ᠤᠩᠨᠢᠭᠤᠳ ᠵᠠᠰᠠᠭ ᠲᠠᠷᠬᠠᠭᠠᠬᠤ ﹇2015﹈ 11 ᠳ᠋ᠤᠭᠡᠷ ᠲᠤᠭᠠᠳᠤ
ᠨᠡᠶᠢᠲᠡᠯᠡᠭᠰᠡᠨ ᠴᠠᠭ᠄
2016/4/18
            ᠤᠩᠨᠢᠭᠤᠳ ᠵᠠᠰᠠᠭ ᠲᠠᠷᠬᠠᠭᠠᠬᠤ ﹇2015﹈ 11 ᠳ᠋ᠤᠭᠡᠷ ᠲᠤᠭᠠᠳᠤ       ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ︽ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ   ᠤᠨ  ᠨᠢᠭᠡᠴᠡ   ᠳᠤ ︿ᠠᠯᠪᠠᠯᠠᠬᠤ  ᠦᠭᠡᠢ ᠪᠠᠷ  ᠴᠠᠯᠢᠩ ᠠᠪᠬᠤ﹀  ᠵᠠᠷᠭᠡ  ᠠᠰᠠᠭᠤᠳᠠᠯ ᠢ  ᠲᠦᠪᠯᠠᠷᠠᠬᠦᠯᠦᠨ ᠵᠠᠰᠠᠬᠤ ᠠᠵᠢᠯ ᠢ  ᠦᠷᠨᠢᠬᠦᠯᠬᠦ  ᠪᠤᠳᠠᠳᠠᠢ ᠬᠡᠷᠡᠭᠵᠢᠬᠦᠯᠬᠦ  ᠠᠷᠭ᠎ᠠ︾ ᠶᠢ  ᠲᠠᠷᠤᠮᠠᠯᠯᠠᠨ  ᠲᠠᠷᠬᠠᠭᠠᠬᠤ  ᠲᠤᠬᠠᠢ ᠮᠠᠳᠡᠭᠳᠡᠯᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠠᠵᠢᠯ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ ᠳᠤ᠄      ᠬᠤᠰᠢᠭᠤᠨ ᠤ ᠵᠠᠰᠠᠭ ᠤᠨ ᠤᠷᠳᠤᠨ ᠠᠴᠠ ᠶᠠᠷᠢᠯᠴᠠᠨ ᠲᠤᠬᠳᠠᠭᠠᠬᠤ ᠪᠠᠷ ᠲᠠᠮᠵᠢᠵᠤ᠂ ︽ᠪᠦᠬᠦ ᠬᠤᠰᠢᠭᠤᠨ  ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠳᠤ ︿ᠠᠯᠪᠠᠯᠠᠬᠤ ᠦᠭᠡᠢ ᠪᠠᠷ ᠴᠠᠯᠢᠩ ᠠᠪᠬᠤ﹀ ᠵᠠᠷᠭᠡ ᠠᠰᠠᠭᠤᠳᠠᠯ ᠢ ᠲᠦᠪᠯᠠᠷᠠᠬᠦᠯᠦᠨ ᠵᠠᠰᠠᠬᠤ ᠠᠵᠢᠯ ᠢ ᠦᠷᠨᠢᠬᠦᠯᠬᠦ ᠪᠤᠳᠠᠳᠠᠢ ᠬᠡᠷᠡᠭᠵᠢᠬᠦᠯᠬᠦ ᠠᠷᠭ᠎ᠠ︾ ᠶᠢ ᠲᠠᠷᠤᠮᠠᠯᠯᠠᠨ ᠲᠠᠷᠬᠠᠭᠠᠯ᠎ᠠ᠃ ᠡᠯ᠎ᠡ ᠪᠠᠶᠢᠭᠤᠯᠤᠯᠭ᠎ᠠ᠂ ᠡᠯ᠎ᠡ ᠭᠠᠵᠠᠷ ᠤᠷᠤᠨ ᠪᠤᠳᠠᠳᠠᠢ ᠬᠡᠷᠡᠭᠵᠢᠬᠦᠯᠬᠦ ᠠᠷᠭ᠎ᠠ ᠶᠤᠰᠤᠭᠠᠷ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠳᠤᠬᠡᠢ᠃                      ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ                    2015 ᠤᠨ ᠤ 1 ᠰᠠᠷᠠᠶᠢᠨ 26 ᠤ ᠡᠳᠦᠷ               ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠠ ᠳᠤ ︽ᠠᠯᠪᠠᠯᠠᠬᠤ ᠦᠭᠡᠢ  ᠪᠠᠷ ᠴᠠᠯᠢᠩ ᠠᠪᠬᠤ︾  ᠵᠠᠷᠭᠡ  ᠠᠰᠠᠭᠤᠳᠠᠯ ᠢ  ᠲᠦᠪᠯᠠᠷᠠᠬᠦᠯᠦᠨ  ᠵᠠᠰᠠᠬᠤ ᠠᠵᠢᠯ ᠤᠨ  ᠬᠡᠷᠡᠭᠵᠢᠬᠦᠯᠬᠦ ᠠᠷᠭ᠎ᠠ       ᠪᠦᠬᠦ ᠤᠯᠤᠰ ᠤᠨ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠠ ᠳᠤ ︽ᠠᠯᠪᠠᠯᠠᠬᠤ ᠦᠭᠡᠢ ᠪᠠᠷ ᠴᠠᠯᠢᠩ ᠠᠪᠬᠤ︾ ᠠᠰᠠᠭᠤᠳᠠᠯ ᠢ ᠵᠠᠰᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠪᠠ ᠦᠪᠠᠷᠳᠡᠭᠡᠨ ᠵᠠᠰᠠᠬᠤ ᠤᠷᠤᠨ᠂ ᠤᠯᠠᠭᠠᠨᠬᠠᠳᠠ ᠬᠤᠳᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠤᠨ ᠤᠯᠠᠨ ᠲᠦᠮᠠᠨᠴᠢ ᠱᠤᠭᠤᠮ ᠤᠨ ᠬᠦᠮᠦᠵᠢᠯ ᠤᠶᠢᠯᠠᠳᠤᠯᠭᠡ ᠶᠢᠨ ᠠᠵᠢᠯᠯᠠᠭᠠᠨ  ᠤ ᠦᠷ᠎ᠡ ᠪᠦᠳᠦᠮᠵᠢ ᠶᠢ ᠪᠠᠬᠢᠵᠢᠬᠦᠯᠵᠤ᠂ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ᠠᠵᠢᠯᠳᠠᠨ ᠤ ᠬᠠᠮᠢᠶᠠᠷᠤᠯᠳᠠ ᠶᠢ ᠦᠨᠠᠩᠬᠦ ᠴᠢᠩᠭᠠᠳᠬᠠᠵᠤ᠂ ︽ᠠᠯᠪᠠᠯᠠᠬᠤ ᠦᠭᠡᠢ ᠪᠠᠷ ᠴᠠᠯᠢᠩ ᠠᠪᠬᠤ︾ ᠠᠰᠠᠭᠤᠳᠠᠯ ᠢ ᠰᠠᠷᠭᠡᠶᠢᠯᠠᠬᠦ ᠪᠠ ᠵᠤᠬᠰᠤᠭᠠᠬᠤ ᠶᠢᠨ ᠲᠦᠯᠦᠭᠡ ᠬᠤᠰᠢᠭᠤᠨ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠬᠡᠪᠴᠢᠶᠠᠨ ᠳᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠳᠤ ︽ᠠᠯᠪᠠᠯᠠᠬᠤ ᠦᠭᠡᠢ ᠪᠠᠷ ᠴᠠᠯᠢᠩ ᠠᠪᠬᠤ︾ ᠠᠰᠠᠭᠤᠳᠠᠯ ᠢ ᠲᠦᠪᠯᠠᠷᠠᠬᠦᠯᠦᠨ ᠵᠠᠰᠠᠬᠤ ᠠᠵᠢᠯ ᠢ ᠦᠷᠨᠢᠬᠦᠯᠬᠦ ᠪᠠᠷ ᠲᠤᠬᠳᠠᠪᠠ᠃      ᠨᠢᠭᠡ᠂ ᠵᠠᠰᠠᠬᠤ ᠬᠡᠪᠴᠢᠶᠠᠨ ᠳᠠᠬᠢ ᠡᠳᠡᠭᠡᠳ      ᠡᠨᠡ ᠤᠳᠠᠭᠠᠨ ᠤ ᠲᠦᠪᠯᠠᠷᠠᠬᠦᠯᠦᠨ ᠵᠠᠰᠠᠬᠤ ᠬᠡᠪᠴᠢᠶ᠎ᠠ ᠪᠤᠯ ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠵᠢᠴᠢ ᠤᠷᠤᠨ ᠲᠤᠭ᠎ᠠ ᠲᠤᠳᠤᠷᠠᠬᠢ ᠠᠵᠢᠯᠳᠠᠨ ᠪᠠ ᠬᠤᠯᠪᠤᠬᠳᠠᠯ ᠪᠦᠬᠦᠢ ᠠᠵᠢᠯ  ᠠᠴᠠ ᠪᠠᠨ ᠠᠮᠠᠷᠠᠬᠰᠠᠨ ᠠᠵᠢᠯᠳᠠᠳ᠃      ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠨᠢ ᠪᠤᠳᠠᠳᠤ ᠬᠡᠷᠡᠭ ᠢ ᠨᠢᠭᠤᠨ ᠲᠠᠯᠳᠠᠯᠠᠵᠤ᠂ ᠠᠵᠢᠯᠳᠠᠨ ᠤ ᠤᠷᠤᠨ ᠲᠤᠭ᠎ᠠ ᠪᠠ ᠪᠤᠳᠠᠳᠠᠢ ᠪᠠᠶᠢᠬᠤ ᠬᠦᠮᠦᠨ ᠤ ᠲᠤᠭ᠎ᠠ ᠶᠢ ᠬᠤᠳᠠᠯ ᠢᠶᠠᠷ ᠮᠠᠳᠠᠬᠦᠯᠵᠤ᠂ ᠡᠳ᠋ ᠤᠨ ᠵᠠᠰᠠᠭ ᠤᠨ ᠪᠠᠯᠠ ᠮᠦᠩᠬᠦ ᠶᠢ ᠤᠬᠠᠭᠠᠯᠠᠨ ᠠᠪᠴᠤ ᠪᠠᠶᠢᠪᠠᠯ᠂ ᠪᠠᠶᠢᠭᠤᠯᠤᠯᠭ᠎ᠠ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠳᠤ ᠬᠠᠷᠢᠶᠠᠯᠠᠬᠳᠠᠨ᠎ᠠ᠃      ᠬᠤᠯᠪᠤᠬᠳᠠᠯ ᠪᠦᠬᠦᠢ ᠠᠵᠢᠯᠳᠠᠨ ᠠᠵᠢᠯ ᠤᠨ ᠪᠠᠶᠢᠷᠢᠨ ᠳᠠᠭᠠᠨ ᠦᠭᠡᠢ ᠪᠠᠷ ᠲᠦᠷᠢᠮ ᠢ ᠵᠦᠷᠢᠴᠠᠵᠤ ᠴᠠᠯᠢᠩ᠂ ᠨᠠᠮᠠᠬᠦᠷᠢ ᠨᠦᠬᠦᠪᠤᠷᠢ ᠠᠪᠴᠤ ᠪᠠᠶᠢᠪᠠᠯ ᠬᠤᠪᠢ ᠬᠦᠮᠦᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾  ᠳᠤ ᠬᠠᠷᠢᠶᠠᠯᠠᠬᠳᠠᠨ᠎ᠠ᠂ ᠭᠤᠤᠯ ᠨᠢ ᠡᠳᠡᠭᠡᠷ ᠪᠠᠶᠢᠳᠠᠯ ᠢ ᠪᠠᠭᠳᠠᠭᠠᠨ᠎ᠠ᠃      ︵ᠨᠢᠭᠡ︶ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠳᠤ ᠨᠠᠷ᠎ᠠ ᠪᠠᠨ ᠵᠠᠬᠦᠯᠭᠡᠵᠤ ᠪᠤᠳᠠᠳᠠᠢ ᠠᠵᠢᠯ ᠤᠨ ᠪᠠᠶᠢᠷᠢ ᠳᠤᠨᠢ ᠠᠯᠪᠠᠯᠠᠬᠰᠠᠨ ᠦᠭᠡᠢ᠂ ᠴᠠᠯᠢᠩ᠂ ᠨᠠᠮᠠᠬᠦᠷᠢ᠂ ᠨᠦᠬᠦᠪᠤᠷᠢ ᠠᠪᠴᠤ ᠪᠠᠶᠢᠬᠤ᠃      ︵ᠬᠤᠶᠠᠷ︶ ᠠᠵᠢᠯ ᠰᠠᠭᠠᠳᠠᠬᠤ ᠪᠤᠶᠤ ᠭᠠᠳᠠᠬᠰᠢ ᠭᠠᠷᠴᠤ᠂ ᠴᠢᠯᠦᠭᠡᠨ ᠤ ᠬᠤᠭᠤᠴᠠᠭ᠎ᠠ ᠨᠢ ᠬᠦᠢᠴᠡᠵᠤ ᠰᠢᠯᠳᠠᠭᠠᠨ ᠦᠭᠡᠢ ᠪᠠᠷ ᠬᠠᠷᠢᠵᠤ ᠢᠷᠡᠭᠰᠡᠨ ᠦᠭᠡᠢ ᠵᠠᠷᠭᠡ ᠰᠢᠯᠳᠠᠭᠠᠨ ᠠᠴᠠ ᠲᠦᠷᠢᠮ ᠶᠤᠰᠤᠭᠠᠷ ᠪᠠᠶᠢᠭᠤᠯᠤᠯᠭ᠎ᠠ  ᠲᠠᠢ ᠪᠠᠨ ᠠᠵᠢᠯᠳᠠᠨ ᠤ ᠬᠠᠷᠢᠴᠠᠭ᠎ᠠ ᠪᠠᠨ ᠵᠤᠬᠰᠤᠭᠠᠬᠰᠠᠨ ᠴᠦ ᠤᠤᠯ ᠤᠨ ᠪᠠᠶᠢᠭᠤᠯᠤᠯᠭ᠎ᠠ ᠠᠴᠠ ᠪᠠᠨ ᠴᠠᠯᠢᠩ ᠨᠠᠮᠠᠬᠦᠷᠢ ᠨᠦᠬᠦᠪᠤᠷᠢ ᠠᠪᠴᠤ ᠪᠠᠶᠢᠬᠤ᠃      ︵ᠭᠤᠷᠪᠠ︶ ᠪᠠᠶᠢᠭᠤᠯᠤᠯᠭ᠎ᠠ ᠲᠠᠢ ᠪᠠᠨ ᠠᠵᠢᠯᠳᠠᠨ ᠤ ᠬᠠᠷᠢᠴᠠᠭ᠎ᠠ ᠪᠠᠨ ᠵᠤᠬᠰᠤᠭᠠᠬᠰᠠᠨ ᠪᠤᠶᠤ ᠠᠵᠢᠯ ᠠᠴᠠ  ᠪᠠᠨ ᠠᠮᠠᠷᠠᠬᠤ ᠭᠠᠷᠳᠠᠮ ᠢᠶᠠᠨ ᠬᠦᠢᠴᠠᠳᠭᠡᠭᠰᠡᠨ ᠪᠤᠯᠪᠠᠴᠤ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠳᠠᠨ ᠤ ᠶᠤᠰᠤᠭᠠᠷ ᠴᠠᠯᠢᠩ᠂ ᠨᠠᠮᠠᠬᠦᠷᠢ᠂ ᠨᠦᠬᠦᠪᠤᠷᠢ ᠠᠪᠴᠤ ᠪᠠᠶᠢᠬᠤ︔      ︵ᠲᠦᠷᠪᠠ︶ ᠦᠬᠦᠭᠰᠡᠨ ᠪᠤᠶᠤ ᠠᠷᠠᠳ ᠤᠨ ᠰᠢᠬᠦᠬᠦ ᠬᠤᠷᠢᠶ᠎ᠠ ᠠᠴᠠ ᠦᠬᠦᠭᠰᠡᠨ ᠢ ᠲᠤᠩᠬᠠᠬᠯᠠᠬᠰᠠᠨ᠂ ᠰᠤᠷᠠᠭ ᠦᠭᠡᠢ ᠪᠤᠯᠤᠬᠰᠠᠨ ᠢ ᠨᠢᠭᠡᠨᠳᠡ ᠲᠤᠳᠤᠯᠠᠬᠰᠠᠨ ᠪᠤᠯᠪᠠᠴᠤ ᠪᠤᠰᠤᠳ ᠬᠦᠮᠦᠨ ᠦᠷᠬᠦᠯᠵᠢᠯᠠᠨ ᠴᠠᠯᠢᠩ ᠨᠠᠮᠠᠬᠦᠷᠢ ᠨᠦᠬᠦᠪᠤᠷᠢ ᠶᠢ ᠨᠢ ᠠᠪᠴᠤ ᠪᠠᠶᠢᠬᠤ︔      ︵ᠲᠠᠪᠤ︶ ᠨᠠᠮ ᠤᠨ ᠰᠠᠬᠢᠯᠭ᠎ᠠ ᠶᠢᠨ ᠰᠢᠳᠭᠡᠯ ᠵᠢᠴᠢ ᠵᠠᠰᠠᠭ ᠵᠠᠬᠢᠷᠭᠠᠨ᠂ ᠡᠷᠡᠬᠦᠦ ᠶᠢᠨ ᠬᠡᠷᠡᠭ ᠤᠨ ᠶᠠᠯᠠᠳᠠᠵᠤ ᠲᠤᠷᠭᠤᠭᠠᠬᠤ ᠵᠠᠷᠭᠡ ᠰᠢᠳᠭᠡᠯ ᠤᠯᠤᠬᠰᠠᠨ ᠪᠤᠯ ᠲᠤᠬᠳᠠᠭᠠᠯ ᠶᠤᠰᠤᠭᠠᠷ ᠴᠠᠯᠢᠩ ᠢ ᠨᠢ ᠵᠤᠬᠰᠤᠭᠠᠬᠤ ᠪᠤᠶᠤ ᠲᠠᠰ ᠢ  ᠨᠢ ᠪᠠᠭᠤᠷᠠᠭᠤᠯᠤᠬᠰᠠᠨ ᠪᠤᠯᠪᠠᠴᠤ ᠤᠤᠯ ᠤᠨ ᠪᠠᠷᠢᠮᠵᠢᠶ᠎ᠠ ᠪᠠᠷ ᠴᠠᠯᠢᠩ᠂ ᠨᠠᠮᠠᠬᠦᠷᠢ᠂  ᠨᠦᠬᠦᠪᠦᠷᠢ ᠠᠪᠴᠤ ᠪᠠᠶᠢᠬᠤ︔      ︵ᠵᠢᠷᠭᠤᠭ᠎ᠠ︶ ᠪᠤᠰᠤᠳ ᠬᠠᠤᠯᠢ ᠰᠠᠬᠢᠯᠭ᠎ᠠ ᠶᠢ ᠵᠦᠷᠢᠴᠡᠭᠰᠡᠨ ᠴᠦ ᠴᠠᠯᠢᠩ᠂ ᠨᠠᠮᠠᠬᠦᠷᠢ᠂ ᠨᠦᠬᠦᠪᠤᠷᠢ ᠠᠪᠴᠤ ᠪᠠᠶᠢᠬᠤ᠃      ᠡᠬᠦᠨ ᠠᠴᠠ ᠭᠠᠳᠠᠨ᠎ᠠ ᠮᠠᠨ ᠤ ᠬᠤᠳᠠ ᠶᠢᠨ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ ᠬᠠᠮᠢᠶ᠎ᠠ ᠪᠦᠬᠦᠢ ᠶᠠᠪᠤᠳᠠᠯ ᠢ ᠲᠦᠪᠯᠠᠷᠠᠬᠦᠯᠦᠨ ᠵᠠᠰᠠᠬᠤ ᠲᠤᠬᠠᠢ ᠪᠠᠴᠢᠮ ᠮᠠᠳᠡᠭᠳᠡᠯ︾ ︵ᠤᠯᠠᠭᠠᠨᠬᠠᠳᠠ ᠵᠠᠰᠠᠬᠤ ᠲᠤᠭᠤᠶᠢᠯᠠᠩ ᠠᠯᠪᠠᠨ ᠲᠠᠷᠬᠠᠭᠠᠬᠤ ﹇2005﹈ 1 ᠳ᠋ᠤᠭᠡᠷ ᠲᠤᠭᠠᠳᠤ︶ ᠤᠨ ᠵᠤᠷᠢᠭ ᠰᠠᠨᠠᠭ᠎ᠠ ᠶᠢ ᠦᠨᠳᠤᠰᠤᠯᠠᠵᠤ᠂ ᠡᠳᠡᠭᠡᠷ ᠪᠠᠶᠢᠳᠠᠯ ᠲᠠᠢ ᠬᠦᠮᠦᠰ ᠢ ᠲᠤᠤᠷᠠᠬᠢ ᠵᠠᠷᠴᠢᠮ ᠢᠶᠠᠷ ᠰᠢᠢᠳᠪᠤᠷᠢᠯᠠᠨ᠎ᠠ᠃ ᠡᠯ᠎ᠡ ᠪᠠᠶᠢᠭᠤᠯᠤᠯᠭ᠎ᠠ ᠡᠯ᠎ᠡ ᠰᠠᠯᠠᠭ᠎ᠠ ᠮᠦᠴᠢᠷ ᠲᠦᠷᠦ ᠶᠢᠨ ᠪᠤᠳᠤᠯᠭ᠎ᠠ ᠶᠢᠨ ᠵᠠᠭᠠᠭ ᠬᠢᠵᠠᠭᠠᠷ ᠢ ᠤᠨᠤᠪᠴᠢᠳᠠᠢ ᠡᠵᠡᠮᠳᠠᠬᠦ ᠬᠡᠷᠡᠭᠳᠡᠢ᠃      1. ᠪᠠᠶᠢᠭᠤᠯᠤᠮᠵᠢ ᠶᠢᠨ ᠦᠭᠡᠷᠠᠴᠢᠯᠠᠯᠳᠠ ᠶᠢᠨ ᠰᠢᠯᠳᠠᠭᠠᠨ ᠠᠴᠠ ᠤᠷᠢᠳᠠᠪᠠᠷ ᠠᠵᠢᠯ ᠤᠨ ᠪᠠᠶᠢᠷᠢ ᠠᠴᠠ ᠪᠠᠨ ᠰᠠᠯᠤᠬᠰᠠᠨ ᠠᠵᠢᠯᠳᠠᠨ ᠢ ᠪᠦᠷᠢᠳᠭᠡᠨ ᠲᠠᠮᠳᠡᠭᠯᠠᠬᠦ ᠬᠡᠪᠴᠢᠶ᠎ᠠ ᠳᠤ ᠤᠷᠤᠭᠤᠯᠬᠤ ᠦᠭᠡᠢ᠃      2. ᠵᠤᠬᠢᠶᠠᠨ ᠪᠠᠶᠢᠭᠤᠯᠤᠯᠳᠠ ᠶᠢᠨ ᠲᠤᠬᠳᠠᠭᠠᠯ ᠢᠶᠠᠷ ᠤᠳᠤᠷᠢᠳᠤᠯᠭ᠎ᠠ ᠶᠢᠨ ᠲᠤᠰᠢᠶᠠᠯ ᠢ ᠤᠳᠤᠷᠢᠳᠤᠯᠭ᠎ᠠ  ᠶᠢᠨ ᠪᠤᠰᠤ ᠲᠤᠰᠢᠶᠠᠯ ᠢᠶᠠᠷ ᠰᠤᠯᠢᠵᠤ ︽ᠬᠤᠶᠠᠳᠤᠭᠠᠷ ᠤᠳᠠᠰᠤᠨ ᠳᠤ ᠪᠠᠭᠤᠬᠰᠠᠨ︾ ᠠᠵᠢᠯᠳᠠᠨ ᠢ ᠪᠦᠷᠢᠳᠭᠡᠬᠦ ᠬᠡᠪᠴᠢᠶᠠᠨ ᠳᠤ ᠤᠷᠤᠭᠤᠯᠬᠤ ᠦᠭᠡᠢ᠃      3. ᠡᠪᠡᠳᠴᠢᠨ ᠤ ᠰᠢᠯᠳᠠᠭᠠᠨ ᠠᠴᠠ ᠪᠤᠯᠵᠤ ᠠᠵᠢᠯᠯᠠᠵᠤ ᠲᠠᠶᠢᠯᠬᠦ ᠦᠭᠡᠢ ᠠᠵᠢᠯᠳᠠᠨ ᠤ ᠪᠠᠶᠢᠳᠠᠯ ᠢ ᠴᠢᠩᠭ᠎ᠠ ᠡᠵᠡᠮᠰᠢᠬᠦ ᠬᠡᠷᠡᠭᠳᠡᠢ᠃ ᠡᠪᠡᠳᠴᠢᠨ ᠤ ᠰᠢᠯᠳᠠᠭᠠᠨ ᠠᠴᠠ ᠪᠤᠯᠵᠤ ᠠᠵᠢᠯᠯᠠᠵᠤ ᠲᠠᠶᠢᠯᠬᠦ ᠦᠭᠡᠢ᠂ ᠤᠳᠤ ᠶᠢᠨ ᠬᠡᠷᠡᠭᠵᠢᠬᠦᠯᠵᠤ ᠪᠠᠶᠢᠬᠤ ᠲᠤᠬᠳᠠᠭᠠᠯ ᠢᠶᠠᠷ ᠡᠪᠡᠳᠴᠢᠨ ᠤ ᠴᠢᠯᠦᠭᠡ ᠬᠡᠯᠡᠵᠤ᠂ ᠡᠪᠡᠳᠴᠢᠨ ᠢᠶᠠᠷ ᠠᠮᠠᠷᠠᠬᠤ ᠭᠠᠷᠳᠠᠮ  ᠢᠶᠠᠨ ᠴᠠᠭ ᠲᠤᠬᠠᠢ ᠳᠤᠨᠢ ᠬᠢᠵᠤ᠂ ᠡᠪᠡᠳᠴᠢᠨ ᠤ ᠴᠢᠯᠦᠭᠡ᠂ ᠡᠪᠡᠳᠴᠢᠨ ᠢᠶᠠᠷ ᠠᠮᠠᠷᠠᠬᠤ ᠴᠠᠯᠢᠩ ᠤᠨ ᠬᠠᠷᠠᠭᠠᠯᠵᠠᠯ ᠬᠡᠷᠡᠭᠵᠢᠬᠦᠯᠵᠤ ᠪᠠᠶᠢᠪᠠᠯ ᠪᠦᠷᠢᠳᠭᠡᠨ ᠲᠠᠮᠳᠡᠭᠯᠠᠬᠦ ᠬᠡᠪᠴᠢᠶᠠᠨ ᠳᠤ ᠤᠷᠤᠭᠤᠯᠬᠤ ᠦᠭᠡᠢ ︵ᠡᠳᠡᠭᠡᠷ ᠠᠵᠢᠯᠳᠠᠨ ᠳᠤ ᠦᠭᠡᠷ᠎ᠡ ᠲᠠᠪᠳᠠᠷ ᠵᠤᠬᠢᠶᠠᠵᠤ᠂ ᠰᠢᠢᠳᠪᠤᠷᠢᠯᠡᠭᠰᠡᠨ ᠪᠠᠶᠢᠳᠠᠯ ᠤᠨ ᠲᠤᠬᠠᠢ ᠲᠤᠳᠤᠷᠬᠠᠶᠢᠯᠠᠯᠳᠠ ᠬᠢᠨ᠎ᠠ︶︔ ᠬᠠᠭᠤᠷᠮᠠᠭ  ᠢᠶᠠᠷ ᠡᠪᠡᠳᠴᠢᠨ ᠤ ᠴᠢᠯᠦᠭᠡ ᠬᠡᠯᠡᠵᠤ ᠬᠤᠳᠠᠯᠳᠤᠭ᠎ᠠ ᠡᠷᠬᠢᠯᠠᠵᠤ ᠪᠠᠶᠢᠬᠤ ᠪᠤᠶᠤ ᠪᠤᠰᠤᠳ ᠠᠵᠢᠯ ᠬᠢᠵᠤ ᠪᠠᠶᠢᠪᠠᠯ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠨᠠᠷ᠎ᠠ ᠪᠠᠷ ᠲᠠᠮᠳᠡᠭᠯᠠᠬᠦ ᠬᠡᠪᠴᠢᠶᠠᠨ ᠳᠤ ᠤᠷᠤᠭᠤᠯᠵᠤ ᠡᠷᠡᠰ ᠴᠠᠪᠠᠷᠯᠠᠬᠦ ᠬᠡᠷᠡᠭᠳᠡᠢ᠃      4. ᠴᠠᠯᠢᠩ ᠠᠪᠴᠤ ᠪᠠᠶᠢᠬᠤ ᠦᠭᠡᠢ ᠪᠠᠰᠠ ᠠᠵᠢᠯ ᠠᠴᠠ ᠨᠢ ᠵᠤᠬᠰᠤᠭᠠᠬᠤ ᠭᠠᠷᠳᠠᠮ ᠬᠦᠢᠴᠠᠳᠭᠡᠭᠰᠡᠨ ᠦᠭᠡᠢ᠂ ᠮᠥᠨ ᠴᠦ ᠤᠷᠤᠨ ᠲᠤᠭᠠᠨ ᠳᠤ ᠪᠠᠶᠢᠬᠤ ᠠᠵᠢᠯᠳᠠᠨ ᠢ ᠪᠦᠷᠢᠳᠭᠡᠬᠦ ᠬᠡᠪᠴᠢᠶᠠᠨ ᠳᠤ ᠤᠷᠤᠭᠤᠯᠵᠤ ᠵᠠᠪᠠᠯ ᠴᠠᠪᠠᠷᠯᠠᠵᠤ ᠭᠠᠷᠭᠠᠨ᠎ᠠ᠃      ᠬᠤᠶᠠᠷ᠂ ᠠᠷᠭ᠎ᠠ ᠠᠯᠬᠤᠮ ᠲᠠᠷᠠᠭ᠎ᠠ      ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ︽ᠠᠯᠪᠠᠯᠠᠬᠤ ᠦᠭᠡᠢ ᠪᠠᠷ ᠴᠠᠯᠢᠩ ᠠᠪᠬᠤ︾ ᠠᠰᠠᠭᠤᠳᠠᠯ ᠢ ᠲᠦᠪᠯᠠᠷᠠᠬᠦᠯᠦᠨ ᠵᠠᠰᠠᠬᠤ ᠠᠵᠢᠯ ᠢ ᠭᠤᠤᠯ ᠨᠢ ᠪᠠᠶᠢᠭᠤᠯᠤᠯᠭ᠎ᠠ ᠦᠪᠠᠷᠳᠡᠭᠡᠨ ᠪᠠᠶᠢᠴᠠᠭᠠᠬᠤ᠂ ᠦᠪᠠᠷᠳᠡᠭᠡᠨ ᠵᠠᠯᠠᠷᠠᠭᠤᠯᠬᠤ᠂ ᠬᠢᠨᠠᠨ ᠪᠠᠶᠢᠴᠠᠭᠠᠵᠤ ᠬᠠᠷᠭᠤᠭᠤᠯᠬᠤ ᠪᠠ ᠳ᠋ᠦᠩᠨᠠᠬᠦ ᠭᠤᠷᠪᠠᠨ ᠱᠠᠳᠤ ᠬᠤᠪᠢᠶᠠᠨ᠎ᠠ᠃      ︵ᠨᠢᠭᠡ︶ ᠦᠪᠠᠷ ᠢᠶᠠᠨ ᠪᠠᠶᠢᠴᠠᠭᠠᠵᠤ᠂ ᠦᠪᠠᠷ ᠢᠶᠠᠨ ᠵᠠᠯᠠᠷᠠᠭᠤᠯᠬᠤ ᠱᠠᠳᠤ ︵1 ᠰᠠᠷᠠᠶᠢᠨ 27— 1 ᠰᠠᠷᠠᠶᠢᠨ 28 ᠤ ᠡᠳᠦᠷ︶᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠵᠠᠰᠠᠬᠤ ᠬᠦᠷᠢᠶ᠎ᠠ ᠬᠡᠪᠴᠢᠶ᠎ᠠ ᠶᠢᠨ ᠱᠠᠭᠠᠷᠳᠠᠯᠭ᠎ᠠ ᠪᠠᠷ ᠲᠦᠷᠦᠯ ᠬᠤᠪᠢᠶᠠᠨ ᠲᠢᠭᠯᠡᠵᠤ᠂ ᠦᠪᠠᠷᠳᠡᠭᠡᠨ ᠪᠠᠶᠢᠴᠠᠭᠠᠵᠤ ᠦᠪᠠᠷᠳᠡᠭᠡᠨ ᠵᠠᠯᠠᠷᠠᠭᠤᠯᠵᠤ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠲᠠᠩᠰᠠᠯᠠᠨ ᠲᠠᠮᠳᠡᠭᠯᠠᠨ᠎ᠠ᠃       ᠨᠢᠭᠡ  ᠂ ᠬᠠᠷᠭᠤᠭᠤᠯᠵᠤ ᠪᠠᠶᠢᠴᠠᠭᠠᠬᠤ᠃ ︽ᠠᠯᠪᠠᠯᠠᠬᠤ ᠦᠭᠡᠢ ᠪᠠᠷ ᠴᠠᠯᠢᠩ ᠠᠪᠬᠤ︾ ᠡᠯ᠎ᠡ ᠵᠦᠢᠯ ᠤᠨ ᠪᠠᠶᠢᠳᠠᠯ ᠢ ᠡᠷᠡᠰ ᠢᠶᠠᠷ ᠬᠢᠨᠠᠨ ᠬᠠᠷᠭᠤᠭᠤᠯᠵᠤ᠂ ᠤᠯᠠᠮ ᠨᠢᠭᠡ ᠠᠯᠬᠤᠮ ᠨᠠᠷᠢᠨ ᠬᠢᠨᠠᠮᠠᠭᠠᠢ ᠪᠠᠶᠢᠴᠠᠭᠠᠵᠤ᠂ ᠪᠠᠶᠢᠴᠠᠭᠠᠬᠰᠠᠨ ᠬᠡᠮᠵᠢᠶ᠎ᠠ 100% ᠳᠤ ᠬᠦᠷᠬᠦ ᠬᠡᠷᠡᠭᠳᠡᠢ᠃ ︽ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ︿ ᠠᠯᠪᠠᠯᠠᠬᠤ ᠦᠭᠡᠢ ᠪᠠᠷ ᠴᠠᠯᠢᠩ ᠠᠪᠬᠤ  ﹀ ᠠᠰᠠᠭᠤᠳᠠᠯ ᠢ ᠲᠦᠪᠯᠠᠷᠠᠬᠦᠯᠦᠨ ᠵᠠᠰᠠᠬᠤ ᠠᠵᠢᠯ ᠤᠨ ᠪᠠᠶᠢᠳᠠᠯ ᠤᠨ ᠦᠪᠠᠷ ᠢᠶᠠᠨ ᠪᠠᠶᠢᠴᠠᠭᠠᠬᠤ ᠪᠦᠷᠢᠳᠭᠡᠯ ᠤᠨ ᠬᠦᠰᠦᠨᠦᠭ︾ ︵ᠲᠠᠭᠠᠯᠳᠤᠭᠤᠯᠤᠯ ᠨᠢᠭᠡ︶᠂ ︽ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ︿ ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ﹀  ᠠᠵᠢᠯᠳᠠᠨ ᠤ ᠨᠠᠷᠠᠰ ᠤᠨ ᠪᠦᠷᠢᠳᠭᠡᠯ︾ ︵ᠲᠠᠭᠠᠯᠳᠤᠭᠤᠯᠤᠯ ᠬᠤᠶᠠᠷ︶  ᠂ ︽ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ᠡᠪᠡᠳᠴᠢᠨ ᠤ ᠴᠢᠯᠦᠭᠡ ᠲᠠᠢ ᠠᠵᠢᠯᠳᠠᠨ ᠤ ᠴᠠᠯᠢᠩ ᠤᠨ ᠬᠠᠷᠠᠭᠠᠯᠵᠠᠯᠠᠯ ᠤᠨ ᠪᠠᠶᠢᠳᠠᠯ ᠤᠨ ᠪᠦᠷᠢᠳᠭᠡᠯ ᠤᠨ ᠬᠦᠰᠦᠨᠦᠭ︾ ︵ᠲᠠᠭᠠᠯᠳᠤᠭᠤᠯᠤᠯ ᠭᠤᠷᠪᠠ︶ ᠪᠠ ︽ᠪᠦᠬᠦ ᠬᠤᠰᠢᠭᠤᠨ ᠤ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ᠵᠢᠭᠡᠯᠠᠵᠤ ᠠᠵᠢᠯᠯᠠᠭᠤᠯᠬᠤ ᠠᠵᠢᠯᠳᠠᠨ ᠤ ᠦᠨᠳᠤᠰᠤᠨ ᠪᠠᠶᠢᠳᠠᠯ ᠤᠨ ᠪᠦᠷᠢᠳᠭᠡᠯ ᠤᠨ ᠬᠦᠰᠦᠨᠦᠭ︾ ︵ᠲᠠᠭᠠᠯᠳᠤᠭᠤᠯᠤᠯ ᠲᠦᠷᠪᠠ︶ ᠢ ᠪᠤᠳᠠᠳᠠᠢ ᠪᠠᠷ ᠲᠠᠬᠯᠠᠨ ᠮᠠᠳᠠᠬᠦᠯᠵᠤ᠂ ᠬᠡᠬᠡᠭᠳᠡᠬᠦᠯᠬᠦ᠂ ᠨᠢᠭᠤᠬᠤ᠂ ᠬᠤᠳᠠᠯ ᠢᠶᠠᠷ ᠬᠢᠵᠤ ᠪᠤᠯᠬᠤ ᠦᠭᠡᠢ       ᠬᠤᠶᠠᠷ᠂ ᠨᠠᠷᠢᠨ ᠬᠢᠨᠠᠮᠠᠭᠠᠢ ᠦᠪᠠᠷ ᠢᠶᠠᠨ ᠵᠠᠯᠠᠷᠠᠭᠤᠯᠬᠤ ᠬᠡᠷᠡᠭᠳᠡᠢ᠃ ᠦᠪᠠᠷ ᠢᠶᠠᠨ ᠪᠠᠶᠢᠴᠠᠭᠠᠵᠤ ᠪᠠᠶᠢᠳᠠᠯ ᠤᠶᠢᠯᠠᠭᠠᠬᠤ ᠶᠢᠨ ᠵᠠᠷᠭᠡᠪᠠᠷ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠡᠯ᠎ᠠ ᠪᠠᠶᠢᠭᠤᠯᠤᠯᠭ᠎ᠠ ᠪᠠᠶᠢᠴᠠᠭᠠᠬᠤ ᠶᠢᠨ ᠲᠠᠭᠠᠤ ᠵᠠᠯᠠᠷᠠᠭᠤᠯᠬᠤ ᠵᠠᠷᠴᠢᠮ ᠢᠶᠠᠷ ᠢᠯᠠᠷᠠᠬᠦᠯᠦᠭᠰᠡᠨ ᠠᠰᠠᠭᠤᠳᠠᠯ ᠢ ᠲᠠᠷᠤᠢ ᠳᠤᠨᠢ ᠴᠠᠪᠠᠷᠯᠠᠨ ᠪᠤᠴᠠᠭᠠᠵᠤ᠂ ᠠᠵᠢᠯᠳᠠᠨ ᠤ ᠬᠠᠷᠢᠴᠠᠭ᠎ᠠ᠂ ᠴᠠᠯᠢᠩ ᠢ ᠬᠠᠷᠭᠤᠭᠤᠯᠬᠤ ᠪᠠ ᠴᠠᠯᠢᠩ ᠲᠠᠷᠬᠠᠭᠠᠬᠤ ᠶᠢ ᠵᠤᠬᠰᠤᠭᠠᠨ᠎ᠠ᠃ ᠡᠬᠦᠨ ᠤ ᠵᠠᠷᠭᠡᠪᠠᠷ ᠦᠪᠠᠷᠳᠡᠭᠡᠨ ᠤᠷᠢᠬᠰᠠᠨ᠂ ᠵᠢᠭᠡᠯᠡᠵᠤ ᠠᠵᠢᠯᠯᠠᠭᠤᠯᠵᠤ ᠪᠠᠶᠢᠭ᠎ᠠ᠂ ᠲᠤᠳᠤᠭᠠᠳᠤ ᠶᠢᠨ ᠲᠠᠳᠬᠦᠪᠤᠷᠢ ᠳᠤ ᠭᠠᠷᠬᠤ ᠪᠠ ᠦᠷᠢᠰᠦᠯᠳᠤᠨ ᠠᠵᠢᠯ ᠤᠨ ᠪᠠᠶᠢᠷᠢ ᠳᠤ ᠭᠠᠷᠬᠤ ᠳᠤ ᠲᠠᠶᠢᠯᠦᠭᠰᠡᠨ ᠦᠭᠡᠢ ᠵᠢᠴᠢ ᠡᠪᠡᠳᠴᠢᠨ ᠶᠠᠪᠤᠳᠠᠯ ᠤᠨ ᠴᠢᠯᠦᠭᠡ ᠲᠠᠢ ᠠᠵᠢᠯᠳᠠᠨ ᠤ ᠬᠠᠮᠢᠶᠠᠷᠤᠯᠳᠠ ᠪᠠᠨ ᠴᠢᠩᠭᠠᠳᠬᠠᠬᠤ ᠬᠡᠷᠡᠭᠳᠡᠢ᠃       1. ᠦᠪᠠᠷᠳᠡᠭᠡᠨ ᠤᠷᠢᠬᠰᠠᠨ ᠠᠵᠢᠯᠳᠠᠨ᠂ ᠦᠪᠠᠷᠳᠡᠭᠡᠨ ᠤᠷᠤᠯᠭ᠎ᠠ ᠤᠯᠵᠤ ᠦᠪᠠᠷᠳᠡᠭᠡᠨ ᠴᠠᠯᠢᠩ ᠲᠠᠷᠬᠠᠭᠠᠬᠤ ᠠᠵᠢᠯ ᠤᠶᠢᠯᠠᠰ ᠤᠨ ᠪᠠᠶᠢᠭᠤᠯᠤᠯᠭ᠎ᠠ ᠲᠦᠷ ᠴᠠᠭ ᠤᠨ ᠠᠵᠢᠯᠳᠠᠨ ᠢ ᠦᠨᠠᠩᠬᠦ ᠤᠷᠢᠨ ᠬᠡᠷᠡᠭᠯᠠᠬᠦ ᠴᠢᠬᠤᠯᠠ ᠲᠠᠢ ᠪᠤᠯ ᠤᠷᠢᠨ ᠬᠡᠷᠡᠭᠯᠠᠬᠦ ᠪᠠᠶᠢᠭᠤᠯᠤᠯᠭ᠎ᠠ᠂ ᠭᠤᠶᠤᠴᠢᠯᠠᠯ ᠭᠠᠷᠭᠠᠵᠤ᠂ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠰᠠᠨᠠᠯ ᠭᠠᠷᠭᠠᠵᠤ ᠤᠷᠢᠨ ᠬᠡᠷᠡᠭᠯᠠᠬᠦ ᠠᠵᠢᠯᠳᠠᠨ ᠤ ᠲᠤᠭ᠎ᠠ᠂ ᠠᠵᠢᠯ ᠤᠨ ᠪᠠᠶᠢᠷᠢ ᠶᠢᠨ ᠨᠦᠬᠦᠴᠠᠯ ᠪᠠ ᠪᠠᠯᠠ ᠮᠦᠩᠬᠦᠨ ᠤ ᠢᠷᠠᠯᠳᠠ ᠶᠢ ᠲᠤᠳᠤᠷᠬᠠᠶᠢᠯᠠᠵᠤ᠂ ᠬᠤᠪᠢᠶᠠᠨ ᠬᠠᠮᠢᠶᠠᠷᠬᠤ ᠬᠤᠰᠢᠭᠤᠨ ᠲᠠᠷᠤᠭ᠎ᠠ ᠶᠢᠨ ᠵᠦᠪᠰᠢᠶᠠᠷᠠᠯ ᠢ ᠤᠯᠤᠬᠰᠠᠨ ᠤ ᠲᠠᠷᠠᠭ᠎ᠠ ᠤᠷᠢᠨ ᠬᠡᠷᠡᠭᠯᠠᠨ᠎ᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠪᠦᠬᠦ ᠲᠤᠭ᠎ᠠ  ᠪᠠᠷ ᠵᠤᠭᠤᠰ ᠰᠠᠯᠭᠠᠨ ᠦᠭᠬᠦ ᠪᠠ ᠵᠦᠷᠢᠶᠠᠳᠤ ᠲᠤᠭ᠎ᠠ ᠪᠠᠷ ᠵᠤᠭᠤᠰ ᠰᠠᠯᠭᠠᠨ ᠦᠭᠬᠦ ᠪᠠᠶᠢᠭᠤᠯᠤᠯᠭ᠎ᠠ ᠵᠠᠷᠴᠢᠮ ᠲᠠᠭᠡᠷ᠎ᠡ ᠪᠠᠨ ᠲᠦᠷ ᠴᠠᠭ ᠤᠨ ᠠᠵᠢᠯᠳᠠᠨ ᠤᠷᠢᠨ ᠬᠡᠷᠡᠭᠯᠠᠬᠦ ᠶᠢ ᠵᠦᠪᠰᠢᠶᠠᠷᠠᠬᠦ ᠦᠭᠡᠢ᠃ ᠦᠨᠠᠩᠬᠦ ᠤᠷᠢᠨ ᠬᠡᠷᠡᠭᠯᠠᠬᠦ ᠴᠢᠬᠤᠯᠠ ᠲᠠᠢ ᠪᠤᠯ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠨ᠂ ᠬᠤᠪᠢᠳᠠᠨ ᠬᠠᠷᠢᠭᠤᠴᠠᠬᠤ ᠤᠳᠤᠷᠢᠳᠤᠯᠭ᠎ᠠ ᠶᠢᠨ ᠵᠦᠪᠰᠢᠶᠠᠷᠠᠯ ᠢ ᠲᠠᠮᠵᠢᠵᠤ᠂ ᠵᠠᠰᠠᠭ ᠤᠨ ᠤᠷᠳᠤᠨ ᠳᠤ ᠲᠤᠰᠢᠶᠠᠨ ᠰᠤᠳᠤᠯᠵᠤ ᠶᠠᠷᠢᠯᠴᠠᠨ ᠲᠤᠬᠳᠠᠭᠠᠵᠤ᠂ ᠵᠤᠬᠢᠶᠠᠨ ᠪᠠᠶᠢᠭᠤᠯᠤᠯᠳᠠ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠲᠤ ᠮᠠᠳᠠᠬᠦᠯᠦᠨ᠎ᠠ᠃ ᠬᠦᠮᠦᠨ ᠬᠡᠷᠡᠭᠯᠠᠬᠦ ᠪᠠᠶᠢᠭᠤᠯᠤᠯᠭ᠎ᠠ ᠦᠪᠠᠷ ᠢᠶᠠᠨ ᠤᠷᠢᠨ ᠬᠡᠷᠡᠭᠯᠠᠬᠦ ᠠᠵᠢᠯᠳᠠᠨ ᠤ ᠨᠠᠶᠢᠭᠡᠮ ᠤᠨ ᠲᠠᠭᠠᠳᠬᠠᠯ ᠢ ᠬᠠᠷᠢᠭᠤᠴᠨᠨ ᠲᠤᠰᠢᠶᠠᠨ᠎ᠠ᠃ ᠬᠤᠰᠢᠭᠤᠨ ᠤ ᠵᠠᠰᠠᠭ ᠤᠨ ᠤᠷᠳᠤᠨ ᠤ ᠵᠦᠪᠰᠢᠶᠠᠷᠠᠯ ᠢ ᠲᠠᠮᠵᠢᠬᠰᠠᠨ ᠦᠭᠡᠢ ᠡᠯ᠎ᠡ ᠪᠠᠶᠢᠭᠤᠯᠤᠯᠭ᠎ᠠ ᠦᠪᠠᠷ ᠢᠶᠠᠨ ᠲᠤᠷ᠎ᠠ ᠪᠠᠷ ᠲᠦᠷ ᠴᠠᠭ ᠤᠨ ᠠᠵᠢᠯᠳᠠᠨ ᠢ ᠤᠷᠢᠨ ᠬᠡᠷᠡᠭᠯᠡᠭᠰᠡᠨ ᠪᠤᠯ ᠬᠤᠰᠢᠭᠤᠨ ᠤ ᠡᠳ᠋ ᠤᠨ ᠵᠠᠰᠠᠭ ᠠᠴᠠ ᠵᠠᠷᠤᠳᠠᠯ ᠢ ᠲᠠᠷᠬᠠᠭᠠᠬᠤ ᠶᠢ ᠵᠤᠬᠰᠤᠭᠠᠵᠤ᠂ ᠰᠠᠬᠢᠯᠭ᠎ᠠ ᠪᠠᠳᠤ ᠶᠢᠨ ᠰᠠᠯᠠᠭ᠎ᠠ ᠮᠦᠴᠢᠷ ᠠᠴᠠ ᠪᠠᠶᠢᠭᠤᠯᠤᠯᠭ᠎ᠠ ᠶᠢᠨ ᠭᠤᠤᠯ ᠬᠠᠷᠢᠭᠤᠴᠠᠯᠭᠠᠳᠠᠨ ᠤ ᠬᠠᠷᠢᠭᠤᠴᠠᠯᠭ᠎ᠠ ᠨᠠᠬᠡᠮᠵᠢᠯᠠᠨ᠎ᠠ᠃ ᠡᠯ᠎ᠡ ᠪᠠᠶᠢᠭᠤᠯᠤᠯᠭ᠎ᠠ ᠶᠢᠨ ᠤᠳᠤ ᠶᠢᠨ ᠪᠠᠶᠢᠬᠤ ᠦᠪᠠᠷ ᠢᠶᠠᠨ ᠤᠷᠢᠵᠤ ᠬᠡᠷᠡᠭᠯᠡᠭᠰᠡᠨ ᠠᠵᠢᠯᠳᠠᠨ ᠢ ᠲᠠᠭᠡᠳᠤ ᠱᠠᠳᠤᠨ ᠤ ᠬᠠᠮᠢᠶ᠎ᠠ ᠪᠦᠬᠦᠢ ᠲᠦᠷᠢᠮ ᠲᠤᠬᠳᠠᠭᠠᠯ᠂ ᠲᠦᠷᠦ ᠶᠢᠨ ᠪᠤᠳᠤᠯᠭ᠎ᠠ ᠪᠠᠷ ᠰᠢᠢᠳᠪᠤᠷᠢᠯᠠᠨ᠎ᠠ᠃       2. ᠵᠢᠭᠡᠯᠠᠵᠤ ᠠᠵᠢᠯᠯᠠᠭᠤᠯᠵᠤ ᠪᠠᠶᠢᠬᠤ ᠠᠵᠢᠯᠳᠠᠨ ᠳᠤ ᠵᠢᠭᠡᠯᠡᠵᠤ ᠠᠵᠢᠯᠯᠠᠵᠤ ᠪᠠᠶᠢᠬᠤ ᠠᠵᠢᠯᠳᠠᠨ ᠭᠠᠷᠳᠠᠮ ᠬᠦᠢᠴᠡᠳᠭᠡᠭᠰᠡᠨ ᠦᠭᠡᠢ ᠪᠤᠯ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠪᠠᠷ ᠦᠵᠠᠨ᠎ᠠ᠃ ᠬᠤᠳᠠ ᠳᠤ ᠵᠢᠭᠡᠯᠡᠵᠤ ᠠᠵᠢᠯᠯᠠᠵᠤ ᠪᠠᠶᠢᠬᠤ ᠠᠵᠢᠯᠳᠠᠨ ᠬᠤᠳᠠ ᠶᠢᠨ ᠵᠢᠭᠡᠯᠡᠵᠤ ᠵᠠᠷᠤᠵᠤ ᠪᠠᠶᠢᠬᠤ ᠪᠠᠶᠢᠭᠤᠯᠤᠯᠭ᠎ᠠ ᠠᠴᠠ ᠵᠢᠭᠡᠯᠡᠵᠤ ᠠᠵᠢᠯᠯᠠᠭᠤᠯᠬᠤ ᠪᠢᠴᠢᠭ ᠬᠢᠵᠤ ᠦᠭᠬᠦᠨ᠂ ᠵᠢᠭᠡᠯᠡᠭᠳᠡᠬᠦ ᠠᠵᠢᠯᠳᠠᠨ ᠤ ᠪᠠᠶᠢᠭᠤᠯᠤᠯᠭ᠎ᠠ ᠶᠢᠨ ᠭᠤᠤᠯ ᠤᠳᠤᠷᠢᠳᠤᠯᠭ᠎ᠠ ᠭᠠᠷ ᠤᠨ ᠦᠰᠦᠭ ᠵᠢᠷᠤᠵᠤ ᠵᠦᠪᠰᠢᠶᠠᠷᠠᠨ᠂ ᠬᠤᠪᠢᠶᠠᠨ ᠬᠠᠷᠢᠭᠤᠴᠠᠵᠤ ᠪᠠᠶᠢᠬᠤ ᠬᠤᠰᠢᠭᠤᠨ ᠲᠠᠷᠤᠭ᠎ᠠ ᠬᠤᠷᠠᠯ ᠬᠢᠵᠤ ᠶᠠᠷᠢᠯᠴᠠᠬᠤ ᠶᠢ ᠲᠠᠮᠵᠢᠬᠰᠠᠨ ᠤ ᠲᠠᠷᠠᠭ᠎ᠠ᠂ ᠵᠤᠬᠢᠶᠠᠨ ᠪᠠᠶᠢᠭᠤᠯᠤᠯᠳᠠ ᠠᠵᠢᠯᠳᠠᠨ ᠤ ᠶᠠᠪᠤᠳᠠᠯ ᠤᠨ ᠰᠠᠯᠠᠭ᠎ᠠ  ᠳᠤ ᠲᠠᠩᠰᠠᠯᠠᠭᠤᠯᠤᠨ᠎ᠠ᠃ ᠬᠤᠰᠢᠭᠤᠨ ᠲᠤᠳᠤᠷ᠎ᠠ ᠪᠠᠨ ᠬᠠᠷᠢᠯᠴᠠᠨ ᠵᠢᠭᠡᠯᠡᠵᠤ ᠵᠠᠷᠤᠬᠤ ᠠᠵᠢᠯᠳᠠᠨ ᠢ ᠵᠢᠭᠡᠯᠡᠵᠤ ᠵᠠᠷᠤᠬᠤ ᠪᠠᠶᠢᠭᠤᠯᠤᠯᠭ᠎ᠠ ᠠᠴᠠ ᠭᠤᠶᠤᠴᠢᠯᠠᠯ ᠭᠠᠷᠭᠠᠵᠤ᠂ ᠵᠢᠭᠡᠯᠡᠵᠤ ᠵᠠᠷᠤᠬᠤ ᠴᠠᠭ ᠵᠢᠴᠢ ᠰᠢᠯᠳᠠᠭᠠᠨ ᠢ ᠲᠤᠳᠤᠷᠬᠠᠶᠢᠯᠠᠵᠤ᠂ ᠵᠢᠭᠡᠯᠡᠭᠳᠡᠬᠦ ᠪᠠᠶᠢᠭᠤᠯᠤᠯᠭ᠎ᠠ ᠶᠢᠨ ᠵᠦᠪᠰᠢᠶᠠᠷᠠᠯ ᠤᠨ ᠭᠠᠷᠳᠠᠮ ᠢ ᠤᠯᠤᠬᠰᠠᠨ ᠤ ᠲᠠᠷᠠᠭ᠎ᠠ ᠬᠤᠪᠢᠶᠠᠨ ᠬᠠᠷᠢᠭᠤᠴᠠᠬᠤ ᠬᠤᠰᠢᠭᠤᠨ ᠲᠠᠷᠤᠭ᠎ᠠ ᠭᠠᠷ ᠤᠨ ᠦᠰᠦᠭ ᠵᠢᠷᠤᠵᠤ᠂ ᠬᠤᠷᠠᠯ ᠲᠠᠭᠡᠷ᠎ᠡ ᠲᠤᠰᠢᠶᠠᠵᠤ ᠰᠤᠳᠤᠯᠤᠨ ᠶᠠᠷᠢᠯᠴᠠᠬᠰᠠᠨ ᠤ ᠲᠠᠷᠠᠭ᠎ᠠ᠂ ᠵᠤᠬᠢᠶᠠᠨ ᠪᠠᠶᠢᠭᠤᠯᠤᠯᠳᠠ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ  ᠲᠤ ᠮᠠᠳᠠᠬᠦᠯᠦᠭᠰᠡᠨ ᠤ ᠲᠠᠷᠠᠭ᠎ᠠ ᠵᠢᠭᠡᠯᠡᠨ ᠠᠵᠢᠯᠯᠠᠭᠤᠯᠵᠤ ᠪᠤᠯᠤᠨ᠎ᠠ᠃      3. ᠲᠤᠳᠤᠭᠠᠳᠤ ᠶᠢᠨ ᠲᠠᠳᠬᠦᠪᠤᠷᠢ ᠳᠤ ᠭᠠᠷᠤᠬᠰᠠᠨ ᠠᠵᠢᠯᠳᠠᠨ ᠪᠠ ᠦᠷᠢᠰᠤᠯᠳᠤᠨ ᠠᠵᠢᠯ ᠤᠨ ᠪᠠᠶᠢᠷᠢ ᠳᠤ ᠭᠠᠷᠬᠤ ᠳᠤ ᠲᠠᠶᠢᠯᠦᠭᠰᠡᠨ ᠦᠭᠡᠢ ᠠᠵᠢᠯᠳᠠᠨ ᠳᠤ ︽ᠤᠳᠤᠬᠠᠨ ᠳᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠳᠤᠯᠠᠭ᠎ᠠ ᠶᠢᠨ ᠠᠵᠢᠯ ᠤᠨ ᠲᠤᠮᠳᠠᠬᠢ ᠪᠤᠳᠠᠳᠠᠢ ᠠᠰᠠᠭᠤᠳᠠᠯ ᠢ ᠰᠢᠢᠳᠪᠤᠷᠢᠯᠠᠬᠦ ᠲᠤᠬᠠᠢ ᠬᠤᠷᠠᠯ ᠤᠨ ᠲᠤᠪᠴᠢ︾ ᠶᠢᠨ ᠵᠤᠷᠢᠭ ᠰᠠᠨᠠᠭ᠎ᠠ ᠶᠢ ᠵᠠᠪᠠᠯ ᠴᠢᠩᠭ᠎ᠠ ᠬᠡᠷᠡᠭᠵᠢᠬᠦᠯᠬᠦ ᠬᠡᠷᠡᠭᠳᠡᠢ᠃ 2005 ᠤᠨ ᠳᠤ ᠰᠤᠮᠤ ᠰᠢᠶᠠᠩ ᠪᠠᠯᠭᠠᠰᠤ ᠶᠢᠨ ᠪᠠᠶᠢᠭᠤᠯᠤᠮᠵᠢ ᠶᠢᠨ ᠦᠭᠡᠷᠠᠴᠢᠯᠠᠯᠳᠠ ᠳᠤ ᠦᠷᠢᠰᠤᠯᠳᠤᠨ ᠠᠵᠢᠯ ᠤᠨ ᠪᠠᠶᠢᠷᠢ ᠳᠤ ᠭᠠᠷᠬᠤ ᠳᠤ ᠭᠠᠷᠴᠤ ᠲᠠᠶᠢᠯᠦᠭᠰᠡᠨ ᠦᠭᠡᠢ ᠠᠵᠢᠯᠳᠠᠨ᠂ ᠲᠤᠳᠤᠭᠠᠳᠤ ᠶᠢᠨ ᠲᠠᠳᠬᠦᠪᠤᠷᠢ ᠳᠤ ᠭᠠᠷᠤᠬᠰᠠᠨ ᠠᠵᠢᠯᠳᠠᠨ ᠵᠢᠴᠢ ᠤᠩᠨᠢᠭᠤᠳ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠤᠨ ᠲᠤᠪᠴᠢ ︵ᠤᠩᠨᠢᠭᠤᠳ ᠵᠠᠬᠢᠳᠠᠯ ᠲᠠᠷᠬᠠᠭᠠᠬᠤ ﹇2013﹈ 9 ᠲᠤᠭᠠᠳᠤ ︶ ᠳᠤ ᠲᠤᠬᠳᠠᠭᠠᠬᠰᠠᠨ ᠦᠷᠢᠰᠤᠯᠳᠤᠨ ᠠᠵᠢᠯ ᠤᠨ ᠪᠠᠶᠢᠷᠢ ᠳᠤ ᠦᠯᠦ ᠭᠠᠷᠴᠤ ᠲᠠᠶᠢᠯᠦᠭᠰᠡᠨ ︽ᠲᠦᠷᠪᠠᠨ ᠲᠦᠷᠦᠯ  ᠤᠨ ᠠᠵᠢᠯᠳᠠᠨ︾ ᠤ ᠲᠤᠮᠳᠠ᠂ ᠲᠤᠰ ᠬᠦᠮᠦᠨ ᠨᠢ 2005 ᠤᠨ ᠳᠤ ᠰᠤᠮᠤ ᠰᠢᠶᠠᠩ ᠪᠠᠯᠭᠠᠰᠤ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ ᠶᠢᠨ ᠦᠶ᠎ᠠ ᠶᠢᠨ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠡᠷᠡᠭᠵᠢᠬᠦᠯᠬᠦ  ᠶᠢ ᠱᠠᠭᠠᠷᠳᠠᠪᠠᠯ᠂ 2005 ᠤᠨ ᠤ ᠰᠤᠮᠤ ᠰᠢᠶᠠᠩ ᠪᠠᠯᠭᠠᠰᠤ ᠲᠠᠯᠠᠪᠠᠢ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ  ᠶᠢᠨ ᠦᠷᠢᠰᠤᠯᠳᠤᠨ ᠠᠵᠢᠯ ᠤᠨ ᠪᠠᠶᠢᠷᠢ ᠳᠤ ᠭᠠᠷᠴᠤ ᠲᠠᠶᠢᠯᠦᠭᠰᠡᠨ ᠦᠭᠡᠢ ᠠᠵᠢᠯᠳᠠᠨ ᠤ ᠤᠯᠭᠤᠮᠵᠢ ᠶᠢᠨ ᠪᠠᠷᠢᠮᠵᠢᠶ᠎ᠠ ᠪᠠᠷ ᠲᠠᠬᠢᠨ ᠴᠠᠯᠢᠩ ᠢ ᠨᠢ ᠬᠢᠨᠠᠨ ᠲᠤᠬᠳᠠᠭᠠᠨ᠎ᠠ᠂ ᠦᠭᠡᠢ ᠪᠤᠯ ᠲᠠᠷᠤᠶᠢᠬᠠᠨ ᠠᠵᠢᠯ ᠤᠨ ᠪᠠᠶᠢᠷᠢ ᠳᠤ  ᠪᠠᠨ ᠭᠠᠷᠬᠤ ᠪᠤᠶᠤ ᠲᠤᠰᠢᠶᠠᠯ ᠠᠴᠠ ᠪᠠᠨ ᠪᠠᠭᠤᠬᠤ ᠠᠵᠢᠯ ᠠᠴᠠ ᠪᠠᠨ ᠪᠠᠭᠤᠬᠤ ᠭᠠᠷᠳᠠᠮ ᠬᠦᠢᠴᠠᠳᠭᠡᠨ᠎ᠠ᠃ ᠬᠤᠰᠢᠭᠤᠨ ᠤ ᠡᠳ᠋ ᠤᠨ ᠵᠠᠰᠠᠭ ᠠᠴᠠ ᠪᠦᠬᠦ ᠲᠤᠭ᠎ᠠ ᠪᠠᠷ ᠴᠠᠯᠢᠩ ᠦᠭᠴᠤ ᠪᠠᠶᠢᠬᠤ ᠠᠵᠢᠯᠳᠠᠨ ᠨᠢ ᠠᠵᠤ ᠠᠬᠤᠶᠢᠯᠠᠯ ᠪᠤᠶᠤ ᠪᠤᠰᠤᠳ ᠪᠠᠶᠢᠭᠤᠯᠤᠯᠭ᠎ᠠ ᠳᠤ ᠠᠯᠪᠠᠯᠠᠵᠤ ᠪᠠᠶᠢᠪᠠᠯ ᠰᠠᠬᠢᠯᠭ᠎ᠠ ᠪᠠᠳᠤ ᠶᠢᠨ ᠰᠠᠯᠠᠭ᠎ᠠ ᠮᠦᠴᠢᠷ ᠠᠴᠠ ᠭᠤᠤᠯᠳᠠᠯᠭ᠎ᠠ ᠲᠠᠢ ᠴᠠᠪᠠᠷᠯᠠᠯᠳᠠ ᠬᠢᠨ᠎ᠠ᠃      4. ᠪᠠᠶᠢᠭᠤᠯᠤᠯᠭ᠎ᠠ ᠳᠠᠭᠠᠨ ᠡᠪᠡᠳᠴᠢᠨ ᠪᠠ ᠶᠠᠪᠤᠳᠠᠯ ᠤᠨ ᠴᠢᠯᠦᠭᠡ ᠬᠡᠯᠡᠵᠤ ᠪᠠᠶᠢᠬᠤ ᠠᠵᠢᠯᠳᠠᠨ ᠡᠷᠭᠡᠪᠰᠢ ᠠᠵᠢᠯᠳᠠᠨ ᠤ ᠶᠠᠪᠤᠳᠠᠯ ᠤᠨ ᠲᠤᠪᠴᠢᠶ᠎ᠠ ᠶᠢᠨ ᠲᠠᠮᠵᠢᠭᠤᠯᠤᠨ ᠲᠠᠷᠬᠠᠭᠠᠬᠰᠠᠨ ︽ᠠᠯᠪᠠᠨ ᠪᠠᠶᠢᠭᠤᠯᠤᠯᠭ᠎ᠠ ᠪᠠ ᠪᠦᠬᠦ ᠲᠤᠭ᠎ᠠ ᠪᠠᠷ ᠴᠠᠯᠢᠩ ᠲᠠᠷᠬᠠᠭᠠᠵᠤ ᠪᠠᠶᠢᠬᠤ ᠠᠵᠢᠯ ᠤᠶᠢᠯᠠᠰ ᠤᠨ ᠪᠠᠶᠢᠭᠤᠯᠤᠯᠭ᠎ᠠ ᠶᠢᠨ ᠠᠵᠢᠯᠳᠠᠨ ᠤ ᠡᠪᠡᠳᠴᠢᠨ ᠪᠠ ᠶᠠᠪᠤᠳᠠᠯ ᠤᠨ ᠴᠢᠯᠦᠭᠡᠨ ᠤ ᠬᠤᠭᠤᠴᠠᠭᠠᠨ ᠳᠠᠬᠢ ᠴᠠᠯᠢᠩ ᠤᠨ ᠤᠯᠭᠤᠮᠵᠢ ᠶᠢᠨ ᠬᠤᠶᠠᠷ ᠲᠤᠬᠳᠠᠭᠠᠯ ᠢ ᠲᠠᠷᠤᠮᠠᠯᠯᠠᠨ ᠲᠠᠷᠬᠠᠭᠠᠬᠤ ᠮᠠᠳᠡᠭᠳᠡᠯ ᠤᠨ ᠲᠤᠬᠠᠢ︾  ᠮᠡᠳᠡᠭᠳᠡᠯ ︵ᠤᠩᠨᠢᠭᠤᠳ ᠠᠵᠢᠯᠳᠠᠨ ᠨᠠᠶᠢᠭᠡᠮ ᠲᠠᠷᠬᠠᠭᠠᠬᠤ ﹇2015﹈ 6 ᠳ᠋ᠤᠭᠠᠷ ᠲᠤᠭᠠᠳᠤ︶ ᠶᠤᠰᠤᠭᠠᠷ ᠡᠷᠭᠡᠪᠰᠢ ᠬᠡᠷᠡᠭᠵᠢᠬᠦᠯᠦᠨ᠎ᠠ᠃ ᠡᠪᠡᠳᠴᠢᠨ ᠶᠠᠪᠤᠳᠠᠯ ᠠᠴᠠ ᠪᠤᠯᠵᠤ ᠴᠢᠯᠦᠭᠡ ᠬᠡᠯᠡᠬᠦ ᠴᠢᠬᠤᠯᠠ ᠲᠠᠢ ᠪᠤᠯ ᠲᠤᠰ ᠬᠦᠮᠦᠨ ᠨᠢ ᠡᠪᠡᠳᠴᠢᠨ ᠤ ᠪᠠᠶᠢᠳᠠᠯ᠂ ᠤᠨᠤᠰᠢᠯᠠᠬᠰᠠᠨ ᠪᠢᠴᠢᠭ ᠵᠢᠴᠢ ᠴᠢᠯᠦᠭᠡ ᠬᠡᠯᠡᠬᠦ ᠭᠠᠷᠳᠠᠮ ᠬᠠᠩᠭᠠᠪᠠᠯ ᠪᠠᠶᠢᠭᠤᠯᠤᠯᠭ᠎ᠠ ᠶᠢᠨ ᠵᠦᠪᠰᠢᠶᠠᠷᠠᠯ ᠢ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠠᠳᠠᠬᠦᠯᠵᠤ ᠵᠦᠪᠰᠢᠶᠠᠷᠡᠭᠰᠡᠨ ᠤ ᠲᠠᠷᠠᠭ᠎ᠠ᠂ ᠴᠢᠯᠦᠭᠡ ᠬᠡᠯᠡᠬᠦ ᠠᠵᠢᠯᠳᠠᠨ ᠤ ᠪᠠᠶᠢᠭ᠎ᠠ ᠪᠠᠶᠢᠭᠤᠯᠤᠯᠭ᠎ᠠ ᠨᠢ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠠᠳᠠᠬᠦᠯᠵᠤ ᠲᠠᠷᠤᠢ ᠳᠤᠨᠢ ᠴᠠᠯᠢᠩ ᠤᠨ ᠤᠯᠭᠤᠮᠵᠢ ᠶᠢ ᠨᠢ ᠬᠠᠷᠭᠤᠭᠤᠯᠤᠨ ᠬᠠᠰᠤᠨ᠎ᠠ᠃ ᠭᠠᠷᠳᠠᠮ ᠢ ᠬᠡᠷᠡᠭᠵᠢᠬᠦᠯᠬᠦ ᠦᠭᠡᠢ᠂ ᠲᠤᠬᠳᠠᠭᠠᠯ ᠢ ᠬᠡᠷᠡᠭᠵᠢᠬᠦᠯᠬᠦ ᠦᠭᠡᠢ ᠪᠠᠶᠢᠭᠤᠯᠤᠯᠭ᠎ᠠ ᠳᠤ ᠬᠠᠮᠢᠶ᠎ᠠ ᠪᠦᠬᠦᠢ ᠵᠠᠷᠤᠳᠠᠯ ᠢ ᠨᠢ ᠨᠠᠬᠡᠮᠵᠢᠯᠠᠨ ᠲᠤᠰᠢᠶᠠᠯᠭᠠᠬᠤ ᠶᠢ ᠲᠠᠭᠠᠭᠠᠯᠭᠠᠵᠤ᠂ ᠪᠦᠬᠦ ᠬᠤᠰᠢᠭᠤᠨ ᠳᠤ ᠵᠠᠷᠯᠠᠨ ᠰᠢᠬᠦᠮᠵᠢᠯᠠᠨ᠎ᠠ᠃ ᠴᠠᠯᠢᠩ ᠢᠶᠠᠨ ᠵᠤᠬᠰᠤᠭᠠᠵᠤ ᠲᠤᠰᠢᠶᠠᠯ ᠢᠶᠠᠨ ᠦᠯᠠᠳᠡᠭᠡᠵᠤ ᠪᠠᠶᠢᠬᠤ ᠠᠵᠢᠯᠳᠠᠨ ᠢ ᠪᠠᠶᠢᠭᠤᠯᠤᠯᠭ᠎ᠠ  ᠠᠴᠠ ᠨᠢ ᠮᠠᠳᠡᠭᠳᠡᠨ ᠠᠵᠢᠯ ᠤᠨ ᠪᠠᠶᠢᠷᠢ ᠳᠤᠨᠢ ᠭᠠᠷᠭᠠᠨ᠎ᠠ᠃       ᠭᠤᠷᠪᠠ  ᠂ ᠢᠯᠠ ᠨᠠᠶᠢᠳᠠᠯᠠᠨ᠎ᠠ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠰᠠᠷ᠎ᠠ ᠪᠦᠷᠢ ᠴᠠᠯᠢᠩ ᠲᠠᠷᠬᠠᠭᠠᠵᠤ ᠪᠠᠶᠢᠬᠤ ᠪᠠᠶᠢᠳᠠᠯ ᠢᠶᠠᠨ ᠡᠷᠭᠡᠪᠰᠢ ᠪᠠᠶᠢᠭᠤᠯᠤᠯᠭ᠎ᠠ ᠳᠤ ᠢᠯᠠ ᠨᠠᠶᠢᠳᠠᠯᠠᠨ᠎ᠠ᠃ ᠢᠯᠠ ᠨᠠᠶᠢᠳᠠᠯᠠᠬᠦ ᠬᠤᠭᠤᠴᠠᠭ᠎ᠠ 10 ᠠᠵᠢᠯᠯᠠᠬᠤ ᠡᠳᠦᠷ ᠠᠴᠠ ᠪᠠᠭ᠎ᠠ ᠪᠠᠶᠢᠵᠤ ᠪᠤᠯᠬᠤ ᠦᠭᠡᠢ᠃       ᠲᠦᠷᠪᠠ  ᠂ ᠴᠠᠭ ᠲᠤᠬᠠᠢ ᠳᠤᠨᠢ ᠮᠠᠳᠠᠬᠦᠯᠵᠤ ᠬᠦᠷᠭᠡᠨ᠎ᠠ᠃ ᠡᠯ᠎ᠠ ᠰᠤᠮᠤ ᠰᠢᠶᠠᠩ ᠪᠠᠯᠭᠠᠰᠤ ᠲᠠᠯᠠᠪᠠᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ ᠵᠠᠪᠠᠯ 2015 ᠤᠨ ᠤ 1 ᠰᠠᠷᠠᠶᠢᠨ 28 ᠤ ᠡᠳᠦᠷ ᠤᠨ ᠠᠵᠢᠯ ᠠᠴᠠ ᠪᠠᠭᠤᠬᠤ ᠠᠴᠠ ᠡᠮᠦᠨ᠎ᠠ ︽ᠲᠦᠰᠦᠯ︾ ᠲᠤᠮᠳᠠᠬᠢ 1—4 ᠬᠦᠰᠦᠨᠦᠭ ᠢ ᠲᠠᠬᠯᠠᠬᠤ ᠱᠠᠭᠠᠷᠳᠠᠯᠭ᠎ᠠ  ᠪᠠᠷ ᠪᠠᠶᠢᠭᠤᠯᠤᠯᠭ᠎ᠠ ᠶᠢᠨ ᠲᠠᠮᠠᠭ᠎ᠠ ᠲᠠᠷᠤᠵᠤ᠂ ᠭᠤᠤᠯ ᠤᠳᠤᠷᠢᠳᠤᠯᠭ᠎ᠠ᠂ ᠲᠠᠮᠳᠡᠭᠯᠠᠨ ᠮᠠᠳᠠᠬᠦᠯᠦᠭᠴᠢ ᠡᠳ᠋ ᠤᠨ ᠵᠠᠰᠠᠭ  ᠤᠨ ᠠᠵᠢᠯᠳᠠᠨ ᠭᠠᠷ ᠤᠨ ᠦᠰᠦᠭ ᠵᠢᠷᠤᠬᠰᠠᠨ ᠤ ᠲᠠᠷᠠᠭ᠎ᠠ ᠬᠤᠰᠢᠭᠤᠨ ᠤ ᠲᠦᠪᠯᠠᠷᠠᠬᠦᠯᠦᠨ ᠵᠠᠰᠠᠬᠤ ᠠᠯᠪᠠᠨ ᠬᠡᠷ ᠪᠠ ᠵᠤᠬᠢᠶᠠᠨ ᠪᠠᠶᠢᠭᠤᠯᠬᠤ ᠬᠡᠯᠳᠡᠰ ᠲᠤ ᠮᠠᠳᠠᠬᠦᠯᠦᠨ᠎ᠠ᠃ ᠡᠬᠦᠨ ᠤ ᠲᠤᠳᠤᠷ᠎ᠠ ᠪᠦᠷᠢᠳᠭᠡᠯ ᠤᠨ ᠬᠦᠰᠦᠨᠦᠭ ᠤᠨ ᠲᠠᠭᠠᠯᠳᠤᠭᠤᠯᠤᠯ ᠨᠢᠭᠡ ᠨᠢ ᠵᠠᠪᠠᠯ ᠪᠠᠶᠢᠭᠤᠯᠤᠮᠵᠢ ᠶᠢᠨ ᠤᠷᠤᠨ ᠲᠤᠭ᠎ᠠ ᠶᠢᠨ ᠰᠠᠯᠠᠭ᠎ᠠ ᠮᠦᠴᠢᠷ ᠤᠨ ᠬᠢᠨᠠᠨ ᠬᠠᠷᠭᠤᠭᠤᠯᠬᠤ ᠪᠠᠷ ᠲᠠᠮᠵᠢᠵᠤ ᠪᠤᠷᠤᠭᠤ ᠦᠭᠡᠢ ᠪᠤᠯ ᠪᠠᠶᠢᠭᠤᠯᠤᠮᠵᠢ ᠶᠢᠨ ᠤᠷᠤᠨ ᠲᠤᠭ᠎ᠠ ᠶᠢᠨ ᠲᠠᠮᠠᠭ᠎ᠠ ᠶᠢ ᠲᠠᠷᠤᠬᠰᠠᠨ ᠤ ᠲᠠᠷᠠᠭ᠎ᠠ ᠲᠡᠭᠡᠭᠰᠢ ᠮᠠᠳᠠᠬᠦᠯᠦᠨ᠎ᠠ᠃ ᠦᠪᠠᠷ ᠢᠶᠠᠨ ᠪᠠᠶᠢᠴᠠᠭᠠᠵᠤ ᠦᠪᠠᠷ ᠢᠶᠠᠨ ᠵᠠᠯᠠᠷᠠᠭᠤᠯᠬᠤ ᠮᠠᠳᠠᠬᠦᠯᠦᠯᠳᠠ ᠶᠢᠨ ᠳ᠋ᠦᠩᠨᠠᠯᠳᠠ ᠶᠢᠨ ᠮᠠᠲ᠋ᠧᠷᠢᠶᠠᠯ ︵ᠲᠦᠪᠯᠠᠷᠠᠬᠦᠯᠦᠨ ᠵᠠᠰᠠᠬᠤ ᠠᠵᠢᠯ ᠢ ᠦᠷᠨᠢᠬᠦᠯᠦᠭᠰᠡᠨ ᠪᠠᠶᠢᠳᠠᠯ᠂ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ᠪᠠᠶᠢᠭᠤᠯᠤᠮᠵᠢ ᠶᠢᠨ ᠤᠷᠤᠨ ᠲᠤᠭ᠎ᠠ᠂ ᠤᠷᠤᠨ ᠲᠤᠭ᠎ᠠ  ᠳᠤ ᠪᠠᠶᠢᠬᠤ ᠠᠵᠢᠯ ᠤᠨ ᠪᠠᠶᠢᠷᠢ ᠳᠤ ᠪᠠᠶᠢᠬᠤ ᠬᠦᠮᠦᠨ ᠤ ᠲᠤᠭ᠎ᠠ᠂ ᠪᠠᠶᠢᠭᠤᠯᠤᠯᠭ᠎ᠠ ᠶᠢᠨ ︽ᠠᠯᠪᠠᠯᠠᠬᠤ ᠦᠭᠡᠢ ᠴᠠᠯᠢᠩ ᠠᠪᠴᠤ ᠪᠠᠶᠢᠬᠤ︾ ᠪᠠᠶᠢᠳᠠᠯ᠂ ᠬᠤᠪᠢ ᠬᠦᠮᠦᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠬᠦᠮᠦᠨ ᠤ ᠲᠤᠭ᠎ᠠ ᠵᠢᠴᠢ ᠰᠢᠢᠳᠪᠤᠷᠢᠯᠡᠭᠰᠡᠨ ᠪᠠᠶᠢᠳᠠᠯ᠂ ᠠᠵᠢᠯ ᠠᠴᠠ ᠪᠠᠨ ᠠᠮᠠᠷᠠᠬᠰᠠᠨ ᠠᠵᠢᠯᠳᠠᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠪᠠᠶᠢᠳᠠᠯ᠂ ᠪᠤᠰᠤᠳ ᠪᠠᠶᠢᠳᠠᠯ᠂ ᠦᠪᠠᠷ ᠢᠶᠠᠨ ᠤᠷᠢᠬᠤ᠂ ᠵᠢᠭᠡᠯᠡᠨ ᠠᠵᠢᠯᠯᠠᠭᠤᠯᠬᠤ᠂ ᠲᠤᠳᠤᠭᠠᠳᠤ ᠶᠢᠨ ᠲᠠᠳᠬᠦᠪᠤᠷᠢ ᠳᠤ ᠭᠠᠷᠬᠤ᠂ ᠦᠷᠢᠰᠤᠯᠳᠤᠨ ᠠᠵᠢᠯ ᠤᠨ ᠪᠠᠶᠢᠷᠢ ᠳᠤ ᠭᠠᠷᠬᠤ  ᠳᠤ ᠦᠯᠦ ᠭᠠᠷᠴᠤ ᠲᠠᠶᠢᠯᠦᠭᠰᠡᠨ ᠵᠢᠴᠢ ᠡᠪᠡᠳᠴᠢᠨ ᠶᠠᠪᠤᠳᠠᠯ ᠤᠨ ᠴᠢᠯᠦᠭᠡ ᠬᠡᠯᠡᠵᠤ ᠪᠠᠶᠢᠬᠤ ᠠᠵᠢᠯᠳᠠᠨ ᠤ ᠴᠠᠯᠢᠩ  ᠢ ᠬᠡᠷᠡᠭᠵᠢᠬᠦᠯᠵᠤ ᠪᠠᠶᠢᠬᠤ ᠪᠠᠶᠢᠳᠠᠯ ᠢ ᠵᠠᠰᠠᠨ ᠰᠠᠶᠢᠵᠢᠷᠠᠭᠤᠯᠤᠬᠰᠠᠨ ᠪᠠᠶᠢᠳᠠᠯ ᠵᠠᠷᠭᠡ︶ ᠢ 1 ᠰᠠᠷᠠᠶᠢᠨ 30 ᠤ ᠡᠳᠦᠷ ᠠᠴᠠ ᠡᠮᠦᠨ᠎ᠠ ᠬᠤᠰᠢᠭᠤᠨ ᠤ ᠲᠦᠪᠯᠠᠷᠠᠬᠦᠯᠦᠨ ᠵᠠᠰᠠᠬᠤ ᠤᠳᠤᠷᠢᠳᠬᠤ ᠪᠠᠭ᠎ᠠ ᠲᠤᠭᠤᠶᠢᠯᠠᠩ ᠤᠨ ᠠᠯᠪᠠᠨ ᠬᠡᠷ ᠪᠠ ᠵᠤᠬᠢᠶᠠᠨ ᠪᠠᠶᠢᠭᠤᠯᠬᠤ ᠬᠡᠯᠳᠡᠰ ᠲᠤ ᠮᠠᠳᠠᠬᠦᠯᠬᠦ ᠬᠡᠷᠡᠭᠳᠡᠢ᠃       ︵ᠬᠤᠶᠠᠷ︶ ᠬᠢᠨᠠᠨ ᠪᠠᠶᠢᠴᠠᠭᠠᠵᠤ ᠬᠠᠷᠭᠤᠭᠤᠯᠵᠤ ᠦᠵᠠᠨ ᠵᠠᠰᠠᠨ ᠰᠠᠶᠢᠵᠢᠷᠠᠭᠤᠯᠬᠤ ᠱᠠᠳᠤ ︵1 ᠰᠠᠷᠠᠶᠢᠨ 29 — 2 ᠰᠠᠷᠠᠶᠢᠨ 6 ᠤ ᠡᠳᠦᠷ︶ ᠬᠤᠰᠢᠭᠤᠨ ᠤ ᠵᠤᠬᠢᠶᠠᠨ ᠪᠠᠶᠢᠭᠤᠯᠬᠤ᠂ ᠰᠠᠬᠢᠯᠭ᠎ᠠ ᠪᠠᠳᠤ᠂ ᠠᠵᠢᠯᠳᠠᠨ ᠤ ᠶᠠᠪᠤᠳᠠᠯ᠂ ᠤᠷᠤᠨ ᠲᠤᠭ᠎ᠠ᠂ ᠡᠳ᠋ ᠤᠨ ᠵᠠᠰᠠᠭ ᠪᠠ ᠬᠢᠨᠠᠨ ᠪᠤᠳᠤᠬᠤ ᠰᠠᠯᠠᠭ᠎ᠠ ᠮᠦᠴᠢᠷ ᠨᠢ ᠠᠯᠪᠠᠨ ᠪᠠᠶᠢᠭᠤᠯᠤᠯᠭ᠎ᠠ᠂ ᠠᠵᠢᠯ ᠤᠶᠢᠯᠠᠰ ᠤᠨ ᠨᠢᠭᠡᠴᠡ ᠶᠢᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠶᠢ ᠦᠪᠠᠷ ᠢᠶᠠᠨ ᠪᠠᠶᠢᠴᠠᠭᠠᠬᠰᠠᠨ ᠪᠦᠷᠢᠳᠭᠡᠯ ᠲᠤᠭ᠎ᠠ ᠶᠢ ᠠᠯᠬᠤᠮ ᠲᠠᠷᠠᠭᠠᠯᠠᠨ ᠬᠢᠨᠠᠨ ᠪᠠᠶᠢᠴᠠᠭᠠᠨ᠎ᠠ᠃ ᠡᠯ᠎ᠡ ᠰᠠᠯᠠᠭ᠎ᠠ ᠮᠦᠴᠢᠷ ᠤᠨ ᠤᠷᠤᠨ ᠲᠤᠭ᠎ᠠ᠂ ᠬᠦᠮᠦᠨ ᠤ ᠲᠤᠭ᠎ᠠ ᠪᠠ ᠴᠠᠯᠢᠩ᠂ ᠨᠠᠮᠠᠬᠦᠷᠢ᠂ ᠨᠦᠬᠦᠪᠤᠷᠢ ᠶᠢᠨ ᠲᠤᠭ᠎ᠠ ᠶᠢ ᠨᠢᠭᠡᠳ ᠨᠢᠭᠡ ᠪᠠᠷ ᠬᠢᠨᠠᠨ ᠬᠠᠷᠭᠤᠭᠤᠯᠤᠨ᠎ᠠ᠃ 1 ᠰᠠᠷᠠᠶᠢᠨ 29 ᠠᠴᠠ ᠡᠬᠢᠯᠠᠵᠤ ᠵᠤᠬᠢᠶᠠᠨ ᠪᠠᠶᠢᠭᠤᠯᠤᠯᠳᠠ᠂ ᠠᠵᠢᠯᠳᠠᠨ ᠤ ᠶᠠᠪᠤᠳᠠᠯ᠂ ᠤᠷᠤᠨ ᠲᠤᠭ᠎ᠠ᠂ ᠡᠳ᠋ ᠤᠨ ᠵᠠᠰᠠᠭ ᠪᠠ ᠬᠢᠨᠠᠨ ᠪᠤᠳᠤᠬᠤ ᠵᠠᠷᠭᠡ ᠰᠠᠯᠠᠭ᠎ᠠ ᠮᠦᠴᠢᠷ ᠨᠢ ᠱᠠᠭᠠᠷᠳᠠᠨ ᠪᠠᠶᠢᠴᠠᠭᠠᠬᠤ ᠲᠤᠭᠤᠶᠢᠯᠠᠩ ᠢ ᠪᠠᠶᠢᠭᠤᠯᠵᠤ᠂ ᠰᠠᠬᠢᠯᠭ᠎ᠠ ᠪᠠᠳᠤ ᠪᠠᠶᠢᠴᠠᠭᠠᠬᠤ ᠰᠠᠯᠠᠭ᠎ᠠ ᠮᠦᠴᠢᠷ ᠠᠴᠠ ᠪᠦᠷᠢᠯᠳᠦᠭᠰᠡᠨ ᠲᠤᠭᠤᠷᠢᠨ ᠪᠠᠶᠢᠴᠠᠭᠠᠬᠤ ᠲᠤᠭᠤᠶᠢᠯᠠᠩ ᠡᠯ᠎ᠡ ᠰᠠᠯᠠᠭ᠎ᠠ ᠮᠦᠴᠢᠷ ᠡᠯ᠎ᠡ ᠪᠠᠶᠢᠭᠤᠯᠤᠯᠭ᠎ᠠ ᠳᠤ ᠬᠦᠨᠵᠡᠭᠡᠶᠢᠷᠠᠵᠤ ᠡᠯ᠎ᠡ ᠪᠠᠶᠢᠭᠤᠯᠤᠯᠭ᠎ᠠ  ᠶᠢᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠶᠢ ᠵᠠᠰᠠᠵᠤ ᠪᠠᠶᠢᠬᠤ ᠠᠵᠢᠯ ᠤᠨ ᠲᠤᠬᠢᠷᠠᠭᠤᠯᠤᠯᠳᠠ ᠨᠠᠶᠢᠳᠠᠪᠤᠷᠢᠵᠢᠭᠤᠯᠤᠯᠳᠠ ᠶᠢᠨ ᠪᠠᠶᠢᠳᠠᠯ ᠳᠤ ᠬᠤᠯᠪᠤᠭᠠᠯᠠᠨ ᠪᠠᠶᠢᠴᠠᠭᠠᠯᠳᠠ ᠬᠢᠨ᠎ᠠ᠃ ᠬᠤᠰᠢᠭᠤᠨ ᠤ ᠲᠦᠪᠯᠠᠷᠠᠬᠦᠯᠦᠨ ᠵᠠᠰᠠᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠠᠯᠪᠠᠨ ᠬᠡᠷ ᠠᠴᠠ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ᠂ ᠡᠯ᠎ᠡ ᠰᠠᠯᠠᠭ᠎ᠠ ᠮᠦᠴᠢᠷ ᠤᠨ ᠲᠠᠭᠡᠭᠰᠢ ᠮᠠᠳᠠᠬᠦᠯᠦᠭᠰᠡᠨ ᠦᠪᠠᠷ ᠢᠶᠠᠨ ᠪᠠᠶᠢᠴᠠᠭᠠᠵᠤ ᠦᠪᠠᠷ ᠢᠶᠠᠨ ᠵᠠᠯᠠᠷᠠᠭᠤᠯᠬᠤ᠂ ᠳ᠋ᠦᠩᠨᠠᠯᠳᠠ ᠶᠢᠨ ᠮᠠᠲ᠋ᠧᠷᠢᠶᠠᠯ ᠢᠶᠠᠨ ᠮᠠᠳᠠᠬᠦᠯᠵᠤ᠂ ᠦᠪᠠᠷ ᠢᠶᠠᠨ ᠪᠠᠶᠢᠴᠠᠭᠠᠬᠰᠠᠨ ᠪᠦᠷᠢᠳᠭᠡᠯ ᠤᠨ ᠬᠦᠰᠦᠨᠦᠭ ᠢ ᠲᠢᠭᠯᠡᠨ ᠵᠠᠳᠠᠯᠵᠤ᠂ ᠬᠠᠮᠢᠶ᠎ᠠ ᠪᠦᠬᠦᠢ ᠲᠤᠭ᠎ᠠ ᠪᠠᠷᠢᠮᠳᠠ ᠶᠢ ᠶᠠᠷᠦᠩᠭᠡᠶᠢᠯᠠᠵᠤ ᠲᠢᠭᠯᠡᠨ ᠠᠵᠢᠯ ᠤᠨ ᠳ᠋ᠦᠩᠨᠠᠯᠳᠠ ᠪᠤᠯᠭᠠᠨ᠂ ᠬᠤᠰᠢᠭᠤᠨ ᠤ ᠵᠠᠰᠠᠭ ᠤᠨ ᠤᠷᠳᠤᠨ ᠤ ᠬᠢᠨᠠᠨ ᠲᠤᠬᠳᠠᠭᠠᠯᠳᠠ ᠶᠢ ᠲᠠᠮᠵᠢᠬᠰᠠᠨ ᠤ ᠲᠠᠷᠠᠭ᠎ᠠ᠂ ᠬᠤᠳᠠ ᠶᠢᠨ ᠲᠦᠪᠯᠠᠷᠠᠬᠦᠯᠦᠨ ᠵᠠᠰᠠᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠠᠯᠪᠠᠨ ᠬᠡᠷ ᠲᠤ ᠮᠠᠳᠠᠬᠦᠯᠦᠨ᠎ᠠ᠃       ︵ᠭᠤᠷᠪᠠ︶ ᠳ᠋ᠦᠩᠨᠠᠨ ᠬᠤᠷᠢᠶᠠᠬᠤ ᠱᠠᠳᠤ ︵2 ᠰᠠᠷᠠᠶᠢᠨ 7 — 2 ᠰᠠᠷᠠᠶᠢᠨ 13 ᠤ ᠡᠳᠦᠷ︶᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢ ᠲᠤᠰ ᠪᠠᠶᠢᠭᠤᠯᠤᠯᠭ᠎ᠠ ᠶᠢᠨ ᠲᠦᠪᠯᠠᠷᠠᠬᠦᠯᠦᠨ ᠵᠠᠰᠠᠬᠤ ᠠᠵᠢᠯ ᠢ ᠰᠠᠶᠢᠳᠤᠷ ᠬᠢᠬᠦ ᠶᠢᠨ ᠵᠠᠷᠭᠡᠪᠠᠷ ᠬᠠᠷᠢᠶᠠᠯᠠᠬᠳᠠᠬᠤ ᠪᠠᠶᠢᠭᠤᠯᠤᠯᠭ᠎ᠠ ᠶᠢᠨ ᠲᠦᠪᠯᠠᠷᠠᠬᠦᠯᠦᠨ ᠵᠠᠰᠠᠬᠤ ᠠᠵᠢᠯ ᠤᠨ ᠱᠠᠭᠠᠷᠳᠠᠨ ᠪᠠᠶᠢᠴᠠᠭᠠᠯᠳᠠ ᠶᠢ ᠴᠢᠩᠭᠠᠳᠬᠠᠵᠤ᠂ ᠬᠤᠰᠢᠭᠤᠨ ᠤ ᠲᠦᠪᠯᠠᠷᠠᠬᠦᠯᠦᠨ ᠵᠠᠰᠠᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠠᠯᠪᠠᠨ ᠬᠡᠷ ᠨᠢ ᠪᠠᠶᠢᠳᠠᠯ ᠢᠶᠠᠨ ᠦᠨᠳᠤᠰᠤᠯᠠᠵᠤ᠂ ᠵᠤᠬᠢᠰᠳᠠᠢ ᠴᠠᠭ ᠲᠤ ᠰᠤᠮᠤ ᠰᠢᠶᠠᠩ ᠪᠠᠯᠭᠠᠰᠤ ᠲᠠᠯᠠᠪᠠᠢ᠂ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠳᠤ ᠱᠠᠭᠠᠷᠳᠠᠨ ᠪᠠᠶᠢᠴᠠᠭᠠᠯᠳᠠ ᠪᠠ ᠬᠤᠷᠢᠶᠠᠨ ᠰᠢᠯᠭᠠᠯᠳᠠ ᠬᠢᠨ᠎ᠠ᠃ ᠦᠪᠠᠷᠳᠡᠭᠡᠨ ᠪᠠᠶᠢᠴᠠᠭᠠᠬᠤ᠂ ᠦᠪᠠᠷᠳᠡᠭᠡᠨ ᠵᠠᠯᠠᠷᠠᠭᠤᠯᠬᠤ ᠠᠵᠢᠯ ᠨᠠᠷᠢᠨ ᠬᠢᠨᠠᠮᠠᠭᠠᠢ ᠦᠭᠡᠢ᠂ ᠵᠠᠰᠠᠨ ᠦᠭᠡᠷᠠᠴᠢᠯᠡᠭᠰᠡᠨ ᠨᠢ ᠤᠷᠤᠨ ᠳᠠᠭᠠᠨ ᠬᠦᠷᠦᠭᠰᠡᠨ ᠦᠭᠡᠢ ᠪᠤᠯ ᠨᠠᠶᠢᠳᠠᠯᠠᠨ ᠵᠠᠷᠯᠠᠵᠤ᠂ ᠬᠤᠭᠤᠴᠠᠭ᠎ᠠ ᠲᠤᠬᠳᠠᠭᠠᠨ ᠵᠠᠯᠠᠷᠠᠭᠤᠯᠤᠨ᠎ᠠ᠃ ᠲᠦᠪᠯᠠᠷᠠᠬᠦᠯᠦᠨ ᠵᠠᠰᠠᠬᠤ ᠠᠵᠢᠯ ᠲᠠᠭᠤᠰᠤᠬᠰᠠᠨ ᠤ ᠲᠠᠷᠠᠭ᠎ᠠ ᠡᠯ᠎ᠡ ᠪᠠᠶᠢᠭᠤᠯᠤᠯᠭ᠎ᠠ ᠨᠢ ᠤᠯᠤᠰ᠂ ᠦᠪᠠᠷᠳᠡᠭᠡᠨ ᠵᠠᠰᠠᠬᠤ ᠤᠷᠤᠨ᠂ ᠬᠤᠳᠠ ᠶᠢᠨ ᠲᠦᠪᠯᠠᠷᠠᠬᠦᠯᠦᠨ ᠵᠠᠰᠠᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠤᠨ ᠱᠠᠭᠠᠷᠳᠠᠨ ᠪᠠᠶᠢᠴᠠᠭᠠᠬᠤ ᠪᠠ ᠰᠢᠯᠭᠠᠨ ᠬᠤᠷᠢᠶᠠᠬᠤ ᠶᠢ ᠤᠬᠳᠤᠨ᠎ᠠ᠃       ᠭᠤᠷᠪᠠ᠂ ᠠᠵᠢᠯ ᠤᠨ ᠱᠠᠭᠠᠷᠳᠠᠯᠭ᠎ᠠ       ︵ᠨᠢᠭᠡ︶ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠲᠦᠪᠯᠠᠷᠠᠬᠦᠯᠦᠨ ᠵᠠᠰᠠᠬᠤ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ ᠦᠨᠠᠩᠬᠦ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠯᠢᠭ ᠵᠤᠬᠢᠶᠠᠨ ᠪᠠᠶᠢᠭᠤᠯᠵᠤ ᠬᠡᠷᠡᠭᠵᠢᠬᠦᠯᠬᠦ ᠬᠡᠷᠡᠭᠳᠡᠢ᠃ ᠲᠦᠪᠯᠠᠷᠠᠬᠦᠯᠦᠨ ᠵᠠᠰᠠᠬᠤ ᠠᠵᠢᠯ ᠤᠨ ᠪᠤᠳᠠᠳᠤ ᠦᠷ᠎ᠡ ᠠᠰᠢᠭ ᠢ ᠪᠠᠳᠤᠯᠠᠬᠤ ᠶᠢᠨ ᠲᠦᠯᠦᠭᠡ᠂ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠠᠰᠠᠭᠤᠳᠠᠯ ᠢ ᠲᠦᠪᠯᠠᠷᠠᠬᠦᠯᠦᠨ ᠵᠠᠰᠠᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠵᠤᠬᠢᠶᠠᠨ ᠪᠠᠶᠢᠭᠤᠯᠤᠯᠳᠠ᠂ ᠰᠠᠬᠢᠯᠭ᠎ᠠ ᠪᠠᠳᠤ ᠪᠠᠶᠢᠴᠠᠭᠠᠬᠤ᠂ ᠠᠵᠢᠯᠳᠠᠨ ᠤ ᠶᠠᠪᠤᠳᠠᠯ᠂ ᠡᠳ᠋ ᠤᠨ ᠵᠠᠰᠠᠭ᠂ ᠤᠷᠤᠨ ᠲᠤᠭ᠎ᠠ ᠪᠠ ᠬᠢᠨᠠᠨ ᠪᠤᠳᠤᠬᠤ ᠵᠠᠷᠭᠡ ᠰᠠᠯᠠᠭ᠎ᠠ ᠮᠦᠴᠢᠷ ᠤᠨ ᠠᠵᠢᠯᠳᠠᠨ ᠠᠴᠠ ᠪᠦᠷᠢᠯᠳᠦᠭᠰᠡᠨ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤᠨ ᠤ ᠠᠵᠢᠯᠳᠠᠨ ᠤ ᠶᠠᠪᠤᠳᠠᠯ ᠤᠨ ᠲᠤᠪᠴᠢᠶ᠎ᠠ  ᠳᠤ ᠲᠤᠬᠢᠷᠠᠭᠤᠯᠵᠤ᠂ ᠲᠤᠰ ᠤᠳᠠᠭᠠᠨ ᠤ ᠲᠦᠪᠯᠠᠷᠠᠬᠦᠯᠦᠨ ᠵᠠᠰᠠᠬᠤ ᠠᠵᠢᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢ ᠵᠤᠬᠢᠰᠳᠠᠢ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠲᠤᠰᠬᠠᠢ ᠬᠦᠮᠦᠨ ᠲᠤᠰ ᠲᠦᠷᠦᠯ ᠤᠨ ᠠᠵᠢᠯ ᠢ ᠬᠠᠷᠢᠭᠤᠴᠠᠨ᠎ᠠ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ᠂ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢ ᠭᠤᠤᠯ ᠴᠤᠬᠴᠠ ᠶᠢᠨ ᠬᠠᠷᠢᠭᠤᠴᠠᠯᠭ᠎ᠠ ᠶᠢ ᠬᠦᠢᠴᠡᠳᠭᠡᠵᠤ᠂ ᠦᠪᠠᠷᠳᠡᠭᠡᠨ ᠪᠠᠶᠢᠴᠠᠭᠠᠵᠤ ᠦᠪᠠᠷᠳᠡᠭᠡᠨ ᠵᠠᠯᠠᠷᠠᠭᠤᠯᠬᠤ  ᠶᠢ ᠨᠠᠷᠢᠨ ᠬᠢᠨᠠᠮᠠᠭᠠᠢ ᠦᠷᠨᠢᠬᠦᠯᠵᠤ᠂ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠠᠰᠠᠭᠤᠳᠠᠯ ᠢ ᠲᠦᠪᠯᠠᠷᠠᠬᠦᠯᠦᠨ ᠵᠠᠰᠠᠬᠤ ᠠᠵᠢᠯ ᠢ ᠰᠠᠶᠢᠳᠤᠷ ᠠᠳᠬᠤᠬᠤ  ᠶᠢᠨ ᠵᠠᠷᠭᠡᠪᠠᠷ ᠬᠠᠮᠢᠶᠠᠷᠤᠯᠳᠠ ᠶᠢᠨ ᠤᠶᠢᠯᠠᠳᠤᠯ ᠢᠶᠠᠨ ᠬᠦᠢᠴᠡᠳ ᠪᠠᠳᠠᠷᠠᠭᠤᠯᠵᠤ᠂ ᠬᠠᠷᠢᠶᠠᠯᠠᠬᠳᠠᠬᠤ ᠪᠠᠶᠢᠭᠤᠯᠤᠯᠭ᠎ᠠ  ᠶᠢᠨ ᠢᠶᠠᠨ ᠠᠵᠢᠯ ᠢ ᠵᠢᠯᠤᠭᠤᠳᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠬᠤ ᠠᠵᠢᠯ ᠢ ᠢᠳᠡᠪᠬᠢᠳᠠᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠤᠳᠤᠷᠢᠳᠬᠤ ᠪᠠᠭ᠎ᠠ ᠲᠤᠭᠤᠶᠢᠯᠠᠩ ᠤᠨ ᠡᠯ᠎ᠡ ᠬᠡᠰᠢᠬᠦᠨ ᠨᠢᠭᠡᠴᠡ ᠨᠢᠭᠡᠳᠦᠯᠳᠠᠢ ᠤᠳᠤᠷᠢᠳᠤᠯᠭ᠎ᠠ ᠶᠤᠰᠤᠭᠠᠷ ᠠᠵᠢᠯ ᠢᠶᠠᠨ ᠬᠤᠪᠢᠶᠠᠨ ᠬᠠᠪᠰᠤᠷᠤᠯᠴᠠᠵᠤ ᠱᠠᠳᠤ ᠬᠤᠪᠢᠶᠠᠨ ᠬᠠᠷᠢᠭᠤᠴᠠᠬᠤ ᠵᠠᠷᠴᠢᠮ ᠢᠶᠠᠷ ᠴᠠᠪᠠᠷᠯᠠᠨ ᠲᠢᠭᠯᠡᠬᠦ ᠠᠵᠢᠯ ᠢ ᠢᠳᠡᠪᠬᠢᠳᠠᠢ ᠵᠤᠬᠢᠶᠠᠨ ᠪᠠᠶᠢᠭᠤᠯᠵᠤ ᠦᠷᠨᠢᠬᠦᠯᠬᠦ ᠬᠡᠷᠡᠭᠳᠡᠢ ᠃ ᠵᠤᠬᠢᠶᠠᠨ ᠪᠠᠶᠢᠭᠤᠯᠤᠯᠳᠠ ᠠᠵᠢᠯᠳᠠᠨ ᠤ ᠶᠠᠪᠤᠳᠠᠯ ᠤᠨ ᠰᠠᠯᠠᠭ᠎ᠠ ᠮᠦᠴᠢᠷ ᠺᠠᠳ᠋ᠷ ᠢ ᠬᠠᠮᠢᠶᠠᠷᠬᠤ ᠡᠷᠭᠡ ᠶᠢᠨ ᠬᠢᠵᠠᠭᠠᠷ ᠤᠨ ᠶᠤᠰᠤᠭᠠᠷ ᠡᠯ᠎ᠡ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠪᠠᠶᠢᠳᠠᠯ ᠢ ᠪᠦᠷᠢᠳᠭᠡᠨ ᠬᠠᠷᠭᠤᠭᠤᠯᠬᠤ ᠠᠵᠢᠯ  ᠢ ᠰᠠᠶᠢᠳᠤᠷ ᠬᠢᠵᠤ᠂ ᠵᠠᠰᠠᠨ ᠴᠡᠭᠴᠠᠯᠠᠬᠦ ᠠᠵᠢᠯ ᠳᠤ ᠪᠤᠳᠠᠳᠠᠢ ᠲᠤᠭ᠎ᠠ ᠪᠠᠷᠢᠮᠳᠠ ᠶᠢ ᠬᠠᠩᠭᠠᠨ᠎ᠠ᠃ ᠡᠬᠦᠨ ᠤ ᠵᠠᠷᠭᠡᠪᠠᠷ ᠠᠵᠢᠯᠳᠠᠨ ᠤ ᠠᠵᠢᠯ ᠤᠨ ᠪᠠᠶᠢᠷᠢ ᠳᠤ ᠪᠠᠶᠢᠬᠤ ᠪᠠᠶᠢᠳᠠᠯ ᠢ ᠦᠨᠳᠤᠰᠤᠯᠠᠵᠤ᠂ ᠠᠵᠢᠯᠳᠠᠨ ᠢ ᠲᠤᠬᠢᠷᠠᠭᠤᠯᠤᠨ ᠬᠢᠨᠠᠵᠤ᠂ ᠴᠠᠯᠢᠩ ᠤᠨ ᠬᠠᠷᠢᠴᠠᠭ᠎ᠠ ᠶᠢ ᠵᠤᠬᠢᠴᠠᠭᠤᠯᠵᠤ᠂ ᠬᠠᠮᠢᠶ᠎ᠠ ᠪᠦᠬᠦᠢ ᠭᠠᠷᠳᠠᠮ ᠢ ᠰᠢᠢᠳᠪᠤᠷᠢᠯᠠᠨ᠎ᠠ᠃ ᠬᠢᠨᠠᠨ ᠪᠠᠶᠢᠴᠠᠭᠠᠬᠤ ᠰᠠᠯᠠᠭ᠎ᠠ ᠮᠦᠴᠢᠷ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾   ᠶᠢ ᠲᠤᠰᠬᠠᠢ ᠲᠦᠷᠦᠯ  ᠢᠶᠠᠷ ᠵᠠᠰᠠᠬᠤ ᠢᠯᠠᠴᠢᠯᠠᠨ ᠮᠠᠳᠠᠬᠦᠯᠬᠦ ᠳ᠋ᠢᠶᠠᠩᠬᠤᠸᠠ ᠶᠢ ᠨᠠᠪᠳᠠᠷᠠᠬᠦᠯᠵᠤ᠂ ᠱᠠᠩᠨᠠᠯ ᠲᠠᠢ ᠢᠯᠠᠴᠢᠯᠠᠨ ᠮᠠᠳᠠᠬᠦᠯᠬᠦ ᠪᠠᠶᠢᠭᠤᠯᠤᠮᠵᠢ ᠶᠢ ᠪᠠᠶᠢᠭᠤᠯᠤᠨ᠎ᠠ᠃ ᠤᠯᠠᠨ ᠲᠦᠮᠠᠨ ᠤ ᠢᠯᠠᠴᠢᠯᠠᠨ ᠮᠠᠳᠠᠬᠦᠯᠬᠦ ᠶᠢ ᠢᠳᠡᠪᠬᠢᠳᠠᠢ ᠬᠦᠯᠢᠶᠠᠨ ᠠᠪᠴᠤ ᠰᠢᠢᠳᠪᠤᠷᠢᠯᠠᠨ ᠨᠠᠶᠢᠭᠡᠮ ᠤᠨ ᠬᠢᠨᠠᠯᠳᠠ ᠶᠢ ᠬᠦᠯᠢᠶᠠᠨ ᠠᠪᠴᠤ᠂ ᠵᠠᠰᠠᠨ ᠴᠡᠭᠴᠠᠯᠠᠬᠦ ᠲᠤᠮᠳᠠ ᠤᠯᠵᠤ ᠮᠠᠳᠡᠭᠰᠡᠨ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠭᠠᠷᠭᠠᠵᠤ᠂ ᠬᠠᠷᠢᠭᠤᠴᠠᠯᠭ᠎ᠠ ᠨᠡᠬᠡᠮᠵᠢᠯᠠᠬᠦ  ᠶᠢᠨ ᠵᠠᠷᠭᠡᠪᠠᠷ ᠡᠯ᠎ᠡ ᠪᠠᠶᠢᠭᠤᠯᠤᠯᠭ᠎ᠠ ᠳᠤ ᠬᠦᠨᠵᠡᠭᠡᠶᠢᠷᠠᠨ᠂ ᠦᠯᠦ ᠮᠠᠳᠠᠬᠦᠯᠦᠭᠰᠡᠨ ᠮᠠᠳᠠᠬᠦᠯᠦᠯᠳᠠ ᠠᠴᠠ ᠬᠤᠴᠤᠷᠠᠭᠤᠯᠤᠬᠰᠠᠨ ᠪᠠ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠠᠵᠢᠯᠳᠠᠨ ᠢ ᠬᠢᠨᠠᠨ ᠬᠠᠷᠭᠤᠭᠤᠯᠵᠤ ᠪᠠᠶᠢᠴᠠᠭᠠᠵᠤ ᠰᠢᠢᠳᠪᠤᠷᠢᠯᠠᠨ᠎ᠠ᠃ ᠪᠠᠰᠠ ᠴᠠᠪᠠᠷᠯᠠᠵᠤ ᠭᠠᠷᠭᠠᠬᠰᠠᠨ ᠠᠵᠢᠯᠳᠠᠨ ᠤ ᠴᠠᠯᠢᠩ ᠤᠯᠭᠤᠮᠵᠢ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ ᠪᠠᠶᠢᠬᠤ ᠪᠠᠶᠢᠳᠠᠯ ᠳᠤ ᠱᠠᠭᠠᠷᠳᠠᠨ ᠪᠠᠶᠢᠴᠠᠭᠠᠯᠳᠠ ᠬᠢᠨ᠎ᠠ᠃ ᠤᠷᠤᠨ ᠲᠤᠭ᠎ᠠ ᠶᠢᠨ ᠰᠠᠯᠠᠭ᠎ᠠ ᠮᠦᠴᠢᠷ ᠡᠯ᠎ᠡ ᠰᠠᠯᠠᠭ᠎ᠠ ᠮᠦᠴᠢᠷ ᠤᠨ ᠤᠷᠤᠨ ᠲᠤᠭ᠎ᠠ ᠵᠢᠴᠢ ᠤᠳᠤ ᠪᠠᠶᠢᠬᠤ ᠠᠵᠢᠯᠳᠠᠨ ᠤ ᠤᠷᠤᠨ ᠲᠤᠭ᠎ᠠ ᠳᠤ ᠪᠠᠶᠢᠬᠤ ᠪᠠᠶᠢᠳᠠᠯ ᠢ ᠤᠯᠠᠮ ᠨᠢᠭᠡ ᠠᠯᠬᠤᠮ ᠬᠢᠨᠠᠨ ᠬᠠᠷᠭᠤᠭᠤᠯᠵᠤ᠂ ᠵᠠᠰᠠᠬᠤ ᠠᠵᠢᠯ ᠳᠤ ᠲᠤᠭ᠎ᠠ ᠨᠤᠷᠮ᠎ᠠ ᠬᠠᠩᠭᠠᠨ ᠲᠠᠮᠵᠢᠬᠦ ᠪᠦᠭᠡᠳ ᠬᠢᠨᠠᠨ ᠬᠠᠷᠭᠤᠭᠤᠯᠤᠬᠰᠠᠨ ᠪᠠᠶᠢᠳᠠᠯ ᠢᠶᠠᠨ ᠦᠨᠳᠤᠰᠤᠯᠠᠵᠤ᠂ ᠲᠠᠷᠤᠢ ᠳᠤᠨᠢ ᠤᠷᠤᠨ ᠲᠤᠭ᠎ᠠ ᠶᠢ ᠬᠢᠨᠠᠨ ᠬᠠᠷᠭᠤᠭᠤᠯᠵᠤ ᠲᠤᠬᠢᠷᠠᠭᠤᠯᠤᠨ᠎ᠠ᠃ ᠡᠳ᠋ ᠤᠨ ᠵᠠᠰᠠᠭ  ᠤᠨ ᠰᠠᠯᠠᠭ᠎ᠠ ᠮᠦᠴᠢᠷ ᠴᠠᠯᠢᠩ ᠢ ᠬᠠᠷᠭᠤᠭᠤᠯᠤᠨ ᠲᠠᠷᠬᠠᠭᠠᠬᠤ ᠠᠯᠬᠤᠮ ᠲᠠᠷᠠᠭ᠎ᠠ ᠶᠢ ᠪᠠᠶᠢᠭᠤᠯᠵᠤ᠂ ᠴᠠᠯᠢᠩ ᠲᠠᠷᠬᠠᠭᠠᠬᠤ ᠪᠤᠭᠤᠮᠳᠠ ᠶᠢ ᠰᠠᠶᠢᠳᠤᠷ ᠠᠳᠬᠤᠨ᠎ᠠ᠃ ᠤᠷᠤᠨ ᠲᠤᠭ᠎ᠠ᠂ ᠵᠤᠬᠢᠶᠠᠨ ᠪᠠᠶᠢᠭᠤᠯᠬᠤ᠂ ᠠᠵᠢᠯᠳᠠᠨ ᠤ ᠶᠠᠪᠤᠳᠠᠯ ᠵᠠᠷᠭᠡ ᠰᠠᠯᠠᠭ᠎ᠠ ᠮᠦᠴᠢᠷ ᠤᠨ ᠭᠠᠷᠭᠠᠵᠤ ᠦᠭᠬᠦᠭᠰᠡᠨ ᠭᠠᠷᠳᠠᠮ ᠢ ᠦᠨᠳᠤᠰᠤᠯᠠᠵᠤ᠂ ᠴᠠᠯᠢᠩ ᠤᠨ ᠲᠤᠭ᠎ᠠ ᠪᠠᠷᠢᠮᠳᠠ ᠴᠠᠯᠢᠩ ᠤᠨ ᠬᠠᠷᠢᠴᠠᠭ᠎ᠠ ᠶᠢ ᠬᠢᠨᠠᠨ ᠬᠠᠷᠭᠤᠭᠤᠯᠵᠤ᠂ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ ︾ ᠠᠵᠢᠯᠳᠠᠨ ᠤ ᠪᠠᠯᠠ ᠮᠦᠩᠬᠦ ᠶᠢ ᠬᠠᠷᠭᠤᠭᠤᠯᠤᠨ ᠬᠠᠰᠤᠵᠤ ᠨᠡᠬᠡᠮᠵᠢᠯᠠᠨ ᠲᠤᠰᠢᠶᠠᠯᠭᠠᠬᠤ ᠵᠠᠷᠭᠡ ᠠᠵᠢᠯ ᠢ ᠲᠠᠷᠠ ᠲᠠᠷᠤᠢ ᠳᠤᠨᠢ ᠲᠤᠬᠢᠷᠠᠭᠤᠯᠬᠤ ᠬᠡᠷᠡᠭᠳᠡᠢ᠃ ᠪᠠᠶᠢᠭᠤᠯᠤᠯᠭ᠎ᠠ ᠨᠢ ᠬᠤᠰᠢᠭᠤᠨ ᠤ ᠵᠠᠰᠠᠭ ᠤᠨ ᠤᠷᠳᠤᠨ ᠤ ᠵᠦᠪᠰᠢᠶᠠᠷᠠᠯ  ᠢ ᠲᠠᠮᠵᠢᠬᠰᠠᠨ ᠦᠭᠡᠢ ᠠᠵᠢᠯᠳᠠᠨ ᠢ ᠤᠷᠢᠨ ᠬᠡᠷᠡᠭᠯᠡᠭᠰᠡᠨ ᠪᠤᠯ ᠵᠠᠷᠤᠳᠠᠯ ᠢ ᠨᠢ ᠬᠠᠷᠭᠤᠭᠤᠯᠤᠨ ᠲᠠᠷᠬᠠᠭᠠᠬᠤ ᠦᠭᠡᠢ᠃ ᠬᠢᠨᠠᠨ ᠪᠤᠳᠤᠬᠤ ᠰᠠᠯᠠᠭ᠎ᠠ ᠮᠦᠴᠢᠷ ᠨᠢ ᠬᠤᠪᠢ ᠬᠦᠮᠦᠨ ᠤ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠪᠠ ᠪᠠᠶᠢᠭᠤᠯᠤᠯᠭ᠎ᠠ ᠶᠢᠨ ︽ᠠᠯᠪᠠᠯᠠᠬᠤ ᠦᠭᠡᠢ ᠪᠠᠷ ᠴᠠᠯᠢᠩ ᠠᠪᠬᠤ︾ ᠵᠠᠷᠭᠡ   ᠶᠢᠨ ᠪᠠᠯᠠ ᠮᠦᠩᠬᠦ ᠶᠢᠨ ᠴᠢᠭᠯᠡᠯ ᠪᠠ ᠵᠠᠰᠠᠨ ᠴᠡᠭᠴᠠᠯᠠᠵᠤ ᠬᠡᠷᠡᠭᠵᠢᠬᠦᠯᠵᠤ ᠪᠠᠶᠢᠬᠤ ᠪᠠᠶᠢᠳᠠᠯ ᠳᠤ ᠭᠤᠤᠯᠳᠠᠯᠭ᠎ᠠ ᠲᠠᠢ ᠬᠢᠨᠠᠨ ᠪᠤᠳᠤᠯᠳᠠ ᠬᠢᠵᠤ᠂ ᠬᠢᠨᠠᠨ ᠪᠤᠳᠤᠬᠰᠠᠨ ᠦᠷ᠎ᠡ ᠳ᠋ᠦᠩ ᠢᠶᠠᠨ ᠬᠤᠰᠢᠭᠤᠨ ᠤ ᠵᠠᠰᠠᠭ ᠤᠨ ᠤᠷᠳᠤᠨ ᠪᠠ ᠰᠠᠬᠢᠯᠭ᠎ᠠ ᠪᠠᠳᠤ ᠶᠢᠨ ᠰᠠᠯᠠᠭ᠎ᠠ ᠮᠦᠴᠢᠷ  ᠲᠤ ᠮᠠᠳᠠᠬᠦᠯᠦᠨ᠎ᠠ᠃       ︵ᠭᠤᠷᠪᠠ︶ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠂ ᠵᠠᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠨᠢ ᠲᠤᠰ ᠤᠳᠠᠭᠠᠨ ᠤ ᠲᠦᠪᠯᠠᠷᠠᠬᠦᠯᠦᠨ ᠵᠠᠰᠠᠬᠤ ᠠᠵᠢᠯ ᠢ ᠨᠠᠮ ᠤᠨ ᠤᠯᠠᠨ ᠲᠦᠮᠠᠨᠴᠢ ᠱᠤᠭᠤᠮ ᠤᠨ ᠬᠦᠮᠦᠵᠢᠯ ᠤᠶᠢᠯᠠᠳᠤᠯᠭᠡ ᠶᠢᠨ ᠠᠵᠢᠯᠯᠠᠭᠠᠨ ᠢ ᠬᠦᠨᠵᠡᠭᠡᠶᠢᠷᠠᠬᠦᠯᠵᠤ᠂ ᠤᠪᠤᠷ ᠰᠤᠷᠳᠠᠯ ᠤᠨ ᠪᠠᠶᠢᠭᠤᠯᠤᠯᠳᠠ ᠶᠢ ᠵᠠᠰᠠᠨ ᠰᠠᠶᠢᠵᠢᠷᠠᠭᠤᠯᠬᠤ ᠪᠠ ᠴᠢᠩᠭᠠᠳᠬᠠᠬᠤ ᠨᠢᠭᠡ ᠲᠦᠷᠦᠯ ᠤᠨ ᠴᠢᠬᠤᠯᠠ ᠠᠭᠤᠯᠭ᠎ᠠ ᠪᠤᠯᠭᠠᠵᠤ᠂ ᠬᠠᠮᠢᠶ᠎ᠠ ᠪᠦᠬᠦᠢ ᠲᠦᠷᠦ  ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠠᠯᠪᠠᠯᠠᠬᠤ ᠦᠭᠡᠢ ᠪᠠᠷ ᠴᠠᠯᠢᠩ ᠠᠪᠴᠤ ᠪᠠᠶᠢᠬᠤ︾ ᠠᠰᠠᠭᠤᠳᠠᠯ ᠢ ᠵᠠᠰᠠᠬᠤ ᠠᠵᠢᠯ ᠲᠤᠮᠳᠠ ᠨᠢᠭᠤᠨ ᠲᠠᠯᠳᠠᠯᠠᠵᠤ ᠮᠠᠳᠠᠬᠦᠯᠬᠦ ᠦᠭᠡᠢ᠂ ᠠᠯᠪᠠ ᠬᠠᠰᠢᠵᠤ ᠠᠮᠠ ᠪᠦᠭᠯᠠᠬᠦ᠂ ᠬᠤᠳᠠᠯ ᠬᠡᠯᠡᠵᠤ ᠬᠤᠯᠤ ᠲᠠᠷᠢᠬᠤ᠂ ᠰᠠᠯᠬᠢ ᠰᠦᠷᠴᠤ ᠰᠠᠬᠢᠯᠭ᠎ᠠ ᠶᠢ ᠵᠦᠷᠢᠴᠠᠬᠦ ᠪᠠᠶᠢᠭᠤᠯᠤᠯᠭ᠎ᠠ ᠪᠠ ᠠᠵᠢᠯᠳᠠᠨ ᠠᠴᠠ ᠴᠢᠩᠭ᠎ᠠ ᠬᠠᠷᠢᠭᠤᠴᠠᠯᠭ᠎ᠠ ᠨᠠᠬᠡᠮᠵᠢᠯᠠᠨ᠎ᠠ᠃       ︵ᠲᠦᠷᠪᠠ︶ ᠤᠷᠳᠤ ᠬᠤᠭᠤᠴᠠᠭ᠎ᠠ ᠬᠦᠴᠦᠨ ᠲᠠᠢ ᠲᠤᠬᠳᠠᠴᠠ ᠶᠢ ᠪᠠᠶᠢᠭᠤᠯᠤᠨ᠎ᠠ᠃ ᠲᠤᠰ ᠤᠳᠠᠭᠠᠨ ᠤ ᠲᠦᠪᠯᠠᠷᠠᠬᠦᠯᠦᠨ ᠵᠠᠰᠠᠬᠤ ᠪᠠᠷ ᠲᠠᠮᠵᠢᠵᠤ᠂ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ᠠᠵᠢᠯᠳᠠᠨ  ᠤ ᠶᠠᠪᠤᠳᠠᠯ ᠤᠨ ᠬᠠᠮᠢᠶᠠᠷᠤᠯᠳᠠ ᠶᠢ ᠤᠯᠠᠮ ᠨᠢᠭᠡ ᠠᠯᠬᠤᠮ ᠲᠦᠷᠢᠮᠵᠢᠬᠦᠯᠵᠤ᠂ ᠵᠤᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠪᠠ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠤᠷᠳᠤ ᠬᠤᠭᠤᠴᠠᠭ᠎ᠠ ᠬᠦᠴᠦᠨ ᠲᠠᠢ ᠲᠤᠬᠳᠠᠴᠠ ᠶᠢ ᠪᠠᠶᠢᠭᠤᠯᠤᠨ᠎ᠠ᠃ ᠠᠵᠢᠯᠳᠠᠨ ᠤ ᠡᠳᠦᠷ ᠲᠤᠳᠤᠮ ᠬᠢᠨᠠᠨ ᠰᠢᠯᠭᠠᠵᠤ ᠬᠠᠮᠢᠶᠠᠷᠬᠤ ᠶᠢ ᠴᠢᠩᠭᠠᠳᠬᠠᠵᠤ᠂ ᠬᠠᠮᠢᠶᠠᠷᠤᠯᠳᠠ ᠰᠤᠯᠠ ᠠᠴᠠ ᠡᠬᠦᠰᠦᠭᠰᠡᠨ ᠠᠵᠢᠯᠳᠠᠨ ᠤᠷᠤᠨ ᠲᠤᠭ᠎ᠠ ᠳᠤ ᠪᠠᠶᠢᠭᠠᠳ ᠠᠵᠢᠯ ᠤᠨ ᠪᠠᠶᠢᠷᠢ ᠳᠠᠭᠠᠨ ᠪᠠᠶᠢᠬᠤ ᠦᠭᠡᠢ ᠪᠠᠶᠢᠳᠠᠯ ᠢ ᠰᠠᠷᠬᠡᠶᠢᠯᠠᠨ᠎ᠠ᠃ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠴᠤᠪᠤᠷᠠᠯ ᠢ ᠴᠢᠩᠭᠠᠳᠬᠠᠵᠤ᠂ ᠠᠯᠪᠠᠨ ᠪᠠᠶᠢᠭᠤᠯᠤᠯᠭ᠎ᠠ ᠠᠵᠢᠯ ᠤᠶᠢᠯᠠᠰ ᠤᠨ ᠨᠢᠭᠡᠴᠡ ᠶᠢᠨ ᠠᠵᠢᠯᠳᠠᠨ ᠤ ᠰᠤᠯᠢᠯᠴᠠᠬᠤ᠂ ᠠᠵᠢᠯ ᠠᠴᠠ ᠪᠠᠨ ᠠᠮᠠᠷᠠᠬᠤ᠂ ᠰᠢᠳᠭᠡᠯ ᠦᠭᠬᠦ᠂ ᠲᠤᠰᠢᠶᠠᠯ ᠠᠴᠠ ᠪᠠᠨ ᠪᠠᠭᠤᠬᠤ ᠵᠠᠷᠭᠡ ᠬᠤᠭᠤᠴᠠᠭ᠎ᠠ ᠶᠢᠨ ᠬᠠᠮᠢᠶᠠᠷᠤᠯᠳᠠ ᠶᠢ ᠲᠦᠷᠢᠮᠵᠢᠬᠦᠯᠵᠤ᠂ ᠠᠵᠢᠯᠳᠠᠨ ᠤ ᠰᠤᠷᠠᠭ ᠵᠠᠩᠬᠢ ᠶᠢᠨ ᠮᠠᠲ᠋ᠧᠷᠢᠶᠠᠯ ᠢ ᠴᠠᠭ ᠲᠤᠬᠠᠢ ᠳᠤᠨᠢ ᠵᠠᠰᠠᠵᠤ᠂ ᠵᠤᠬᠢᠰᠳᠠᠢ ᠴᠠᠯᠢᠩ ᠤᠯᠭᠤᠮᠵᠢ ᠶᠢ ᠲᠤᠬᠢᠷᠠᠭᠤᠯᠵᠤ᠂ ︽ᠠᠯᠪᠠᠯᠠᠬᠤ ᠦᠭᠡᠢ ᠪᠠᠷ ᠴᠠᠯᠢᠩ ᠠᠪᠬᠤ︾ ᠦᠵᠡᠭᠳᠡᠯ ᠰᠢᠨ᠎ᠠ ᠪᠠᠷ ᠢᠯᠠᠷᠠᠬᠦ ᠶᠢ ᠵᠤᠬᠰᠤᠭᠠᠬᠤ ᠬᠡᠷᠡᠭᠳᠡᠢ᠃       ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠬᠡᠷ᠄ 6360181       ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ ᠤᠨ ᠺᠠᠳ᠋ᠷ ᠤᠨ ᠬᠠᠮᠢᠶᠠᠷᠤᠯᠳᠠ ᠶᠢᠨ ᠠᠯᠪᠠᠨ ᠬᠡᠷ᠄ 6360193       ᠬᠤᠰᠢᠭᠤᠨ ᠤ ᠠᠵᠢᠯᠳᠠᠨ ᠤ ᠲᠤᠪᠴᠢᠶ᠎ᠠ ᠶᠢᠨ ᠠᠵᠢᠯ ᠤᠶᠢᠯᠠᠰ ᠤᠨ ᠬᠠᠮᠢᠶᠠᠷᠤᠯᠳᠠ ᠶᠢᠨ ᠲᠠᠰᠤᠭ᠄ 6360523       ᠬᠤᠰᠢᠭᠤᠨ ᠤ ᠠᠵᠢᠯᠳᠠᠨ ᠤ ᠲᠤᠪᠴᠢᠶ᠎ᠠ ᠶᠢᠨ ᠠᠯᠪᠠᠳᠠᠨ ᠤ ᠬᠠᠮᠢᠶᠠᠷᠤᠯᠳᠠ ᠶᠢᠨ ᠲᠠᠰᠤᠭ᠄ 6360526
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号