠳᠡᠢ᠃     ᠨᠠᠬᠦᠵᠤ ᠭᠠᠷᠤᠬᠰᠠᠨ ᠠᠷᠠᠳ ᠤᠨ ᠤᠤᠯ ᠤᠨ ᠰᠠᠭᠤᠷᠢᠰᠢᠯ ᠤᠨ ᠭᠠᠵᠠᠷ ᠪᠠ ᠲᠠᠭᠠᠭᠠᠴᠢᠯᠠᠨ ᠡᠵᠡᠩᠨᠠᠵᠤ ᠪᠠᠶᠢᠬᠰᠠᠨ ᠭᠠᠵᠠᠷ ᠨᠢ ᠵᠠᠷᠴᠢᠮ ᠲᠠᠭᠡᠷ᠎ᠡ ᠪᠠᠨ ᠨᠠᠶᠢᠳᠠ ᠳᠤ ᠦᠮᠴᠢᠯᠡᠭᠳᠡᠨ᠎ᠠ᠃ ᠤᠤᠯ ᠤᠨ ᠡᠵᠡᠩᠨᠠᠵᠤ ᠪᠠᠶᠢᠬᠰᠠᠨ ᠭᠠᠵᠠᠷ ᠪᠠ ᠰᠠᠭᠤᠷᠢᠰᠢᠯ ᠭᠠᠵᠠᠷ ᠲᠤ ᠲᠠᠷᠤᠢ ᠲᠦᠷᠭᠡᠨ ᠲᠤᠬᠢᠷᠠᠭᠤᠯᠤᠯᠳᠠ ᠪᠠ ᠵᠠᠰᠠᠯᠳᠠ ᠬᠢᠵᠤ ᠲᠠᠷᠢᠶᠠᠯᠠᠬᠤ ᠪᠠᠨ ᠵᠤᠬᠰᠤᠵᠤ ᠤᠶᠢᠵᠢᠭᠤᠯᠬᠤ ᠪᠤᠶᠤ ᠬᠡᠪᠴᠢᠶᠠᠵᠢᠬᠦᠯᠦᠨ ᠡᠵᠡᠩᠨᠠᠬᠦ ᠬᠡᠷᠡᠭᠳᠡᠢ᠃ ᠭᠠᠵᠠᠷ ᠲᠤᠬᠢᠷᠠᠭᠤᠯᠵᠤ ᠤᠯᠤᠬᠰᠠᠨ ᠨᠠᠬᠦᠭᠰᠡᠨ ᠠᠷᠠᠳ ᠵᠠᠪᠠᠯ ᠤᠶᠢᠯᠠᠳᠪᠤᠷᠢᠯᠠᠯ ᠠᠮᠢᠳᠤᠷᠠᠯ ᠳᠤ ᠬᠡᠷᠡᠭᠯᠠᠬᠦ ᠭᠠᠵᠠᠷ ᠪᠠ ᠬᠡᠷ ᠪᠠᠷᠢᠬᠤ ᠭᠠᠵᠠᠷ ᠪᠠᠶᠢᠬᠤ ᠶᠢ ᠪᠠᠳᠤᠯᠠᠬᠤ ᠬᠡᠷᠡᠭᠳᠡᠢ᠃ ᠭᠠᠵᠠᠷ ᠰᠢᠷᠦᠢ ᠶᠢ ᠵᠠᠰᠠᠵᠤ ᠲᠡᠭᠰᠢᠯᠠᠬᠦ᠂ ᠲᠠᠷᠢᠶ᠎ᠠ ᠶᠢ ᠦᠭᠡᠷᠡᠴᠢᠯᠠᠬᠦ ᠵᠠᠷᠭᠡ ᠠᠷᠭ᠎ᠠ ᠪᠠᠷ ᠲᠠᠮᠵᠢᠭᠠᠳ ᠲᠦᠪᠬᠢᠨᠠᠬᠦᠯᠬᠦ ᠤᠷᠤᠨ ᠤ ᠲᠠᠷᠢᠶᠠᠨ ᠭᠠᠵᠠᠷ ᠤᠨ ᠤᠨᠠᠯᠳᠠ ᠶᠢ ᠲᠠᠭᠡᠭᠰᠢᠯᠠᠬᠦᠯᠬᠦ ᠬᠡᠷᠡᠭᠳᠡᠢ᠃     ︵ᠲᠠᠪᠤ︶ ᠨᠠᠬᠦᠯᠭᠡᠬᠦ ᠠᠷᠠᠳ ᠤᠨ ᠲᠦᠪᠬᠢᠨᠠᠬᠦᠯᠬᠦ ᠭᠠᠵᠠᠷ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠨᠠᠷᠢᠨ ᠬᠢᠨᠠᠮᠠᠭᠠᠢ ᠠᠳᠬᠤᠬᠤ ᠬᠡᠷᠡᠭᠳᠡᠢ᠃     ᠲᠦᠯᠦᠪᠵᠢᠬᠦᠯᠭᠡ ᠶᠢ ᠰᠠᠶᠢᠳᠤᠷ ᠬᠢᠵᠤ᠂ ᠪᠦᠳᠦᠭᠡᠨ ᠪᠠᠶᠢᠭᠤᠯᠬᠤ ᠪᠠᠷ ᠪᠠᠶᠢᠭ᠎ᠠ ᠰᠠᠭᠤᠷᠢ ᠲᠦᠬᠦᠭᠡᠷᠦᠮᠵᠢ ᠶᠢᠨ ᠠᠭᠤᠯᠭ᠎ᠠ᠂ ᠬᠡᠪᠴᠢᠶ᠎ᠠ ᠵᠢᠴᠢ ᠪᠠᠯᠠ ᠤᠷᠤᠭᠤᠯᠬᠤ ᠶᠠᠷᠦᠩᠭᠡᠢ ᠬᠡᠮᠵᠢᠶ᠎ᠠ ᠪᠠᠯᠠ ᠮᠦᠩᠬᠦᠨ ᠤ ᠢᠷᠠᠯᠳᠠ ᠪᠠ ᠠᠷᠭᠠᠴᠠᠭᠠᠨ ᠵᠢᠭᠡᠯᠡᠬᠦ ᠠᠷᠭ᠎ᠠ ᠶᠢ ᠲᠤᠳᠤᠷᠬᠠᠶᠢᠯᠠᠵᠤ᠂ ᠢᠷᠠᠭᠡᠳᠦᠢ ᠶᠢᠨ ᠠᠵᠤ ᠤᠶᠢᠯᠠᠰ ᠤᠨ ᠬᠦᠭᠵᠢᠯᠳᠠ᠂ ᠨᠠᠶᠢᠭᠡᠮ ᠎ ᠤᠨ ᠠᠵᠢᠯ ᠤᠶᠢᠯᠠᠰ ᠤᠨ ᠬᠦᠭᠵᠢᠯᠳᠠ ᠶᠢᠨ ᠲᠦᠯᠦᠪᠵᠢᠬᠦᠯᠭᠡ ᠵᠢᠴᠢ ᠲᠦᠯᠦᠪᠵᠢᠬᠦᠯᠭᠡ ᠶᠢ ᠬᠡᠷᠡᠭᠵᠢᠬᠦᠯᠬᠦ ᠪᠠᠳᠤᠯᠠᠭ᠎ᠠ ᠶᠢᠨ ᠠᠷᠭ᠎ᠠ ᠶᠢ ᠲᠤᠬᠳᠠᠭᠠᠨ᠎ᠠ᠃ ᠲᠦᠪᠬᠢᠨᠠᠬᠦᠯᠬᠦ ᠤᠷᠤᠨ ᠤ ᠲᠠᠷᠢᠶᠠᠯᠠᠩ᠂ ᠤᠰᠤᠨ ᠠᠰᠢᠬᠯᠠᠯᠳᠠ᠂ ᠴᠠᠬᠢᠯᠭᠠᠨ ᠬᠠᠩᠭᠠᠬᠤ᠂ ᠵᠠᠮ᠂ ᠰᠤᠷᠭᠠᠨ ᠬᠦᠮᠦᠵᠢᠯ᠂ ᠰᠤᠶᠤᠯ᠂ ᠡᠷᠡᠬᠦᠯ ᠬᠠᠮᠠᠭᠠᠯᠠᠯ ᠵᠠᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠵᠠᠷᠭᠡ ᠶᠢ ᠭᠤᠤᠯᠳᠠᠯᠭ᠎ᠠ ᠲᠠᠢ ᠬᠢᠵᠤ᠂ ᠤᠶᠢᠯᠠᠳᠪᠤᠷᠢᠯᠠᠯ ᠠᠮᠢᠳᠤᠷᠠᠯ ᠎ ᠤᠨ ᠨᠦᠬᠦᠴᠠᠯ ᠢ ᠰᠠᠶᠢᠵᠢᠷᠠᠭᠤᠯᠬᠤ ᠲᠦᠪᠬᠢᠨᠠᠬᠦᠯᠬᠦ ᠤᠷᠤᠨ ᠤ ᠬᠦᠮᠦᠨ ᠠᠮᠠ ᠶᠢᠨ ᠠᠴᠢᠶᠠᠯᠠᠬᠤ ᠴᠢᠳᠠᠯ ᠢ ᠲᠠᠭᠡᠭᠰᠢᠯᠠᠬᠦᠯᠬᠦ ᠬᠡᠷᠡᠭᠳᠡᠢ᠃     ︵ᠵᠢᠷᠭᠤᠭ᠎ᠠ︶ ᠨᠠᠬᠦᠯᠭᠡᠭᠰᠡᠨ ᠠᠷᠠᠳ ᠤᠨ ᠠᠵᠤ ᠤᠶᠢᠯᠠᠰ ᠤᠨ ᠲᠠᠮᠵᠢᠯᠭᠡ ᠶᠢᠨ ᠠᠵᠢᠯ ᠢ ᠯᠠᠪᠳᠠᠭᠤᠨ ᠪᠠᠳᠤᠳᠠᠢ ᠬᠢᠬᠦ ᠬᠡᠷᠡᠭᠳᠡᠢ᠃     ᠨᠠᠬᠦᠯᠭᠡᠭᠰᠡᠨ ᠠᠷᠠᠳ ᠤᠨ ᠤᠶᠢᠯᠠᠳᠪᠤᠷᠢᠯᠠᠯ ᠤᠨ ᠴᠢᠳᠠᠯ ᠪᠠ ᠰᠤᠶᠤᠯ ᠮᠠᠳᠡᠯᠭᠡ ᠶᠢᠨ ᠪᠤᠯᠪᠠᠰᠤᠷᠠᠯ ᠢ ᠴᠢᠩᠭᠠᠳᠬᠠᠵᠤ᠂ ᠦᠪᠠᠷ ᠢ ᠪᠠᠨ ᠬᠦᠭᠵᠢᠬᠦᠯᠬᠦ ᠴᠢᠳᠠᠯ ᠢ ᠨᠢ ᠴᠢᠩᠭᠠᠳᠬᠠᠬᠤ ᠬᠡᠷᠡᠭᠳᠡᠢ᠃ ᠨᠠᠬᠦᠭᠰᠡᠨ ᠠᠷᠠᠳ ᠢ ᠢᠳᠡᠪᠬᠢᠳᠠᠢ ᠬᠠᠪᠰᠤᠷᠴᠤ ᠲᠤᠬᠠᠢ ᠶᠢᠨ ᠭᠠᠵᠠᠷ ᠤᠨ ᠡᠭᠢ ᠪᠠᠶᠠᠯᠢᠭ ᠤᠨ ᠲᠠᠪᠠᠭᠤᠯᠢᠭ ᠪᠠ ᠨᠦᠬᠦᠴᠠᠯ ᠤᠨ ᠲᠤᠭᠤᠷᠢᠨ ᠳᠤ ᠵᠠᠯᠭᠠᠬᠤ ᠠᠵᠤ ᠤᠶᠢᠯᠠᠰ ᠢ ᠪᠤᠶᠢᠵᠢᠭᠤᠯᠵᠤ᠂ ᠭᠤᠤᠯᠯᠠᠬᠴᠢ ᠠᠵᠤ ᠤᠶᠢᠯᠠᠰ ᠤᠨ ᠪᠤᠶᠢᠵᠢᠭᠤᠯᠬᠤ ᠲᠠᠮᠵᠢᠬᠦ ᠬᠦᠴᠦᠯᠠᠴᠠ ᠪᠠᠨ ᠴᠢᠩᠭᠠᠳᠬᠠᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠡᠬᠦᠯᠭᠡᠵᠤ ᠶᠠᠳᠠᠭᠤ ᠶᠢ ᠲᠠᠳᠬᠦᠬᠦ ᠨᠠᠬᠦᠯᠭᠡᠬᠦ ᠤᠯᠠᠨ ᠲᠦᠮᠠᠨ ᠢ ︽ᠨᠠᠬᠦᠵᠤ ᠭᠠᠷᠴᠤ ᠲᠠᠶᠢᠯᠬᠦ ᠲᠤᠬᠳᠠᠭᠤᠨ ᠰᠠᠭᠤᠬᠤ᠂ ᠬᠦᠭᠵᠢᠯᠳᠠ ᠲᠠᠢ ᠪᠠᠶᠢᠬᠤ᠂ ᠪᠠᠶᠠᠵᠢᠵᠤ ᠲᠠᠶᠢᠯᠬᠦ︾ ᠬᠠᠷᠠᠯᠳᠠ ᠶᠢ ᠪᠠᠳᠤᠯᠠᠬᠤ ᠬᠡᠷᠡᠭᠳᠡᠢ᠃     ᠲᠦᠷᠪᠠ᠂ ᠤᠷᠤᠭᠤᠯᠤᠯᠳᠠ ᠶᠢᠨ ᠬᠦᠴᠦᠯᠠᠴᠠ ᠪᠠᠨ ᠴᠢᠩᠭᠠᠳᠬᠠᠵᠤ᠂ ᠪᠠᠳᠤᠯᠠᠭ᠎ᠠ ᠶᠢᠨ ᠠᠷᠭ᠎ᠠ ᠶᠢ ᠪᠠᠶᠢᠭᠤᠯᠵᠤ ᠪᠦᠷᠢᠨᠵᠢᠬᠦᠯᠬᠦ ᠬᠡᠷᠡᠭᠳᠡᠢ᠃     ︵ᠨᠢᠭᠡ︶ ᠨᠦᠬᠦᠪᠤᠷᠢ ᠶᠢᠨ ᠪᠠᠷᠢᠮᠵᠢᠶ᠎ᠠ ᠶᠢ ᠵᠤᠬᠢᠰᠳᠠᠢ ᠲᠤᠬᠳᠠᠭᠠᠬᠤ ᠬᠡᠷᠡᠭᠳᠡᠢ᠃     ᠦᠪᠠᠷᠳᠡᠭᠡᠨ ᠵᠠᠰᠠᠬᠤ ᠤᠷᠤᠨ ᠤ ᠨᠦᠬᠦᠪᠤᠷᠢ ᠶᠢᠨ ᠪᠠᠷᠢᠮᠵᠢᠶ᠎ᠠ ᠶᠤᠰᠤᠭᠠᠷ ᠬᠦᠮᠦᠨ ᠪᠦᠷᠢ ᠳᠤ 1.5 ᠲᠦᠮᠠᠨ ᠲᠦᠬᠦᠷᠢᠭ ᠤᠨ ᠨᠦᠬᠦᠪᠤᠷᠢ ᠤᠯᠭᠤᠨ᠎ᠠ᠃     ︵ᠬᠤᠶᠠᠷ︶ ᠲᠦᠷᠦᠯ ᠵᠦᠢᠯ ᠤᠨ ᠪᠠᠯᠠ ᠮᠦᠩᠬᠦ ᠶᠢ ᠶᠡᠭᠡ ᠬᠦᠴᠦᠨ ᠢᠶᠠᠷ ᠨᠢᠭᠡᠳᠦᠬᠦᠯᠬᠦ ᠬᠡᠷᠡᠭᠳᠡᠢ᠃     1. ᠮᠠᠯ ᠲᠠᠷᠢᠶᠠᠯᠠᠩ ᠳᠤ ᠬᠤᠯᠪᠤᠬᠳᠠᠬᠤ ᠲᠦᠷᠦᠯ ᠵᠦᠢᠯ ᠤᠨ ᠪᠠᠯᠠ ᠮᠦᠩᠬᠦ ᠶᠢ ᠨᠢᠭᠡᠳᠦᠯᠳᠠᠢ ᠲᠤᠬᠢᠷᠠᠭᠤᠯᠵᠤ ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ᠂ ᠶᠠᠳᠠᠭᠤ ᠶᠢ ᠲᠠᠳᠬᠦᠬᠦ ᠲᠦᠷᠦᠯ ᠵᠦᠢᠯ ᠤᠨ ᠲᠦᠬᠦᠷᠵᠢᠬᠦᠯᠬᠦ ᠬᠦᠴᠦᠯᠠᠴᠠ ᠶᠢ ᠶᠡᠬᠡᠰᠭᠡᠬᠦ ᠬᠡᠷᠡᠭᠳᠡᠢ᠃ ᠡᠬᠦᠨ ᠤ ᠵᠠᠷᠭᠡᠪᠠᠷ ᠵᠠᠮ ᠬᠠᠷᠢᠯᠴᠠᠭ᠎ᠠ᠂ ᠮᠠᠯ ᠲᠠᠷᠢᠶᠠᠯᠠᠩ᠂ ᠤᠰᠤᠨ ᠠᠰᠢᠬᠯᠠᠯᠳᠠ᠂ ᠤᠢ ᠰᠢᠭᠤᠢ᠂ ᠶᠠᠳᠠᠭᠤ ᠶᠢ ᠲᠠᠳᠬᠦᠬᠦ᠂ ᠨᠠᠶᠢᠭᠡᠮ ᠤᠨ ᠠᠵᠢᠯ ᠤᠶᠢᠯᠠᠰ᠂ ᠵᠢᠵᠢᠭ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ᠂ ᠭᠠᠵᠠᠷ ᠰᠢᠨᠵᠢᠯᠠᠭᠡᠨ ᠤ ᠭᠠᠮᠰᠢᠭ ᠢ ᠰᠠᠷᠭᠡᠶᠢᠯᠠᠬᠦ ᠵᠠᠷᠭᠡ ᠲᠠᠯ᠎ᠠ ᠪᠠᠷ ᠲᠦᠯᠦᠪᠵᠢᠬᠦᠯᠭᠡ ᠬᠢᠵᠤ ᠰᠠᠶᠢᠳᠤᠷ ᠵᠠᠯᠭᠠᠯᠳᠤᠭᠤᠯᠬᠤ. ᠬᠡᠷᠡᠭᠳᠡᠢ᠃ ︽ᠠᠷᠭ᠎ᠠ ᠵᠠᠮ ᠨᠢ ᠡᠮᠬᠢ ᠵᠠᠮᠪᠠᠷᠠᠭ᠎ᠠ ᠲᠠᠢ᠂ ᠬᠡᠷᠡᠭᠴᠡᠭᠡ ᠨᠢ ᠬᠤᠪᠢᠷᠠᠬᠤ ᠦᠭᠡᠢ᠂ ᠲᠤᠰ ᠲᠤᠰ ᠲᠠᠭᠠᠨ ᠬᠠᠷᠢᠭᠤᠴᠠᠬᠤ︾ ᠵᠠᠷᠴᠢᠮ ᠢᠶᠠᠷ ᠬᠠᠮᠢᠶ᠎ᠠ ᠪᠦᠬᠦᠢ ᠪᠠᠯᠠ ᠮᠦᠩᠬᠦ ᠶᠢ ᠲᠢᠭᠯᠡᠵᠤ᠂ ᠨᠠᠬᠦᠬᠦ ᠳᠤ ᠲᠤᠬᠢᠷᠠᠭᠤᠯᠬᠤ ᠲᠤᠭᠤᠷᠢᠭ ᠤᠨ ᠰᠠᠭᠤᠬᠤ ᠬᠡᠷ᠂ ᠵᠠᠰᠠᠮᠠᠯ ᠵᠠᠮ᠂ ᠲᠠᠷᠢᠶᠠᠯᠠᠩ᠂ ᠤᠤᠭᠤᠬᠤ ᠤᠰᠤ᠂ ᠨᠠᠶᠢᠭᠡᠮ ᠤᠨ ᠠᠵᠢᠯ ᠤᠶᠢᠯᠠᠰ ᠵᠠᠷᠭᠡ ᠲᠠᠯ᠎ᠠ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠬᠤ ᠬᠡᠷᠡᠭᠳᠡᠢ᠃     2. ᠬᠠᠮᠢᠶ᠎ᠠ ᠪᠦᠬᠦᠢ ᠪᠠᠶᠢᠭᠤᠯᠤᠯᠭ᠎ᠠ ᠪᠠ ᠮᠦᠩᠬᠦᠨ ᠬᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠳᠠᠢ ᠬᠠᠮᠵᠢᠯᠴᠠᠨ᠂ ᠪᠠᠯᠠ ᠴᠤᠬᠯᠠᠭᠤᠯᠬᠤ ᠠᠷᠭ᠎ᠠ ᠵᠠᠮ ᠢᠶᠠᠨ ᠦᠷᠭᠡᠳᠭᠡᠵᠤ᠂ ᠠᠮᠢ ᠠᠬᠤᠢ ᠪᠠᠭᠤᠷᠠᠢ ᠤᠷᠤᠨ ᠤ ᠠᠷᠠᠳ ᠎ ᠢ ᠨᠠᠬᠦᠯᠭᠡᠬᠦ ᠪᠠ ᠲᠦᠪᠬᠢᠨᠠᠬᠦᠯᠬᠦ ᠲᠤᠭᠤᠷᠢᠭ ᠤᠨ ᠬᠤᠶᠢᠨᠠᠬᠢ ᠠᠵᠤ ᠤᠶᠢᠯᠠᠰ ᠤᠨ ᠬᠦᠭᠵᠢᠯᠳᠠ ᠶᠢ ᠲᠠᠮᠵᠢᠬᠦ ᠬᠡᠷᠡᠭᠳᠡᠢ᠃ ᠢᠳᠡᠭᠡᠮᠵᠢᠳᠤ ᠵᠢᠭᠡᠯᠡᠯᠭᠡ ᠪᠠᠷ ᠶᠠᠳᠠᠭᠤ ᠶᠢ ᠲᠠᠳᠬᠦᠬᠦ ᠪᠠᠯᠠ ᠮᠦᠩᠬᠦ ᠶᠢ ᠨᠠᠬᠦᠯᠭᠡᠬᠦ ᠠᠷᠠᠳ ᠤᠨ ᠬᠡᠷ ᠪᠠᠷᠢᠬᠤ ᠳᠤ ᠤᠷᠢᠳᠠᠪᠠᠷ ᠲᠠᠮᠵᠢᠯᠭᠡ ᠦᠵᠠᠬᠦᠯᠬᠦ ᠬᠡᠷᠡᠭᠳᠡᠢ᠃ ᠲᠠᠷᠢᠶᠠᠯᠠᠩ ᠤᠨ ᠪᠠᠩᠬᠢ᠂ ᠲᠠᠷᠢᠶᠠᠯᠠᠩ ᠤᠨ ᠬᠦᠭᠵᠢᠬᠦᠯᠦᠯᠳᠠ ᠶᠢᠨ ᠪᠠᠩᠬᠢ᠂ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠵᠠᠷᠭᠡ ᠨᠢ ᠲᠦᠪᠬᠢᠨᠠᠬᠦᠯᠬᠦ ᠤᠷᠤᠨ ᠤ ᠬᠤᠶᠢᠨᠠᠬᠢ ᠠᠵᠤ ᠤᠶᠢᠯᠠᠰ ᠤᠨ ᠬᠦᠭᠵᠢᠯᠳᠠ ᠳᠤ ᠲᠠᠮᠵᠢᠯᠭᠡ ᠦᠵᠠᠬᠦᠯᠬᠦ ᠪᠠᠨ ᠴᠢᠩᠭᠠᠳᠬᠠᠬᠤ ᠬᠡᠷᠡᠭᠳᠡᠢ᠃     ︵ᠭᠤᠷᠪᠠ︶ ᠠᠮᠢ ᠠᠬᠤᠢ ᠪᠠᠭᠤᠷᠠᠢ ᠤᠷᠤᠨ ᠤ ᠶᠠᠳᠠᠭᠤ ᠶᠢ ᠲᠠᠳᠬᠦᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠪᠠᠨ ᠦᠨᠠᠩᠬᠦ ᠲᠠᠭᠡᠭᠰᠢᠯᠠᠬᠦᠯᠬᠦ ᠬᠡᠷᠡᠭᠳᠡᠢ᠃    1. ᠲᠦᠪᠬᠢᠨᠠᠬᠦᠯᠬᠦ ᠠᠷᠠᠳ ᠲᠤ ᠬᠦᠮᠦᠨ ᠪᠦᠷᠢ ᠳᠤ ᠬᠠᠮᠤᠭ ᠪᠠᠭ᠎ᠠ ᠳᠠᠭᠠᠨ 0.5 ᠮᠤ᠋ ᠶᠢᠨ ᠦᠨᠳᠤᠰᠤᠨ ᠲᠠᠷᠢᠶᠠᠨ ᠭᠠᠵᠠᠷ ᠪᠠᠶᠢᠬᠤ ᠶᠢ ᠪᠠᠳᠤᠯᠠᠨ᠎ᠠ᠃ ᠲᠦᠪᠬᠢᠨᠠᠬᠦᠯᠬᠦ ᠠᠷᠠᠳ ᠲᠤ ᠬᠡᠷᠡᠭᠯᠠᠬᠦ ᠰᠠᠭᠤᠷᠢᠰᠢᠯ ᠤᠨ ᠭᠠᠵᠠᠷ ᠪᠠ ᠲᠠᠷᠢᠶᠠᠨ ᠭᠠᠵᠠᠷ ᠨᠢ ᠤᠯᠤᠰ ᠤᠨ ᠦᠮᠴᠢᠯᠠᠯᠳᠤ ᠠᠳᠠᠷ ᠠᠭᠤᠯᠠ᠂ ᠠᠳᠠᠷ ᠭᠠᠵᠠᠷ ᠪᠤᠯ ᠬᠠᠮᠢᠶ᠎ᠠ ᠪᠦᠬᠦᠢ ᠰᠢᠶᠠᠩ ᠪᠠᠯᠭᠠᠰᠤ᠂ ᠲᠠᠯᠠᠪᠠᠢ ᠨᠢ ᠦᠨ᠎ᠠ ᠲᠦᠯᠦᠪᠤᠷᠢ ᠦᠭᠡᠢ ᠪᠠᠷ ᠨᠠᠬᠦᠭᠰᠡᠨ ᠠᠷᠠᠳ ᠲᠤ ᠲᠠᠭᠠᠭᠠᠴᠢᠯᠠᠨ ᠦᠭᠬᠦᠨ᠎ᠠ᠃ ᠨᠠᠶᠢᠳᠠ ᠶᠢᠨ ᠭᠠᠵᠠᠷ ᠰᠢᠷᠦᠢ ᠳᠤ ᠬᠠᠷᠢᠶᠠᠯᠠᠬᠳᠠᠪᠠᠯ ᠪᠤᠳᠠᠳᠠᠢ ᠬᠡᠷᠡᠭᠯᠠᠵᠤ ᠪᠤᠯᠬᠤ ᠲᠠᠯᠠᠪᠠᠢ ᠶᠤᠰᠤᠭᠠᠷ ᠵᠦᠪᠳᠠᠯᠴᠠᠨ ᠲᠤᠬᠢᠷᠠᠭᠤᠯᠬᠤ ᠪᠤᠶᠤ ᠵᠤᠬᠢᠬᠤ ᠬᠡᠮᠵᠢᠶᠠᠨ ᠤ ᠲᠦᠯᠦᠪᠤᠷᠢ ᠦᠭᠴᠤ᠂ ᠨᠠᠬᠦᠬᠦ ᠠᠷᠠᠳ ᠲᠤ ᠲᠠᠭᠠᠭᠠᠴᠢᠯᠠᠨ ᠦᠭᠬᠦᠨ᠎ᠠ    2. ᠨᠦᠬᠦᠴᠠᠯ ᠲᠠᠢ ᠪᠤᠯ ᠨᠠᠬᠦᠬᠦ ᠠᠷᠠᠳ ᠲᠤ ᠭᠠᠵᠠᠷ ᠲᠤᠬᠢᠷᠠᠭᠤᠯᠵᠤ ᠦᠭᠬᠦ ᠦᠭᠡᠢ ᠶᠢ ᠬᠡᠷᠡᠭᠵᠢᠬᠦᠯᠵᠤ᠂ ᠬᠤᠳᠠ ᠪᠠᠯᠭᠠᠰᠤᠨ ᠳᠤ ᠨᠠᠬᠦᠯᠭᠡᠵᠤ᠂ ᠲᠠᠷᠢᠶᠠᠯᠠᠩ ᠮᠠᠯᠵᠢᠯ ᠤᠨ ᠪᠤᠰᠤ ᠤᠶᠢᠯᠠᠳᠪᠤᠷᠢᠯᠠᠯ ᠳᠤ ᠤᠷᠤᠯᠴᠠᠭᠤᠯᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠲᠠᠬᠦᠯᠳᠠᠷᠵᠢᠬᠦᠯᠵᠤ᠂ ᠲᠤᠬᠠᠢ ᠶᠢᠨ ᠭᠠᠵᠠᠷ ᠎ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢ ᠬᠠᠷᠠᠭᠠᠯᠵᠠᠯᠠᠯ ᠬᠦᠷᠳᠡᠭᠡᠨ᠎ᠠ᠃    3. ᠬᠦᠳᠠᠯᠮᠤᠷᠢ ᠬᠦᠴᠦᠨ ᠤ ᠪᠤᠯᠪᠠᠰᠤᠷᠠᠯ ᠤᠨ ᠬᠦᠴᠦᠯᠠᠴᠠ ᠪᠠᠨ ᠴᠢᠩᠭᠠᠳᠬᠠᠵᠤ᠂ ᠠᠮᠢ ᠠᠬᠤᠢ ᠪᠠᠭᠤᠷᠠᠢ ᠤᠷᠤᠨ ᠤ ᠶᠠᠳᠠᠭᠤ ᠶᠢ ᠲᠠᠳᠬᠦᠵᠤ ᠨᠠᠬᠦᠯᠭᠡᠭᠰᠠᠨ ᠡᠷᠦᠭᠡ ᠶᠢᠨ ᠬᠡᠦᠭᠡᠳ ᠲᠤ ᠠᠵᠢᠯ ᠮᠠᠷᠭᠡᠵᠢᠯ ᠤᠨ ᠪᠤᠯᠪᠠᠰᠤᠷᠠᠯ ᠪᠠ ᠬᠦᠳᠠᠯᠮᠤᠷᠢ ᠤᠶᠢᠯᠠᠴᠢᠯᠠᠭᠡᠨ ᠤ ᠴᠢᠳᠠᠪᠤᠷᠢ ᠶᠢᠨ ᠪᠤᠯᠪᠠᠰᠤᠷᠠᠯ ᠢ ᠤᠷᠢᠳᠠᠪᠠᠷ ᠬᠦᠷᠳᠡᠭᠡᠵᠤ᠂ ᠤᠶᠢᠯᠠᠳᠪᠤᠷᠢᠯᠠᠯ ᠤᠨ ᠬᠡᠷᠡᠭᠴᠡᠭᠡ ᠶᠢ ᠪᠠᠳᠤᠯᠠᠨ᠎ᠠ᠃ ᠨᠠᠬᠦᠭᠰᠡᠨ ᠠᠷᠠᠳ ᠲᠤ ᠬᠡᠷᠡᠭᠯᠡᠭᠡᠨ  ᠎ ᠤ ᠮᠠᠷᠭᠡᠵᠢᠯ ᠤᠨ ᠪᠤᠯᠪᠠᠰᠤᠷᠠᠯ ᠪᠠ ᠬᠦᠳᠠᠯᠮᠤᠷᠢ ᠬᠦᠴᠦᠨ ᠤ ᠪᠤᠯᠪᠠᠰᠤᠷᠠᠯ ᠢ ᠦᠨ᠎ᠠ ᠲᠦᠯᠦᠪᠤᠷᠢ ᠦᠭᠡᠢ ᠪᠠᠷ ᠬᠠᠩᠭᠠᠨ᠎ᠠ᠃     ︵ᠲᠦᠷᠪᠠ︶ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠬᠠᠮᠢᠶᠠᠷᠤᠯᠳᠠ ᠬᠢᠨᠠᠯᠳᠠ ᠶᠢᠨ ᠲᠦᠷᠢᠮ ᠢ ᠪᠠᠶᠢᠭᠤᠯᠤᠨ ᠲᠠᠬᠦᠯᠳᠠᠷᠵᠢᠬᠦᠯᠦᠨ᠎ᠠ᠃     ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠡᠳ᠋ ᠤᠨ ᠵᠠᠰᠠᠭ ᠤᠨ ᠪᠠᠯᠠ ᠮᠦᠩᠬᠦ ᠶᠢᠨ ᠬᠠᠮᠢᠶᠠᠷᠤᠯᠳᠠ ᠳᠤ ᠲᠤᠰᠬᠠᠢ ᠡᠷᠦᠭᠡ ᠪᠠᠷ ᠬᠠᠳᠠᠭᠠᠯᠠᠬᠤ᠂ ᠲᠤᠰᠬᠠᠢ ᠲᠠᠩᠰᠠ ᠪᠠᠷ ᠬᠠᠮᠢᠶᠠᠷᠬᠤ᠂ ᠲᠤᠰᠬᠠᠢ ᠵᠤᠭᠤᠰ ᠢ ᠲᠤᠰᠬᠠᠢ ᠬᠡᠷᠡᠭᠯᠠᠵᠤ ᠪᠢᠳᠠᠬᠦᠮᠵᠢᠯᠠᠨ ᠶᠠᠪᠤᠬᠳᠠᠭᠤᠯᠤᠨ᠎ᠠ᠃ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠤᠰᠤᠭᠠᠷ ᠴᠠᠭ ᠲᠤᠬᠠᠢ ᠳᠤᠨᠢ ᠬᠡᠮᠵᠢᠶ᠎ᠠ ᠶᠤᠰᠤᠭᠠᠷ ᠰᠠᠯᠭᠠᠨ ᠦᠭᠬᠦᠨ᠎ᠠ᠃ ᠰᠢᠬᠠᠨ ᠡᠵᠡᠯᠠᠵᠤ ᠨᠠᠬᠦᠯᠭᠡᠨ ᠬᠡᠷᠡᠭᠯᠠᠵᠤ ᠪᠤᠯᠬᠤ ᠦᠭᠡᠢ᠃ ᠵᠠᠰᠠᠭ ᠤᠨ ᠶᠠᠪᠤᠳᠠᠯ ᠢ ᠢᠯᠠ ᠪᠠᠶᠢᠯᠭᠠᠬᠤ᠂ ᠭᠠᠴᠠᠭᠠᠨ ᠤ ᠶᠠᠪᠤᠳᠠᠯ ᠢ ᠢᠯᠠ ᠪᠠᠶᠢᠯᠭᠠᠬᠤ ᠵᠠᠷᠭᠡ ᠠᠷᠭ᠎ᠠ ᠮᠠᠶ᠋ᠢᠭ  ᠎ ᠢᠶᠠᠷ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠲᠦᠷᠦ ᠶᠢᠨ ᠪᠤᠳᠤᠯᠭ᠎ᠠ᠂ ᠡᠯ᠎ᠡ ᠲᠦᠷᠦᠯ ᠤᠨ ᠪᠠᠯᠠ ᠤᠷᠤᠭᠤᠯᠤᠯᠳᠠ ᠵᠢᠴᠢ ᠨᠦᠬᠦᠪᠤᠷᠢ ᠮᠦᠩᠬᠦ ᠶᠢᠨ ᠪᠦᠷᠢᠯᠳᠤᠴᠠ᠂ ᠲᠦᠪᠬᠢᠨᠠᠬᠦᠯᠬᠦ ᠪᠠᠷ ᠲᠦᠯᠦᠪᠯᠠᠵᠤ ᠪᠠᠶᠢᠬᠤ ᠭᠠᠵᠠᠷ ᠤᠨ ᠦᠨᠳᠤᠰᠤᠨ ᠪᠠᠶᠢᠳᠠᠯ ᠳᠤ ᠨᠠᠬᠦᠯᠭᠡᠬᠦ ᠢᠨᠵᠧᠨᠧᠷᠢᠭ ᠤᠨ ᠭᠤᠤᠯ ᠪᠦᠳᠦᠭᠡᠨ ᠪᠠᠶᠢᠭᠤᠯᠤᠯᠳᠠ ᠶᠢᠨ ᠠᠭᠤᠯᠭ᠎ᠠ᠂ ᠨᠠᠬᠦᠯᠬᠡᠬᠦ ᠡᠳᠡᠭᠡᠳ ᠤᠨ ᠨᠦᠬᠦᠴᠠᠯ ᠪᠠᠯᠠ ᠮᠦᠩᠬᠦ ᠶᠢ ᠬᠡᠷᠡᠭᠯᠠᠬᠦ ᠵᠠᠷᠭᠡ ᠬᠠᠮᠢᠶ᠎ᠠ ᠪᠦᠬᠦᠢ ᠠᠭᠤᠯᠭ᠎ᠠ ᠳᠤ ᠨᠠᠶᠢᠳᠠᠯᠠᠯᠳᠠ ᠬᠢᠵᠤ᠂ ᠲᠦᠪ ᠴᠢᠭᠡᠴᠢ᠂ ᠲᠡᠭᠰᠢ᠂ ᠢᠯᠠ ᠪᠠᠶᠢᠬᠤ ᠶᠢ ᠪᠠᠳᠤᠯᠠᠨ᠎ᠠ᠃ ᠡᠬᠦᠨ ᠤ ᠵᠠᠷᠭᠡᠪᠠᠷ ᠲᠦᠷᠦᠯ ᠵᠦᠢᠯ ᠤᠨ ᠲᠠᠩᠰᠠ ᠡᠪᠬᠡᠮᠠᠯ ᠎ ᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠬᠤ᠂ ᠲᠦᠷᠦᠯ ᠵᠦᠢᠯ ᠤᠨ ᠵᠢᠷᠤᠭ ᠲᠦᠷᠰᠤ᠂ ᠪᠢᠴᠢᠭ ᠮᠠᠲ᠋ᠧᠷᠢᠶᠠᠯ ᠎ ᠤᠨ ᠲᠠᠩᠰᠠ ᠡᠪᠬᠡᠮᠠᠯ᠂ ᠨᠠᠬᠦᠬᠦ ᠡᠷᠦᠭᠡ ᠶᠢᠨ ᠨᠠᠬᠦᠨ ᠰᠢᠯᠵᠢᠬᠦ ᠭᠤᠶᠤᠴᠢᠯᠠᠯ ᠤᠨ ᠪᠢᠴᠢᠭ᠂ ᠨᠠᠬᠦᠬᠦ ᠡᠷᠦᠭᠡ ᠶᠢᠨ ᠨᠠᠷᠠᠰ ᠤᠨ ᠲᠠᠪᠳᠠᠷ᠂ ᠰᠢᠯᠭᠠᠨ ᠬᠤᠷᠢᠶᠠᠬᠤ ᠰᠠᠨᠠᠯ ᠵᠠᠷᠭᠡ ᠶᠢ ᠰᠠᠶᠢᠳᠤᠷ ᠬᠢᠬᠦ ᠬᠡᠷᠡᠭᠳᠡᠢ᠃     ᠲᠠᠪᠤ᠂ ᠤᠳᠤᠷᠢᠳᠤᠯᠭ᠎ᠠ ᠪᠠᠨ ᠴᠢᠩᠭᠠᠳᠬᠠᠵᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠤᠨ ᠤᠷᠤᠬᠰᠢᠳᠠᠢ ᠶᠠᠪᠤᠬᠳᠠᠬᠤ ᠶᠢ ᠪᠠᠳᠤᠯᠠᠬᠤ ᠬᠡᠷᠡᠭᠳᠡᠢ᠃     ᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠳᠤᠮᠵᠢ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠨᠢ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠤᠨ ᠵᠤᠬᠢᠶᠠᠨ ᠪᠠᠶᠢᠭᠤᠯᠤᠯᠳᠠ ᠤᠳᠤᠷᠢᠳᠤᠯᠭ᠎ᠠ ᠪᠠᠨ ᠦᠨᠠᠩᠬᠦ ᠴᠢᠩᠭᠠᠳᠬᠠᠵᠤ᠂ ᠰᠢᠨ᠎ᠠ ᠪᠠᠷ ᠨᠢᠭᠡᠳᠦᠯᠳᠠᠢ ᠲᠦᠯᠦᠪᠯᠠᠵᠤ ᠨᠠᠷᠢᠯᠢᠭ ᠪᠠᠶᠢᠷᠢᠯᠠᠭᠤᠯᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠢᠳᠠᠪᠬᠢᠳᠠᠢ ᠰᠤᠳᠤᠯᠵᠤ᠂ ᠠᠵᠢᠯ ᠤᠨ ᠲᠤᠬᠳᠠᠴᠠ ᠶᠢ ᠪᠠᠶᠢᠭᠤᠯᠬᠤ ᠪᠠ ᠲᠠᠬᠦᠯᠳᠠᠷᠵᠢᠬᠦᠯᠵᠤ᠂ ᠠᠰᠢᠬᠳᠠᠢ ᠲᠤᠬᠢᠶᠠᠯ ᠢ ᠠᠳᠬᠤᠵᠤ᠂ ᠠᠬᠢᠴᠠ ᠪᠠᠨ ᠲᠦᠷᠭᠡᠳᠭᠡᠵᠤ᠂ ᠪᠤᠳᠠᠳᠠᠢ ᠪᠠᠶᠢᠳᠠᠯ ᠎ ᠳᠤ ᠴᠢᠭᠯᠡᠬᠦᠯᠦᠨ ᠬᠠᠷᠢᠭᠤᠴᠠᠬᠤ ᠠᠷᠭ᠎ᠠ ᠪᠠᠨ ᠰᠤᠳᠤᠯᠵᠤ᠂ ᠪᠦᠳᠦᠮᠵᠢᠳᠠᠢ ᠠᠷᠭ᠎ᠠ ᠪᠤᠳᠤᠯᠭ᠎ᠠ ᠶᠢ ᠲᠤᠬᠳᠠᠭᠠᠬᠤ ᠬᠡᠷᠡᠭᠳᠠᠢ᠃ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠦᠪᠠᠷ ᠤᠨ ᠬᠠᠷᠢᠭᠤᠴᠠᠯᠭ᠎ᠠ ᠪᠠᠨ ᠦᠨᠳᠤᠰᠤᠯᠠᠵᠤ᠂ ᠠᠵᠢᠯ ᠎ ᠢᠶᠠᠨ ᠬᠤᠪᠢᠶᠠᠨ ᠬᠠᠪᠰᠤᠷᠤᠨ ᠬᠠᠷᠢᠭᠤᠴᠠᠵᠤ᠂ ᠭᠠᠴᠠᠭ᠎ᠠ ᠲᠤᠰᠬᠤᠨ ᠳᠠᠬᠢ ᠵᠢᠯᠤᠭᠤᠳᠤᠯᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠶᠠᠪᠤᠭᠤᠯᠵᠤ ᠪᠠᠶᠢᠬᠤ ᠲᠤᠮᠳᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠲᠠᠮᠵᠢᠯᠭᠡ ᠪᠠ ᠪᠠᠯᠠ ᠮᠦᠩᠬᠦᠨ ᠤ ᠲᠠᠮᠵᠢᠯᠭᠡ ᠶᠢ ᠢᠳᠡᠪᠬᠢᠳᠠᠢ ᠲᠠᠮᠠᠴᠠᠨ ᠤᠯᠵᠤ᠂ ᠠᠮᠢ ᠠᠬᠤᠢ ᠪᠠᠭᠤᠷᠠᠢ ᠤᠷᠤᠨ ᠤ ᠠᠷᠠᠳ ᠢ ᠨᠠᠬᠦᠯᠭᠡᠵᠤ ᠶᠠᠳᠠᠭᠤ ᠶᠢ ᠲᠠᠳᠬᠦᠬᠦ ᠠᠵᠢᠯ ᠢ ᠢᠯᠭᠤᠮ ᠤᠷᠤᠬᠰᠢᠳᠠᠢ ᠶᠠᠪᠤᠬᠳᠠᠬᠤ ᠪᠠ ᠬᠠᠷᠠᠯᠳᠠ ᠡᠬᠦᠷᠭᠡ ᠶᠢ ᠪᠦᠬᠦ ᠲᠠᠯ᠎ᠠ ᠪᠠᠷ ᠪᠠᠶᠠᠯᠠᠬᠦᠯᠬᠦ ᠶᠢ ᠪᠠᠳᠤᠯᠠᠬᠤ ᠬᠡᠷᠡᠭᠳᠡᠢ᠃                                                                     ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ                          2015 ᠤᠨ ᠤ 5 ᠰᠠᠷ᠎ᠠ ᠶᠢᠨ 8᠎ ᠤ ᠡᠳᠦᠷ              
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号