ᠤᠩᠨᠢᠭᠤᠳ ᠵᠠᠰᠠᠭ ᠲᠠᠷᠬᠠᠭᠠᠬᠤ ﹇2015﹈ 162 ᠳ᠋ᠤᠭᠠᠷ ᠨᠤᠮᠧᠷᠳᠤ
ᠨᠡᠶᠢᠲᠡᠯᠡᠭᠰᠡᠨ ᠴᠠᠭ᠄
2016/4/18
           ᠤᠩᠨᠢᠭᠤᠳ ᠵᠠᠰᠠᠭ ᠲᠠᠷᠬᠠᠭᠠᠬᠤ ﹇2015﹈ 162 ᠳ᠋ᠤᠭᠠᠷ ᠨᠤᠮᠧᠷᠳᠤ            ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ︽ᠤᠩᠨᠢᠭᠤᠳ ᠬᠤᠰᠢᠭᠤᠨ ᠤ ﹇ᠠᠷᠪᠠ ᠶᠢ ᠪᠦᠷᠬᠦᠬᠦᠯᠬᠦ﹈ ᠢᠨᠵᠧᠨᠧᠷᠢᠭ ᠢ ﹇ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ﹈ ᠪᠠᠯᠠ ᠮᠦᠩᠬᠦ ᠎ ᠶᠢᠨ ᠬᠠᠮᠢᠶᠠᠷᠤᠯᠳᠠ ᠶᠢᠨ ᠠᠷᠭ᠎ᠠ︾᠎ ᠶᠢ ᠲᠠᠷᠤᠮᠠᠯᠯᠠᠨ ᠲᠠᠷᠬᠠᠭᠠᠬᠤ ᠲᠤᠬᠠᠢ ᠮᠠᠳᠡᠭᠳᠡᠯ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠡᠯ᠎ᠡ ᠤᠯᠤᠰ ᠠᠴᠠ ᠡᠷᠬᠢᠯᠡᠭᠰᠡᠨ ᠮᠠᠯ ᠲᠠᠷᠢᠶᠠᠯᠠᠩ ᠤᠨ ᠲᠠᠯᠠᠪᠠᠢ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠡᠯ᠎ᠡ ᠰᠢᠭᠤᠳ ᠬᠠᠷᠢᠶ᠎ᠠ ᠪᠠᠶᠢᠭᠤᠯᠤᠯᠭ᠎ᠠ ᠳᠤ᠄      ᠬᠤᠰᠢᠭᠤᠨ ᠤ ᠵᠠᠰᠠᠭ ᠤᠨ ᠤᠷᠳᠤᠨ ᠤ ᠵᠦᠪᠰᠢᠶᠠᠷᠠᠯ ᠢᠶᠠᠷ ᠲᠠᠮᠵᠢᠨ ᠲᠤᠤᠷ᠎ᠠ ︽ᠤᠩᠨᠢᠭᠤᠳ ᠬᠤᠰᠢᠭᠤᠨ ᠎ ᠤ ﹇ᠠᠷᠪᠠ ᠶᠢ ᠪᠦᠷᠬᠦᠬᠦᠯᠬᠦ﹈ ᠢᠨᠵᠧᠨᠧᠷᠢᠭ ᠢ ﹇ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ﹈ ᠪᠠᠯᠠ ᠮᠦᠩᠬᠦ ᠶᠢᠨ ᠬᠠᠮᠢᠶᠠᠷᠤᠯᠳᠠ ᠶᠢᠨ ᠠᠷᠭ᠎ᠠ︾᠎ ᠶᠢ ᠲᠠᠨᠠᠷ ᠲᠤ ᠲᠠᠷᠤᠮᠠᠯᠯᠠᠨ ᠲᠠᠷᠬᠠᠭᠠᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠤ ᠬᠡᠷᠡᠭᠵᠢᠬᠦᠯᠳᠦᠭᠡᠢ᠃                      ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ                             2015 ᠤᠨ ᠤ 8 ᠰᠠᠷᠠᠶᠢᠨ 3᠎ ᠤ ᠡᠳᠦᠷ       ᠤᠩᠨᠢᠭᠤᠳ ᠬᠤᠰᠢᠭᠤᠨ  ᠎ ᠤ ︽ᠠᠷᠪᠠ ᠶᠢ ᠪᠦᠷᠬᠦᠬᠦᠯᠬᠦ︾  ᠢᠨᠵᠧᠨᠧᠷᠢᠭ ᠤᠨ  ﹇ᠤᠷᠢᠳᠠᠪᠠᠷ       ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ﹈ ᠪᠠᠯᠠ ᠮᠦᠩᠬᠦ ᠶᠢᠨ ᠬᠠᠮᠢᠶᠠᠷᠤᠯᠳᠠ ᠶᠢᠨ ᠠᠷᠭ᠎ᠠ     ᠨᠢᠭᠡᠳᠦᠭᠡᠷ ᠵᠤᠷᠪᠤᠰ᠂ ᠪᠦᠬᠦ ᠬᠤᠰᠢᠭᠤᠨ ᠤ ︽ᠠᠷᠪᠠ ᠶᠢ ᠪᠦᠷᠬᠦᠬᠦᠯᠬᠦ︾ ᠢᠨᠵᠧᠨᠧᠷᠢᠭ ᠤᠨ ᠬᠠᠮᠢᠶ᠎ᠠ ᠪᠦᠬᠦᠢ ᠱᠠᠭᠠᠷᠳᠠᠯᠭ᠎ᠠ ᠪᠠ ︽ᠠᠷᠪᠠ ᠶᠢ ᠪᠦᠷᠬᠦᠬᠦᠯᠬᠦ︾ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠬᠤᠷᠠᠯᠳᠤᠭᠠᠨ ᠎ ᠤ ᠵᠤᠷᠢᠭ ᠰᠠᠨᠠᠭ᠎ᠠ ᠶᠢ ᠦᠨᠳᠤᠰᠤᠯᠠᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠠᠷᠭ᠎ᠠ ᠶᠢ ᠲᠤᠬᠳᠠᠭᠠᠪᠠ᠃     ᠬᠤᠶᠠᠳᠤᠭᠠᠷ ᠵᠤᠷᠪᠤᠰ᠂ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠪᠤᠯ ᠬᠤᠰᠢᠭᠤᠨ ᠤ ︽ᠠᠷᠪᠠ ᠶᠢ ᠪᠦᠷᠬᠦᠬᠦᠯᠬᠦ︾ ᠠᠵᠢᠯ ᠤᠨ ᠤᠳᠤᠷᠢᠳᠬᠤ ᠲᠤᠭᠤᠶᠢᠯᠠᠩ ᠤᠨ ᠴᠤᠬᠤᠯᠠᠪᠤᠷᠢᠯᠠᠬᠰᠠᠨ ᠪᠦᠳᠦᠭᠡᠨ ᠪᠠᠶᠢᠭᠤᠯᠤᠯᠳᠠ ᠶᠢᠨ ᠠᠭᠤᠯᠭ᠎ᠠ ᠶᠢ ᠦᠨᠳᠤᠰᠤᠯᠠᠵᠤ᠂ ᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ ᠤᠨ ᠦᠪᠠᠷᠳᠡᠭᠡᠨ ᠤᠷᠢᠳᠠᠪᠠᠷ ᠪᠠᠶᠢᠭᠤᠯᠵᠤ ᠪᠠᠶᠢᠬᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠪᠤᠯᠤᠨ᠎ᠠ᠃ ᠲᠦᠷᠦᠯ ᠵᠦᠢᠯ ᠢ ᠪᠦᠳᠦᠭᠡᠨ ᠪᠠᠶᠢᠭᠤᠯᠵᠤ ᠲᠠᠭᠤᠰᠤᠬᠰᠠᠨ ᠤ ᠲᠠᠷᠠᠭ᠎ᠠ ᠪᠦᠳᠦᠭᠡᠨ ᠪᠠᠶᠢᠭᠤᠯᠤᠯᠳᠠ ᠶᠢᠨ ᠠᠭᠤᠯᠭ᠎ᠠ ᠳᠤ ᠡᠳ᠋ ᠤᠨ ᠵᠠᠰᠠᠭ ᠤᠨ ᠨᠦᠬᠦᠪᠤᠷᠢ ᠶᠢ ᠦᠭᠬᠦ‍ ᠨᠢᠭᠡ ᠵᠦᠢᠯ ᠤᠨ ᠲᠦᠷᠦᠯ ᠵᠦᠢᠯ ᠎ ᠤᠨ ᠬᠠᠮᠢᠶᠠᠷᠤᠯᠳᠠ ᠶᠢᠨ ᠵᠠᠬᠪᠤᠷ ᠪᠤᠯᠤᠨ᠎ᠠ᠃     ᠭᠤᠷᠪᠠᠳᠤᠭᠠᠷ ᠵᠤᠷᠪᠤᠰ᠂ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠪᠠᠯᠠ ᠮᠦᠩᠬᠦ ᠶᠢ ᠬᠤᠰᠢᠭᠤᠨ ᠤ ︽ᠠᠷᠪᠠ ᠶᠢ ᠪᠦᠷᠬᠦᠬᠦᠯᠬᠦ︾ ᠠᠵᠢᠯ ᠤᠨ ᠤᠳᠤᠷᠢᠳᠬᠤ ᠲᠤᠭᠤᠶᠢᠯᠠᠩ ᠤᠨ ᠲᠤᠬᠳᠠᠭᠠᠬᠰᠠᠨ ᠭᠠᠴᠠᠭ᠎ᠠ ᠲᠤᠰᠬᠤᠨ ᠤ ᠲᠤᠤᠷᠠᠬᠢ ᠮᠠᠳᠤ ᠭᠤᠤᠯ ᠪᠦᠳᠦᠭᠡᠨ ᠪᠠᠶᠢᠭᠤᠯᠤᠯᠳᠠ ᠶᠢᠨ ᠠᠭᠤᠯᠭ᠎ᠠ᠄ ︽ᠲᠦᠷᠪᠠ ᠶᠢ ᠴᠠᠪᠠᠷᠯᠠᠬᠦ︾ ᠢᠨᠵᠧᠨᠧᠷᠢᠭ᠂ ᠵᠠᠮ ᠤᠨ ᠬᠤᠶᠠᠷ ᠲᠠᠯ᠎ᠠ ᠶᠢᠨ ᠬᠡᠷᠡᠮ ᠬᠦᠷᠢᠶ᠎ᠠ ᠶᠢ ᠭᠤᠶᠤᠵᠢᠭᠤᠯᠬᠤ᠂ ᠵᠠᠬᠡᠯᠢ ᠭᠤᠳᠤᠮᠵᠢ ᠶᠢ ᠬᠠᠳᠠᠭᠤᠷᠠᠭᠤᠯᠬᠤ ︵ᠬᠠᠶᠢᠷ ᠴᠢᠯᠠᠭᠤᠨ ᠵᠠᠮ︶᠂ ᠬᠢᠯᠠᠴᠢᠯᠠᠬᠤ ᠪᠠ ᠨᠤᠭᠤᠭᠠᠷᠠᠭᠤᠯᠬᠤ ᠢᠨᠵᠧᠨᠧᠷᠢᠭ᠂ ᠰᠤᠶᠤᠯ ᠤᠨ ᠠᠵᠢᠯᠯᠠᠭᠠᠨ ᠤ ᠠᠭᠤᠳᠠᠮ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠵᠠᠷᠭᠡ ᠶᠢ ᠲᠠᠮᠵᠢᠨ᠎ᠠ᠃     ᠲᠦᠷᠪᠠᠳᠤᠭᠡᠷ ᠵᠤᠷᠪᠤᠰ᠂ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠲᠦᠷᠦᠯ ᠵᠦᠢᠯ ᠨᠢ ᠬᠡᠷᠡᠳᠤ ᠲᠦᠷᠢᠮ᠂ ᠬᠢᠨᠠᠨ ᠬᠠᠮᠢᠶᠠᠷᠬᠤ ᠲᠦᠷᠢᠮ᠂ ᠪᠠᠷᠢᠯᠭ᠎ᠠ ᠲᠠᠭᠤᠰᠤᠬᠰᠠᠨ ᠤ ᠲᠠᠷᠠᠭ᠎ᠠ ᠲᠠᠰᠤᠯᠤᠨ ᠪᠤᠳᠤᠬᠤ᠂ ᠬᠢᠨᠠᠨ ᠪᠤᠳᠤᠬᠤ ᠲᠦᠷᠢᠮ ᠢ ᠬᠡᠷᠡᠭᠵᠢᠬᠦᠯᠦᠨ᠎ᠠ᠃     ᠲᠠᠪᠤᠳᠤᠭᠠᠷ ᠵᠤᠷᠪᠤᠰ᠂ ᠲᠦᠷᠦᠯ ᠵᠦᠢᠯ ᠢ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠨᠢ ᠦᠪᠠᠷ ᠢᠶᠠᠨ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠠ᠃ ᠬᠠᠳᠠᠭᠤᠷᠠᠭᠤᠯᠬᠤ᠂ ᠭᠤᠶᠤᠵᠢᠭᠤᠯᠬᠤ᠂ ᠨᠤᠭᠤᠭᠠᠷᠠᠭᠤᠯᠬᠤ ᠂ ᠬᠢᠯᠠᠴᠢᠯᠠᠬᠤ ᠵᠠᠷᠭᠡ ᠪᠠᠯᠠ ᠤᠷᠤᠭᠤᠯᠤᠯᠳᠠ ᠶᠢᠨ ᠬᠡᠪᠴᠢᠶ᠎ᠠ ᠨᠠᠯᠢᠶᠠᠳ ᠶᠡᠭᠡ ᠲᠦᠷᠦᠯ ᠵᠦᠢᠯ ᠢ ᠪᠠᠷᠢᠯᠭ᠎ᠠ ᠶᠢᠨ ᠬᠢᠷᠢ ᠬᠡᠮ ᠲᠠᠢ ᠠᠵᠤ ᠠᠬᠤᠶᠢᠯᠠᠯ ᠢ ᠰᠢᠯᠢᠵᠤ ᠪᠦᠳᠦᠭᠡᠨ ᠪᠠᠶᠢᠭᠤᠯᠤᠨ᠎ᠠ᠃     ᠵᠢᠷᠭᠤᠳᠤᠭᠠᠷ ᠵᠤᠷᠪᠤᠰ᠂ ︽ᠤᠷᠢᠳᠠᠪᠠᠷ ᠪᠠᠶᠢᠭᠤᠯᠵᠤ᠂ ᠲᠠᠷᠠᠭ᠎ᠠ ᠨᠢ ᠨᠦᠬᠦᠪᠤᠷᠢᠯᠠᠬᠦ︾ ᠲᠦᠷᠦᠯ ᠵᠦᠢᠯ ᠤᠨ ᠨᠦᠬᠦᠪᠤᠷᠢ ᠶᠢᠨ ᠪᠠᠯᠠ ᠮᠦᠩᠬᠦ ᠶᠢᠨ ᠬᠡᠮᠵᠢᠶ᠎ᠠ ᠶᠢ ᠬᠤᠰᠢᠭᠤᠨ ᠤ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠤᠬᠳᠠᠭᠠᠬᠰᠠᠨ ᠲᠤᠭ᠎ᠠ ᠨᠤᠷᠮ᠎ᠠ ᠪᠠᠷ ᠪᠠᠷᠢᠮᠵᠢᠶ᠎ᠠ ᠪᠤᠯᠭᠠᠨ᠎ᠠ᠃ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠨᠢ ︽ᠤᠷᠢᠳᠠᠪᠠᠷ ᠪᠠᠶᠢᠭᠤᠯᠵᠤ ᠲᠠᠷᠠᠭ᠎ᠠ ᠨᠢ ᠨᠦᠬᠦᠪᠤᠷᠢᠯᠠᠬᠦ︾ ᠪᠠᠯᠠ ᠮᠦᠩᠬᠦᠨ ᠤ ᠲᠤᠰᠬᠠᠢ ᠲᠠᠩᠰᠠ ᠶᠢ ᠪᠠᠶᠢᠭᠤᠯᠵᠤ᠂ ᠠᠰ ᠲᠤᠨᠢ ᠲᠤᠭᠠᠴᠠᠭ᠎ᠠ ᠬᠢᠨ᠎ᠠ᠃     ᠲᠤᠯᠤᠳᠤᠭᠠᠷ ᠵᠤᠷᠪᠤᠰ᠂ ᠬᠠᠳᠠᠭᠤᠷᠠᠭᠤᠯᠬᠤ᠂ ᠭᠤᠶᠤᠵᠢᠭᠤᠯᠬᠤ᠂ ᠨᠤᠭᠤᠭᠠᠷᠠᠭᠤᠯᠬᠤ᠂ ᠬᠢᠯᠠᠴᠢᠯᠠᠬᠤ ᠵᠠᠷᠭᠡ ᠪᠠᠯᠠ ᠤᠷᠤᠭᠤᠯᠬᠤ ᠬᠡᠮᠵᠢᠶ᠎ᠠ ᠨᠠᠯᠢᠶᠠᠳ ᠶᠡᠭᠡ ᠪᠦᠭᠡᠳ ᠲᠤᠬᠳᠠᠮᠠᠯ ᠬᠦᠷᠦᠩᠭᠡ ᠪᠤᠯᠵᠤ ᠪᠦᠷᠢᠯᠳᠤᠬᠦ ᠲᠦᠷᠦᠯ ᠵᠦᠢᠯ ᠎ ᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠤᠷᠢᠶᠠᠨ ᠰᠢᠯᠭᠠᠵᠤ ᠬᠢᠷᠢ ᠲᠠᠩᠴᠡᠭᠰᠡᠨ ᠤ ᠲᠠᠷᠠᠭ᠎ᠠ᠂ ᠡᠳ᠋ ᠤᠨ ᠵᠠᠰᠠᠭ ᠎ ᠤᠨ ᠰᠠᠯᠠᠭ᠎ᠠ ᠮᠦᠴᠢᠷ ᠠᠴᠠ ᠬᠡᠷ᠎ᠡ ᠶᠢᠨ ᠦᠨ᠎ᠠ ᠶᠢᠨ 90%᠎ ᠶᠢ ᠰᠤᠮᠤ ᠰᠢᠶᠠᠩ ᠪᠠᠯᠭᠠᠰᠤ ᠲᠠᠯᠠᠪᠠᠢ ᠳᠤ ᠰᠢᠯᠵᠢᠬᠦᠯᠵᠤ ᠦᠭᠬᠦᠨ᠎ᠠ᠃ ᠨᠢᠭᠡ ᠵᠢᠯ ᠬᠦᠢᠴᠡᠭᠰᠡᠨ ᠤ ᠲᠠᠷᠠᠭ᠎ᠠ᠂ ᠶᠠᠰᠤ ᠴᠢᠨᠠᠷ ᠤᠨ ᠠᠰᠠᠭᠤᠳᠠᠯ ᠭᠠᠷᠬᠤ ᠦᠭᠡᠢ ᠪᠤᠯ ᠦᠯᠠᠳᠡᠭᠰᠡᠨ ᠬᠡᠰᠡᠭ ᠪᠠᠯᠠ ᠮᠦᠩᠬᠦ ᠶᠢ ᠰᠢᠯᠵᠢᠬᠦᠯᠵᠤ ᠦᠭᠬᠦᠨ᠎ᠠ᠃ ᠲᠠᠷᠬᠠᠢ ᠪᠤᠳᠠᠷᠬᠠᠢ ᠢᠨᠵᠧᠨᠧᠷᠢᠭ ᠢ ᠬᠠᠮᠢᠶ᠎ᠠ ᠪᠦᠬᠦᠢ ᠰᠠᠯᠠᠭ᠎ᠠ ᠮᠦᠴᠢᠷ ᠰᠢᠯᠭᠠᠨ ᠬᠤᠷᠢᠶᠠᠵᠤ ᠬᠢᠷᠢ ᠲᠠᠩᠴᠡᠭᠰᠡᠨ ᠤ ᠲᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠪᠠᠷᠢᠯᠭ᠎ᠠ ᠲᠠᠭᠤᠰᠤᠬᠰᠠᠨ ᠲᠠᠰᠤᠯᠤᠨ ᠪᠤᠳᠤᠬᠤ ᠬᠢᠨᠠᠨ ᠪᠤᠳᠤᠬᠰᠠᠨ ᠲᠤᠭ᠎ᠠ ᠪᠠᠷ ᠨᠢᠭᠡᠯᠡ ᠤᠳᠠᠭᠠᠨ ᠤ ᠴᠢᠨᠠᠷᠳᠠᠢ ᠪᠠᠷ ᠰᠤᠮᠤ ᠰᠢᠶᠠᠩ ᠪᠠᠯᠭᠠᠰᠤ ᠲᠠᠯᠠᠪᠠᠢ ᠳᠤ ᠰᠢᠯᠵᠢᠬᠦᠯᠦᠨ ᠦᠭᠬᠦᠨ᠎ᠠ᠃     ᠨᠠᠢᠮᠠᠳᠤᠭᠠᠷ ᠵᠤᠷᠪᠤᠰ᠂ ᠲᠠᠭᠡᠷ᠎ᠡ ᠱᠠᠳᠤᠨ ᠤ ᠲᠤᠰᠬᠠᠢ ᠲᠦᠷᠦᠯ ᠤᠨ ᠪᠠᠯᠠ ᠮᠦᠩᠬᠦ ᠪᠠᠷ ᠲᠠᠮᠵᠢᠬᠰᠠᠨ ︽ᠠᠷᠪᠠ ᠶᠢ ᠪᠦᠷᠬᠦᠬᠦᠯᠬᠦ︾ ᠵᠡᠬᠡᠯᠢ ᠭᠤᠳᠤᠮᠵᠢ ᠶᠢᠨ ᠬᠠᠳᠠᠭᠤᠷᠠᠭᠤᠯᠬᠤ ᠲᠦᠷᠦᠯ ᠵᠦᠢᠯ ᠪᠠ ︽ᠭᠤᠷᠪᠠ ᠲᠤᠰᠬᠤᠨ ᠎ ᠳᠤ ᠬᠦᠷᠬᠦ᠂ ᠭᠤᠷᠪᠠ ᠡᠷᠦᠭᠡ ᠳᠤ ᠬᠦᠷᠬᠦ︾ ᠲᠦᠷᠦᠯ ᠵᠦᠢᠯ ᠵᠢᠴᠢ ᠡᠶᠢᠮᠤᠷᠬᠦ ᠮᠠᠶ᠋ᠢᠭ ᠪᠠᠶᠢᠳᠠᠯ ᠲᠠᠢ ᠲᠦᠷᠦᠯ ᠵᠦᠢᠯ ᠢ ᠵᠦᠪᠰᠢᠶᠡᠷᠡᠭᠰᠡᠨ ᠤ ᠲᠠᠷᠠᠭ᠎ᠠ ᠲᠤᠰ ᠠᠷᠭ᠎ᠠ ᠪᠠᠷ ᠯᠠᠪᠯᠠᠯᠳᠠ ᠪᠤᠯᠭᠠᠵᠤ ᠬᠡᠷᠡᠭᠵᠢᠬᠦᠯᠵᠤ ᠪᠤᠯᠤᠨ᠎ᠠ᠃     ᠶᠢᠰᠤᠳᠤᠭᠡᠷ ᠵᠤᠷᠪᠤᠰ᠂ ᠲᠤᠰ ᠠᠷᠭ᠎ᠠ ᠶᠢ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃     ᠠᠷᠪᠠᠳᠤᠭᠠᠷ ᠵᠤᠷᠪᠤᠰ᠂ ᠲᠤᠰ ᠠᠷᠭ᠎ᠠ ᠶᠢ ᠨᠠᠶᠢᠳᠡᠯᠡᠭᠰᠡᠨ ᠡᠳᠦᠷ ᠠᠴᠠ ᠡᠬᠢᠯᠠᠨ ᠬᠡᠷᠡᠭᠵᠢᠬᠦᠯᠦᠨ᠎ᠠ᠃                    ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ                   2015 ᠤᠨ ᠤ 8 ᠰᠠᠷᠠᠶᠢᠨ 3᠎ ᠤ ᠡᠳᠦᠷ ᠲᠠᠷᠤᠮᠠᠯᠯᠠᠨ ᠲᠠᠷᠬᠠᠭᠠᠪᠠ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号