ᠤᠩᠨᠢᠭᠤᠳ ᠵᠠᠰᠠᠭ ᠲᠠᠷᠬᠠᠭᠠᠬᠤ ﹇2015﹈ 16 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2016-04-18
      ᠤᠩᠨᠢᠭᠤᠳ ᠵᠠᠰᠠᠭ ᠲᠠᠷᠬᠠᠭᠠᠬᠤ ﹇2015﹈ 16 ᠳ᠋ᠤᠭᠠᠷ ᠲᠤᠭᠠᠳᠤ   ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ  ᠬᠠᠤᠯᠢ ᠪᠠᠷ ᠵᠠᠰᠠᠬᠤ   ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠬᠢᠭᠤᠯᠬᠤ ᠶᠢ ᠬᠡᠷᠡᠭᠵᠢᠬᠦᠯᠬᠦ ᠲᠤᠬᠠᠢ ᠰᠠᠨᠠᠯᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠤᠯᠤᠰ ᠠᠴᠠ ᠡᠷᠬᠢᠯᠡᠭᠰᠡᠨ ᠲᠠᠷᠢᠶᠠᠯᠠᠩ ᠤᠨ ᠲᠠᠯᠠᠪᠠᠢ᠂ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠠᠬᠦ ᠭᠠᠵᠠᠷ᠂ ᠬᠤᠰᠢᠭᠤᠨ ᠤ ᠡᠯ᠎ᠡ ᠬᠠᠷᠢᠶ᠎ᠠ ᠪᠠᠶᠢᠭᠤᠯᠤᠯᠭ᠎ᠠ᠂ ᠲᠦᠪ ᠤᠷᠤᠨ ᠬᠤᠳᠠ ᠶᠢᠨ ᠤᠩᠨᠢᠭᠤᠳ ᠲᠤ ᠰᠠᠭᠤᠭ᠎ᠠ ᠪᠠᠶᠢᠭᠤᠯᠤᠯᠭ᠎ᠠ᠂ ᠡᠯ᠎ᠡ ᠠᠵᠤ ᠠᠬᠤᠶᠢᠯᠠᠯ᠂ ᠠᠵᠢᠯ ᠤᠶᠢᠯᠠᠰ ᠤᠨ ᠨᠢᠭᠡᠴᠡ ᠳᠤ᠄       ᠨᠠᠮ ᠤᠨ ᠠᠷᠪᠠᠨ ᠨᠠᠢᠮᠠᠳᠤᠭᠠᠷ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠂ ᠲᠦᠷᠪᠠᠳᠤᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠬᠠᠤᠯᠢ ᠪᠠᠷ ᠵᠠᠰᠠᠬᠤ ᠤᠩᠨᠢᠭᠤᠳ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠶᠢᠨ ᠲᠦᠯᠦᠭᠡ᠂ ᠤᠯᠤᠰ ᠤᠨ ᠶᠠᠪᠤᠳᠠᠯ ᠤᠨ ᠬᠤᠷᠢᠶᠠᠨ ᠤ ︽ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠬᠡᠷᠡᠭᠵᠢᠬᠦᠯᠬᠦ ᠬᠦᠳᠦᠯᠪᠤᠷᠢ︾᠂ ︽ᠬᠤᠳᠠ ᠬᠤᠰᠢᠭᠤᠨ ᠤ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠴᠢᠩᠭᠠᠳᠬᠠᠬᠤ ᠲᠤᠬᠠᠢ ᠲᠤᠬᠳᠠᠭᠠᠯ︾ ᠪᠠ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠲᠤᠬᠳᠠᠭᠠᠯ︾ ︵ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠵᠠᠷᠯᠢᠭ 100 ᠳ᠋ᠤᠭᠠᠷ ᠲᠤᠭᠠᠳᠤ︶ ᠶᠢᠨ ᠬᠠᠮᠢᠶ᠎ᠠ ᠪᠦᠬᠦᠢ ᠱᠠᠭᠠᠷᠳᠠᠯᠭ᠎ᠠ ᠪᠠᠷ ᠲᠤᠰ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠤᠷᠠᠬᠢ ᠮᠠᠳᠤ ᠰᠠᠨᠠᠯ ᠢ ᠬᠡᠷᠡᠭᠵᠢᠬᠦᠯᠬᠦ ᠪᠠᠷ ᠲᠤᠷᠠᠳᠤᠪᠠ᠄       ᠨᠢᠭᠡ᠂ ᠵᠢᠯᠤᠭᠤᠳᠬᠤ ᠦᠵᠠᠯ ᠰᠠᠨᠠᠭ᠎ᠠ ᠪᠠ ᠶᠠᠷᠦᠩᠭᠡᠢ ᠬᠠᠷᠠᠯᠳᠠ      1. ᠵᠢᠯᠤᠭᠤᠳᠬᠤ ᠦᠵᠠᠯ ᠰᠠᠨᠠᠭ᠎ᠠ᠄ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠠᠯ ᠰᠠᠨᠠᠭ᠎ᠠ᠂ ᠰᠢᠨᠵᠢᠯᠠᠬᠦ ᠤᠬᠠᠭᠠᠨᠴᠢ ᠬᠦᠭᠵᠢᠯᠳᠠ ᠶᠢᠨ ᠦᠵᠠᠯᠳᠠ ᠪᠠ ᠰᠢ ᠶᠢᠨ ᠫᠢᠩ ᠶᠠᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠶᠢᠨ ᠦᠵᠠᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠷᠪᠠᠳᠤᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠰᠢᠨᠵᠢᠯᠠᠬᠦ ᠤᠬᠠᠭᠠᠨᠴᠢ ᠪᠠᠷ ᠬᠠᠤᠯᠢ ᠲᠤᠬᠳᠠᠭᠠᠵᠤ᠂ ᠡᠷᠡᠰ ᠴᠢᠩᠭ᠎ᠠ ᠪᠠᠷ ᠬᠠᠤᠯᠢ ᠬᠡᠷᠡᠭᠵᠢᠬᠦᠯᠵᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ︾ ᠠᠷᠪᠠᠨ ᠵᠢᠷᠭᠤᠭᠠᠨ ᠦᠰᠦᠭ ᠤᠨ ᠴᠢᠭᠯᠡᠯᠳᠠ  ᠶᠢᠨ ᠲᠤᠭᠤᠷᠢᠨ ᠳᠤ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠯ ᠢᠶᠠᠨ ᠲᠠᠭᠡᠭᠰᠢᠯᠠᠬᠦᠯᠵᠤ᠂ ᠵᠠᠰᠠᠭ ᠶᠠᠪᠤᠭᠤᠯᠬᠤ ᠡᠷᠭᠡ ᠶᠢᠨ ᠡᠷᠬᠢᠯᠳᠠ ᠶᠢ ᠲᠦᠷᠢᠮᠵᠢᠬᠦᠯᠵᠤ᠂ ᠵᠠᠰᠠᠭ ᠤᠨ ᠦᠷ᠎ᠡ ᠪᠦᠳᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ ᠂ ᠨᠠᠶᠢᠭᠡᠮ ᠵᠢᠷᠤᠮᠳᠤ ᠬᠠᠮᠢᠶᠠᠷᠤᠯᠳᠠ ᠶᠢᠨ ᠠᠷᠭ᠎ᠠ ᠬᠡᠯᠪᠠᠷᠢ ᠶᠢ ᠡᠬᠦᠳᠬᠦ ᠪᠠᠷ ᠠᠷᠭ᠎ᠠ ᠪᠠᠷᠢᠯ ᠪᠤᠯᠭᠠᠵᠤ᠂ ᠵᠠᠰᠠᠭ ᠤᠨ ᠤᠷᠳᠤᠨ ᠤ ᠠᠵᠢᠯ ᠤᠨ ᠲᠦᠷᠢᠮᠵᠢᠯᠳᠠ᠂ ᠬᠡᠪᠴᠢᠶᠠᠵᠢᠯᠳᠠ᠂ ᠠᠯᠬᠤᠮ ᠲᠠᠷᠠᠭᠠᠵᠢᠯᠳᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠤᠯᠠᠨ ᠤ ᠢᠳᠡᠭᠡᠮᠵᠢ ᠶᠢ ᠲᠠᠰᠤᠷᠠᠯᠳᠠ ᠦᠭᠡᠢ ᠲᠠᠭᠡᠭᠰᠢᠯᠠᠬᠦᠯᠦᠨ᠎ᠠ      2. ᠶᠠᠷᠦᠩᠭᠡᠢ ᠬᠠᠷᠠᠯᠳᠠ᠄ ᠬᠠᠤᠯᠢ ᠪᠠᠷ ᠤᠩᠨᠢᠭᠤᠳ ᠢᠶᠠᠨ ᠵᠠᠰᠠᠬᠤ ᠪᠦᠳᠦᠭᠡᠨ ᠪᠠᠶᠢᠭᠤᠯᠤᠯᠳᠠ ᠶᠢᠨ ᠠᠯᠬᠤᠴᠠ ᠪᠠᠨ ᠤᠯᠠᠮ ᠨᠢᠭᠡ ᠠᠯᠬᠤᠮ ᠲᠦᠷᠭᠡᠳᠭᠡᠵᠤ᠂ ᠡᠷᠭᠡ ᠡᠬᠦᠷᠭᠡ ᠨᠢᠭᠡᠳᠦᠯᠳᠠᠢ ᠬᠠᠤᠯᠢ ᠪᠠᠷ ᠠᠷᠭ᠎ᠠ ᠪᠤᠳᠤᠯᠭ᠎ᠠ ᠲᠤᠬᠳᠠᠭᠠᠬᠤ ᠰᠢᠰᠲ᠋ᠧᠮ᠂ ᠡᠷᠭᠡ ᠰᠦᠷᠳᠤ ᠦᠨᠳᠤᠷ ᠪᠦᠳᠦᠮᠵᠢᠳᠤ ᠬᠠᠤᠯᠢ ᠶᠤᠰᠤᠭᠠᠷ ᠵᠠᠰᠠᠭ ᠶᠠᠪᠤᠭᠤᠯᠬᠤ ᠰᠢᠰᠲ᠋ᠧᠮ᠂ ᠬᠦᠨᠳᠤᠳᠭᠡᠯ ᠲᠠᠢ ᠤᠬᠠᠮᠰᠠᠷᠳᠤ ᠪᠦᠬᠦ ᠠᠷᠠᠳ ᠤᠨ ᠬᠠᠤᠯᠢ ᠰᠠᠬᠢᠬᠤ ᠰᠢᠰᠲ᠋ᠧᠮ ᠢ ᠪᠦᠷᠢᠯᠳᠤᠬᠦᠯᠵᠤ᠂ ᠬᠠᠤᠯᠢ ᠪᠠᠷ ᠵᠠᠰᠠᠬᠤ ᠰᠢᠯᠭᠠᠷᠠᠬᠰᠠᠨ ᠠᠵᠢᠯᠯᠠᠬᠤ ᠡᠩᠨᠡᠭᠡ ᠶᠢ ᠪᠠᠶᠢᠭᠤᠯᠵᠤ᠂ ᠠᠷᠠᠳ ᠲᠦᠮᠠᠨ ᠤ ᠡᠷᠭᠡ ᠠᠰᠢᠭ ᠢ ᠬᠠᠤᠯᠢ ᠶᠤᠰᠤᠭᠠᠷ ᠬᠠᠮᠠᠭᠠᠯᠠᠵᠤ᠂ ᠨᠠᠶᠢᠭᠡᠮ ᠤᠨ ᠡᠷᠭᠡ ᠲᠡᠭᠰᠢ᠂ ᠲᠦᠪ ᠶᠤᠰᠤᠨ ᠢ ᠬᠠᠮᠠᠭᠠᠯᠠᠵᠤ᠂ ᠪᠦᠬᠦ ᠬᠤᠰᠢᠭᠤᠨ ᠤ ᠠᠮᠤᠷ ᠲᠦᠪᠰᠢᠨ ᠲᠤᠬᠳᠠᠭᠤᠨ ᠢ ᠬᠠᠮᠠᠭᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ᠂ ᠬᠠᠤᠯᠢ ᠪᠠᠷ ᠵᠠᠰᠠᠬᠤ ᠨᠠᠶᠢᠭᠡᠮ ᠨᠢᠭᠡ ᠴᠤᠬᠵᠢᠬᠰᠠᠨ ᠪᠦᠳᠦᠭᠡᠨ ᠪᠠᠶᠢᠭᠤᠯᠤᠯᠳᠠ ᠶᠢ ᠪᠠᠶᠠᠯᠠᠬᠦᠯᠦᠨ᠎ᠠ᠃      ᠬᠤᠶᠠᠷ᠂ ᠠᠷᠠᠳᠴᠢᠯᠠᠯᠳᠤ ᠬᠠᠤᠯᠢ ᠪᠠᠷ ᠵᠠᠰᠠᠬᠤ ᠪᠠᠷ ᠵᠠᠷᠴᠢᠮ ᠪᠤᠯᠭᠠᠵᠤ᠂ ᠠᠯᠬᠤᠮ ᠲᠠᠷᠠᠭ᠎ᠠ ᠲᠦᠷᠢᠮᠵᠢᠭᠰᠡᠨ ᠂ ᠡᠷᠭᠡ ᠡᠬᠦᠷᠭᠡ ᠨᠢᠭᠡᠳᠦᠯᠳᠠᠢ ᠬᠠᠤᠯᠢ ᠶᠤᠰᠤᠭᠠᠷ ᠰᠢᠢᠳᠪᠤᠷᠢᠳᠤ ᠪᠤᠳᠤᠯᠭ᠎ᠠ ᠲᠤᠬᠳᠠᠭᠠᠬᠤ ᠰᠢᠰᠲ᠋ᠧᠮ ᠢ ᠪᠠᠶᠢᠭᠤᠯᠤᠨ᠎ᠠ᠃      3. ᠡᠯ᠎ᠡ ᠲᠦᠷᠦᠯ ᠤᠨ ᠲᠤᠮᠤ ᠶᠡᠭᠡ ᠰᠢᠢᠳᠪᠤᠷᠢᠳᠤ ᠪᠤᠳᠤᠯᠭ᠎ᠠ ᠨᠢ ᠵᠠᠪᠠᠯ ᠬᠠᠤᠯᠢ ᠶᠢᠨ ᠦᠨᠳᠤᠰᠤᠯᠠᠯ ᠪᠠᠶᠢᠬᠤ ᠬᠡᠷᠡᠭᠳᠡᠢ᠃ ᠬᠤᠰᠢᠭᠤᠨ ᠤ ᠵᠠᠰᠠᠭ ᠤᠨ ᠤᠷᠳᠤᠨ ᠵᠢᠴᠢ ᠪᠦᠷᠢᠯᠳᠤᠬᠦᠨ ᠰᠠᠯᠠᠭ᠎ᠠ ᠮᠦᠴᠢᠷ ᠨᠢ ᠦᠨᠳᠤᠰᠤᠨ ᠬᠠᠤᠯᠢ ᠰᠠᠬᠢᠯᠭ᠎ᠠ ᠲᠠᠢ ᠬᠠᠷᠰᠢᠯᠳᠤᠬᠤ ᠲᠤᠮᠤ ᠶᠡᠭᠡ ᠰᠢᠢᠳᠪᠤᠷᠢᠳᠤ ᠪᠤᠳᠤᠯᠭ᠎ᠠ ᠭᠠᠷᠭᠠᠵᠤ ᠪᠤᠯᠬᠤ ᠦᠭᠡᠢ᠃ ᠰᠢᠢᠳᠪᠤᠷᠢᠳᠤ ᠪᠤᠳᠤᠯᠭ᠎ᠠ ᠨᠢ ᠦᠨᠳᠤᠰᠤᠨ ᠬᠠᠤᠯᠢ᠂ ᠬᠠᠤᠯᠢ ᠴᠠᠭᠠᠵᠠ ᠲᠠᠢ ᠲᠠᠷᠰᠯᠠᠬᠦ᠂ ᠲᠤᠮᠤ ᠶᠡᠭᠡ ᠰᠢᠢᠳᠪᠤᠷᠢᠳᠤ ᠪᠤᠳᠤᠯᠭ᠎ᠠ ᠲᠤᠬᠳᠠᠭᠠᠬᠤ ᠨᠢ ᠲᠤᠷ᠎ᠠ ᠮᠠᠳᠠᠨ ᠪᠠᠶᠢᠬᠤ᠂ ᠤᠯᠠᠭᠠᠨ ᠲᠦᠷᠦᠬᠦᠳᠤ ᠠᠯᠪᠠᠨ ᠪᠢᠴᠢᠭ ᠢᠶᠠᠷ ᠬᠠᠤᠯᠢ ᠲᠦᠷᠢᠮ ᠢ ᠤᠷᠤᠯᠠᠭᠤᠯᠬᠤ᠂ ᠲᠦᠷᠦ ᠶᠢᠨ ᠪᠤᠳᠤᠯᠭ᠎ᠠ ᠶᠢ ᠲᠠᠬᠢᠨ ᠦᠭᠡᠷᠡᠴᠢᠯᠠᠬᠦ ᠵᠠᠷᠭᠡ ᠤᠳᠤᠬᠠᠨ ᠤ ᠤᠷᠤᠰᠢᠵᠤ ᠪᠠᠶᠢᠬᠤ ᠠᠰᠠᠭᠤᠳᠠᠯ ᠢ ᠦᠨᠠᠩᠬᠦ ᠰᠢᠢᠳᠪᠤᠷᠢᠯᠠᠬᠦ ᠬᠡᠷᠡᠭᠳᠡᠢ᠃ ᠪᠠᠶᠢᠭᠤᠯᠤᠮᠵᠢ᠂ ᠡᠬᠦᠷᠭᠡ ᠲᠤᠰᠢᠶᠠᠯ᠂ ᠡᠷᠭᠡ ᠶᠢᠨ ᠬᠢᠵᠠᠭᠠᠷ᠂ ᠡᠬᠦᠷᠭᠡ ᠬᠠᠷᠢᠭᠤᠴᠠᠯᠭ᠎ᠠ᠂ ᠲᠤᠮᠤ ᠶᠡᠭᠡ ᠰᠢᠢᠳᠪᠤᠷᠢᠳᠤ ᠪᠤᠳᠤᠯᠭ᠎ᠠ ᠶᠢᠨ ᠲᠦᠷᠢᠮᠵᠢᠯᠳᠠ᠂ ᠬᠠᠤᠯᠢᠵᠢᠯᠳᠠ ᠶᠢ ᠪᠠᠶᠠᠯᠠᠬᠦᠯᠦᠨ᠎ᠠ᠃      4. ᠰᠢᠢᠳᠪᠤᠷᠢᠳᠤ ᠪᠤᠳᠤᠯᠭ᠎ᠠ ᠶᠢᠨ ᠲᠠᠰ ᠲᠠᠷᠠᠭ᠎ᠠ ᠶᠢ ᠰᠢᠨᠵᠢᠯᠠᠬᠦ ᠤᠬᠠᠭᠠᠨᠴᠢ ᠪᠠᠷ ᠲᠦᠷᠢᠮᠵᠢᠬᠦᠯᠬᠦ ᠬᠡᠷᠡᠭᠳᠡᠢ ᠃ ᠰᠠᠳᠤᠪ ᠲᠤᠬᠳᠠᠭᠠᠬᠤ᠂ ᠤᠯᠠᠨ ᠲᠦᠮᠠᠨ ᠤᠷᠤᠯᠴᠠᠬᠤ᠂ ᠮᠠᠷᠭᠡᠵᠢᠯᠳᠠᠨ ᠨᠤᠳᠠᠯᠠᠬᠤ᠂ ᠠᠶᠤᠯ ᠲᠦᠭᠰᠢᠬᠦᠷᠢ ᠶᠢᠨ ᠦᠨᠠᠯᠠᠯᠳᠠ᠂ ᠬᠠᠤᠯᠢ ᠳᠤ ᠨᠠᠶᠢᠴᠠᠬᠦ ᠴᠢᠨᠠᠷᠳᠠᠢ ᠬᠢᠨᠠᠨ ᠪᠠᠶᠢᠴᠠᠭᠠᠬᠤ᠂ ᠬᠠᠮᠳᠤ ᠪᠠᠷ ᠶᠠᠷᠢᠯᠴᠠᠬᠤ᠂ ᠰᠢᠢᠳᠪᠤᠷᠢ ᠲᠤᠬᠳᠠᠭᠠᠬᠤ ᠶᠢ ᠲᠤᠮᠤ ᠶᠡᠭᠡ ᠰᠢᠢᠳᠪᠤᠷᠢᠳᠤ ᠪᠤᠳᠤᠯᠭ᠎ᠠ ᠲᠤᠬᠳᠠᠭᠠᠬᠤ ᠬᠠᠤᠯᠢ ᠶᠢᠨ ᠲᠠᠰ ᠲᠠᠷᠠᠭ᠎ᠠ ᠪᠤᠯᠭᠠᠨ᠎ᠠ᠃ ᠲᠤᠮᠤ ᠶᠡᠭᠡ ᠰᠢᠢᠳᠪᠤᠷᠢᠳᠤ ᠪᠤᠳᠤᠯᠭ᠎ᠠ ᠲᠤᠬᠳᠠᠭᠠᠬᠤ ᠠᠴᠠ ᠡᠮᠦᠨ᠎ᠠ ᠠᠶᠤᠯ ᠲᠦᠭᠰᠢᠬᠦᠷᠢ ᠶᠢᠨ ᠦᠨᠠᠯᠠᠯᠳᠠ ᠪᠠ ᠬᠠᠤᠯᠢ ᠳᠤ ᠨᠠᠶᠢᠴᠠᠬᠦ ᠴᠢᠨᠠᠷᠳᠠᠢ ᠬᠢᠨᠠᠨ ᠪᠠᠶᠢᠴᠠᠭᠠᠯᠳᠠ ᠶᠢ ᠦᠩᠭᠡᠷᠡᠭᠡᠬᠦ ᠦᠭᠡᠢ ᠪᠤᠯ ᠰᠢᠢᠳᠪᠤᠷᠢᠳᠤ ᠪᠤᠳᠤᠯᠭ᠎ᠠ ᠶᠢ ᠭᠠᠷᠭᠠᠵᠤ ᠪᠤᠯᠬᠤ ᠦᠭᠡᠢ᠃ ᠦᠨᠠᠯᠠᠨ ᠵᠢᠱᠢᠬᠦ᠂ ᠬᠢᠨᠠᠨ ᠪᠠᠶᠢᠴᠠᠭᠠᠬᠤ ᠶᠢ ᠲᠠᠮᠵᠢᠬᠰᠠᠨ ᠨᠢ ᠬᠠᠤᠯᠢ ᠪᠤᠰᠤ ᠪᠤᠯ ᠲᠤᠰᠢᠶᠠᠨ ᠶᠠᠷᠢᠯᠴᠠᠭᠤᠯᠵᠤ ᠪᠤᠯᠬᠤ ᠦᠭᠡᠢ᠃ ᠲᠤᠮᠤ ᠶᠡᠭᠡ ᠰᠢᠢᠳᠪᠤᠷᠢᠳᠤ ᠪᠤᠳᠤᠯᠭ᠎ᠠ ᠲᠤᠬᠳᠠᠭᠠᠬᠤ ᠳᠤ ᠲᠤᠮᠳᠠ ᠵᠠᠪᠠᠯ ᠤᠯᠠᠨ ᠲᠦᠮᠠᠨ ᠤ ᠰᠠᠨᠠᠭ᠎ᠠ ᠵᠤᠷᠢᠯᠳᠠ ᠶᠢ ᠬᠦᠢᠴᠡᠳ ᠢᠯᠠᠷᠠᠬᠦᠯᠵᠤ᠂ ᠮᠠᠷᠭᠡᠵᠢᠯᠳᠠᠨ ᠤ ᠰᠠᠨᠠᠯ ᠢ ᠬᠦᠨᠳᠤᠳᠭᠡᠬᠦ ᠬᠡᠷᠡᠭᠳᠡᠢ᠃ ᠰᠢᠢᠳᠪᠤᠷᠢᠳᠤ ᠪᠤᠳᠤᠯᠭ᠎ᠠ ᠨᠢ ᠬᠦᠴᠦᠨ ᠲᠠᠢ ᠪᠤᠯᠬᠤ ᠠᠴᠠ ᠡᠮᠦᠨ᠎ᠠ ᠰᠠᠨᠠᠭᠤᠯᠭ᠎ᠠ ᠶᠢ ᠦᠨᠳᠤᠰᠤᠯᠠᠵᠤ ᠠᠯᠬᠤᠮ ᠲᠠᠷᠠᠭ᠎ᠠ ᠶᠤᠰᠤᠭᠠᠷ ᠲᠦᠷ ᠬᠤᠶᠢᠰᠢᠯᠠᠵᠤ ᠬᠡᠷᠡᠭᠵᠢᠬᠦᠯᠬᠦ᠂ ᠬᠡᠷᠡᠭᠵᠢᠬᠦᠯᠬᠦ ᠶᠢ ᠵᠤᠬᠰᠤᠭᠠᠬᠤ ᠪᠤᠶᠤ ᠰᠢᠢᠳᠪᠤᠷᠢᠳᠤ ᠪᠤᠳᠤᠯᠭ᠎ᠠ ᠲᠤᠬᠳᠠᠭᠠᠬᠤ ᠲᠦᠰᠦᠯ ᠢ ᠵᠠᠰᠠᠬᠤ ᠲᠤᠬᠳᠠᠭᠠᠯ ᠭᠠᠷᠭᠠᠵᠤ᠂ ᠰᠢᠢᠳᠪᠤᠷᠢᠳᠤ ᠪᠤᠳᠤᠯᠭ᠎ᠠ ᠲᠦᠷᠢᠮ ᠲᠤᠬᠳᠠᠭᠠᠯ ᠨᠢ ᠰᠢᠨᠵᠢᠯᠠᠬᠦ ᠤᠬᠠᠭᠠᠨᠴᠢ᠂ ᠠᠯᠬᠤᠮ ᠲᠠᠷᠠᠭ᠎ᠠ ᠨᠢ ᠵᠦᠢ ᠶᠤᠰᠤᠳᠠᠢ᠂ ᠶᠠᠪᠤᠴᠠ ᠨᠢ ᠢᠯᠠ᠂ ᠬᠠᠷᠢᠭᠤᠴᠠᠯᠭ᠎ᠠ ᠲᠤᠳᠤᠷᠬᠠᠢ ᠪᠠᠶᠢᠬᠤ ᠶᠢ ᠪᠠᠳᠤᠯᠠᠨ᠎ᠠ᠃ ᠲᠤᠮᠤ ᠬᠡᠷᠡᠭ ᠤᠴᠢᠷ᠂ ᠲᠤᠮᠤ ᠶᠡᠭᠡ ᠲᠦᠷᠦᠯ ᠵᠦᠢᠯ᠂ ᠬᠦᠨᠳᠤ ᠴᠢᠬᠤᠯᠠ ᠠᠵᠢᠯᠯᠠᠭᠠᠨ ᠤ ᠨᠠᠶᠢᠭᠡᠮ ᠳᠠᠬᠢ ᠲᠤᠬᠳᠠᠭᠤᠨ ᠤ ᠠᠶᠤᠯ ᠲᠦᠭᠰᠢᠬᠦᠷᠢ ᠶᠢᠨ ᠦᠨᠠᠯᠠᠯᠳᠠ ᠶᠢᠨ ᠲᠤᠬᠳᠠᠴᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃      5. ᠬᠠᠤᠯᠢ ᠶᠤᠰᠤᠭᠠᠷ ᠰᠢᠢᠳᠪᠤᠷᠢᠳᠤ ᠪᠤᠳᠤᠯᠭ᠎ᠠ ᠲᠤᠬᠳᠠᠭᠠᠬᠤ ᠶᠢ ᠪᠠᠳᠤᠯᠠᠬᠤ ᠪᠠᠶᠢᠭᠤᠯᠤᠮᠵᠢ ᠶᠢ ᠲᠠᠬᠦᠯᠳᠠᠷᠵᠢᠬᠦᠯᠦᠨ᠎ᠠ᠃ ᠲᠤᠮᠤ ᠶᠡᠭᠡ ᠰᠢᠢᠳᠪᠤᠷᠢᠳᠤ ᠪᠤᠳᠤᠯᠭ᠎ᠠ ᠶᠢᠨ ᠬᠠᠤᠯᠢ ᠴᠠᠭᠠᠵᠠ ᠶᠢᠨ ᠠᠰᠠᠭᠤᠨ ᠯᠠᠪᠯᠠᠬᠤ ᠲᠦᠷᠢᠮ ᠢ ᠪᠠᠶᠢᠭᠤᠯᠤᠨ ᠪᠦᠷᠢᠨᠵᠢᠬᠦᠯᠵᠤ᠂ ᠬᠠᠤᠯᠢ ᠴᠠᠭᠠᠵᠠ ᠶᠢᠨ ᠡᠷᠳᠡᠮᠳᠠᠨ᠂ ᠨᠠᠷ᠎ᠠ ᠲᠦᠷᠦ ᠲᠠᠢ ᠰᠢᠬᠦᠭᠴᠢ᠂ ᠪᠠᠶᠢᠴᠠᠭᠠᠬᠴᠢ᠂ ᠬᠠᠤᠯᠢᠴᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠭᠴᠢ ᠠᠵᠢᠯᠳᠠᠨ ᠤ ᠲᠤᠮᠳᠠ ᠠᠴᠠ ᠲᠤᠰᠬᠠᠢ ᠴᠢᠳᠠᠪᠤᠷᠢᠳᠠᠨ ᠢ ᠰᠤᠩᠭᠤᠵᠤ᠂ ᠬᠠᠤᠯᠢ ᠶᠢᠨ ᠮᠠᠷᠭᠡᠵᠢᠯᠳᠠᠨ ᠤ ᠠᠰᠠᠭᠤᠵᠤ ᠯᠠᠪᠯᠠᠬᠤ ᠵᠦᠪᠯᠠᠯ ᠢ ᠪᠠᠶᠢᠭᠤᠯᠵᠤ᠂ ᠰᠢᠢᠳᠪᠤᠷᠢᠳᠤ ᠪᠤᠳᠤᠯᠭ᠎ᠠ ᠲᠤᠬᠳᠠᠭᠠᠬᠤ ᠶᠢ ᠪᠠᠶᠢᠭᠤᠯᠤᠯᠭ᠎ᠠ ᠶᠢᠨ ᠭᠠᠳᠠᠨ᠎ᠠ ᠲᠤᠰᠠᠭᠠᠷᠯᠠᠨ᠎ᠠ᠃ ᠠᠵᠢᠯ ᠲᠦᠷᠦᠯ ᠤᠨ ᠴᠢᠨᠠᠷᠳᠠᠢ᠂ ᠲᠤᠰᠬᠠᠢ ᠠᠵᠢᠯ ᠤᠨ ᠴᠢᠨᠠᠷᠳᠠᠢ ᠮᠠᠷᠭᠡᠵᠢᠯᠳᠠᠨ ᠤ ᠬᠢᠨᠠᠨ ᠲᠤᠬᠳᠠᠭᠠᠬᠤ ᠦᠨᠠᠯᠠᠨ ᠵᠢᠱᠢᠬᠦ ᠵᠦᠪᠯᠠᠯ ᠢ ᠪᠠᠶᠢᠭᠤᠯᠵᠤ᠂ ᠲᠤᠰᠬᠠᠢ ᠮᠠᠷᠭᠡᠵᠢᠯᠳᠠᠨ ᠤ ᠬᠦᠮᠦᠷᠭᠡ ᠶᠢ ᠪᠠᠶᠢᠭᠤᠯᠵᠤ᠂ ᠭᠤᠷᠪᠠᠳᠤᠭᠠᠷ ᠡᠳᠡᠭᠡᠳ ᠤᠨ ᠦᠨᠠᠯᠠᠨ ᠵᠢᠱᠢᠬᠦ ᠪᠠᠶᠢᠭᠤᠯᠤᠮᠵᠢ ᠶᠢ ᠬᠡᠷᠡᠭᠵᠢᠬᠦᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠠᠷᠭᠠᠬᠰᠠᠨ ᠲᠤᠮᠤ ᠶᠡᠭᠡ ᠰᠢᠢᠳᠪᠤᠷᠢᠳᠤ ᠪᠤᠳᠤᠯᠭ᠎ᠠ ᠳᠤ ᠬᠠᠤᠯᠢ ᠳᠤ ᠨᠠᠶᠢᠴᠠᠬᠦ ᠴᠢᠨᠠᠷᠳᠠᠢ᠂ ᠰᠢᠨᠵᠢᠯᠠᠬᠦ ᠤᠬᠠᠭᠠᠨᠴᠢ ᠴᠢᠨᠠᠷᠳᠠᠢ᠂ ᠪᠤᠯᠤᠮᠵᠢᠳᠤ ᠴᠢᠨᠠᠷᠳᠠᠢ ᠦᠨᠠᠯᠠᠨ ᠵᠢᠱᠢᠯᠳᠠ ᠬᠢᠨ᠎ᠠ᠃      6. ᠲᠤᠮᠤ ᠶᠡᠭᠡ ᠰᠢᠢᠳᠪᠤᠷᠢᠳᠤ ᠪᠤᠳᠤᠯᠭ᠎ᠠ ᠶᠢᠨ ᠡᠬᠦᠷᠢᠳᠠ ᠬᠠᠷᠢᠭᠤᠴᠠᠯᠭ᠎ᠠ ᠨᠠᠬᠡᠮᠵᠢᠯᠠᠬᠦ ᠲᠦᠷᠢᠮ ᠢ ᠪᠠᠶᠢᠭᠤᠯᠤᠨ᠎ᠠ᠃ ᠲᠤᠮᠤ ᠶᠡᠭᠡ ᠰᠢᠢᠳᠪᠤᠷᠢᠳᠤ ᠪᠤᠳᠤᠯᠭ᠎ᠠ ᠶᠢᠨ ᠬᠦᠨᠳᠤ ᠶᠡᠭᠡ ᠠᠯᠳᠠᠭ᠎ᠠ ᠶᠢ ᠡᠬᠦᠷᠢᠳᠠ ᠬᠠᠷᠢᠭᠤᠴᠠᠯᠭ᠎ᠠ ᠨᠡᠬᠡᠮᠵᠢᠯᠠᠬᠦ ᠲᠦᠷᠢᠮ ᠢ ᠪᠠᠶᠢᠭᠤᠯᠤᠨ᠎ᠠ᠃ ᠲᠠᠭᠡᠳᠤ ᠨᠢᠭᠡ ᠱᠠᠳᠤᠨ ᠤ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠬᠠᠷᠢᠭᠤᠴᠠᠯᠭ᠎ᠠ ᠨᠡᠬᠡᠮᠵᠢᠯᠠᠬᠦ ᠭᠤᠤᠯ ᠴᠤᠬᠴᠠ ᠶᠢᠨ ᠬᠠᠷᠢᠭᠤᠴᠠᠯᠭ᠎ᠠ ᠨᠡᠬᠡᠮᠵᠢᠯᠠᠬᠦ ᠲᠦᠷᠢᠮ ᠢ ᠲᠤᠬᠳᠠᠭᠠᠵᠤ᠂ ᠬᠠᠤᠯᠢ ᠳᠤ ᠲᠤᠬᠳᠠᠭᠠᠬᠰᠠᠨ ᠲᠠᠰ ᠲᠠᠷᠠᠭ᠎ᠠ ᠶᠢ ᠵᠦᠷᠢᠴᠠᠵᠤ ᠰᠢᠢᠳᠪᠤᠷᠢᠳᠤ ᠪᠤᠳᠤᠯᠭ᠎ᠠ ᠲᠤᠬᠳᠠᠭᠠᠬᠤ᠂ ᠬᠠᠤᠯᠢ ᠳᠤ ᠲᠤᠬᠳᠠᠭᠠᠬᠰᠠᠨ ᠡᠷᠭᠡ ᠶᠢᠨ ᠬᠢᠵᠠᠭᠠᠷ ᠢ ᠲᠠᠪᠠᠵᠤ ᠰᠢᠢᠳᠪᠤᠷᠢᠳᠤ ᠪᠤᠳᠤᠯᠭ᠎ᠠ ᠲᠤᠬᠳᠠᠭᠠᠬᠤ᠂ ᠬᠠᠤᠯᠢ ᠶᠤᠰᠤᠭᠠᠷ ᠴᠠᠭ ᠲᠤᠬᠠᠢ ᠳᠤᠨᠢ ᠰᠢᠢᠳᠪᠤᠷᠢᠳᠤ ᠪᠤᠳᠤᠯᠭ᠎ᠠ ᠭᠠᠷᠭᠠᠬᠤ ᠬᠡᠷᠡᠭᠳᠡᠢ ᠬᠡᠪᠠᠴᠤ ᠤᠳᠠᠭᠠᠰᠢᠷᠠᠭᠤᠯᠤᠭᠠᠳ ᠬᠦᠨᠳᠤ ᠶᠡᠭᠡ ᠬᠤᠬᠢᠷᠠᠯ᠂ ᠮᠠᠭᠤ ᠨᠦᠯᠦᠭᠡ ᠭᠠᠷᠭᠠᠬᠰᠠᠨ ᠪᠤᠯ ︽ᠬᠡᠨ ᠪᠤᠳᠤᠯᠭ᠎ᠠ ᠲᠤᠬᠳᠠᠭᠠᠬᠰᠠᠨ ᠪᠤᠯ ᠬᠡᠨ ᠬᠠᠷᠢᠭᠤᠴᠠᠬᠤ︾ ᠵᠠᠷᠴᠢᠮ ᠢᠶᠠᠷ ᠤᠯᠤᠰ ᠲᠦᠷᠦ ᠶᠢᠨ ᠬᠠᠷᠢᠭᠤᠴᠠᠯᠭ᠎ᠠ ᠨᠡᠬᠡᠮᠵᠢᠯᠠᠵᠤ᠂ ᠰᠠᠬᠢᠯᠭ᠎ᠠ ᠪᠠᠳᠤ ᠶᠢᠨ ᠬᠠᠷᠢᠭᠤᠴᠠᠯᠭ᠎ᠠ ᠨᠡᠬᠡᠮᠵᠢᠯᠠᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠠᠨ᠎ᠠ᠃ ᠭᠤᠷᠪᠠ᠂ ᠬᠠᠤᠯᠢ ᠪᠠᠷ ᠲᠤᠬᠳᠠᠭᠠᠬᠰᠠᠨ ᠬᠠᠷᠢᠭᠤᠴᠠᠯᠭ᠎ᠠ ᠶᠤᠰᠤᠭᠠᠷ ᠵᠠᠪᠠᠯ ᠬᠢᠬᠦ᠂ ᠬᠠᠤᠯᠢ ᠪᠠᠷ ᠡᠷᠭᠡ ᠤᠯᠭᠤᠬᠰᠠᠨ ᠦᠭᠡᠢ ᠪᠤᠯ ᠬᠢᠵᠤ ᠪᠤᠯᠬᠤ ᠦᠭᠡᠢ ᠱᠠᠭᠠᠷᠳᠠᠯᠭ᠎ᠠ ᠪᠠᠷ ᠡᠬᠦᠷᠭᠡ ᠬᠠᠷᠢᠭᠤᠴᠠᠯᠭ᠎ᠠ ᠪᠠᠨ ᠪᠠᠶᠠᠯᠠᠬᠦᠯᠵᠤ᠂ ᠢᠯᠠ ᠲᠤᠳᠤᠷᠬᠠᠢ᠂ ᠡᠷᠭᠡ ᠰᠦᠷᠳᠤ ᠦᠨᠳᠤᠷ ᠦᠷ᠎ᠡ ᠪᠦᠳᠦᠮᠵᠢᠳᠠᠢ ᠬᠠᠤᠯᠢ ᠶᠤᠰᠤᠭᠠᠷ ᠵᠠᠰᠠᠭ ᠶᠠᠪᠤᠭᠤᠯᠬᠤ ᠵᠠᠰᠠᠭ ᠵᠠᠬᠢᠷᠭᠠᠨ ᠤ ᠲᠤᠬᠳᠠᠯᠴᠠᠭ᠎ᠠ ᠶᠢ ᠪᠠᠶᠢᠭᠤᠯᠤᠨ᠎ᠠ᠃      7. ᠬᠠᠤᠯᠢ ᠪᠠᠷ ᠵᠠᠰᠠᠬᠤ ᠰᠠᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠠᠵᠤ ᠡᠬᠦᠷᠭᠡ ᠲᠤᠰᠢᠶᠠᠯ ᠢᠶᠠᠨ ᠬᠦᠢᠴᠡᠳᠭᠡᠬᠦ ᠴᠢᠳᠠᠯ ᠢᠶᠠᠨ ᠲᠠᠭᠡᠭᠰᠢᠯᠠᠬᠦᠯᠦᠨ᠎ᠠ᠃ ᠬᠤᠰᠢᠭᠤᠨ ᠤ ᠵᠠᠰᠠᠭ ᠤᠨ ᠤᠷᠳᠤᠨ ᠵᠢᠴᠢ ᠪᠦᠷᠢᠯᠳᠤᠬᠦᠨ ᠰᠠᠯᠠᠭ᠎ᠠ ᠮᠦᠴᠢᠷ ᠨᠢ ᠡᠷᠭᠡ ᠡᠬᠦᠷᠭᠡ ᠶᠢᠨ ᠬᠢᠵᠠᠭᠠᠷ ᠢ ᠲᠤᠳᠤᠷᠬᠠᠶᠢᠯᠠᠵᠤ᠂ ᠡᠷᠭᠡ ᠶᠢᠨ ᠨᠠᠷᠢᠨ ᠲᠠᠩᠰᠠ᠂ ᠬᠢᠨᠠᠨ ᠬᠠᠮᠢᠶᠠᠷᠬᠤ ᠨᠠᠷᠢᠨ ᠲᠠᠩᠰᠠ ᠶᠢ ᠲᠦᠷᠭᠡᠳᠭᠡᠵᠤ᠂ ᠬᠠᠤᠯᠢ ᠳᠤ ᠲᠤᠬᠳᠠᠭᠠᠬᠰᠠᠨ ᠡᠬᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠬᠠᠤᠯᠢ ᠳᠤ ᠵᠤᠬᠢᠶᠠᠬᠰᠠᠨ ᠲᠦᠷᠢᠮ᠂ ᠲᠤᠬᠳᠠᠯᠴᠠᠭ᠎ᠠ ᠲᠦᠬᠦᠭᠡᠷᠦᠮᠵᠢ᠂ ᠠᠯᠬᠤᠮ ᠲᠠᠷᠠᠭ᠎ᠠ ᠶᠢ ᠬᠦᠢᠴᠡᠳ ᠠᠰᠢᠬᠯᠠᠵᠤ᠂ ᠵᠠᠰᠠᠭ ᠵᠠᠬᠢᠷᠭᠠᠨ ᠤ ᠤᠶᠢᠯᠠ ᠠᠵᠢᠯᠯᠠᠭ᠎ᠠ ᠶᠢ ᠴᠢᠩᠭ᠎ᠠ ᠲᠦᠷᠢᠮᠵᠢᠬᠦᠯᠦᠨ᠎ᠠ᠃ ᠵᠠᠰᠠᠭ ᠵᠠᠬᠢᠷᠭᠠᠨ ᠤ ᠬᠡᠮᠵᠢᠶ᠎ᠠ ᠲᠤᠬᠳᠠᠭᠠᠬᠤ ᠡᠷᠭᠡ ᠶᠢᠨ ᠦᠨᠳᠤᠰᠤᠨ ᠪᠠᠷᠢᠮᠵᠢᠶ᠎ᠠ ᠶᠢᠨ ᠲᠦᠷᠢᠮ ᠢ ᠪᠠᠶᠢᠭᠤᠯᠤᠨ᠎ᠠ᠃ ᠬᠠᠤᠯᠢ ᠬᠡᠷᠡᠭᠵᠢᠬᠦᠯᠬᠦ ᠰᠢᠢᠳᠪᠤᠷᠢ ᠶᠢ ᠬᠠᠤᠯᠢ ᠲᠦᠷᠢᠮ ᠢᠶᠠᠷ ᠬᠢᠨᠠᠨ ᠬᠠᠷᠭᠤᠭᠤᠯᠬᠤ ᠲᠤᠬᠳᠠᠭᠠᠯ ᠢ ᠬᠡᠷᠡᠭᠵᠢᠬᠦᠯᠵᠤ ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠠᠬᠦ᠂ ᠵᠠᠰᠠᠭ ᠵᠠᠬᠢᠷᠭᠠᠨ ᠤ ᠶᠠᠯᠠᠳᠠᠵᠤ ᠲᠤᠷᠭᠤᠭᠠᠬᠤ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠳᠠᠪᠤᠷᠢᠯᠠᠬᠤ᠂ ᠵᠠᠰᠠᠭ ᠵᠠᠬᠢᠷᠭᠠᠨ ᠤ ᠰᠦᠢᠳᠭᠡᠯ ᠬᠤᠷᠢᠶᠠᠬᠤ᠂ ᠵᠠᠰᠠᠭ ᠵᠠᠬᠢᠷᠭᠠᠨ ᠤ ᠪᠠᠶᠢᠴᠠᠭᠠᠬᠤ ᠵᠠᠷᠭᠡ ᠵᠠᠰᠠᠭ ᠵᠠᠬᠢᠷᠭᠠᠨ ᠤ ᠠᠵᠢᠯᠯᠠᠭ᠎ᠠ ᠶᠢ ᠭᠤᠤᠯᠳᠠᠯᠭ᠎ᠠ ᠲᠠᠢ ᠲᠦᠷᠢᠮᠵᠢᠬᠦᠯᠦᠨ᠎ᠠ᠃      8. ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠬᠤᠯᠪᠤᠭᠠᠯᠠᠨ ᠠᠵᠢᠯᠯᠠᠬᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠲᠦᠪ ᠤᠨ ᠱᠠᠭᠠᠷᠳᠠᠯᠭ᠎ᠠ ᠶᠤᠰᠤᠭᠠᠷ ᠶᠠᠷᠦᠩᠭᠡᠶᠢᠯᠠᠨ ᠬᠠᠤᠯᠢ ᠬᠡᠷᠡᠭᠵᠢᠬᠦᠯᠬᠦ ᠶᠢ ᠶᠡᠭᠡ ᠬᠦᠴᠦᠨ  ᠢᠶᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠷ᠎ᠡ ᠪᠦᠳᠦᠮᠵᠢ ᠶᠢ ᠲᠠᠭᠡᠭᠰᠢᠯᠠᠬᠦᠯᠦᠨ᠎ᠠ᠃ ᠬᠤᠰᠢᠭᠤᠨ ᠤ ᠵᠠᠰᠠᠭ ᠤᠨ ᠤᠷᠳᠤᠨ ᠠᠵᠢᠯ ᠤᠨ ᠡᠷᠭᠡ ᠪᠠ ᠡᠷᠭᠡ ᠲᠤᠰᠢᠶᠠᠯ ᠢᠶᠠᠨ ᠦᠨᠳᠤᠰᠤᠯᠠᠵᠤ᠂ ᠢᠳᠡᠭᠡᠨ ᠡᠮ ᠤᠨ ᠵᠦᠢᠯ ᠤᠨ ᠠᠮᠦᠷ ᠲᠦᠪᠰᠢᠨ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ᠂ ᠠᠮᠦᠷ ᠲᠦᠪᠰᠢᠨ ᠤᠶᠢᠯᠠᠳᠪᠤᠷᠢᠯᠠᠯ᠂ ᠰᠤᠶᠤᠯ ᠵᠢᠭᠤᠯᠴᠢᠯᠠᠯ᠂ ᠡᠭᠢ ᠰᠤᠷᠪᠤᠯᠵᠢ᠂ ᠤᠷᠴᠢᠨ ᠲᠤᠭᠤᠷᠢᠨ᠂ ᠲᠠᠷᠢᠶᠠᠯᠠᠩ ᠤᠢ ᠰᠢᠭᠤᠢ᠂ ᠤᠰᠤᠨ ᠠᠰᠢᠬᠯᠠᠯᠳᠠ᠂ ᠵᠠᠮ ᠬᠠᠷᠢᠯᠴᠠᠭ᠎ᠠ᠂ ᠠᠴᠢᠶ᠎ᠠ ᠲᠠᠭᠡᠭᠡᠪᠤᠷᠢ᠂ ᠬᠤᠳᠠ ᠬᠦᠳᠡᠭᠡ ᠶᠢᠨ ᠲᠦᠯᠦᠪᠵᠢᠬᠦᠯᠭᠡ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠵᠠᠷᠭᠡ ᠬᠦᠷᠢᠶ᠎ᠠ ᠬᠡᠪᠴᠢᠶᠠᠨ ᠳᠤ ᠪᠠᠶᠢᠭᠤᠯᠤᠮᠵᠢ ᠠᠯᠤᠰᠯᠠᠬᠤ᠂ ᠰᠠᠯᠠᠭ᠎ᠠ ᠮᠦᠴᠢᠷ ᠠᠯᠤᠰᠯᠠᠬᠤ᠂ ᠤᠷᠤᠨ ᠬᠢᠵᠠᠭᠠᠷ ᠠᠯᠤᠰᠯᠠᠬᠤ ᠵᠤᠬᠢᠴᠠᠭᠤᠯᠬᠤ ᠬᠤᠯᠪᠤᠭᠠᠯᠠᠨ ᠬᠦᠳᠠᠯᠭᠡᠬᠦ ᠲᠤᠬᠳᠠᠯᠴᠠᠭ᠎ᠠ ᠶᠢ ᠪᠠᠶᠢᠭᠤᠯᠵᠤ᠂ ᠡᠩᠨᠡᠭᠡ ᠶᠢ ᠨᠠᠶᠢᠯᠠᠬᠦᠯᠵᠤ ᠦᠷ᠎ᠡ ᠪᠦᠳᠦᠮᠵᠢ ᠶᠢ ᠲᠠᠭᠡᠭᠰᠢᠯᠠᠬᠦᠯᠵᠤ᠂ ᠵᠠᠰᠠᠭ ᠵᠠᠬᠢᠷᠭᠠᠨ ᠤ ᠡᠭᠡ ᠦᠷᠳᠡᠭ ᠢ ᠲᠤᠷᠤᠬᠰᠢᠯᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠡᠷᠡᠬᠦᠦ  ᠶᠢᠨ ᠬᠡᠷᠡᠭ ᠤᠨ ᠬᠠᠤᠯᠢ ᠴᠠᠭᠠᠵᠠ ᠶᠢ ᠵᠠᠯᠭᠠᠬᠤ ᠲᠤᠬᠳᠠᠴᠠ ᠶᠢ ᠲᠠᠬᠦᠯᠳᠠᠷᠵᠢᠬᠦᠯᠵᠤ᠂ ᠬᠡᠷᠡᠭ ᠵᠠᠷᠭᠤ ᠶᠢ ᠰᠢᠯᠵᠢᠬᠦᠯᠦᠨ ᠬᠦᠷᠭᠡᠬᠦ ᠪᠠᠷᠢᠮᠵᠢᠶ᠎ᠠ ᠪᠠ ᠠᠯᠬᠤᠮ ᠲᠠᠷᠠᠭ᠎ᠠ ᠶᠢ ᠪᠦᠷᠢᠨ ᠲᠠᠬᠦᠯᠳᠠᠷ ᠪᠤᠯᠭᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠤᠯᠭ᠎ᠠ ᠪᠠ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠪᠠᠶᠢᠴᠠᠭᠠᠬᠤ ᠪᠠᠶᠢᠭᠤᠯᠤᠯᠭ᠎ᠠ᠂ ᠰᠢᠬᠦᠨ ᠲᠠᠰᠤᠯᠬᠤ ᠪᠠᠶᠢᠭᠤᠯᠤᠯᠭ᠎ᠠ ᠵᠠᠷᠭᠡ ᠨᠢ ᠰᠤᠷᠠᠭ ᠵᠠᠩᠬᠢ ᠶᠢ ᠬᠠᠮᠳᠤᠪᠠᠷ ᠮᠠᠳᠠᠬᠦ᠂ ᠬᠡᠷᠡᠭ ᠵᠠᠷᠭᠤ ᠶᠢᠨ ᠪᠠᠶᠢᠳᠠᠯ ᠢ ᠨᠠᠶᠢᠳᠠᠯᠠᠬᠦ᠂ ᠬᠡᠷᠡᠭ ᠵᠠᠷᠭᠤ ᠶᠢ ᠰᠢᠯᠵᠢᠬᠦᠯᠦᠨ ᠬᠦᠷᠭᠡᠬᠦ ᠶᠢᠨ ᠵᠠᠷᠭᠡᠪᠠᠷ ᠲᠦᠷᠢᠮ ᠢ ᠬᠡᠷᠡᠭᠵᠢᠬᠦᠯᠵᠤ᠂ ᠵᠠᠰᠠᠭ ᠵᠠᠬᠢᠷᠭᠠᠨ ᠤ ᠶᠠᠯᠠᠳᠠᠨ ᠲᠤᠷᠭᠤᠭᠠᠬᠤ ᠪᠠ ᠡᠷᠡᠬᠦᠦ ᠶᠢᠨ ᠬᠡᠷᠡᠭ ᠤᠨ ᠶᠠᠯᠠᠳᠠᠯᠭ᠎ᠠ ᠶᠢ ᠵᠠᠢ ᠦᠭᠡᠢ ᠵᠠᠯᠭᠠᠯᠳᠤᠭᠤᠯᠬᠤ ᠶᠢ ᠪᠠᠶᠠᠯᠠᠬᠦᠯᠬᠦ ᠬᠡᠷᠡᠭᠳᠡᠢ᠃      9. ᠵᠠᠰᠠᠭ ᠤᠨ ᠤᠷᠳᠤᠨ ᠤ ᠰᠤᠷᠠᠭ ᠵᠠᠩᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠬᠤᠰᠢᠭᠤᠨ ᠤ ᠵᠠᠰᠠᠭ ᠤᠨ ᠤᠷᠳᠤᠨ ᠵᠢᠴᠢ ᠪᠦᠷᠢᠯᠳᠤᠬᠦᠨ ᠰᠠᠯᠠᠭ᠎ᠠ ᠮᠦᠴᠢᠷ ᠨᠢ ᠲᠤᠰ ᠱᠠᠳᠤᠨ ᠤ ᠰᠠᠯᠠᠭ᠎ᠠ ᠮᠦᠴᠢᠷ ᠤᠨ ᠵᠠᠰᠠᠭ ᠵᠠᠬᠢᠷᠭᠠᠨ᠂ ᠤᠶᠢᠯᠠᠴᠢᠯᠡᠭᠡ᠂ ᠬᠠᠮᠢᠶᠠᠷᠤᠯᠳᠠ᠂ ᠬᠠᠤᠯᠢ ᠬᠡᠷᠡᠭᠵᠢᠬᠦᠯᠬᠦ ᠵᠠᠷᠭᠡ ᠨᠠᠶᠢᠳᠠ  ᠶᠢᠨ ᠡᠷᠭᠡ ᠶᠢ ᠬᠠᠤᠯᠢ ᠶᠤᠰᠤᠭᠠᠷ ᠬᠢᠨᠠᠨ ᠬᠠᠷᠭᠤᠭᠤᠯᠵᠤ ᠨᠤᠳᠠᠯᠠᠨ᠂ ᠬᠠᠤᠯᠢ ᠴᠠᠭᠠᠵᠠ ᠬᠠᠤᠯᠢ ᠲᠦᠷᠢᠮ ᠤᠨ ᠤᠯᠭᠤᠬᠰᠠᠨ ᠬᠡᠪᠴᠢᠶᠠᠨ ᠳᠠᠬᠢ ᠡᠷᠭᠡ ᠶᠢ ᠪᠦᠬᠦᠨ ᠢ ᠢᠯᠠ ᠪᠤᠯᠭᠠᠨ᠎ᠠ᠃ ᠡᠳ᠋ ᠤᠨ ᠵᠠᠰᠠᠭ ᠤᠨ ᠲᠦᠰᠦᠪ᠂ ᠨᠠᠶᠢᠳᠠ  ᠶᠢᠨ ᠡᠭᠢ ᠪᠠᠶᠠᠯᠢᠭ ᠤᠨ ᠲᠤᠬᠢᠷᠠᠭᠤᠯᠤᠯᠳᠠ᠂ ᠲᠤᠮᠤ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠠᠷᠠᠬᠦ ᠪᠠ ᠬᠡᠷᠡᠭᠵᠢᠬᠦᠯᠬᠦ᠂ ᠨᠠᠶᠢᠭᠡᠮ ᠤᠨ ᠠᠰᠠᠷᠠᠮᠵᠢ ᠶᠢᠨ ᠤᠶᠢᠯᠠᠰ ᠤᠨ ᠪᠦᠳᠦᠭᠡᠨ ᠪᠠᠶᠢᠭᠤᠯᠤᠯᠳᠠ ᠵᠠᠷᠭᠡ ᠬᠦᠷᠢᠶ᠎ᠠ ᠬᠡᠪᠴᠢᠶᠠᠨ ᠳᠠᠬᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠠ ᠪᠤᠯᠭᠠᠬᠤ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠡᠯᠧᠺᠲᠷᠤᠨ ᠵᠠᠰᠠᠭ ᠤᠨ ᠶᠠᠪᠤᠳᠠᠯ ᠤᠨ ᠰᠢᠰᠲ᠋ᠧᠮ᠂ ᠡᠯᠧᠺᠲᠷᠤᠨ ᠪᠠᠶᠢᠴᠠᠭᠠᠬᠤ ᠰᠢᠰᠲ᠋ᠧᠮ᠂ ᠵᠠᠰᠠᠭ ᠵᠠᠬᠢᠷᠭᠠᠨ ᠤ ᠤᠶᠢᠯᠠᠴᠢᠯᠡᠭᠡᠨ ᠤ ᠰᠦᠯᠵᠢᠶ᠎ᠠ ᠪᠠᠷ ᠲᠤᠯᠭᠠᠭᠤᠷᠢᠯᠠᠵᠤ᠂ ᠬᠤᠰᠢᠭᠤ᠂ ᠰᠤᠮᠤ᠂ ᠭᠠᠴᠠᠭ᠎ᠠ ᠭᠤᠷᠪᠠᠨ ᠱᠠᠳᠤᠨ ᠤ ᠬᠤᠯᠪᠤᠭᠠᠯᠠᠨ ᠬᠦᠳᠠᠯᠭᠡᠬᠦ ᠵᠠᠰᠠᠭ ᠵᠠᠬᠢᠷᠭᠠᠨ ᠤ ᠤᠶᠢᠯᠠᠴᠢᠯᠡᠭᠡᠨ ᠤ ᠰᠢᠰᠲ᠋ᠧᠮ ᠪᠠ ᠵᠠᠰᠠᠭ ᠵᠠᠬᠢᠷᠭᠠᠨ ᠤ ᠡᠷᠭᠡ ᠶᠢᠨ ᠡᠷᠬᠢᠯᠳᠠ ᠶᠢᠨ ᠬᠢᠨᠠᠨ ᠡᠵᠡᠮᠰᠢᠬᠦ ᠰᠢᠰᠲ᠋ᠧᠮ ᠢ ᠪᠠᠶᠢᠭᠤᠯᠤᠨ᠎ᠠ᠃ ᠰᠦᠯᠵᠢᠶᠠᠨ ᠲᠠᠭᠡᠷ᠎ᠡ ᠬᠢᠨᠠᠨ ᠵᠦᠪᠰᠢᠶᠠᠷᠠᠬᠦ᠂ ᠰᠦᠯᠵᠢᠶᠠᠨ ᠲᠠᠭᠡᠷ᠎ᠡ ᠤᠶᠢᠯᠠᠴᠢᠯᠠᠬᠦ᠂ ᠰᠦᠯᠵᠢᠶᠠᠨ ᠲᠠᠭᠡᠷ᠎ᠡ ᠬᠢᠨᠠᠨ ᠪᠠᠶᠢᠴᠠᠭᠠᠬᠤ ᠵᠠᠷᠭᠡ ᠵᠠᠰᠠᠭ ᠤᠨ ᠶᠠᠪᠤᠳᠠᠯ ᠢ ᠢᠯᠠ ᠪᠤᠯᠭᠠᠬᠤ ᠮᠠᠳᠡᠭᠡ ᠵᠠᠩᠬᠢᠴᠢᠯᠳᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ ᠂ ᠲᠤᠭᠠᠴᠢᠯᠠᠬᠰᠠᠨ ᠵᠠᠰᠠᠭ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃      10. ᠵᠠᠬ᠎ᠠ ᠲᠠᠯᠭᠡᠬᠦᠷ ᠤᠨ ᠠᠵᠤ ᠠᠬᠤᠢ ᠶᠢᠨ ᠡᠮᠬᠢ ᠲᠢᠭᠯᠢᠮ ᠢ ᠬᠠᠤᠯᠢ ᠶᠤᠰᠤᠭᠠᠷ ᠲᠦᠷᠢᠮᠵᠢᠬᠦᠯᠦᠨ᠎ᠠ᠃ ᠵᠠᠬ᠎ᠠ ᠲᠠᠯᠭᠡᠬᠦᠷ ᠤᠨ ᠠᠵᠤ ᠠᠬᠤᠢ ᠶᠢᠨ ᠬᠦᠭᠵᠢᠯᠳᠠ ᠶᠢ ᠡᠪᠳᠡᠬᠦ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠶᠢ ᠬᠠᠤᠯᠢ ᠶᠤᠰᠤᠭᠠᠷ ᠶᠠᠯᠠᠯᠠᠨ ᠰᠢᠳᠭᠡᠵᠤ᠂ ᠡᠯ᠎ᠡ ᠲᠦᠷᠦᠯ ᠤᠨ ᠵᠠᠬ᠎ᠠ ᠲᠠᠯᠭᠡᠬᠦᠷ ᠤᠨ ᠭᠤᠤᠯ ᠴᠤᠬᠴᠠ ᠶᠢᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠡᠷᠭᠡ ᠲᠡᠭᠰᠢ ᠬᠠᠮᠠᠭᠠᠯᠠᠵᠤ᠂ ᠵᠠᠬ᠎ᠠ ᠲᠠᠯᠭᠡᠬᠦᠷ ᠤᠨ ᠡᠷᠭᠡ ᠲᠡᠭᠰᠢ ᠦᠷᠢᠰᠤᠯᠳᠤᠭᠡᠨ ᠤ ᠡᠮᠬᠢ ᠲᠢᠭᠯᠢᠮ ᠢ ᠬᠠᠤᠯᠢ ᠶᠤᠰᠤᠭᠠᠷ ᠬᠠᠮᠠᠭᠠᠯᠠᠨ᠎ᠠ᠃ ᠮᠦᠩᠬᠦᠨ ᠬᠦᠢᠯᠭᠡᠭᠡ᠂ ᠤᠶᠢᠯᠠᠳᠪᠤᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ᠂ ᠦᠨ᠎ᠠ ᠬᠠᠩᠰᠢ᠂ ᠲᠤᠳᠤᠭᠠᠳᠤ ᠶᠢ ᠬᠠᠮᠠᠭᠠᠯᠠᠬᠤ᠂ ᠤᠷᠴᠢᠨ ᠲᠤᠭᠤᠷᠢᠨ  ᠤ ᠬᠠᠮᠠᠭᠠᠯᠠᠯᠳᠠ᠂ ᠠᠮᠦᠷ ᠲᠦᠪᠰᠢᠨ ᠤᠶᠢᠯᠠᠳᠪᠤᠷᠢᠯᠠᠯ᠂ ᠶᠠᠰᠤ ᠴᠢᠨᠠᠷ ᠤᠨ ᠪᠠᠶᠢᠴᠠᠭᠠᠯᠳᠠ᠂ ᠤᠷᠤᠨ ᠰᠠᠭᠤᠴᠠ  ᠶᠢᠨ ᠪᠠᠶᠢᠭᠤᠯᠤᠯᠳᠠ᠂ ᠲᠦᠯᠦᠪᠵᠢᠬᠦᠯᠭᠡ᠂ ᠬᠤᠳᠠ ᠶᠢᠨ ᠬᠠᠮᠢᠶᠠᠷᠤᠯᠳᠠ ᠵᠠᠷᠭᠡ ᠰᠠᠯᠠᠭ᠎ᠠ ᠮᠦᠴᠢᠷ ᠤᠨ ᠰᠤᠷᠠᠭ ᠵᠠᠩᠬᠢ ᠶᠢᠨ ᠲᠤᠭ᠎ᠠ ᠬᠡᠮᠵᠢᠭᠳᠡᠯ ᠢ ᠨᠠᠶᠢᠯᠠᠬᠦᠯᠵᠤ᠂ ᠰᠤᠷᠠᠭ ᠵᠠᠩᠬᠢ ᠶᠢᠨ ᠡᠭᠢ ᠪᠠᠶᠠᠯᠢᠭ ᠤᠨ ᠬᠠᠮᠢᠶᠠᠷᠤᠯᠳᠠ᠂ ᠴᠤᠬᠯᠠᠭᠤᠯᠤᠨ ᠬᠡᠷᠡᠭᠯᠠᠬᠦ᠂ ᠤᠶᠢᠯᠠᠴᠢᠯᠠᠭᠡᠨ ᠤ ᠬᠠᠮᠢᠶᠠᠷᠤᠯᠳᠠ ᠨᠢᠭᠡ ᠴᠤᠬᠵᠢᠬᠰᠠᠨ ᠢᠳᠡᠭᠡᠮᠵᠢᠳᠤ ᠲᠦᠷᠢᠮ ᠢ ᠪᠠᠶᠢᠭᠤᠯᠵᠤ᠂ ᠢᠳᠡᠭᠡᠯ ᠢ ᠡᠷᠬᠢᠮᠯᠠᠨ᠂ ᠢᠳᠡᠭᠡᠯ ᠲᠠᠢ ᠪᠤᠯ ᠵᠤᠷᠢᠬᠵᠢᠭᠤᠯᠵᠤ ᠢᠳᠡᠭᠡᠯ ᠢᠶᠠᠨ ᠠᠯᠳᠠᠪᠠᠯ ᠵᠠᠯᠬᠠᠭᠠᠨ ᠴᠠᠭᠡᠷᠯᠠᠬᠦᠯᠬᠦ ᠢᠳᠡᠭᠡᠮᠵᠢᠳᠤ ᠰᠢᠰᠲ᠋ᠧᠮ ᠢ ᠪᠦᠷᠢᠯᠳᠤᠬᠦᠯᠦᠨ᠎ᠠ᠃      11. ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠵᠠᠮ ᠳᠤ ᠤᠷᠤᠭᠤᠯᠤᠨ᠎ᠠ᠃ ᠬᠠᠤᠯᠢ ᠶᠤᠰᠤᠭᠠᠷ ᠤᠴᠢᠷ ᠶᠠᠪᠤᠳᠠᠯ ᠢ ᠰᠢᠢᠳᠪᠤᠷᠢᠯᠠᠵᠤ᠂ ᠬᠠᠤᠯᠢ ᠶᠤᠰᠤᠭᠠᠷ ᠡᠷᠭᠡ ᠠᠰᠢᠭ ᠢ ᠬᠠᠮᠠᠭᠠᠯᠠᠵᠤ᠂ ᠬᠠᠤᠯᠢ ᠠᠴᠠ ᠵᠦᠷᠢᠴᠠᠪᠠᠯ ᠵᠠᠪᠠᠯ ᠰᠢᠳᠭᠡᠬᠦ ᠠᠵᠢᠯ ᠤᠨ ᠵᠠᠷᠴᠢᠮ ᠢ ᠪᠠᠷᠢᠮᠳᠠᠯᠠᠨ᠎ᠠ᠃ ᠵᠠᠰᠠᠭ ᠵᠠᠬᠢᠷᠭᠠᠨ ᠤ ᠲᠠᠬᠢᠨ ᠵᠦᠪᠯᠠᠬᠦ᠂ ᠬᠦᠨᠳᠠᠯᠠᠨ ᠠᠴᠠ ᠲᠠᠰᠤᠯᠬᠤ᠂ ᠵᠠᠷᠭᠤᠯᠳᠤᠬᠤ ᠵᠠᠷᠭᠡ ᠢᠯᠠᠳᠭᠡᠬᠦ ᠲᠤᠬᠳᠠᠴᠠ ᠶᠢ ᠲᠠᠰᠤᠷᠠᠯᠳᠠ ᠦᠭᠡᠢ ᠲᠠᠬᠦᠯᠳᠠᠷᠵᠢᠬᠦᠯᠵᠤ᠂ ᠬᠠᠤᠯᠢ ᠪᠠᠷ ᠲᠤᠬᠳᠠᠭᠠᠬᠰᠠᠨ ᠤᠯᠠᠨ ᠲᠦᠮᠠᠨ ᠤ ᠵᠠᠷᠭᠤᠯᠳᠤᠬᠤ ᠠᠷᠭ᠎ᠠ ᠵᠠᠮ ᠢ ᠨᠠᠪᠳᠠᠷᠠᠬᠦᠯᠦᠨ᠎ᠠ᠃ ᠬᠠᠤᠯᠢ ᠲᠦᠷᠢᠮ ᠤᠨ ᠲᠤᠬᠳᠠᠭᠠᠯ ᠪᠠ ᠠᠯᠬᠤᠮ ᠲᠠᠷᠠᠭ᠎ᠠ ᠶᠤᠰᠤᠭᠠᠷ ᠬᠠᠤᠯᠢ ᠶᠤᠰᠤᠨ ᠳᠤ ᠨᠠᠶᠢᠴᠠᠬᠦ ᠵᠠᠷᠭᠤ ᠶᠢ ᠰᠢᠢᠳᠪᠤᠷᠢᠯᠠᠵᠤ ᠦᠭᠬᠦ ᠶᠢ ᠪᠠᠳᠤᠯᠠᠨ᠎ᠠ᠃ ᠶᠤᠰᠤ ᠪᠤᠰᠤ ᠪᠠᠷ ᠠᠭᠠᠰᠢᠯᠠᠬᠤ ᠴᠢᠨᠠᠬᠰᠢᠯᠠᠨ ᠤᠯᠠᠨ  ᠢ ᠴᠤᠬᠯᠠᠭᠤᠯᠵᠤ ᠬᠡᠷᠡᠭ ᠡᠳᠦᠨ ᠶᠠᠷᠰᠢᠭ ᠲᠠᠳᠠᠬᠤ᠂ ᠨᠠᠶᠢᠳᠠ ᠶᠢᠨ ᠡᠮᠬᠢ ᠲᠢᠭᠯᠢᠮ ᠢ ᠰᠠᠮᠠᠭᠤᠷᠠᠭᠤᠯᠪᠠᠯ ᠬᠠᠤᠯᠢ ᠶᠤᠰᠤᠭᠠᠷ ᠰᠢᠢᠳᠪᠤᠷᠢᠯᠠᠨ᠎ᠠ᠃ ︽ᠬᠠᠤᠯᠢ ᠪᠤᠰᠤ ᠪᠠᠷ ᠵᠠᠬᠢᠳᠠᠯ ᠰᠤᠷᠪᠤᠯᠵᠢᠯᠠᠭ᠎ᠠ︾ ᠬᠢᠭᠴᠢᠳ ᠪᠠ ᠬᠦᠰᠢᠭᠡ ᠶᠢᠨ ᠠᠷᠤ ᠠᠴᠠ ᠵᠢᠯᠤᠭᠤᠳᠤᠨ ᠵᠤᠬᠢᠶᠠᠨ ᠪᠠᠶᠢᠭᠤᠯᠤᠬᠴᠢ ᠳᠤ ᠬᠠᠤᠯᠢ ᠶᠤᠰᠤᠭᠠᠷ ᠴᠤᠬᠢᠯᠳᠠ ᠦᠭᠬᠦᠨ᠎ᠠ᠃ ᠵᠠᠬᠢᠳᠠᠯ ᠰᠤᠷᠪᠤᠯᠵᠢᠯᠠᠭ᠎ᠠ ᠤᠬᠠᠭᠤᠯᠬᠤ ᠠᠵᠢᠯ ᠢ ᠴᠢᠩᠭᠠᠳᠬᠠᠵᠤ᠂ ︽ᠬᠤᠶᠠᠷ ᠲᠠᠰᠢ ᠲᠦᠷᠢᠮᠵᠢᠬᠦᠯᠬᠦ︾ ᠡᠯ᠎ᠡ ᠵᠦᠢᠯ ᠤᠨ ᠠᠷᠭ᠎ᠠ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠠᠤᠯᠢ ᠳᠤ ᠬᠤᠯᠪᠤᠬᠳᠠᠬᠤ ᠵᠠᠭᠠᠯᠳᠤᠯᠭ᠎ᠠ ᠲᠠᠢ ᠬᠤᠯᠪᠤᠬᠳᠠᠬᠤ ᠵᠠᠬᠢᠳᠠᠯ ᠰᠤᠷᠪᠤᠯᠵᠢᠯᠠᠭ᠎ᠠ ᠶᠢᠨ ᠦᠭᠡᠷᠡᠴᠢᠯᠠᠯᠳᠠ ᠶᠢ ᠬᠦᠨᠵᠡᠭᠡᠶᠢᠷᠠᠬᠦᠯᠵᠤ᠂ ᠵᠠᠭᠠᠯᠳᠤᠬᠤ ᠵᠠᠬᠢᠳᠠᠯ ᠰᠤᠷᠪᠤᠯᠵᠢᠯᠠᠭ᠎ᠠ ᠶᠢ ᠰᠠᠯᠭᠠᠬᠤ ᠶᠢ ᠬᠡᠷᠡᠭᠵᠢᠬᠦᠯᠵᠤ᠂ ᠬᠠᠤᠯᠢ ᠳᠤ ᠬᠤᠯᠪᠤᠬᠳᠠᠬᠤ ᠵᠠᠬᠢᠳᠠᠯ ᠰᠤᠷᠪᠤᠯᠵᠢᠯᠠᠭ᠎ᠠ ᠳᠤ ᠬᠤᠯᠪᠤᠬᠳᠠᠬᠤ ᠬᠡᠷᠡᠭ ᠵᠠᠷᠭᠤ ᠶᠢ ᠬᠠᠤᠯᠢ ᠴᠠᠭᠠᠵᠠ ᠶᠢᠨ ᠠᠯᠬᠤᠮ ᠲᠠᠷᠠᠭ᠎ᠠ ᠳᠤ ᠬᠦᠳᠦᠯᠵᠤ᠂ ᠵᠠᠪᠠᠯ ᠪᠤᠳᠠᠳᠤ ᠬᠡᠷᠡᠭ᠂ ᠬᠠᠤᠯᠢ ᠴᠠᠭᠠᠵᠠ  ᠶᠢ ᠦᠨᠳᠤᠰᠤᠯᠠᠵᠤ ᠲᠦᠪ ᠴᠢᠭᠡᠴᠢ ᠪᠠᠷ ᠰᠢᠢᠳᠪᠤᠷᠢᠯᠠᠨ᠎ᠠ᠃ ᠨᠠᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠦᠩᠬᠦ ᠪᠠ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠰᠠᠭᠤᠷᠢ ᠮᠦᠩᠬᠦ ᠶᠢ ᠪᠠᠶᠢᠭᠤᠯᠵᠤ᠂ ᠰᠢᠨᠵᠢᠯᠠᠬᠦ ᠤᠬᠠᠭᠠᠨᠴᠢ ᠲᠤᠬᠢᠷᠠᠮᠵᠢᠳᠠᠢ ᠬᠠᠮᠢᠶᠠᠷᠤᠯᠳᠠ ᠶᠢᠨ ᠠᠷᠭ᠎ᠠ ᠶᠢ ᠲᠤᠬᠳᠠᠭᠠᠵᠤ᠂ ᠨᠦᠬᠦᠴᠠᠯ ᠳᠤ ᠨᠠᠶᠢᠴᠠᠬᠦ ᠠᠪᠤᠷᠠᠨ ᠲᠠᠳᠬᠦᠬᠦ ᠡᠳᠡᠭᠡᠳ ᠲᠤ ᠲᠠᠮᠵᠢᠯᠭᠡ ᠦᠵᠠᠬᠦᠯᠦᠨ᠎ᠠ᠃      12. ᠵᠠᠰᠠᠭ ᠵᠠᠬᠢᠷᠭᠠᠨ ᠤ ᠬᠢᠨᠠᠯᠳᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠠᠯᠭᠡᠨ ᠤ ᠠᠷᠠᠳᠴᠢᠯᠠᠯᠳᠤ ᠬᠢᠨᠠᠨ ᠱᠠᠭᠠᠷᠳᠠᠬᠤ ᠪᠠ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠠᠤᠯᠢ ᠶᠤᠰᠤᠭᠠᠷ ᠬᠡᠷᠡᠭᠵᠢᠬᠦᠯᠬᠦ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ᠎ᠠ᠃ ᠬᠢᠨᠠᠨ ᠪᠤᠳᠤᠬᠤ᠂ ᠬᠢᠨᠠᠨ ᠪᠠᠶᠢᠴᠠᠭᠠᠬᠤ ᠰᠠᠯᠠᠭ᠎ᠠ ᠮᠦᠴᠢᠷ ᠤᠨ ᠬᠠᠤᠯᠢ ᠶᠤᠰᠤᠭᠠᠷ ᠲᠤᠰᠠᠭᠠᠷ ᠶᠠᠪᠤᠭᠤᠯᠬᠤ ᠬᠢᠨᠠᠯᠳᠠ ᠲᠠᠯᠪᠢᠬᠤ ᠡᠷᠭᠡ ᠶᠢ ᠪᠠᠳᠤᠯᠠᠬᠤ ᠪᠠ ᠲᠠᠮᠵᠢᠵᠤ᠂ ᠬᠢᠨᠠᠨ ᠪᠤᠳᠤᠬᠤ ᠬᠠᠷᠠᠯᠳᠠ ᠪᠠ ᠬᠠᠤᠯᠢ ᠬᠡᠷᠡᠭᠵᠢᠬᠦᠯᠬᠦ ᠬᠢᠨᠠᠨ ᠪᠠᠶᠢᠴᠠᠭᠠᠯᠳᠠ ᠶᠢ ᠦᠷᠨᠢᠬᠦᠯᠦᠨ᠎ᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠤᠰᠤᠭᠠᠷ ᠵᠠᠰᠠᠭ ᠶᠠᠪᠤᠭᠤᠯᠬᠤ ᠲᠠᠩᠰᠠ ᠡᠪᠬᠡᠮᠠᠯ ᠢ ᠪᠠᠶᠢᠭᠤᠯᠬᠤ ᠪᠠᠷ ᠲᠠᠮᠵᠢᠵᠤ᠂ ᠲᠠᠭᠡᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠨᠢ ᠲᠤᠤᠷᠠᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠳᠤ ᠲᠠᠯᠪᠢᠬᠤ ᠱᠠᠳᠤ ᠲᠠᠪᠬᠤᠷᠭ᠎ᠠ ᠶᠢᠨ ᠬᠢᠨᠠᠯᠳᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠱᠠᠳᠤᠨ ᠤ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠠᠷᠠᠳ ᠤᠯᠠᠨ ᠤ ᠬᠢᠨᠠᠯᠳᠠ ᠲᠠᠯᠪᠢᠬᠤ ᠡᠷᠭᠡ ᠶᠢ ᠬᠠᠤᠯᠢ ᠶᠤᠰᠤᠭᠠᠷ ᠪᠠᠳᠤᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠵᠠᠭᠠᠯᠳᠤᠬᠤ ᠵᠦᠢᠯᠠᠰ ᠢ ᠴᠠᠭ ᠲᠤᠬᠠᠢ ᠳᠤ ᠨᠢ ᠰᠢᠢᠳᠪᠤᠷᠢᠯᠠᠵᠤ᠂ ᠰᠤᠨᠢᠨ ᠮᠠᠳᠠᠭᠡᠨ ᠤ ᠵᠠᠭᠤᠴᠢᠯᠠᠭᠤᠷ ᠢᠶᠠᠷ ᠲᠠᠮᠵᠢᠵᠤ ᠬᠠᠤᠯᠢ ᠵᠦᠷᠢᠴᠠᠬᠦ ᠪᠤᠶᠤ ᠵᠤᠬᠢᠰ ᠦᠭᠡᠢ ᠵᠠᠰᠠᠭ ᠶᠠᠪᠤᠭᠤᠯᠬᠤ ᠳᠤ ᠢᠯᠠᠴᠢᠯᠠᠯᠳᠠ ᠬᠢᠨ᠎ᠠ᠃      ᠲᠦᠷᠪᠠ᠂ ᠬᠠᠤᠯᠢ ᠲᠦᠷᠢᠮ ᠤᠨ ᠲᠠᠭᠠᠭᠤᠯᠬᠤ ᠤᠶᠢᠯᠠᠳᠤᠯ ᠢ ᠬᠦᠢᠴᠡᠳ ᠪᠠᠳᠠᠷᠠᠭᠤᠯᠵᠤ᠂ ᠤᠷᠤᠨ ᠨᠤᠳᠤᠭ  ᠤᠨ ᠴᠢᠨᠠᠷᠳᠠᠢ ᠲᠦᠷᠢᠮᠵᠢᠭᠰᠡᠨ ᠪᠢᠴᠢᠭ ᠮᠠᠲ᠋ᠧᠷᠢᠶᠠᠯ ᠢ ᠵᠤᠬᠢᠶᠠᠬᠤ ᠪᠠ ᠬᠢᠨᠠᠨ ᠪᠠᠶᠢᠴᠠᠭᠠᠬᠤ ᠲᠠᠩᠰᠠᠨ ᠳᠤ ᠲᠠᠮᠳᠡᠭᠯᠠᠬᠦ ᠰᠢᠰᠲ᠋ᠧᠮ ᠢ ᠢᠳᠡᠭ ᠠᠯᠬᠤᠮ ᠢᠶᠠᠷ ᠲᠠᠬᠦᠯᠳᠠᠷᠵᠢᠬᠦᠯᠦᠨ᠎ᠠ᠃     13. ᠲᠦᠷᠢᠮᠵᠢᠭᠰᠡᠨ ᠪᠢᠴᠢᠭ ᠮᠠᠲ᠋ᠧᠷᠢᠶᠠᠯ ᠢ ᠵᠤᠬᠢᠶᠠᠬᠤ ᠠᠯᠬᠤᠮ ᠲᠠᠷᠠᠭ᠎ᠠ ᠶᠢ ᠲᠠᠰᠤᠷᠠᠯᠳᠠ ᠦᠭᠡᠢ ᠰᠠᠶᠢᠵᠢᠷᠠᠭᠤᠯᠵᠤ᠂ ᠲᠦᠷᠢᠮ ᠢᠶᠠᠷ ᠨᠠᠶᠢᠭᠡᠮ ᠤᠨ ᠪᠠᠶᠢᠳᠠᠯ ᠠᠷᠠᠳ ᠤᠨ ᠰᠠᠳᠬᠢᠯ ᠢ ᠦᠨᠠᠩᠬᠦ ᠲᠤᠰᠬᠠᠨ᠎ᠠ᠃ ᠨᠠᠶᠢᠭᠡᠮ  ᠳᠤ ᠬᠠᠨᠳᠤᠭᠤᠯᠤᠬᠰᠠᠨ ᠲᠦᠷᠢᠮᠵᠢᠭᠰᠡᠨ ᠪᠢᠴᠢᠭ ᠮᠠᠲ᠋ᠧᠷᠢᠶᠠᠯ ᠤᠨ ᠰᠡᠳᠦᠪ ᠢ ᠢᠯᠠ ᠪᠠᠷ ᠴᠤᠬᠯᠠᠭᠤᠯᠬᠤ ᠶᠢ ᠲᠤᠬᠳᠠᠭᠠᠬᠤ ᠲᠦᠷᠢᠮ ᠢ ᠢᠳᠡᠪᠬᠢᠳᠠᠢ ᠡᠷᠢᠨ ᠰᠦᠪᠡᠭᠴᠢᠯᠠᠬᠦ ᠪᠠ ᠲᠦᠯᠬᠢᠨ ᠬᠡᠷᠡᠭᠵᠢᠬᠦᠯᠵᠤ᠂ ᠦᠭᠡᠷᠡᠴᠢᠯᠠᠯᠳᠠ ᠬᠦᠭᠵᠢᠯᠳᠠ ᠶᠢᠨ ᠲᠤᠮᠳᠠᠬᠢ ᠠᠩᠬᠠᠷᠤᠯ ᠤᠨ ᠲᠦᠪ ᠠᠰᠠᠭᠤᠳᠠᠯ ᠪᠠ ᠠᠷᠠᠳ ᠤᠯᠠᠨ ᠤ ᠨᠠᠶᠢᠳᠠᠮ ᠠᠩᠬᠠᠷᠴᠤ ᠪᠠᠶᠢᠬᠤ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠴᠢᠬᠤᠯᠠᠴᠢᠯᠠᠨ ᠶᠠᠷᠢᠯᠴᠠᠵᠤ ᠰᠤᠳᠤᠯᠤᠨ᠎ᠠ᠃ ᠨᠠᠯᠢᠶᠠᠳ ᠶᠡᠭᠡ ᠤᠶᠤᠨ ᠴᠢᠳᠠᠯ ᠢᠶᠠᠨ ᠲᠦᠷᠢᠮᠵᠢᠬᠦᠨ ᠪᠢᠴᠢᠭ ᠮᠠᠲ᠋ᠧᠷᠢᠶᠠᠯ ᠤᠨ ᠲᠦᠷᠦᠯ ᠤᠨ ᠡᠮᠦᠨᠠᠬᠢ ᠬᠤᠭᠤᠴᠠᠭᠠᠨ ᠤ ᠰᠤᠳᠤᠯᠵᠤ ᠨᠤᠳᠠᠯᠠᠬᠤ ᠲᠠᠭᠡᠷ᠎ᠡ ᠲᠠᠯᠪᠢᠨ᠎ᠠ᠃ ᠲᠦᠷᠢᠮᠵᠢᠬᠦᠨ ᠪᠢᠴᠢᠭ ᠮᠠᠲ᠋ᠧᠷᠢᠶᠠᠯ ᠤᠨ ᠲᠠᠭᠠᠭᠤᠯᠬᠤ᠂ ᠲᠦᠷᠢᠮᠵᠢᠬᠦᠯᠬᠦ᠂ ᠪᠠᠳᠤᠯᠠᠬᠤ ᠪᠠ ᠨᠠᠶᠢᠭᠡᠮ ᠤᠨ ᠠᠵᠤ ᠠᠬᠤᠢ ᠶᠢᠨ ᠬᠦᠭᠵᠢᠯᠳᠠ ᠳᠠᠬᠢ ᠤᠶᠢᠯᠠᠳᠤᠯ ᠢ ᠬᠦᠢᠴᠡᠳ ᠪᠠᠳᠠᠷᠠᠭᠤᠯᠬᠤ ᠬᠡᠷᠡᠭᠳᠡᠢ᠃     14. ᠲᠦᠷᠢᠮᠵᠢᠬᠦᠨ ᠪᠢᠴᠢᠭ ᠮᠠᠲ᠋ᠧᠷᠢᠶᠠᠯ ᠢ ᠴᠠᠪᠠᠷᠯᠠᠨ ᠬᠦᠴᠦᠨ ᠦᠭᠡᠢ ᠪᠤᠯᠭᠠᠬᠤ ᠪᠠ ᠬᠢᠨᠠᠨ ᠪᠠᠶᠢᠴᠠᠭᠠᠬᠤ ᠲᠠᠩᠰᠠᠯᠠᠨ ᠲᠠᠮᠳᠡᠭᠯᠠᠬᠦ ᠲᠤᠬᠳᠠᠴᠠ ᠶᠢ ᠤᠯᠠᠮ ᠨᠢᠭᠡ ᠠᠯᠬᠤᠮ ᠲᠠᠬᠦᠯᠳᠠᠷᠵᠢᠬᠦᠯᠬᠦ ᠬᠡᠷᠡᠭᠳᠡᠢ᠃ ᠲᠤᠰ ᠤᠷᠤᠨ ᠤ ᠲᠦᠷᠢᠮᠵᠢᠬᠦᠨ ᠪᠢᠴᠢᠭ ᠮᠠᠲ᠋ᠧᠷᠢᠶᠠᠯ ᠢ ᠴᠠᠪᠠᠷᠯᠠᠬᠦ ᠠᠵᠢᠯ ᠢ ᠴᠢᠩᠭᠠᠳᠬᠠᠵᠤ᠂ ᠭᠠᠷᠴᠠᠭ ᠭᠠᠷᠭᠠᠨ ᠨᠢᠭᠡᠳ ᠨᠢᠭᠡ ᠪᠠᠷ ᠬᠠᠤᠯᠢ ᠳᠤ ᠨᠠᠶᠢᠴᠠᠬᠦ ᠴᠢᠨᠠᠷᠳᠠᠢ ᠬᠢᠨᠠᠨ ᠬᠠᠷᠭᠤᠭᠤᠯᠬᠤ ᠪᠠ ᠦᠨᠠᠯᠠᠯᠳᠠ ᠬᠢᠵᠤ᠂ ᠦᠨᠳᠤᠰᠤᠨ ᠬᠠᠤᠯᠢ ᠶᠢ ᠵᠦᠷᠢᠴᠠᠬᠦ ᠬᠠᠤᠯᠢ ᠴᠠᠭᠠᠵᠠ ᠶᠢ ᠵᠦᠷᠢᠴᠠᠬᠦ ᠲᠦᠷᠢᠮᠵᠢᠬᠦᠨ ᠪᠢᠴᠢᠭ ᠮᠠᠲ᠋ᠧᠷᠢᠶᠠᠯ ᠢ ᠬᠠᠤᠯᠢ ᠶᠤᠰᠤᠭᠠᠷ ᠦᠭᠡᠢ ᠪᠤᠯᠭᠠᠬᠤ ᠪᠠ ᠵᠠᠰᠠᠨ᠎ᠠ᠃ ᠲᠦᠷᠢᠮᠵᠢᠬᠦᠨ ᠪᠢᠴᠢᠭ ᠮᠠᠲ᠋ᠧᠷᠢᠶᠠᠯ ᠢ ᠦᠨᠠᠯᠠᠬᠦ᠂ ᠨᠤᠳᠠᠯᠠᠬᠤ᠂ ᠡᠩ ᠤᠨ ᠪᠠᠶᠢᠳᠠᠯ ᠢᠶᠠᠷ ᠴᠠᠪᠠᠷᠯᠠᠬᠦ ᠵᠢᠴᠢ ᠲᠠᠩᠰᠠᠨ ᠳᠤ ᠲᠠᠮᠳᠡᠭᠯᠠᠵᠤ ᠬᠢᠨᠠᠨ ᠪᠠᠶᠢᠴᠠᠭᠠᠬᠤ ᠲᠤᠬᠳᠠᠴᠠ ᠶᠢ ᠲᠤᠬᠳᠠᠭᠠᠨ ᠲᠠᠬᠦᠯᠳᠠᠷᠵᠢᠬᠦᠯᠵᠤ᠂ ᠮᠠᠨ ᠤ ᠬᠤᠰᠢᠭᠤᠨ ᠤ ᠠᠵᠤ ᠠᠬᠤᠢ ᠨᠠᠶᠢᠭᠡᠮ ᠤᠨ ᠬᠦᠭᠵᠢᠯᠳᠠ ᠶᠢᠨ ᠬᠡᠷᠡᠭᠴᠡᠭᠡ ᠳᠤ ᠲᠤᠬᠢᠷᠠᠬᠤ ᠦᠭᠡᠢ ᠲᠦᠷᠢᠮᠵᠢᠬᠦᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠵᠠᠰᠠᠬᠤ ᠪᠠ ᠬᠦᠴᠦᠨ ᠦᠭᠡᠢ ᠪᠤᠯᠭᠠᠨ᠎ᠠ᠃ ᠲᠠᠪᠤ᠂ ᠬᠠᠤᠯᠢ ᠲᠦᠷᠢᠮᠳᠤ ᠰᠤᠶᠤᠯ ᠤᠨ ᠪᠦᠳᠦᠭᠡᠨ ᠪᠠᠶᠢᠭᠤᠯᠤᠯᠳᠠ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ ᠤᠬᠠᠮᠰᠠᠷ ᠠᠴᠠ ᠪᠠᠨ ᠬᠠᠤᠯᠢ ᠲᠦᠷᠢᠮ ᠢ ᠬᠦᠨᠳᠤᠳᠭᠡᠬᠦ ᠪᠦᠬᠦ ᠠᠷᠠᠳ ᠤᠨ ᠬᠠᠤᠯᠢ ᠶᠢ ᠰᠠᠬᠢᠬᠤ ᠰᠢᠰᠲ᠋ᠧᠮ ᠢ ᠪᠠᠶᠢᠭᠤᠯᠤᠨ᠎ᠠ᠃     15. ᠤᠳᠤᠷᠢᠳᠬᠤ ᠺᠠᠳ᠋ᠷ ᠤᠨ ᠬᠠᠤᠯᠢ ᠶᠤᠰᠤᠭᠠᠷ ᠵᠠᠰᠠᠭ ᠡᠷᠬᠢᠯᠠᠬᠦ ᠴᠢᠳᠠᠪᠤᠷᠢ ᠶᠢ ᠲᠠᠭᠡᠭᠰᠢᠯᠠᠬᠦᠯᠦᠨ᠎ᠠ᠃ ᠤᠳᠤᠷᠢᠳᠬᠤ ᠺᠠᠳ᠋ᠷ ᠲᠦᠷᠦᠬᠦᠯᠠᠨ ᠬᠠᠤᠯᠢ ᠰᠤᠷᠤᠯᠴᠠᠬᠤ᠂ ᠬᠠᠤᠯᠢ ᠬᠡᠷᠡᠭᠯᠠᠬᠦ᠂ ᠬᠠᠤᠯᠢ ᠰᠠᠬᠢᠬᠤ ᠲᠦᠷᠢᠮ ᠢ ᠪᠠᠶᠢᠭᠤᠯᠤᠨ᠎ᠠ᠃ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠠᠴᠠ ᠡᠮᠦᠨ᠎ᠠ ᠬᠠᠤᠯᠢ ᠰᠤᠷᠤᠯᠴᠠᠬᠤ ᠲᠦᠷᠢᠮ ᠢ ᠪᠠᠷᠢᠮᠳᠠᠯᠠᠨ᠎ᠠ᠃ ᠬᠠᠤᠯᠢ ᠪᠠᠷ ᠵᠠᠰᠠᠬᠤ ᠰᠤᠷᠭᠠᠨ ᠬᠦᠮᠦᠵᠢᠯ ᠢ ᠨᠠᠮ ᠤᠨ ᠰᠤᠷᠭᠠᠭᠤᠯᠢ ᠶᠢᠨ ᠬᠢᠴᠢᠶᠠᠯ ᠤᠨ ᠵᠢᠭᠠᠬᠤ᠂ ᠰᠤᠷᠭᠠᠬᠤ ᠠᠬᠢᠴᠠ ᠳᠤ ᠤᠷᠤᠭᠤᠯᠵᠤ᠂ ᠤᠳᠤᠷᠢᠳᠬᠤ ᠺᠠᠳ᠋ᠷ ᠵᠢᠯ ᠪᠦᠷᠢ ᠨᠠᠮ ᠤᠨ ᠰᠤᠷᠭᠠᠭᠤᠯᠢ ᠬᠠᠤᠯᠢ ᠶᠢᠨ ᠮᠠᠳᠠᠯᠭᠡ ᠶᠢᠨ ᠪᠤᠯᠪᠠᠰᠤᠷᠠᠯ ᠳᠤ ᠤᠷᠤᠯᠴᠠᠬᠤ ᠬᠡᠷᠡᠭᠳᠡᠢ᠃ ᠤᠳᠤᠷᠢᠳᠬᠤ ᠺᠠᠳ᠋ᠷ ᠤᠨ ᠲᠤᠰᠢᠶᠠᠯ ᠬᠦᠯᠢᠶᠠᠬᠦ ᠠᠴᠠ ᠡᠮᠦᠨᠠᠬᠢ ᠬᠠᠤᠯᠢ ᠶᠤᠰᠤᠭᠠᠷ ᠵᠠᠰᠠᠭ ᠶᠠᠪᠤᠭᠤᠯᠬᠤ ᠪᠠᠶᠢᠳᠠᠯ ᠢ ᠪᠠᠶᠢᠴᠠᠭᠠᠬᠤ ᠪᠠ ᠬᠠᠤᠯᠢ ᠶᠢᠨ ᠮᠠᠳᠡᠯᠭᠡ ᠶᠢᠨ ᠰᠢᠯᠭᠠᠯᠳᠠ ᠶᠢᠨ ᠲᠦᠷᠢᠮ ᠢ ᠪᠠᠶᠢᠭᠤᠯᠵᠤ᠂ ᠰᠢᠯᠭᠠᠬᠤ ᠪᠠ ᠬᠢᠨᠠᠨ ᠰᠢᠯᠭᠠᠬᠤ ᠦᠷ᠎ᠡ ᠪᠦᠳᠦᠮᠵᠢ ᠶᠢ ᠲᠠᠪᠰᠢᠬᠦᠯᠵᠤ ᠬᠡᠷᠡᠭᠯᠠᠬᠦ‍ ᠨᠢᠭᠡ ᠲᠦᠷᠦᠯ ᠤᠨ ᠴᠢᠬᠤᠯᠠ ᠬᠦᠢᠴᠠᠳᠭᠡᠯ ᠲᠤᠭ᠎ᠠ ᠪᠤᠯᠭᠠᠬᠤ ᠬᠡᠷᠡᠭᠳᠡᠢ᠃ ᠤᠳᠤᠷᠢᠳᠬᠤ ᠺᠠᠳ᠋ᠷ ᠤᠨ ᠬᠠᠤᠯᠢ ᠲᠤᠭᠠᠴᠠᠬᠤ ᠬᠢᠨᠠᠨ ᠦᠨᠠᠯᠠᠬᠦ ᠲᠤᠬᠳᠠᠴᠠ ᠶᠢ ᠪᠠᠶᠢᠭᠤᠯᠵᠤ᠂ ᠬᠠᠤᠯᠢ ᠲᠤᠭᠠᠴᠠᠬᠤ ᠶᠢ ᠲᠤᠰᠢᠶᠠᠯ ᠲᠤᠭᠠᠴᠢᠬᠤ ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠲᠠᠢ ᠬᠠᠮᠳᠤ ᠤᠳᠤᠷᠢᠳᠬᠤ ᠺᠠᠳ᠋ᠷ ᠤᠨ ᠰᠢᠯᠭᠠᠨ ᠲᠤᠬᠳᠠᠭᠠᠬᠤ ᠰᠢᠰᠲ᠋ᠧᠮ  ᠳᠤ ᠤᠷᠤᠭᠤᠯᠬᠤ ᠬᠡᠷᠡᠭᠳᠡᠢ᠃     16. ᠬᠠᠤᠯᠢ ᠶᠢ ᠲᠦᠭᠡᠮᠠᠯᠵᠢᠬᠦᠯᠬᠦ ᠤᠬᠠᠭᠤᠯᠬᠤ ᠰᠤᠷᠭᠠᠨ ᠬᠦᠮᠦᠵᠢᠯ ᠤᠨ ᠬᠠᠨᠳᠤᠯᠭᠠᠳᠤ ᠴᠢᠨᠠᠷ᠂ ᠪᠤᠳᠠᠳᠤ ᠤᠶᠢᠯᠠᠳᠤᠯ ᠢ ᠲᠠᠭᠡᠭᠰᠢᠯᠠᠬᠦᠯᠦᠨ᠎ᠠ᠃ ᠲᠦᠪ ᠤᠨ ᠨᠢᠭᠡᠳᠦᠯᠳᠠᠢ ᠲᠤᠬᠢᠷᠠᠭᠤᠯᠤᠯᠭ᠎ᠠ ᠶᠤᠰᠤᠭᠠᠷ ᠬᠠᠤᠯᠢ ᠶᠢ ᠲᠦᠭᠡᠮᠠᠯᠵᠢᠬᠦᠯᠬᠦ ᠲᠦᠯᠦᠪᠵᠢᠬᠦᠯᠭᠡ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠪᠦᠬᠦ ᠨᠠᠶᠢᠭᠡᠮ ᠤᠨ ᠢᠳᠡᠭᠡᠮᠵᠢᠳᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ︽ᠬᠡᠨ ᠬᠠᠤᠯᠢ ᠶᠢ ᠬᠡᠷᠡᠭᠵᠢᠬᠦᠯᠪᠠᠯ ᠬᠡᠨ ᠬᠠᠤᠯᠢ ᠶᠢ ᠲᠦᠭᠡᠮᠠᠯᠵᠢᠬᠦᠯᠬᠦ︾ ᠬᠠᠤᠯᠢ ᠲᠦᠭᠡᠮᠠᠯᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠬᠡᠷᠡᠭ ᠵᠠᠷᠭᠤ ᠪᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠵᠠᠷᠭᠤ ᠪᠠᠷ ᠬᠠᠤᠯᠢ ᠶᠢ ᠲᠤᠳᠤᠷᠬᠠᠶᠢᠯᠠᠬᠤ᠂ ᠬᠡᠷᠡᠭ ᠵᠠᠷᠭᠤ ᠪᠠᠷ ᠬᠠᠤᠯᠢ ᠶᠢ ᠲᠦᠬᠡᠮᠠᠯᠵᠢᠬᠦᠯᠬᠦ ᠪᠤᠳᠠᠳᠤ ᠤᠶᠢᠯᠠᠳᠤᠯ ᠢ ᠴᠢᠩᠭᠠᠳᠬᠠᠨ᠎ᠠ᠃ ᠤᠳᠤᠷᠢᠳᠬᠤ ᠺᠠᠳ᠋ᠷ᠂ ᠠᠯᠪᠠᠳᠠᠨ᠂ ᠵᠠᠯᠠᠭᠤᠴᠤᠳ ᠪᠠᠭᠠᠴᠤᠳ᠂ ᠠᠵᠤ ᠠᠬᠤᠶᠢᠯᠠᠯ ᠠᠵᠢᠯ ᠤᠶᠢᠯᠠᠰ ᠤᠨ ᠡᠵᠡᠩᠨᠠᠨ ᠬᠠᠮᠢᠶᠠᠷᠤᠬᠴᠢ᠂ ᠲᠠᠷᠢᠶᠠᠴᠢᠨ ︵ᠰᠠᠭᠤᠭᠠᠯᠢ ᠠᠷᠠᠳ︶  ᠪᠠ ᠨᠠᠶᠢᠭᠡᠮ ᠤᠨ ᠰᠢᠨ᠎ᠠ ᠵᠤᠬᠢᠶᠠᠨ ᠪᠠᠶᠢᠭᠤᠯᠤᠯᠳᠠ ᠵᠠᠷᠭᠡ ᠭᠤᠤᠯᠳᠠᠯᠭ᠎ᠠ ᠲᠠᠢ ᠡᠳᠡᠭᠡᠳ ᠤᠨ ᠬᠠᠤᠯᠢ ᠶᠢᠨ ᠬᠦᠮᠦᠵᠢᠯ ᠢ ᠭᠤᠤᠯᠳᠠᠯᠭ᠎ᠠ ᠲᠠᠢ ᠴᠢᠩᠭᠠᠳᠬᠠᠨ᠎ᠠ᠃ ᠬᠠᠤᠯᠢ ᠶᠢ ᠲᠦᠭᠡᠮᠠᠯᠵᠢᠬᠦᠯᠬᠦ ᠠᠵᠢᠯ ᠤᠨ ᠪᠠᠶᠢᠳᠠᠯ  ᠢ ᠵᠠᠰᠠᠭ ᠤᠨ ᠪᠦᠳᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠤᠷᠤᠭᠤᠯᠵᠤ᠂ ᠠᠵᠤ ᠤᠶᠢᠯᠠᠰ ᠤᠨ ᠨᠢᠭᠡᠴᠡ ᠶᠢᠨ ᠬᠠᠤᠯᠢ ᠶᠤᠰᠤᠭᠠᠷ ᠡᠵᠡᠩᠨᠠᠬᠦ᠂ ᠬᠠᠤᠯᠢ ᠶᠤᠰᠤᠭᠠᠷ ᠬᠠᠮᠢᠶᠠᠷᠬᠤ᠂ ᠢᠳᠡᠭᠡᠮᠵᠢᠳᠤ ᠬᠠᠤᠯᠢ ᠰᠠᠬᠢᠬᠤ ᠪᠠᠶᠢᠳᠠᠯ ᠤᠨ ᠬᠢᠷᠢ ᠬᠡᠮ ᠢ ᠦᠨᠠᠯᠠᠬᠦ᠂ ᠬᠢᠨᠠᠨ ᠰᠢᠯᠭᠠᠬᠤ ᠰᠢᠯᠢᠳᠡᠭ ᠢᠶᠠᠷ ᠦᠨᠠᠯᠠᠬᠦ ᠶᠢᠨ ᠦᠨᠳᠤᠰᠤᠯᠠᠯ ᠪᠤᠯᠭᠠᠨ᠎ᠠ᠃     17. ᠬᠠᠤᠯᠢ ᠪᠠᠷ ᠵᠠᠰᠠᠬᠤ ᠰᠤᠶᠤᠯ ᠤᠨ ᠪᠦᠳᠦᠭᠡᠨ ᠪᠠᠶᠢᠭᠤᠯᠤᠯᠳᠠ ᠶᠢ ᠴᠢᠩᠭ᠎ᠠ ᠲᠦᠯᠬᠢᠨ ᠠᠬᠢᠭᠤᠯᠤᠨ᠎ᠠ᠃ ᠨᠠᠶᠢᠭᠡᠮ ᠵᠢᠷᠤᠮᠳᠤ ᠬᠠᠤᠯᠢ ᠪᠠᠷ ᠵᠠᠰᠠᠬᠤ ᠦᠵᠠᠯᠳᠠ ᠶᠢᠨ ᠰᠤᠷᠭᠠᠨ ᠬᠦᠮᠦᠵᠢᠯ ᠢ ᠬᠠᠤᠯᠢ ᠶᠢ ᠲᠦᠭᠡᠮᠠᠯᠵᠢᠬᠦᠯᠬᠦ ᠲᠦᠯᠦᠪᠵᠢᠬᠦᠯᠭᠡ ᠳᠤ ᠤᠷᠤᠭᠤᠯᠤᠨ᠎ᠠ᠃ ᠬᠠᠤᠯᠢ ᠶᠢ ᠲᠦᠭᠡᠮᠠᠯᠵᠢᠬᠦᠯᠬᠦ ᠪᠠᠬᠢᠯᠠᠯᠳᠠ ᠶᠢᠨ ᠪᠦᠳᠦᠭᠡᠨ ᠪᠠᠶᠢᠭᠤᠯᠤᠯᠳᠠ  ᠶᠢ ᠴᠢᠩᠭᠠᠳᠬᠠᠵᠤ᠂ ᠭᠤᠤᠯ ᠵᠠᠭᠤᠴᠢᠯᠠᠭᠤᠷ ᠲᠠᠭᠡᠷ᠎ᠡ ᠬᠠᠤᠯᠢ ᠶᠢ ᠲᠦᠭᠡᠮᠠᠯᠵᠢᠬᠦᠯᠬᠦ ᠲᠤᠰᠬᠠᠢ ᠪᠤᠯᠤᠩ ᠭᠠᠷᠭᠠᠵᠤ᠂ ᠬᠠᠤᠯᠢ ᠪᠠᠷ ᠵᠠᠰᠠᠬᠤ ᠴᠡᠴᠡᠷᠯᠢᠭ᠂ ᠠᠭᠤᠳᠠᠮ ᠲᠠᠯᠠᠪᠠᠢ᠂ ᠤᠷᠳᠤ ᠬᠤᠩᠬᠢᠯ᠂ ᠰᠠᠮᠪᠠᠷ᠎ᠠ ᠶᠢᠨ ᠰᠤᠨᠢᠨ ᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠠᠤᠯᠢ ᠶᠢᠨ ᠰᠦᠯᠵᠢᠶ᠎ᠠ᠂ ᠪᠦᠷᠭᠡ᠂ ᠪᠢᠴᠢᠯ ᠪᠦᠷᠭᠡ᠂ ᠭᠠᠷ ᠤᠳᠠᠰᠤᠨ  ᠤ ᠰᠤᠨᠢᠨ ᠵᠠᠷᠭᠡ ᠰᠢᠨ᠎ᠠ ᠵᠠᠭᠤᠴᠢᠯᠠᠭᠤᠷ ᠢᠶᠠᠷ ᠤᠬᠠᠭᠤᠯᠬᠤ ᠲᠠᠪᠴᠠᠩ ᠪᠠᠶᠢᠭᠤᠯᠬᠤ ᠶᠢ ᠵᠤᠷᠢᠬᠵᠢᠭᠤᠯᠵᠤ᠂ ᠪᠦᠬᠦ ᠨᠠᠶᠢᠭᠡᠮ ᠲᠠᠭᠡᠷ᠎ᠡ ᠬᠠᠤᠯᠢ ᠪᠠᠷ ᠵᠠᠰᠠᠬᠤ ᠰᠤᠶᠤᠯ ᠤᠨ ᠠᠭᠤᠷ ᠠᠮᠢᠰᠬᠤᠯ ᠢ ᠪᠤᠢ ᠪᠤᠯᠭᠠᠨ᠎ᠠ᠃ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠬᠠᠤᠯᠢ ᠶᠢᠨ ︽ᠵᠢᠷᠭᠤᠭ᠎ᠠ ᠳᠤ ᠤᠷᠤᠬᠤ︾ ᠪᠠ ︽ᠦᠨᠳᠤᠰᠤᠨ ᠬᠠᠤᠯᠢ ᠶᠢᠨ ᠡᠳᠦᠷ︾ ᠭᠤᠤᠯ ᠰᠡᠳᠦᠪᠳᠤ ᠠᠵᠢᠯᠯᠠᠭᠠᠨ ᠢ ᠦᠷᠬᠦᠯᠵᠢᠯᠠᠨ ᠬᠦᠨᠵᠡᠭᠡᠶᠢᠷᠠᠬᠦᠯᠵᠤ᠂ ᠤᠯᠠᠨ ᠲᠦᠮᠠᠨ ᠤ ᠬᠠᠤᠯᠢ ᠪᠠᠷ ᠵᠠᠰᠠᠬᠤ ᠦᠵᠠᠯᠳᠠ ᠶᠢ ᠬᠦᠮᠦᠵᠢᠬᠦᠯᠵᠤ᠂ ᠬᠠᠤᠯᠢ ᠪᠠᠷ ᠵᠠᠰᠠᠬᠤ ᠬᠡᠪ ᠴᠢᠨᠠᠷ ᠢ ᠲᠠᠭᠡᠭᠰᠢᠯᠠᠬᠦᠯᠦᠨ᠎ᠠ᠃ ᠬᠠᠤᠯᠢ ᠪᠠᠷ ᠵᠠᠰᠠᠬᠤ ᠤᠳᠬ᠎ᠠ ᠤᠷᠠᠯᠢᠭ ᠤᠨ ᠵᠤᠬᠢᠶᠠᠨ ᠪᠦᠳᠦᠭᠡᠬᠦ ᠶᠢ ᠵᠤᠷᠢᠬᠵᠢᠭᠤᠯᠬᠤ ᠪᠠ ᠲᠠᠮᠵᠢᠵᠤ᠂ ᠡᠯ᠎ᠡ ᠲᠦᠷᠦᠯ ᠤᠨ ᠰᠤᠶᠤᠯ ᠤᠷᠠᠯᠢᠭ ᠤᠨ ᠲᠤᠬᠯᠠᠯᠳᠠ ᠶᠢᠨ ᠪᠦᠯᠬᠦᠮ ᠢ ᠲᠠᠭᠠᠭᠤᠯᠵᠤ᠂ ᠤᠯᠠᠨ ᠲᠦᠮᠠᠨ ᠤ ᠦᠵᠠᠵᠤ ᠰᠤᠨᠢᠷᠬᠠᠬᠤ ᠲᠤᠷᠠᠳᠠᠢ ᠬᠠᠤᠯᠢ ᠪᠠᠷ ᠵᠠᠰᠠᠬᠤ ᠰᠤᠶᠤᠯ ᠤᠨ ᠪᠦᠳᠦᠭᠡᠯ ᠢ ᠵᠤᠬᠢᠶᠠᠨ ᠪᠦᠳᠦᠭᠡᠨ᠎ᠠ᠃ ᠬᠦᠳᠡᠭᠡ ᠲᠤᠰᠬᠤᠨ᠂ ᠨᠠᠶᠢᠭᠡᠮ ᠲᠤᠭᠤᠷᠢᠭ ᠤᠨ ᠤᠯᠠᠨ ᠲᠦᠮᠠᠨ ᠤ ᠦᠷᠭᠡᠨ ᠢᠶᠠᠷ ᠤᠷᠤᠯᠴᠠᠬᠰᠠᠨ ᠤᠳᠬ᠎ᠠ ᠤᠷᠠᠯᠢᠭ ᠤᠨ ᠪᠦᠯᠬᠦᠮ ᠤᠨ ᠦᠷᠨᠢᠬᠦᠯᠦᠭᠰᠡᠨ ᠤᠯᠠᠨ ᠲᠦᠮᠠᠨᠴᠢ ᠴᠢᠨᠠᠷᠳᠠᠢ ᠬᠠᠤᠯᠢ ᠪᠠᠷ ᠵᠠᠰᠠᠬᠤ ᠰᠤᠷᠭᠠᠨ ᠬᠦᠮᠦᠵᠢᠯ ᠤᠨ ᠠᠵᠢᠯᠯᠠᠭᠠᠨ ᠢ ᠵᠤᠬᠢᠶᠠᠨ ᠪᠠᠶᠢᠭᠤᠯᠵᠤ᠂ ᠤᠯᠠᠨ ᠲᠦᠮᠠᠨ ᠤ ᠬᠠᠤᠯᠢ ᠪᠠᠷ ᠵᠠᠰᠠᠬᠤ ᠰᠤᠶᠤᠯ ᠤᠨ ᠪᠤᠯᠪᠠᠰᠤᠷᠠᠯ ᠢ ᠲᠠᠰᠤᠷᠠᠯᠳᠠ ᠦᠭᠡᠢ ᠲᠠᠭᠡᠭᠰᠢᠯᠠᠬᠦᠯᠦᠨ᠎ᠠ᠃     18. ᠤᠯᠠᠨ ᠨᠠᠶᠢᠳᠠ ᠶᠢᠨ ᠬᠠᠤᠯᠢ ᠶᠢᠨ ᠤᠶᠢᠯᠠᠴᠢᠯᠠᠭᠡᠨ ᠤ ᠰᠢᠰᠲ᠋ᠧᠮ ᠤᠨ ᠵᠤᠬᠢᠶᠠᠨ ᠪᠠᠶᠢᠭᠤᠯᠤᠯᠳᠠ ᠶᠢ ᠲᠠᠬᠦᠯᠳᠠᠷᠵᠢᠬᠦᠯᠦᠨ᠎ᠠ᠃ ᠬᠠᠤᠯᠢᠴᠢ᠂ ᠠᠯᠪᠠᠨ ᠬᠡᠷᠡᠴᠢᠯᠡᠭᠡ᠂ ᠬᠠᠤᠯᠢ ᠴᠠᠭᠠᠵᠠ ᠶᠢᠨ ᠲᠠᠮᠵᠢᠯᠭᠡ ᠵᠠᠷᠭᠡ ᠤᠶᠢᠯᠠᠴᠢᠯᠠᠭᠡᠨ ᠤ ᠰᠢᠰᠲ᠋ᠧᠮ ᠢ ᠪᠦᠷᠢᠨᠵᠢᠬᠦᠯᠦᠨ ᠲᠠᠬᠦᠯᠳᠠᠷᠵᠢᠬᠦᠯᠵᠤ᠂ ᠬᠤᠳᠠ ᠬᠦᠳᠡᠭᠡ ᠶᠢᠨ ᠬᠠᠤᠯᠢ ᠴᠠᠭᠠᠵᠠ  ᠶᠢᠨ ᠤᠶᠢᠯᠠᠴᠢᠯᠠᠭᠡᠨ ᠤ ᠲᠠᠩᠴᠠᠬᠦᠷᠢᠳᠠᠢ ᠪᠠᠶᠢᠬᠤ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠪᠠ ᠠᠷᠠᠳ ᠤᠨ ᠨᠠᠶᠢᠭᠡᠮᠯᠢᠭ ᠤᠨ ᠬᠠᠤᠯᠢ ᠴᠠᠭᠠᠵᠠ ᠶᠢᠨ ᠠᠰᠠᠭᠤᠨ ᠯᠠᠪᠯᠠᠬᠤ ᠲᠦᠷᠢᠮ ᠢ ᠪᠠᠶᠢᠭᠤᠯᠵᠤ᠂ ᠬᠤᠰᠢᠭᠤᠨ ᠤ ᠵᠠᠰᠠᠭ ᠤᠨ ᠤᠷᠳᠤᠨ ᠵᠢᠴᠢ ᠪᠤᠰᠤᠳ ᠡᠷᠭᠡᠳᠤ ᠪᠠᠶᠢᠭᠤᠯᠤᠯᠭ᠎ᠠ ᠳᠤ ᠠᠯᠪᠠᠨ ᠲᠤᠰᠢᠶᠠᠯ  ᠲᠠᠢ ᠬᠠᠤᠯᠢᠴᠢ ᠲᠠᠢ ᠪᠤᠯᠭᠠᠬᠤ ᠲᠤᠷᠰᠢᠯᠳᠠ ᠶᠢᠨ ᠴᠢᠭ ᠤᠨ ᠠᠵᠢᠯ ᠢ ᠲᠦᠯᠬᠢᠨ ᠠᠬᠢᠭᠤᠯᠬᠤ ᠪᠠ ᠲᠦᠷᠢᠮᠵᠢᠬᠦᠯᠦᠨ᠎ᠠ ᠃ ᠬᠠᠤᠯᠢ ᠴᠠᠭᠠᠵᠠ ᠶᠢᠨ ᠤᠶᠢᠯᠠᠴᠢᠯᠠᠭᠡᠨ ᠤ ᠵᠠᠬ᠎ᠠ ᠲᠠᠯᠭᠡᠬᠦᠷ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠤᠶᠢᠯᠠᠴᠢᠯᠠᠭᠡᠨ ᠤ ᠠᠵᠢᠯ ᠲᠦᠷᠦᠯ ᠤᠨ ᠵᠦᠪᠰᠢᠶᠠᠷᠠᠬᠦ ᠲᠤᠬᠳᠠᠴᠠ ᠪᠠ ᠠᠵᠢᠯ ᠡᠷᠬᠢᠯᠠᠬᠦ ᠪᠠᠶᠢᠳᠠᠯ ᠢ ᠬᠢᠨᠠᠨ ᠦᠨᠠᠯᠠᠬᠦ ᠲᠤᠬᠳᠠᠴᠠ ᠶᠢ ᠪᠦᠷᠢᠨᠵᠢᠬᠦᠯᠵᠤ᠂ ᠬᠠᠤᠯᠢ ᠲᠦᠷᠢᠮ ᠢ ᠵᠦᠷᠢᠴᠠᠨ ᠠᠵᠢᠯ ᠡᠷᠬᠢᠯᠠᠬᠦ ᠶᠢ ᠵᠠᠯᠬᠠᠭᠠᠨ ᠴᠠᠭᠡᠷᠯᠠᠬᠦᠯᠬᠦ ᠲᠦᠷᠢᠮ ᠢ ᠴᠢᠩᠭ᠎ᠠ ᠶᠠᠪᠤᠭᠤᠯᠤᠨ᠎ᠠ᠃ ᠬᠠᠤᠯᠢ ᠴᠠᠭᠠᠵᠠ ᠶᠢᠨ ᠲᠠᠮᠵᠢᠯᠭᠡ ᠦᠵᠠᠬᠦᠯᠬᠦ ᠲᠦᠷᠢᠮ ᠢ ᠲᠠᠬᠦᠯᠳᠠᠷᠵᠢᠬᠦᠯᠵᠤ᠂ ᠲᠠᠮᠵᠢᠯᠭᠡ ᠤᠯᠬᠤ ᠳᠤ ᠬᠦᠴᠢᠷ ᠲᠦᠪᠡᠭ ᠲᠠᠢ ᠪᠠᠶᠢᠳᠠᠯ ᠢ ᠪᠠᠭᠠᠰᠬᠠᠵᠤ ᠬᠠᠤᠯᠢ ᠴᠠᠭᠠᠵᠠ ᠶᠢᠨ ᠲᠠᠮᠵᠢᠯᠭᠡ ᠦᠵᠠᠬᠦᠯᠬᠦ ᠪᠦᠷᠬᠦᠴᠠ ᠶᠢ ᠦᠷᠭᠡᠳᠭᠡᠨ᠎ᠠ᠃ ᠠᠯᠪᠠᠨ ᠬᠡᠷᠡᠴᠢᠯᠡᠭᠡ ᠶᠢᠨ ᠬᠠᠮᠢᠶᠠᠷᠤᠯᠳᠠ ᠪᠠ ᠠᠯᠪᠠᠨ ᠬᠡᠷᠡᠴᠢᠯᠡᠭᠡ ᠶᠢᠨ ᠤᠶᠢᠯᠠᠴᠢᠯᠡᠭᠡ ᠶᠢ ᠬᠠᠤᠯᠢ ᠶᠤᠰᠤᠭᠠᠷ ᠲᠦᠷᠢᠮᠵᠢᠬᠦᠯᠵᠤ᠂ ᠠᠯᠪᠠᠨ ᠬᠡᠷᠡᠴᠢᠯᠡᠭᠡ ᠶᠢᠨ ᠤᠯᠠᠨ ᠤ ᠢᠳᠡᠭᠡᠮᠵᠢ ᠶᠢ ᠲᠠᠭᠡᠭᠰᠢᠯᠠᠬᠦᠯᠦᠨ᠎ᠠ᠃     19. ᠠᠮᠤᠷ ᠲᠦᠪᠰᠢᠨ ᠤᠩᠨᠢᠭᠤᠳ ᠤᠨ ᠪᠦᠳᠦᠭᠡᠨ ᠪᠠᠶᠢᠭᠤᠯᠤᠯᠳᠠ ᠶᠢ ᠬᠠᠤᠯᠢ ᠪᠠᠷ ᠵᠠᠰᠠᠬᠤ ᠵᠠᠮ ᠳᠤ ᠤᠷᠤᠭᠤᠯᠤᠨ᠎ᠠ᠃ ᠠᠮᠦᠷ ᠲᠦᠪᠰᠢᠨ ᠤᠩᠨᠢᠭᠤᠳ ᠤᠨ ᠪᠦᠳᠦᠭᠡᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢᠨ ᠲᠦᠷᠢᠮ ᠪᠠ ᠬᠠᠷᠠᠯᠳᠠᠳᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠨᠢᠬᠳᠠ ᠰᠢᠨᠵᠢᠯᠠᠬᠦ ᠤᠬᠠᠭᠠᠨᠴᠢ ᠰᠢᠯᠭᠠᠨ ᠦᠨᠠᠯᠠᠵᠤ ᠱᠠᠩᠨᠠᠵᠤ ᠲᠤᠷᠭᠤᠭᠠᠬᠤ ᠲᠤᠬᠳᠠᠴᠠ ᠶᠢ ᠪᠠᠶᠢᠭᠤᠯᠤᠨ᠎ᠠ᠃ ᠰᠦᠷᠳᠡᠭᠦᠯᠭᠡ ᠶᠢᠨ ᠶᠠᠯᠠᠳᠤ ᠠᠵᠢᠯᠯᠠᠭ᠎ᠠ᠂ ᠬᠠᠷ᠎ᠠ ᠪᠦᠯᠦᠭ ᠤᠨ ᠬᠦᠴᠦᠨ ᠤ ᠶᠠᠯᠠᠳᠤ ᠠᠵᠢᠯᠯᠠᠭ᠎ᠠ᠂ ᠤᠯᠠᠨ ᠡᠬᠦᠰᠬᠦ ᠴᠢᠨᠠᠷᠳᠠᠢ ᠡᠳ᠋ ᠬᠦᠷᠦᠩᠭᠡ ᠳᠤ ᠬᠠᠯᠳᠠᠬᠰᠠᠨ ᠶᠠᠯᠠᠳᠤ ᠠᠵᠢᠯᠯᠠᠭ᠎ᠠ᠂ ᠤᠯᠠᠨ ᠨᠠᠶᠢᠳᠠ ᠳᠤ ᠬᠤᠯᠪᠤᠬᠳᠠᠬᠰᠠᠨ ᠠᠵᠤ ᠠᠬᠤᠢ ᠶᠢᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠤ᠂ ᠤᠯᠠᠨ ᠲᠦᠮᠠᠨ ᠤ ᠠᠮᠤᠷ ᠲᠦᠪᠰᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠠ ᠶᠢ ᠲᠠᠭᠡᠭᠰᠢᠯᠠᠬᠦᠯᠦᠨ᠎ᠠ᠃ ᠲᠠᠪᠬᠤᠷᠭᠠᠳᠤ ᠠᠮᠦᠷ ᠢ ᠬᠠᠮᠠᠭᠠᠯᠠᠬᠤ ᠠᠭᠠᠷ ᠢ ᠰᠠᠷᠭᠡᠶᠢᠯᠠᠬᠦ ᠰᠢᠰᠲ᠋ᠧᠮ᠂ ᠵᠦᠷᠢᠴᠠᠯ ᠵᠢᠭᠤᠷᠠᠯᠳᠤᠭᠠᠨ ᠢ ᠪᠠᠶᠢᠴᠠᠭᠠᠵᠤ ᠡᠶᠡᠳᠡᠬᠦᠯᠬᠦ ᠰᠢᠰᠲ᠋ᠧᠮ᠂ ᠤᠯᠠᠨ ᠨᠠᠶᠢᠳᠠ ᠶᠢᠨ ᠠᠮᠦᠷ ᠲᠦᠪᠰᠢᠨ ᠢ ᠬᠠᠮᠢᠶᠠᠷᠬᠤ ᠰᠢᠰᠲ᠋ᠧᠮ᠂ ᠲᠤᠤᠷ ᠰᠦᠯᠵᠢᠶᠠᠵᠢᠭ᠍ᠰᠡᠨ ᠠᠮᠦᠷ ᠲᠦᠪᠰᠢᠨ ᠢ ᠬᠠᠮᠠᠭᠠᠯᠠᠬᠤ ᠬᠠᠮᠢᠶᠠᠷᠤᠯᠳᠠ  ᠶᠢᠨ ᠰᠢᠰᠲ᠋ᠧᠮ ᠢ ᠲᠠᠬᠦᠯᠳᠠᠷᠵᠢᠬᠦᠯᠦᠨ᠎ᠠ᠃ ᠦᠨᠳᠤᠰᠤᠨ ᠱᠠᠳᠤᠨ ᠤ ᠶᠠᠷᠦᠩᠭᠡᠶᠢᠯᠡᠭᠰᠡᠨ ᠤᠶᠢᠯᠠᠴᠢᠯᠡᠭᠡ ᠶᠢᠨ ᠬᠠᠮᠢᠶᠠᠷᠤᠯᠳᠠ ᠶᠢᠨ ᠲᠠᠪᠴᠠᠩ᠂ ᠲᠤᠤᠷ ᠰᠦᠯᠵᠢᠶ᠎ᠠ ᠶᠢᠨ ᠬᠡᠯᠪᠠᠷᠢᠳᠤ ᠬᠠᠮᠢᠶᠠᠷᠤᠯᠳᠠ ᠶᠢᠨ ᠰᠢᠰᠲ᠋ᠧᠮ᠂ ᠲᠤᠬᠠᠶᠢᠯᠠᠬᠰᠠᠨ ᠠᠵᠢᠯ ᠤᠨ ᠬᠡᠯᠪᠠᠷᠢᠳᠤ ᠠᠷᠠᠳ ᠤᠨ ᠡᠶᠡᠳᠠᠬᠦᠯᠭᠡ ᠶᠢᠨ ᠵᠦᠪᠯᠠᠯ ᠤᠨ ᠪᠦᠳᠦᠭᠡᠨ ᠪᠠᠶᠢᠭᠤᠯᠤᠯᠳᠠ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠠᠴᠠ ᠨᠠᠶᠢᠭᠡᠮ ᠤᠨ ᠬᠦᠴᠦᠨ ᠢ ᠬᠤᠳᠠᠯᠳᠤᠨ ᠠᠪᠬᠤ ᠤᠶᠢᠯᠠᠴᠢᠯᠠᠭᠡᠨ ᠤ ᠠᠵᠢᠯ ᠢ ᠲᠦᠯᠬᠢᠨ ᠠᠬᠢᠭᠤᠯᠵᠤ᠂ ᠠᠮᠦᠷ ᠲᠠᠶᠢᠪᠤᠩ ᠤᠩᠨᠢᠭᠤᠳ ᠤᠨ ᠪᠦᠳᠦᠭᠡᠨ ᠪᠠᠶᠢᠭᠤᠯᠤᠯᠳᠠ ᠶᠢᠨ ᠰᠢᠨᠵᠢᠯᠡᠭᠡ ᠮᠠᠷᠭᠡᠵᠢᠯ᠂ ᠰᠤᠷᠠᠭ ᠵᠠᠩᠬᠢ᠂ ᠨᠠᠶᠢᠭᠡᠮᠴᠢᠯᠠᠯᠳᠠ ᠶᠢᠨ ᠲᠦᠪᠰᠢᠨ ᠢ ᠲᠠᠭᠡᠭᠰᠢᠯᠠᠬᠦᠯᠦᠨ᠎ᠠ᠃     ᠲᠤᠯᠤᠭ᠎ᠠ᠂ ᠬᠠᠤᠯᠢ ᠪᠠᠷ ᠵᠠᠰᠠᠬᠤ ᠠᠵᠢᠯ ᠤᠨ ᠡᠩᠨᠡᠭᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠤᠩᠨᠢᠭᠤᠳ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠬᠤ ᠳᠤ ᠵᠤᠬᠢᠶᠠᠨ ᠪᠠᠶᠢᠭᠤᠯᠤᠯᠳᠠ ᠪᠠ ᠴᠢᠳᠠᠪᠤᠷᠢᠳᠠᠨ ᠤ ᠪᠠᠳᠤᠯᠠᠭ᠎ᠠ ᠬᠠᠩᠭᠠᠨ᠎ᠠ᠃     20. ᠦᠵᠠᠯ ᠰᠠᠨᠠᠭ᠎ᠠ ᠤᠯᠤᠰ ᠲᠦᠷᠦ ᠶᠢᠨ ᠪᠦᠳᠦᠭᠡᠨ ᠪᠠᠶᠢᠭᠤᠯᠤᠯᠳᠠ ᠶᠢ ᠲᠠᠷᠢᠬᠦᠨ ᠪᠠᠶᠢᠷᠢᠨ ᠳᠤ ᠲᠠᠯᠪᠢᠬᠤ  ᠶᠢ ᠪᠠᠷᠢᠮᠳᠠᠯᠠᠨ᠎ᠠ᠃ ᠢᠳᠡᠭᠡᠯ ᠬᠦᠰᠠᠯ ᠤᠨ ᠰᠤᠷᠭᠠᠨ ᠬᠦᠮᠦᠵᠢᠯ ᠢ ᠰᠤᠯᠠᠷᠠᠰᠢ ᠦᠭᠡᠢ ᠴᠢᠩᠭᠠᠳᠬᠠᠵᠤ᠂ ᠨᠠᠶᠢᠭᠡᠮ ᠵᠢᠷᠤᠮᠳᠤ ᠭᠤᠤᠯ ᠦᠷᠳᠡᠭ ᠤᠨ ᠦᠵᠠᠯᠳᠠ ᠪᠠ ᠲᠤᠰᠬᠠᠢ ᠠᠵᠢᠯ ᠤᠨ ᠶᠤᠰᠤ ᠰᠤᠷᠳᠠᠬᠤᠨ ᠤ ᠬᠦᠮᠦᠵᠢᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠡᠩᠨᠡᠭᠡ ᠶᠢᠨ ᠤᠯᠤᠰ ᠲᠦᠷᠦ ᠦᠵᠠᠯ ᠰᠠᠨᠠᠭ᠎ᠠ ᠶᠢᠨ ᠰᠠᠭᠤᠷᠢ ᠶᠢ ᠪᠠᠳᠤ ᠪᠠᠬᠢ ᠲᠠᠯᠪᠢᠨ᠎ᠠ᠃ ᠵᠢᠩᠬᠢᠨᠢᠴᠢᠯᠠᠯᠳᠠ᠂ ᠲᠤᠰᠬᠠᠶᠢᠵᠢᠯᠳᠠ᠂ ᠠᠵᠢᠯ ᠮᠠᠷᠭᠡᠵᠢᠯ ᠢᠶᠠᠷ ᠬᠠᠷᠠᠯᠳᠠ ᠪᠤᠯᠭᠠᠵᠤ᠂ ᠬᠠᠮᠢᠶᠠᠷᠤᠯᠳᠠ ᠶᠢ ᠲᠦᠷᠢᠮᠵᠢᠬᠦᠯᠬᠦ᠂ ᠡᠷᠭᠡ ᠲᠤᠰᠢᠶᠠᠯ ᠢ ᠲᠦᠷᠢᠮᠵᠢᠬᠦᠯᠬᠦ᠂ ᠦᠢᠯᠠ ᠠᠵᠢᠯᠯᠠᠭ᠎ᠠ ᠲᠦᠷᠢᠮᠵᠢᠬᠦᠯᠬᠦ᠂ ᠪᠤᠯᠪᠠᠰᠤᠷᠠᠯ ᠢ ᠲᠦᠷᠢᠮᠵᠢᠬᠦᠯᠬᠦ ᠪᠠᠷ ᠲᠠᠮᠵᠢᠵᠤ᠂ ᠬᠠᠤᠯᠢ ᠪᠠᠷ ᠵᠠᠰᠠᠬᠤ ᠠᠵᠢᠯ ᠤᠨ ᠡᠩᠨᠡᠭᠡ ᠶᠢᠨ ᠬᠠᠤᠯᠢ ᠶᠢᠨ ᠪᠤᠯᠪᠠᠰᠤᠷᠠᠯ ᠪᠠ ᠲᠤᠰᠬᠠᠢ ᠮᠠᠷᠭᠡᠵᠢᠯ ᠤᠨ ᠲᠦᠪᠰᠢᠨ ᠢ ᠲᠠᠭᠡᠭᠰᠢᠯᠠᠬᠦᠯᠦᠨ᠎ᠠ᠃ ᠬᠠᠤᠯᠢ ᠪᠠᠷ ᠵᠠᠰᠠᠬᠤ ᠡᠩᠨᠡᠭᠡ ᠶᠢᠨ ᠤᠪᠤᠷ ᠰᠤᠷᠳᠠᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠲᠦᠮᠠᠨᠴᠢ ᠱᠤᠭᠤᠮ ᠤᠨ ᠬᠦᠮᠦᠵᠢᠯ  ᠤᠨ ᠠᠵᠢᠯᠯᠠᠭᠠᠨ ᠤ ᠦᠷ᠎ᠡ ᠪᠦᠳᠦᠮᠵᠢ ᠶᠢ ᠪᠠᠬᠢᠵᠢᠬᠦᠯᠦᠨ᠎ᠠ᠃ ᠲᠦᠪ ᠤᠨ ︽ᠨᠠᠢᠮᠠᠨ ᠵᠦᠢᠯ ᠤᠨ ᠲᠤᠬᠳᠠᠭᠠᠯ︾ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠠᠨ ᠰᠤᠷᠳᠠᠯ︾ ᠤᠨ ᠠᠰᠠᠭᠤᠳᠠᠯ ᠢ ᠡᠷᠡᠰ ᠡᠰᠡᠷᠬᠦᠴᠠᠬᠦ ᠪᠠ ᠲᠠᠪᠴᠢᠨ᠎ᠠ᠃ ᠰᠤᠷᠳᠠᠯ ᠢ ᠲᠦᠪ ᠪᠤᠯᠭᠠᠵᠤ ᠰᠠᠬᠢᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢ ᠡᠷᠡᠰ ᠰᠠᠬᠢᠬᠤ ᠪᠠ ᠰᠠᠬᠢᠯᠭ᠎ᠠ ᠪᠠᠳᠤ ᠴᠢᠩᠭ᠎ᠠ ᠲᠤᠳᠤᠷᠬᠠᠢ᠂ ᠵᠤᠷᠢᠬᠳᠠᠢ ᠪᠠᠷ ᠡᠬᠦᠷᠭᠡᠯᠠᠬᠦ ᠬᠠᠤᠯᠢ ᠪᠠᠷ ᠵᠠᠰᠠᠬᠤ ᠠᠵᠢᠯᠯᠠᠬᠤ ᠡᠩᠨᠡᠭᠡ ᠶᠢ ᠪᠠᠶᠢᠭᠤᠯᠬᠤ ᠬᠡᠷᠡᠭᠳᠡᠢ᠃     21. ᠵᠠᠰᠠᠭ ᠤᠨ ᠤᠷᠳᠤᠨ ᠤ ᠬᠠᠤᠯᠢ ᠲᠦᠷᠢᠮ ᠤᠨ ᠪᠠᠶᠢᠭᠤᠯᠤᠮᠵᠢ ᠪᠠ ᠡᠩᠨᠡᠭᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠬᠠᠤᠯᠢ ᠲᠦᠷᠢᠮ ᠤᠨ ᠪᠠᠶᠢᠭᠤᠯᠤᠮᠵᠢ ᠪᠠ ᠰᠠᠯᠠᠭ᠎ᠠ ᠮᠦᠴᠢᠷ ᠤᠨ ᠬᠠᠤᠯᠢ ᠲᠦᠷᠢᠮ ᠤᠨ ᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠠᠭᠡᠳᠤ ᠬᠡᠮᠵᠢᠶ᠎ᠠ ᠪᠠᠷ ᠬᠦᠨᠳᠤᠳᠭᠡᠨ ᠦᠵᠠᠵᠤ᠂ ᠤᠷᠤᠭᠤᠯᠤᠯᠳᠠ ᠪᠠᠨ ᠨᠠᠮᠡᠭᠳᠠᠬᠦᠯᠵᠤ᠂ ᠬᠦᠴᠦᠨ ᠢᠶᠠᠨ ᠲᠠᠬᠦᠯᠳᠠᠷᠵᠢᠬᠦᠯᠵᠤ᠂ ᠲᠠᠳᠠᠨ ᠤ ᠠᠵᠢᠯ ᠢᠶᠠᠨ ᠦᠷᠨᠢᠬᠦᠯᠬᠦ ᠳᠤ ᠪᠠᠶᠢᠪᠠᠰᠤ ᠵᠤᠬᠢᠬᠤ ᠨᠦᠬᠦᠴᠠᠯ ᠢ ᠬᠠᠩᠭᠠᠵᠤ᠂ ᠠᠵᠢᠯᠳᠠᠨ᠂ ᠵᠠᠷᠤᠳᠠᠯ ᠵᠠᠷᠭᠡ ᠪᠠᠳᠤᠯᠠᠭ᠎ᠠ ᠶᠢᠨ ᠠᠰᠠᠭᠤᠳᠠᠯ ᠢ ᠦᠨᠠᠩᠬᠦ ᠰᠢᠢᠳᠪᠤᠷᠢᠯᠠᠵᠤ᠂ ᠪᠠᠶᠢᠭᠤᠯᠤᠮᠵᠢ ᠪᠠᠶᠢᠭᠤᠯᠬᠤ᠂ ᠠᠵᠢᠯᠳᠠᠨ ᠤ ᠤᠷᠤᠨ ᠲᠤᠭ᠎ᠠ ᠪᠠ ᠡᠬᠦᠷᠭᠡᠯᠠᠵᠤ ᠪᠠᠶᠢᠬᠤ ᠠᠵᠢᠯ ᠤᠨ ᠡᠬᠦᠷᠭᠡ ᠶᠢ ᠬᠠᠷᠢᠯᠴᠠᠨ ᠵᠤᠬᠢᠴᠠᠯᠳᠤᠭᠤᠯᠵᠤ᠂ ᠬᠠᠤᠯᠢ ᠲᠦᠷᠢᠮ ᠤᠨ ᠠᠵᠢᠯ ᠤᠨ ᠲᠦᠷᠢᠮᠵᠢᠯᠳᠠ ᠶᠢᠨ ᠪᠦᠳᠦᠭᠡᠨ ᠪᠠᠶᠢᠭᠤᠯᠤᠯᠳᠠ ᠶᠢᠨ ᠵᠢᠱᠢᠶ᠎ᠠ ᠦᠵᠠᠬᠦᠯᠬᠦ ᠨᠢᠭᠡᠴᠡ ᠶᠢ ᠡᠬᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠡᠷᠡᠭᠳᠡᠢ᠃ ᠬᠠᠤᠯᠢ ᠲᠦᠷᠢᠮ ᠤᠨ ᠺᠠᠳ᠋ᠷ ᠢ ᠬᠦᠮᠦᠵᠢᠬᠦᠯᠬᠦ᠂ ᠬᠡᠷᠡᠭᠯᠠᠬᠦ ᠪᠠ ᠰᠤᠯᠢᠯᠴᠠᠬᠤ ᠡᠷᠴᠢᠮ ᠢ ᠴᠢᠩᠭᠠᠷᠠᠭᠤᠯᠵᠤ᠂ ᠬᠠᠤᠯᠢ ᠲᠦᠷᠢᠮ ᠤᠨ ᠺᠠᠳ᠋ᠷ ᠤᠨ ᠢᠳᠡᠪᠬᠢ ᠴᠢᠨᠠᠷ᠂ ᠰᠠᠨᠠᠭᠠᠴᠢᠯᠠᠭᠠᠳᠤ ᠴᠢᠨᠠᠷ᠂ ᠡᠬᠦᠳᠦᠨ ᠪᠦᠳᠦᠭᠡᠬᠦ ᠴᠢᠨᠠᠷ ᠢ ᠬᠦᠢᠴᠡᠳ ᠲᠠᠶᠢᠴᠢᠯᠠᠨ᠎ᠠ᠃     22. ᠬᠠᠤᠯᠢ ᠪᠠᠷ ᠵᠠᠰᠠᠬᠤ ᠠᠵᠢᠯ ᠤᠨ ᠡᠩᠨᠡᠭᠡ ᠶᠢᠨ ᠲᠤᠰᠬᠠᠢ ᠠᠵᠢᠯ ᠤᠨ ᠪᠠᠳᠤᠯᠠᠭ᠎ᠠ ᠶᠢ ᠴᠢᠩᠭᠠᠳᠬᠠᠨ᠎ᠠ᠃ ᠲᠤᠬᠠᠶᠢᠯᠠᠬᠰᠠᠨ ᠠᠵᠢᠯ ᠤᠨ ᠤᠨᠴᠠᠯᠢᠭ ᠲᠤ ᠲᠤᠬᠢᠷᠠᠬᠤ ᠬᠠᠤᠯᠢ ᠬᠡᠷᠡᠭᠵᠢᠬᠦᠯᠦᠭᠴᠢ ᠶᠢᠨ ᠬᠠᠤᠯᠢ ᠶᠤᠰᠤᠭᠠᠷ ᠲᠤᠰᠢᠶᠠᠯ ᠬᠦᠢᠴᠠᠳᠭᠡᠬᠦ ᠶᠢ ᠬᠠᠮᠠᠭᠠᠯᠠᠬᠤ ᠠᠷᠭ᠎ᠠ ᠶᠢ ᠲᠤᠬᠳᠠᠭᠠᠵᠤ᠂ ᠬᠠᠤᠯᠢ ᠬᠡᠷᠡᠭᠵᠢᠬᠦᠯᠬᠦ ᠶᠢ ᠬᠠᠷᠰᠢᠯᠠᠬᠤ᠂ ᠬᠦᠴᠦᠷᠭᠡᠭᠯᠠᠯ ᠢᠶᠠᠷ ᠬᠠᠤᠯᠢ ᠶᠢ ᠡᠰᠡᠷᠬᠦᠴᠠᠬᠦ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠳᠭᠡᠵᠤ᠂ ᠬᠠᠤᠯᠢ ᠪᠠᠷ ᠵᠠᠰᠠᠬᠤ ᠠᠵᠢᠯᠳᠠᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ ᠪᠤᠳᠠᠳᠠᠢ ᠪᠤᠰᠤ ᠵᠠᠭᠠᠯᠳᠤᠯᠭ᠎ᠠ ᠶᠢ ᠪᠠᠶᠢᠯᠭᠠᠬᠤ ᠲᠦᠷᠢᠮ ᠢ ᠪᠠᠶᠢᠭᠤᠯᠵᠤ᠂ ᠬᠠᠤᠯᠢ ᠪᠠᠷ ᠲᠤᠬᠳᠠᠭᠠᠬᠰᠠᠨ ᠬᠡᠷᠡᠭ ᠤᠴᠢᠷ ᠪᠢᠰᠢ᠂ ᠬᠠᠤᠯᠢ ᠪᠠᠷ ᠲᠤᠬᠳᠠᠭᠠᠬᠰᠠᠨ ᠠᠯᠬᠤᠮ ᠲᠠᠷᠠᠭ᠎ᠠ ᠪᠢᠰᠢ ᠪᠤᠯ ᠬᠠᠮᠢᠶ᠎ᠠ ᠪᠦᠬᠦᠢ ᠰᠠᠯᠠᠭ᠎ᠠ ᠮᠦᠴᠢᠷ ᠬᠠᠤᠯᠢ ᠬᠡᠷᠡᠭᠵᠢᠬᠦᠯᠦᠭᠴᠢ ᠶᠢ ᠬᠢᠨᠠᠨ ᠪᠠᠶᠢᠴᠠᠭᠠᠵᠤ ᠪᠤᠯᠬᠤ ᠦᠭᠡᠢ᠃ ᠠᠵᠢᠯ ᠠᠴᠠ ᠨᠢ ᠰᠢᠯᠵᠢᠬᠦᠯᠬᠦ᠂ ᠠᠵᠢᠯ ᠠᠴᠠ ᠨᠢ ᠪᠠᠭᠤᠯᠭᠠᠬᠤ ᠪᠠ ᠲᠤᠰᠢᠶᠠᠯ ᠠᠴᠠ ᠨᠢ ᠵᠤᠬᠰᠤᠭᠠᠬᠤ᠂ ᠵᠠᠷᠭᠡ ᠲᠠᠰ ᠢ ᠨᠢ ᠪᠠᠭᠤᠷᠠᠭᠤᠯᠬᠤ ᠵᠠᠷᠭᠡ ᠨᠠᠮ ᠤᠨ ᠰᠠᠬᠢᠯᠭ᠎ᠠ᠂ ᠵᠠᠰᠠᠭ ᠤᠨ ᠰᠠᠬᠢᠯᠭ᠎ᠠ ᠶᠢᠨ ᠰᠢᠳᠭᠡᠯ ᠦᠭᠴᠤ ᠪᠤᠯᠬᠤ ᠦᠭᠡᠢ᠃ ᠬᠠᠤᠯᠢ ᠪᠠᠷ ᠵᠠᠰᠠᠬᠤ ᠲᠤᠰᠬᠠᠢ ᠡᠩᠨᠡᠭᠡ ᠶᠢ ᠰᠢᠯᠵᠢᠬᠦᠯᠦᠨ ᠬᠡᠷᠡᠭᠯᠠᠬᠦ ᠬᠢᠨᠠᠨ ᠵᠦᠪᠰᠢᠶᠠᠷᠠᠬᠦ ᠲᠦᠷᠢᠮ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠲᠠᠰ ᠲᠠᠷᠠᠭ᠎ᠠ ᠪᠠ ᠡᠷᠭᠡ ᠶᠢᠨ ᠬᠢᠵᠠᠭᠠᠷ ᠢ ᠵᠦᠷᠢᠴᠠᠵᠤ᠂ ᠬᠠᠤᠯᠢ ᠪᠠᠷ ᠵᠠᠰᠠᠬᠤ ᠲᠤᠰᠬᠠᠢ ᠡᠩᠨᠡᠭᠡ ᠶᠢᠨ ᠬᠠᠤᠯᠢ ᠪᠠᠷ ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠶᠢᠨ ᠭᠠᠳᠠᠨᠠᠬᠢ ᠶᠠᠪᠤᠳᠠᠯ ᠳᠤ ᠤᠷᠤᠯᠴᠠᠬᠤ ᠶᠢ ᠡᠷᠡᠰ ᠴᠠᠭᠠᠵᠠᠯᠠᠨ᠎ᠠ᠃ ᠬᠠᠤᠯᠢ ᠭᠡᠷᠡᠭᠵᠢᠬᠦᠯᠬᠦ ᠵᠠᠷᠤᠳᠠᠯ ᠪᠠ ᠬᠠᠤᠯᠢ ᠬᠡᠷᠡᠭᠵᠢᠬᠦᠯᠬᠦ ᠲᠦᠬᠦᠭᠡᠷᠦᠮᠵᠢ ᠶᠢᠨ ᠪᠠᠳᠤᠯᠠᠭ᠎ᠠ ᠶᠢ ᠴᠢᠩᠭᠠᠳᠬᠠᠵᠤ᠂ ᠲᠤᠷᠭᠤᠭᠠᠬᠤ ᠲᠤᠰᠢᠶᠠᠬᠤ ᠶᠢ ᠰᠠᠯᠭᠠᠬᠤ ᠪᠠ ᠬᠤᠷᠢᠶᠠᠬᠤ ᠵᠠᠷᠤᠬᠤ ᠬᠤᠶᠠᠷ ᠱᠤᠭᠤᠮ ᠤᠨ ᠬᠠᠮᠢᠶᠠᠷᠤᠯᠳᠠ ᠶᠢᠨ ᠲᠦᠷᠢᠮ ᠢ ᠡᠷᠡᠰ ᠬᠡᠷᠡᠭᠵᠢᠬᠦᠯᠵᠤ᠂ ᠰᠦᠢᠳᠭᠡᠯ ᠬᠤᠷᠢᠶᠠᠬᠤ᠂ ᠲᠤᠷᠭᠤᠭᠠᠵᠤ ᠬᠤᠷᠢᠶᠠᠬᠤ ᠤᠷᠤᠯᠭ᠎ᠠ ᠨᠢ ᠰᠠᠯᠭ᠎ᠠ ᠮᠦᠴᠢᠷ ᠤᠨ ᠠᠰᠢᠭ ᠲᠤᠰᠠ ᠲᠠᠢ ᠰᠢᠭᠤᠳ ᠪᠤᠶᠤ ᠬᠡᠯᠪᠠᠷᠢ ᠬᠤᠪᠢᠷᠠᠨ ᠬᠤᠯᠪᠤᠭᠠᠯᠠᠬᠤ ᠶᠢ ᠡᠷᠡᠰ ᠴᠠᠭᠠᠵᠠᠯᠠᠨ᠎ᠠ᠃ ᠴᠠᠬᠳᠠᠭ᠎ᠠ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠴᠠᠬᠳᠠᠭ᠎ᠠ ᠶᠢᠨ ᠰᠡᠳᠬᠢᠴᠠ ᠶᠢᠨ ᠬᠠᠮᠢᠶᠠᠷᠤᠯᠳᠠ ᠪᠠ ᠤᠨᠴᠠ ᠬᠦᠴᠢᠷᠳᠠᠢ ᠶᠢ ᠠᠪᠤᠷᠠᠨ ᠲᠠᠳᠬᠦᠬᠦ ᠲᠦᠷᠢᠮ ᠢ ᠤᠨᠴᠠᠭᠠᠶᠢᠯᠠᠨ ᠪᠠᠶᠢᠭᠤᠯᠬᠤ ᠬᠡᠷᠡᠭᠳᠡᠢ᠃                             ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ                               2015 ᠤᠨ ᠤ 2 ᠰᠠᠷᠠᠶᠢᠨ 3 ᠤ ᠡᠳᠦᠷ
 
ᠢᠷᠡᠯᠲᠡ᠄ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号